ᠰᠦᠷᠦᠩᠵᠡᠪ ᠭᠤᠸᠠᠢ ᠪᠣᠯ ᠬᠦᠪᠡᠭᠡᠲᠦ ᠰᠢᠷ᠎ᠠ ᠬᠤᠰᠢᠭᠤ ᠪᠠᠷ ᠨᠤᠲᠤᠭᠳᠠᠢ᠂ ᠮᠤᠩᠭᠤᠯ ᠠᠨᠠᠭᠠᠬᠤ ᠤᠬᠠᠭᠠᠨ ᠤ | ᠰᠠᠭᠤᠷᠢᠯᠠᠭᠴᠢ ᠪᠦᠭᠡᠳ ᠥᠪᠦᠷ ᠮᠤᠩᠭᠤᠯ ᠤᠨ ᠮᠤᠩᠭᠤᠯ ᠠᠨᠠᠭᠠᠬᠤ ᠤᠬᠠᠭᠠᠨ ᠤ ᠠᠯᠳᠠᠷᠲᠤ ᠡᠷᠳᠡᠮᠳᠡᠨ᠂ ᠮᠦᠩᠭᠤᠯ | ᠡᠮ ᠡᠮᠨᠡᠯᠭᠡ ᠶᠢᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠵᠢᠳᠬᠦᠯᠲᠡᠨ᠂ ᠤᠯᠤᠰ ᠤᠨ ᠣᠲᠠᠴᠢ ᠫᠷᠤᠹᠧᠰᠰᠤᠷ᠃ | ᠣᠯᠠᠨ ᠰᠢᠨ᠎ᠡ ᠡᠮ ᠤᠨ ᠵᠣᠷ ᠰᠤᠳᠤᠯᠤᠨ ᠭᠠᠷᠭᠠᠵᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠮᠨᠡᠨ | ᠵᠠᠰᠠᠳᠠᠭ ᠢᠶᠠᠷ ᠠᠯᠳᠠᠷᠰᠢᠵᠠᠢ᠃ ᠲᠡᠷᠡ ᠪᠠᠷ ︽ᠮᠤᠩᠭᠤᠯ ᠠᠨᠠᠭᠠᠬᠤ ᠤᠬᠠᠭᠠᠨ ᠤ ᠤᠨᠤᠰᠢ ᠲᠠᠯᠪᠢᠬᠤ ᠰᠤᠳᠤᠯᠤᠯ︾᠂ | ︽ᠮᠤᠩᠭᠤᠯ ᠠᠨᠠᠭᠠᠬᠤ ᠤᠬᠠᠭᠠᠨ ᠤ ᠡᠪᠡᠳᠴᠢᠨ ᠵᠠᠰᠠᠬᠤ ᠵᠠᠷᠴᠢᠮ ᠪᠠ ᠵᠠᠰᠠᠬᠤ ᠠᠷᠭ᠎ᠠ︾ ᠵᠡᠷᠭᠡ ᠮᠤᠩᠭᠤᠯ | ᠠᠨᠠᠭᠠᠬᠤ ᠤᠬᠠᠭᠠᠨ ᠤ ᠣᠯᠠᠨ ᠨᠣᠮ ᠪᠦᠳᠦᠭᠡᠯ ᠲᠠᠢ ᠪᠦᠭᠡᠳ ᠮᠤᠩᠭᠤᠯ ᠠᠨᠠᠭᠠᠬᠤ ᠤᠬᠠᠭᠠᠨ ᠤ ᠲᠡᠭᠡᠳᠦ | ᠰᠤᠷᠭᠠᠭᠤᠯᠢ ᠶᠢᠨ ᠠᠩᠬᠠᠳᠠᠭᠴᠢ ᠵᠢᠠᠭᠠᠬᠤ ᠮᠠᠲ᠋ᠧᠷᠢᠶᠠᠯ ᠢ ᠲᠤᠭᠤᠷᠪᠢᠬᠤ ᠳᠤ ᠵᠢᠳᠬᠦᠯ ᠦᠵᠡᠬᠦᠯᠵᠦ᠂ ︽ᠳᠤᠮᠳᠠᠳᠤ | ᠤᠯᠤᠰ ᠤᠨ ᠠᠨᠠᠭᠠᠬᠤ ᠤᠬᠠᠭᠠᠨ ᠤ ᠨᠡᠪᠲᠡᠷᠬᠡᠢ ᠲᠣᠯᠢ᠂ ᠮᠤᠩᠭᠤᠯ ᠠᠨᠠᠭᠠᠬᠤ ᠤᠬᠠᠭᠠᠨ ᠤ ᠪᠤᠳᠢ︾ ᠶᠢᠨ ᠳᠡᠳ᠋ | ᠭᠤᠤᠯᠯᠠᠨ ᠨᠠᠶᠢᠷᠠᠭᠤᠯᠤᠭᠴᠢ ᠶᠢᠨ ᠡᠬᠦᠷᠭᠡ ᠶᠢ ᠬᠦᠢᠴᠡᠳᠭᠡᠪᠡ᠃ ᠲᠡᠷᠡ ᠪᠠᠷ 2006 ᠣᠨ ᠳᠤ ᠥᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠰᠤᠳᠤᠷ ᠨᠣᠮ ᠴᠢᠳᠠᠪᠦᠷᠢᠲᠠᠨ ᠤ ᠱᠠᠩᠨᠠᠯ ᠢ ᠬᠦᠷᠲᠡᠵᠦ᠂ 2009 | ᠣᠨ ᠳᠤ ᠲᠦᠷᠦᠬᠦᠦ ᠪᠦᠯᠦᠭ ᠤᠯᠤᠰ ᠤᠨ 30 ︽ᠤᠯᠤᠰ ᠤᠨ ᠣᠲᠠᠴᠢ︾ ᠶᠢᠨ ᠨᠢᠭᠡ ᠪᠠᠷ ᠴᠤᠯᠠᠯᠠᠭᠳᠠᠨ᠂ | 2011 ᠣᠨ ᠳᠤ ᠥᠪᠦᠷ ᠮᠤᠩᠭᠤᠯ ᠤᠨ ᠥᠪᠡᠷᠲᠡᠭᠡᠨ ᠵᠠᠰᠬᠠᠤ ᠣᠷᠤᠨ ᠤ ᠡᠷᠡᠬᠦᠯ ᠬᠠᠮᠠᠭᠠᠯᠠᠯ ᠤᠨ ᠲᠢᠩᠬᠢᠮ ᠠᠴᠠ | ᠣᠯᠭᠤᠭᠰᠠᠨ ︽ᠮᠤᠩᠭᠤᠯ ᠡᠮ ᠡᠮᠨᠡᠯᠭᠡ ᠶᠢᠨ ᠨᠠᠰᠤᠨ ᠲᠤᠷᠰᠢᠲᠠ ᠶᠢᠨ ᠠᠮᠵᠢᠯᠲᠠ ᠪᠦᠳᠦᠮᠵᠢ ᠶᠢᠨ ᠱᠠᠩᠨᠠᠯ︾ ᠢᠶᠠᠷ | ᠡᠩᠭᠡᠷ ᠢᠶᠠᠨ ᠮᠢᠯᠢᠶᠠᠯᠭᠠᠵᠠᠢ᠃ | ᠬᠦᠪᠡᠭᠡᠲᠦ ᠰᠢᠷ᠎ᠠ ᠬᠤᠰᠢᠭᠤᠨ ᠤ ᠬᠠᠶ᠋ᠢᠩᠬᠢᠷᠸ᠎ᠠ ᠰᠦᠮ᠎ᠡ ᠶᠢᠨ ᠪᠠᠷᠠᠭᠤᠨ ᠡᠮᠦᠨ᠎ᠡ ᠪᠠᠶᠢᠷᠢᠰᠢᠵᠤ ᠪᠣᠢ᠃ ︽ | ᠬᠤᠩᠬ᠎ᠠ︾ ᠪᠤᠶᠠᠨ ᠢᠪᠡᠭᠡᠯᠲᠦ ᠮᠦᠽᠸᠢ ᠪᠣᠯ 2006 ᠣᠨ ᠳᠤ ᠥᠪᠦᠷ ᠮᠤᠩᠭᠤᠯ ᠤᠨ ᠮᠤᠩᠭᠤᠯ ᠠᠨᠠᠭᠠᠬᠤ | ᠤᠬᠠᠭᠠᠨ ᠤ ᠠᠯᠳᠠᠷᠲᠤ ᠡᠷᠳᠡᠮᠳᠡᠨ᠂ ᠮᠦᠩᠭᠤᠯ ᠡᠮ ᠡᠮᠨᠡᠯᠭᠡ ᠶᠢᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ | ᠵᠢᠳᠬᠦᠯᠲᠡᠨ᠂ ᠤᠯᠤᠰ ᠤᠨ ᠣᠲᠠᠴᠢ ᠫᠷᠤᠹᠧᠰᠰᠤᠷ ᠽᠸ᠊᠂ ᠰᠦᠷᠦᠩᠵᠡᠪ ᠭᠤᠸᠠᠢ ᠡᠬᠡ ᠨᠤᠲᠤᠭ ᠲᠤ ᠪᠠᠨ | ᠪᠠᠶᠢᠭᠤᠯᠤᠭᠰᠠᠨ ᠬᠤᠪᠢ ᠶᠢᠨ ᠮᠦᠽᠸᠢ ᠪᠤᠯᠬᠤ ᠶᠤᠮ᠃ | ᠰᠦᠷᠦᠩᠵᠡᠪ ᠭᠤᠸᠠᠢ ᠶᠢᠨ ᠬᠠᠯᠠᠰᠢᠷᠠᠯ ᠦᠬᠡᠢ ᠴᠢᠷᠮᠠᠶᠢᠯᠭ᠎ᠠ ᠪᠠᠷ ᠲᠠᠮᠵᠢᠨ᠂ 2013 ᠣᠨ ᠤ 7 ᠰᠠᠷ᠎ᠠ ᠳᠤ | ᠪᠤᠶᠠᠨ ᠢᠪᠡᠭᠡᠯᠲᠦ ᠮᠦᠽᠸᠢ ᠨᠢ ᠥᠪᠡᠷᠲᠡᠭᠡᠨ ᠵᠠᠰᠠᠬᠤ ᠣᠷᠤᠨ ᠤ ᠲᠡᠦᠬᠡ ᠶᠢᠨ ᠲᠤᠷᠠᠰᠬᠠᠯᠲᠤ ᠵᠦᠢᠯᠡᠰ ᠤᠨ | ᠲᠤᠪᠴᠢᠶᠠᠨ ᠳᠤ ᠵᠢᠩᠬᠢᠨᠢ ᠪᠠᠷ ᠳᠠᠩᠰᠠᠯᠠᠭᠤᠯᠤᠨ ᠲᠡᠮᠳᠡᠭᠯᠡᠬᠦᠯᠪᠡ᠃ |