ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠭᠡᠯ ᠤᠨ ᠪᠠᠭᠤᠳᠠᠯ ᠨᠢ ᠦᠨᠡᠮᠯᠡᠯ ᠢᠶᠠᠨ ᠭᠠᠷᠳᠠᠯ᠎ᠠ
ᠨᠡᠶᠢᠲᠡᠯᠡᠭᠰᠡᠨ ᠴᠠᠭ᠄
2020-06-11
      2020 ᠣᠨ ᠤ 6 ᠰᠠᠷ᠎ᠠ ᠶᠢᠨ 8᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠬᠡᠯ ᠤᠨ ᠪᠠᠭᠤᠳᠠᠯ ᠨᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠯᠭᠤᠭᠰᠠᠨ ︽ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠬᠡᠯ ᠤᠨ ᠪᠠᠭᠤᠳᠠᠯ ᠤᠨ A1 ᠲᠠᠰ ᠤᠨ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ︵ᠦᠨᠡᠮᠯᠡᠯ ᠤᠨ ᠳ᠋ᠤᠭᠠᠷ᠄ GA202020NC0104OI︶᠎ ᠢ ᠭᠠᠷᠳᠠᠵᠤ᠂ ᠪᠥᠬᠦ ᠤᠯᠤᠰ ᠲᠤ 56 ᠳ᠋ᠤᠭᠠᠷ ᠲᠤ᠂ ᠣᠷᠣᠨ ᠳᠤ 8 ᠳ᠋ᠤᠭᠠᠷ ᠲᠤ᠂ ᠠᠶᠢᠮᠠᠭ ᠲᠤ ᠠᠩᠬᠠᠳᠠᠭᠴᠢ A1 ᠲᠥᠷᠥᠯ ᠤᠨ ᠭᠦᠶᠦᠯᠲᠡ ᠶᠢᠨ ᠵᠠᠮ ᠤᠨ ᠬᠡᠯᠪᠡᠷᠢ ᠶᠢᠨ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠭᠰᠠᠨ ᠪᠠᠶᠢᠨ᠎ᠠ᠃ ᠡᠨᠡ ᠨᠢ ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠬᠡᠯ ᠤᠨ ᠪᠠᠭᠤᠳᠠᠯ ᠨᠢ ᠨᠢᠭᠡᠨᠲᠡ ᠠᠷᠠᠳ ᠤᠨ ᠠᠭᠠᠷ ᠠᠶᠠᠯᠠᠯ ᠤᠨ ᠲᠣᠪᠴᠢᠶᠠᠨ ᠤ ᠳᠦᠷᠢᠮ ᠲᠣᠭᠲᠠᠭᠠᠯ ᠤᠨ ᠪᠠᠷᠢᠮᠵᠢᠶ᠎ᠠ ᠪᠠ ᠡᠵᠡᠩᠨᠡᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠵᠢᠩᠬᠢᠨᠢ ᠪᠠᠷ ᠠᠰᠢᠭᠯᠠᠯᠲᠠ ᠳᠤ ᠤᠷᠤᠭᠰᠠᠨ ᠢ ᠬᠠᠷᠠᠭᠤᠯᠵᠤ ᠪᠠᠶᠢᠭ᠎ᠠ ᠶᠤᠮ᠃ ᠮᠦᠨᠴᠦ ᠬᠥᠪᠡᠭᠡᠲᠦ ᠰᠢᠷ᠎ᠠ ᠬᠤᠰᠢᠭᠤ ᠨᠢ ᠨᠡᠶᠢᠲᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠬᠦᠷᠢᠶᠡᠨ ᠳᠤ ᠰᠢᠨ᠎ᠡ ᠨᠢᠭᠡ ᠠᠯᠬᠤᠮ ᠠᠯᠬᠤᠭᠰᠠᠨ ᠢ ᠲᠦᠯᠦᠭᠡᠯᠡᠵᠦ ᠪᠠᠶᠢᠭ᠎ᠠ ᠶᠤᠮ᠃ ᠬᠥᠪᠡᠭᠡᠲᠦ ᠰᠢᠷ᠎ᠠ ᠬᠤᠰᠢᠭᠤᠨ ᠤ ᠦᠷᠭᠡᠨ ᠣᠯᠠᠨ ᠠᠷᠠᠳ ᠲᠦᠮᠡᠨ ᠦᠪᠡᠷ ᠤᠨ ᠭᠡᠰᠡᠨ ᠨᠢᠰᠬᠦ ᠴᠡᠭ ᠲᠠᠢ ᠪᠣᠯᠵᠤ᠂ ᠰᠢᠯᠢ ᠶᠢᠨ ᠭᠤᠣᠯ ᠠᠶᠢᠮᠠᠭ ᠤᠨ ᠠᠭᠠᠷ ᠠᠶᠠᠯᠠᠯ ᠤᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠪᠠᠰᠠ ᠨᠢᠭᠡᠨ ᠴᠢᠬᠤᠯᠠ ᠪᠡᠯᠭᠡ ᠲᠡᠮᠳᠡᠭ ᠪᠣᠯᠪᠠ᠃       ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠬᠡᠯ ᠤᠨ ᠪᠠᠭᠤᠳᠠᠯ ᠨᠢ ᠰᠢᠯᠢ ᠶᠢᠨ ᠭᠤᠣᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠪᠠᠯᠭᠠᠰᠤᠨ ᠤ ᠲᠥᠪ ᠠᠴᠠ 9 ᠺᠢᠯᠣᠮᠧᠲᠷ ᠵᠠᠶᠢᠲᠠᠶ᠂ 38.9 ᠾᠧᠺᠲ᠋ᠡᠷ ᠲᠠᠯᠠᠪᠠᠢ ᠲᠠᠢ᠃ 2017᠎ ᠤᠨ 5 ᠰᠠᠷ᠎ᠠ ᠶᠢᠨ 24᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢ ᠣᠯᠵᠤ᠂ 1.2 ᠳ᠋ᠦᠩᠰᠢᠭᠤᠷ ᠲᠥᠭᠦᠷᠢᠭ ᠭᠠᠷᠤᠢ ᠶᠢᠨ ᠪᠡᠯᠡ ᠤᠷᠤᠭᠤᠯᠵᠤ ᠪᠠᠶᠢᠭᠤᠯᠤᠭᠰᠠᠨ ᠶᠤᠮ᠃ ᠲᠤᠰ ᠨᠢᠰᠭᠡᠯ ᠤᠨ ᠪᠠᠭᠤᠳᠠᠯ ᠨᠢ1200 ᠮᠧᠲᠷ ᠤᠨ ᠭᠦᠶᠦᠯᠲᠡ ᠶᠢᠨ ᠵᠠᠮ ᠲᠠᠢ᠂ ᠭᠤᠷᠪᠠᠨ B ᠲᠥᠷᠥᠯ ᠤᠨ ᠨᠢᠰᠬᠡᠯ ᠤᠨ ᠵᠣᠭᠰᠣᠭᠠᠯ ᠲᠠᠢ᠂ ᠬᠤᠷᠢᠨ A ᠲᠥᠷᠥᠯ ᠤᠨ ᠨᠢᠰᠬᠡᠯ ᠤᠨ ᠵᠣᠭᠰᠣᠭᠠᠯ ᠲᠠᠢ᠂ ᠠᠭᠠᠷ ᠤᠨ ᠬᠤᠭᠤᠯᠠᠶ᠂ ᠴᠢᠮᠡᠭᠡ ᠬᠤᠯᠪᠣᠭ᠎ᠠ᠂ ᠠᠶᠠᠨᠴᠢᠳ ᠤᠨ ᠠᠶᠤᠯ ᠥᠬᠡᠶ ᠶᠢᠨ ᠪᠠᠶᠢᠴᠠᠭᠠᠯᠲᠠ ᠵᠡᠷᠭᠡ ᠲᠤᠨᠤᠭ ᠪᠡᠯᠡᠳᠬᠡᠮᠵᠢ ᠢᠵᠢ ᠪᠦᠷᠢᠨ᠂ ᠨᠢᠰᠬᠡᠯ ᠬᠦᠯᠢᠶᠡᠬᠦ ᠠᠰᠠᠷ᠂ ᠲᠡᠷᠭᠡᠨ ᠬᠥᠮᠥᠷᠭᠡ ᠵᠡᠷᠭᠡ ᠨᠡᠶᠢᠲᠡ 2643 ᠲᠡᠭᠰᠢ ᠳᠥᠷᠪᠡᠯᠵᠢᠨ ᠮᠧᠲᠷ ᠤᠨ ᠳᠠᠭᠠᠯᠲᠠ ᠲᠥᠬᠦᠭᠡᠷᠦᠮᠵᠢ ᠲᠠᠢ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠪᠣᠯᠬᠤ ᠶᠤᠮ᠃ ᠭᠤᠣᠯᠳᠠᠭᠤ ᠠᠭᠠᠷ ᠤᠨ ᠲᠤᠤᠷ᠎ᠠ ᠲᠠᠪᠬᠤᠷᠭ᠎ᠠ ᠶᠢᠨ ᠬᠦᠷᠢᠶ᠎ᠡ ᠬᠡᠪᠴᠢᠶᠡᠨ ᠳᠠᠬᠢ ᠣᠶᠢᠷ᠎ᠠ ᠵᠠᠮ ᠤᠨ ᠠᠶᠠᠨᠴᠢᠳ᠂ ᠡᠳ᠋ ᠲᠠᠸᠠᠷ ᠤᠨ ᠵᠦᠭᠡᠭᠡᠪᠦᠷᠢ᠂ ᠨᠢᠰᠭᠡᠭᠴᠢ ᠶᠢᠨ ᠰᠤᠷᠭᠠᠨ ᠬᠦᠮᠦᠵᠢᠯ ᠤᠨ ᠪᠤᠯᠪᠠᠰᠤᠷᠠᠯ᠂ ᠨᠡᠶᠢᠲᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠵᠢᠭᠤᠯᠴᠢᠯᠠᠯ ᠵᠡᠷᠭᠡ ᠠᠭᠠᠷ ᠢᠶᠠᠷ ᠨᠠᠪᠳᠡᠷᠡᠬᠦ ᠠᠵᠤ ᠦᠢᠯᠡᠰ ᠢ ᠥᠷᠨᠢᠬᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠲᠠᠷᠢᠶᠠᠯᠠᠩ ᠮᠠᠯ ᠠᠬᠤᠢ ᠳᠤ ᠦᠢᠯᠡᠴᠢᠯᠡᠭᠡ ᠬᠢᠬᠦ ᠵᠡᠷᠭᠡ ᠴᠢᠳᠠᠮᠵᠢ ᠲᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号