ᠣᠶᠢᠷ᠎ᠠ ᠶᠢᠨ ᠡᠳᠦᠷ᠂ ᠬᠦᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠬᠦᠨᠳᠡᠯᠡᠨ ᠭᠠᠴᠠᠭ᠎ᠠ | 36 ᠰᠢᠯᠢᠳᠡᠭ ᠡᠬᠦᠯᠳᠡᠷ ᠤᠨ ᠦᠬᠡᠷ ᠤᠷᠤᠭᠤᠯᠵᠤ᠂ ᠭᠠᠴᠠᠭᠠᠨ ᠤ ᠰᠢᠯᠵᠢᠯᠲᠡ ᠶᠢᠨ ᠰᠦᠷᠦᠭ ᠪᠣᠯᠭᠠᠨ ᠡᠷᠦᠬᠡ ᠳᠤ | ᠲᠠᠭᠠᠭᠠᠴᠢᠯᠠᠭᠤᠯᠤᠨ ᠮᠠᠯᠵᠢᠭᠤᠯᠪᠠ᠃ | ᠬᠦᠨᠳᠡᠯᠡᠨ ᠭᠠᠴᠠᠭ᠎ᠠ ᠨᠢ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠬᠠᠮᠲᠤ ᠶᠢᠨ ᠠᠵᠤ | ᠠᠬᠤᠢ ᠢ ᠬᠦᠭᠵᠢᠬᠦᠯᠬᠦ ᠲᠥᠷᠦᠯ ᠵᠦᠢᠯ ᠢᠶᠠᠷ ᠭᠠᠳᠠᠨ᠎ᠠ ᠠᠴᠠ 36 ᠰᠢᠯᠢᠳᠡᠭ ᠡᠬᠦᠯᠳᠡᠷ ᠤᠨ ᠰᠢᠮᠧᠨ᠋ᠲ᠋ᠠᠷ ᠦᠬᠡᠷ | ᠤᠷᠤᠭᠤᠯᠵᠤ᠂ 14 ᠬᠤᠨᠤᠭ ᠲᠤᠰᠠᠭᠠᠷᠯᠠᠨ ᠠᠵᠢᠭᠯᠠᠵᠤ᠂ ᠬᠢᠵᠢᠭ ᠬᠡᠮ ᠤᠨ ᠪᠠᠶᠢᠴᠠᠭᠠᠯᠲᠠ ᠬᠢᠯᠭᠡᠨ ᠲᠠᠭᠠᠭᠳᠬᠠᠯ ᠳᠤ | ᠤᠷᠤᠭᠤᠯᠤᠭᠰᠠᠨ ᠰᠠᠭᠤᠷᠢᠨ ᠲᠡᠭᠡᠷ᠎ᠡ᠂ ᠪᠡᠯᠴᠢᠭᠡᠷ ᠨᠤᠲᠤᠭ ᠠᠭᠤᠵᠢᠮ᠂ ᠠᠷᠠᠴᠢᠯᠠᠭ᠎ᠠ ᠮᠠᠯᠵᠢᠯᠠᠭ᠎ᠠ ᠳᠠᠭᠠᠨ ᠰᠠᠶᠢᠨ᠂ | ᠬᠦᠳᠡᠭᠡ ᠪᠠᠶᠢᠩᠭᠤ ᠮᠠᠯᠵᠢᠬᠤ ᠦᠢᠯᠡᠳᠪᠦᠷᠢᠯᠡᠯ ᠡᠷᠬᠢᠯᠡᠵᠦ ᠪᠠᠶᠢᠭ᠎ᠠ 9 ᠡᠷᠦᠬᠡ ᠳᠤ 2 ᠵᠢᠯ ᠤᠨ ᠬᠤᠭᠤᠴᠠᠭ᠎ᠠ | ᠲᠠᠢ ᠪᠠᠷ ᠡᠬᠡ ᠮᠠᠯ ᠢ ᠲᠠᠭᠠᠭᠠᠴᠢᠯᠠᠭᠤᠯᠵᠠᠢ᠃ ᠬᠤᠶᠠᠷ ᠵᠢᠯ ᠳᠤ ᠦᠬᠡᠷ ᠪᠦᠷᠢ ᠠᠴᠠ 3200 ᠲᠦᠬᠦᠷᠢᠭ | ᠲᠠᠳᠠᠪᠦᠷᠢᠯᠠᠬᠤ ᠭᠡᠷ᠎ᠡ ᠲᠣᠭᠲᠠᠨ ᠲᠠᠭᠠᠭᠠᠴᠢᠯᠠᠭᠤᠯᠪᠠ᠃ ᠲᠤᠰ ᠭᠠᠴᠠᠭᠠᠨ ᠤ ᠬᠢᠨ ᠰᠢᠯᠵᠢᠯᠲᠡ ᠶᠢᠨ ᠰᠦᠷᠦᠭ ᠢᠶᠠᠨ | ᠮᠠᠯᠵᠢᠬᠤ ᠡᠷᠦᠬᠡ ᠳᠤ ᠲᠠᠭᠠᠭᠠᠴᠢᠯᠠᠭᠤᠯᠬᠤ ᠳᠤ ᠬᠡᠰᠢᠬᠦᠳ ᠤᠨ ᠬᠤᠷᠠᠯ ᠬᠢᠵᠤ᠂ ᠭᠠᠷ ᠡᠷᠬᠦᠨ ᠪᠠᠳᠤᠯᠠᠭᠰᠠᠨ | ᠰᠠᠭᠤᠷᠢᠨ ᠲᠡᠭᠡᠷ᠎ᠡ᠂ ᠭᠠᠴᠠᠭ᠎ᠠ ᠰᠤᠮᠤᠨ ᠠᠴᠠ ᠨᠢᠭᠡᠳᠦᠯᠳᠡᠢ ᠬᠢᠨᠠᠨ ᠬᠠᠷᠭᠤᠭᠤᠯᠵᠤ ᠲᠠᠭᠠᠭᠠᠴᠢᠯᠠᠭᠤᠯᠪᠠ᠃ | ᠭᠠᠴᠠᠭᠠᠨ ᠤ ᠲᠠᠯ᠎ᠠ ᠠᠴᠠ ᠲᠤᠭᠳᠠᠮᠠᠯ ᠪᠤᠰᠤ ᠬᠤᠭᠤᠴᠠᠭᠠᠨ ᠲᠠᠢ ᠪᠠᠷ ᠲᠠᠭᠠᠭᠠᠴᠢᠯᠠᠭᠰᠠᠨ ᠡᠷᠦᠬᠡ ᠳᠤ ᠬᠦᠨᠵᠡᠭᠡᠶᠢᠷᠡᠨ | ᠬᠠᠪᠰᠤᠷᠤᠨ ᠵᠢᠯᠤᠭᠤᠳᠴᠦ᠂ ᠬᠠᠮᠲᠤ ᠶᠢᠨ ᠠᠵᠤ ᠠᠬᠤᠢ ᠪᠠᠨ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠰᠠᠨ | ᠦᠷ᠎ᠡ ᠪᠦᠳᠦᠭᠡᠯ ᠢᠶᠠᠨ ᠪᠠᠳᠤᠳᠬᠠᠬᠤ ᠳᠤ ᠬᠦᠴᠦᠳᠡᠢ ᠳᠡᠮᠵᠢᠯᠭᠡ ᠪᠣᠯᠵᠤ ᠪᠤᠢ᠃ ᠭᠠᠴᠠᠭᠠᠨ ᠤ ᠨᠠᠮ ᠤᠨ ᠡᠬᠦᠷᠭᠡ ᠨᠢ | ᠪᠠᠰᠠ ᠬᠤᠷᠠᠨ ᠴᠤᠭᠯᠠᠷᠠᠭᠰᠠᠨ ᠮᠠᠯᠴᠢᠳ ᠲᠠᠭᠠᠨ ᠰᠠᠶᠢᠨ ᠡᠬᠦᠯᠳᠡᠷ ᠤᠨ ᠦᠬᠡᠷ ᠮᠠᠯᠵᠢᠵᠤ᠂ ᠤᠷᠤᠯᠭ᠎ᠠ ᠪᠠᠨ | ᠨᠡᠮᠡᠭᠳᠡᠬᠦᠯᠬᠦ ᠲᠤᠬᠠᠢ ᠤᠬᠠᠭᠤᠯᠭ᠎ᠠ ᠲᠠᠶᠢᠯᠤᠮᠵᠢ ᠬᠢᠵᠤ᠂ ᠮᠠᠯᠴᠢᠳ ᠤᠨ ᠰᠢᠯᠢᠳᠡᠭ ᠡᠬᠦᠯᠳᠡᠷ ᠤᠨ ᠮᠠᠯ ᠮᠠᠯᠵᠢᠵᠤ᠂ ᠠᠮᠢ | ᠠᠬᠤᠢ ᠪᠠᠨ ᠬᠠᠮᠠᠭᠠᠯᠠᠬᠤ ᠶᠢᠨ ᠬᠠᠮᠲᠤ ᠤᠷᠤᠯᠭ᠎ᠠ ᠪᠠᠨ ᠨᠡᠮᠡᠭᠳᠡᠬᠦᠯᠬᠦ ᠬᠤᠣᠰ ᠠᠰᠢᠭ ᠬᠦᠷᠲᠡᠬᠦ ᠲᠠᠨᠢᠯᠲᠠ ᠶᠢ | ᠲᠡᠭᠡᠭᠰᠢᠯᠡᠬᠦᠯᠵᠦ᠂ ᠢᠳᠡᠪᠬᠢᠵᠢᠯ ᠢ ᠨᠢ ᠳᠠᠶᠢᠴᠢᠯᠠᠭᠰᠠᠨ ᠪᠠᠶᠢᠨ᠎ᠠ᠃ |