︽ᠬᠤᠩᠬ᠎ᠠ︾ - ᠪᠤᠶᠠᠨ ᠢᠪᠡᠭᠡᠯᠲᠦ ᠮᠦᠽᠸᠢ
ᠨᠡᠶᠢᠲᠡᠯᠡᠭᠰᠡᠨ ᠴᠠᠭ᠄
2020/6/10
     ᠬᠦᠪᠡᠭᠡᠲᠦ ᠰᠢᠷ᠎ᠠ ᠬᠤᠰᠢᠭᠤᠨ ᠤ ᠬᠠᠶ᠋ᠢᠩᠬᠢᠷᠸ᠎ᠠ ᠰᠦᠮ᠎ᠡ ᠶᠢᠨ ᠪᠠᠷᠠᠭᠤᠨ ᠡᠮᠦᠨ᠎ᠡ ᠪᠠᠶᠢᠷᠢᠰᠢᠵᠤ ᠪᠣᠢ᠃ ︽ᠬᠤᠩᠬ᠎ᠠ︾ ᠪᠤᠶᠠᠨ ᠢᠪᠡᠭᠡᠯᠲᠦ ᠮᠦᠽᠸᠢ ᠪᠣᠯ 2006 ᠣᠨ ᠳᠤ ᠥᠪᠦᠷ ᠮᠤᠩᠭᠤᠯ ᠤᠨ ᠮᠤᠩᠭᠤᠯ ᠠᠨᠠᠭᠠᠬᠤ ᠤᠬᠠᠭᠠᠨ ᠤ ᠠᠯᠳᠠᠷᠲᠤ ᠡᠷᠳᠡᠮᠳᠡᠨ᠂ ᠮᠦᠩᠭᠤᠯ ᠡᠮ ᠡᠮᠨᠡᠯᠭᠡ ᠶᠢᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠵᠢᠳᠬᠦᠯᠲᠡᠨ᠂ ᠤᠯᠤᠰ ᠤᠨ ᠣᠲᠠᠴᠢ ᠫᠷᠤᠹᠧᠰᠰᠤᠷ ᠽᠸ᠊᠂ ᠰᠦᠷᠦᠩᠵᠡᠪ ᠭᠤᠸᠠᠢ ᠡᠬᠡ ᠨᠤᠲᠤᠭ ᠲᠤ ᠪᠠᠨ ᠪᠠᠶᠢᠭᠤᠯᠤᠭᠰᠠᠨ ᠬᠤᠪᠢ ᠶᠢᠨ ᠮᠦᠽᠸᠢ ᠪᠤᠯᠬᠤ ᠶᠤᠮ᠃      ᠲᠤᠰ ᠮᠦᠽᠸᠢ ᠶᠢᠨ ᠪᠦᠬᠦ ᠲᠠᠯᠠᠪᠠᠢ ᠨᠢ 756 ᠺᠦᠸᠠᠳ᠋ ᠮᠧᠲᠷ ᠪᠠᠶᠢᠵᠤ᠂ ᠨᠢᠭᠡᠳᠦᠭᠡᠷ ᠲᠠᠪᠬᠤᠷᠭ᠎ᠠ ᠳᠤ ᠪᠤᠭᠳᠠ ᠴᠢᠩᠬᠢᠰ ᠬᠠᠭᠠᠨ ᠤ ᠬᠦᠷᠦᠭ ᠪᠠ ᠰᠤᠷᠭᠠᠯ ᠦᠭᠡᠰ᠂ ᠮᠤᠩᠭᠤᠯ ᠠᠨᠠᠭᠠᠬᠤ ᠤᠬᠠᠭᠠᠨ ᠤ ᠦᠢᠯᠡᠰ ᠲᠤ ᠭᠠᠷᠮᠠᠭᠠᠢ ᠵᠢᠳᠬᠦᠯ ᠢᠶᠠᠨ ᠬᠠᠨᠳᠢᠪᠯᠠᠭᠰᠠᠨ ᠡᠷᠲᠡᠨ ᠤ ᠪᠠ ᠣᠷᠴᠢᠨ ᠦᠶ᠎ᠡ ᠶᠢᠨ ᠬᠡᠰᠡᠭ ᠡᠷᠳᠡᠮᠳᠡᠳ ᠤᠨ ᠭᠡᠷᠡᠯ ᠵᠢᠷᠤᠭ᠂ ᠲᠤᠪᠴᠢ ᠨᠠᠮᠲᠠᠷ᠂ ᠰᠦᠷᠦᠩᠵᠡᠪ ᠭᠤᠸᠠᠢ ᠶᠢᠨ ᠪᠠᠯᠴᠢᠷ ᠪᠠᠭ᠎ᠠ ᠨᠠᠰᠤᠨ ᠳᠤ ᠨᠢ ᠬᠤᠶᠠᠳᠡᠬᠢ ᠠᠮᠢ ᠨᠠᠰᠤ ᠶᠢ ᠣᠯᠭᠤᠭᠰᠠᠨ ᠭᠤᠮᠪᠤ ᠨᠠᠰᠤᠳᠠᠨ ᠪᠤᠯᠤᠨ ᠠᠴᠢᠲᠤ ᠬᠤᠶᠠᠷ ᠪᠠᠭᠰᠢ ᠶᠢᠨ ᠬᠢᠨ ᠬᠡᠷᠡᠯ ᠵᠢᠷᠤᠭ᠂ ᠲᠤᠪᠴᠢ ᠨᠠᠮᠲᠠᠷ ᠬᠢᠭᠡᠳ ᠬᠤᠶᠢᠴᠢᠰ ᠦᠶ᠎ᠡ ᠶᠢᠨ ᠬᠢᠨ ᠬᠡᠷᠡᠯ ᠵᠢᠷᠤᠭ ᠤᠳ᠂ ᠬᠦᠪᠡᠭᠡᠲᠦ ᠰᠢᠷ᠎ᠠ ᠬᠤᠰᠢᠭᠤᠨ ᠤ 20 ᠳ᠋ᠤᠭᠠᠷ ᠵᠠᠭᠤᠨ ᠤ ᠵᠢᠷᠠᠭᠠᠳ ᠣᠨ ᠠᠴᠠ ᠡᠮᠦᠨᠡᠬᠢ ᠰᠦᠮ᠎ᠡ ᠬᠡᠶᠢᠳ ᠤᠨ ᠲᠤᠬᠠᠠᠢ ᠵᠢᠷᠤᠭ ᠰᠡᠭᠦᠳᠡᠷ ᠪᠠ ᠲᠤᠪᠴᠢ ᠲᠡᠦᠬᠡ᠂ ᠰᠦᠷᠦᠩᠵᠡᠪ ᠭᠤᠸᠠᠢ ᠶᠢᠨ 1949 ᠣᠨ ᠠᠴᠠ ᠨᠠᠭᠠᠰᠢᠬᠢ ᠦᠢᠯᠡᠰ ᠪᠦᠳᠦᠭᠡᠭᠰᠡᠨ ᠵᠠᠮ ᠮᠦᠷ᠂ ᠠᠮᠵᠢᠯᠲᠠ ᠪᠦᠳᠦᠭᠡᠯ ᠢ ᠬᠠᠷᠠᠭᠤᠯᠤᠭᠰᠠᠨ ᠭᠡᠷᠡᠯ ᠵᠢᠷᠤᠭ᠂ ᠨᠠᠮ ᠵᠠᠰᠠᠭ ᠪᠠ ᠠᠷᠠᠳ ᠲᠦᠮᠡᠨ ᠠᠴᠠ ᠬᠦᠷᠳᠡᠭᠡᠭᠰᠡᠨ ᠱᠠᠩᠨᠠᠯ ᠬᠦᠬᠢᠭᠦᠯᠦᠯ ᠤᠨ ᠬᠡᠷᠡᠯ ᠵᠢᠷᠤᠭ᠂ ᠬᠠᠭᠤᠯᠪᠤᠷᠢ ᠲᠠᠷᠤᠮᠠᠯᠯᠠᠯ ᠪᠠ ᠡᠯ᠎ᠡ ᠵᠦᠢᠯ ᠤᠨ ᠨᠣᠮ ᠪᠢᠴᠢᠭ᠂ ᠰᠤᠨᠢᠨ ᠰᠡᠳᠬᠦᠯ ᠵᠡᠷᠭᠡ ᠶᠢ ᠲᠡᠯᠭᠡᠵᠦ ᠪᠤᠢ᠃ ᠬᠤᠶᠠᠳᠤᠭᠠᠷ ᠲᠠᠪᠬᠤᠷᠭ᠎ᠠ ᠳᠠᠬᠢ ᠮᠤᠩᠭᠤᠯ ᠭᠡᠷ ᠲᠤ ᠲᠡᠭᠡᠳᠦᠰ ᠤᠨ ᠬᠢᠨ ᠰᠠᠭᠤᠵᠤ ᠪᠠᠶᠢᠭ᠎ᠠ ᠭᠡᠷ ᠤᠨ ᠪᠠᠶᠢᠳᠠᠯ᠂ ᠪᠤᠷᠬᠠᠨ ᠰᠢᠳᠦᠬᠡᠨ᠂ ᠭᠠᠯ ᠭᠤᠯᠤᠮᠲᠠ᠂ ᠡᠳ᠋ᠯᠡᠵᠦ ᠬᠡᠷᠡᠭᠯᠡᠵᠦ ᠪᠠᠶᠢᠭᠰᠠᠨ ᠡᠳ᠋ ᠪᠤᠳᠠᠰ ᠪᠠ ᠲᠠᠭᠤᠷᠢᠶᠠᠮᠠᠯ ᠪᠤᠳᠠᠰ ᠢ ᠲᠡᠯᠭᠡᠨ ᠦᠵᠡᠬᠦᠯᠵᠦ ᠪᠤᠢ᠃      ᠰᠦᠷᠦᠩᠵᠡᠪ ᠭᠤᠸᠠᠢ ᠪᠣᠯ ᠮᠤᠩᠭᠤᠯ ᠠᠨᠠᠭᠠᠬᠤ ᠤᠬᠠᠭᠠᠨ ᠤ ᠰᠠᠭᠤᠷᠢᠯᠠᠭᠴᠢ ᠪᠦᠭᠡᠳ ᠣᠯᠠᠨ ᠰᠢᠨ᠎ᠡ ᠡᠮ ᠤᠨ ᠵᠣᠷ ᠰᠤᠳᠤᠯᠤᠨ ᠭᠠᠷᠭᠠᠵᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠮᠨᠡᠨ ᠵᠠᠰᠠᠳᠠᠭ ᠢᠶᠠᠷ ᠠᠯᠳᠠᠷᠰᠢᠵᠠᠢ᠃ ᠲᠡᠷᠡ ᠪᠠᠷ ︽ᠮᠤᠩᠭᠤᠯ ᠠᠨᠠᠭᠠᠬᠤ ᠤᠬᠠᠭᠠᠨ ᠤ ᠤᠨᠤᠰᠢ ᠲᠠᠯᠪᠢᠬᠤ ᠰᠤᠳᠤᠯᠤᠯ︾᠂ ︽ᠮᠤᠩᠭᠤᠯ ᠠᠨᠠᠭᠠᠬᠤ ᠤᠬᠠᠭᠠᠨ ᠤ ᠡᠪᠡᠳᠴᠢᠨ ᠵᠠᠰᠠᠬᠤ ᠵᠠᠷᠴᠢᠮ ᠪᠠ ᠵᠠᠰᠠᠬᠤ ᠠᠷᠭ᠎ᠠ︾ ᠵᠡᠷᠭᠡ ᠮᠤᠩᠭᠤᠯ ᠠᠨᠠᠭᠠᠬᠤ ᠤᠬᠠᠭᠠᠨ ᠤ ᠣᠯᠠᠨ ᠨᠣᠮ ᠪᠦᠳᠦᠭᠡᠯ ᠲᠠᠢ ᠪᠦᠭᠡᠳ ᠮᠤᠩᠭᠤᠯ ᠠᠨᠠᠭᠠᠬᠤ ᠤᠬᠠᠭᠠᠨ ᠤ ᠲᠡᠭᠡᠳᠦ ᠰᠤᠷᠭᠠᠭᠤᠯᠢ ᠶᠢᠨ ᠠᠩᠬᠠᠳᠠᠭᠴᠢ ᠵᠢᠠᠭᠠᠬᠤ ᠮᠠᠲ᠋ᠧᠷᠢᠶᠠᠯ ᠢ ᠲᠤᠭᠤᠷᠪᠢᠬᠤ ᠳᠤ ᠵᠢᠳᠬᠦᠯ ᠦᠵᠡᠬᠦᠯᠵᠦ᠂ ︽ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠨᠡᠪᠲᠡᠷᠬᠡᠢ ᠲᠣᠯᠢ᠂ ᠮᠤᠩᠭᠤᠯ ᠠᠨᠠᠭᠠᠬᠤ ᠤᠬᠠᠭᠠᠨ ᠤ ᠪᠤᠳᠢ︾ ᠶᠢᠨ ᠳᠡᠳ᠋ ᠭᠤᠤᠯᠯᠠᠨ ᠨᠠᠶᠢᠷᠠᠭᠤᠯᠤᠭᠴᠢ ᠶᠢᠨ ᠡᠬᠦᠷᠭᠡ ᠶᠢ ᠬᠦᠢᠴᠡᠳᠭᠡᠪᠡ᠃ ᠲᠡᠷᠡ ᠪᠠᠷ 2006 ᠣᠨ ᠳᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠰᠤᠳᠤᠷ ᠨᠣᠮ ᠴᠢᠳᠠᠪᠦᠷᠢᠲᠠᠨ ᠤ ᠱᠠᠩᠨᠠᠯ ᠢ ᠬᠦᠷᠲᠡᠵᠦ᠂ 2009 ᠣᠨ ᠳᠤ ᠲᠦᠷᠦᠬᠦᠦ ᠪᠦᠯᠦᠭ ᠤᠯᠤᠰ ᠤᠨ 30 ︽ᠤᠯᠤᠰ ᠤᠨ ᠣᠲᠠᠴᠢ︾ ᠶᠢᠨ ᠨᠢᠭᠡ ᠪᠠᠷ ᠴᠤᠯᠠᠯᠠᠭᠳᠠᠨ᠂ 2011 ᠣᠨ ᠳᠤ ᠥᠪᠦᠷ ᠮᠤᠩᠭᠤᠯ ᠤᠨ ᠥᠪᠡᠷᠲᠡᠭᠡᠨ ᠵᠠᠰᠬᠠᠤ ᠣᠷᠤᠨ ᠤ ᠡᠷᠡᠬᠦᠯ ᠬᠠᠮᠠᠭᠠᠯᠠᠯ ᠤᠨ ᠲᠢᠩᠬᠢᠮ ᠠᠴᠠ ᠣᠯᠭᠤᠭᠰᠠᠨ ︽ᠮᠤᠩᠭᠤᠯ ᠡᠮ ᠡᠮᠨᠡᠯᠭᠡ ᠶᠢᠨ ᠨᠠᠰᠤᠨ ᠲᠤᠷᠰᠢᠲᠠ ᠶᠢᠨ ᠠᠮᠵᠢᠯᠲᠠ ᠪᠦᠳᠦᠮᠵᠢ ᠶᠢᠨ ᠱᠠᠩᠨᠠᠯ︾ ᠢᠶᠠᠷ ᠡᠩᠭᠡᠷ ᠢᠶᠠᠨ ᠮᠢᠯᠢᠶᠠᠯᠭᠠᠵᠠᠢ᠃       ᠰᠦᠷᠦᠩᠵᠡᠪ ᠭᠤᠸᠠᠢ ᠶᠢᠨ ᠬᠠᠯᠠᠰᠢᠷᠠᠯ ᠦᠬᠡᠢ ᠴᠢᠷᠮᠠᠶᠢᠯᠭ᠎ᠠ ᠪᠠᠷ ᠲᠠᠮᠵᠢᠨ᠂ 2013 ᠣᠨ ᠤ 7 ᠰᠠᠷ᠎ᠠ ᠳᠤ ᠪᠤᠶᠠᠨ ᠢᠪᠡᠭᠡᠯᠲᠦ ᠮᠦᠽᠸᠢ ᠨᠢ ᠥᠪᠡᠷᠲᠡᠭᠡᠨ ᠵᠠᠰᠠᠬᠤ ᠣᠷᠤᠨ ᠤ ᠲᠡᠦᠬᠡ ᠶᠢᠨ ᠲᠤᠷᠠᠰᠬᠠᠯᠲᠤ ᠵᠦᠢᠯᠡᠰ ᠤᠨ ᠲᠤᠪᠴᠢᠶᠠᠨ ᠳᠤ ᠵᠢᠩᠬᠢᠨᠢ ᠪᠠᠷ ᠳᠠᠩᠰᠠᠯᠠᠭᠤᠯᠤᠨ ᠲᠡᠮᠳᠡᠭᠯᠡᠬᠦᠯᠪᠡ᠃
 
ᠢᠷᠡᠯᠲᠡ᠄ ᠬᠦᠪᠡᠭᠡᠲᠶᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号