ᠮᠡᠳᠡᠭᠳᠡᠯ
ᠨᠡᠶᠢᠲᠡᠯᠡᠭᠰᠡᠨ ᠴᠠᠭ᠄
2020-06-11
       ᠡᠨᠡ ᠡᠳᠦᠷ ᠠᠴᠠ ᠡᠬᠢᠯᠡᠵᠦ 2020 ᠣᠨ ᠤ ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠦᠬᠦᠪᠦᠷᠢ ᠤᠯᠭᠤᠬᠤ ᠶᠢ ᠲᠤᠰᠠᠯᠠᠬᠤ ᠰᠢᠰᠲ᠋ᠧᠮ ᠵᠢᠩᠬᠢᠨᠢ ᠪᠠᠷ ᠨᠡᠭᠡᠭᠡᠭᠳᠡᠭᠰᠡᠨ ᠲᠤᠯᠠ ᠬᠤᠰᠢᠭᠤᠨ ᠤ ᠳᠤᠳᠤᠷ᠎ᠠ ᠪᠤᠶᠤ ᠠᠶᠢᠮᠠᠭ ᠠᠯᠤᠰᠯᠠᠭᠰᠠᠨ ᠭᠠᠵᠠᠷ ᠠᠴᠠ ᠮᠠᠰᠢᠨ ᠬᠤᠳᠠᠯᠳᠤᠨ ᠠᠪᠤᠭᠰᠠᠨ ᠮᠠᠯᠴᠢᠳ ᠪᠠᠶᠢᠪᠠᠯ ᠥᠪᠡᠷ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠲᠠᠩᠰᠨ᠂ ᠪᠠᠩᠬᠢ ᠶᠢᠨ ᠺᠠᠷᠲ ︵一卡通︶᠂ ᠮᠠᠰᠢᠨ ᠠᠪᠤᠭᠰᠠᠨ ᠪᠠᠷᠢᠮᠲᠠ᠂ ᠮᠠᠰᠢᠨ ᠤ ᠦᠨᠳᠦᠰᠦᠨ ᠰᠤᠷᠠᠭ ᠵᠠᠩᠬᠢ ᠶᠢᠨ ᠬᠠᠭᠤᠳᠠᠰᠤ ᠵᠡᠷᠭᠡ ᠪᠠᠨ ᠠᠪᠴᠤ ᠬᠦᠪᠡᠭᠡᠲᠦ ᠰᠢᠷ᠎ᠠ ᠬᠤᠰᠢᠭᠤᠨ ᠤ ᠮᠠᠯ ᠠᠵᠤ ᠠᠬᠤᠢ ᠶᠢᠨ ᠮᠠᠰᠢᠨ ᠮᠡᠷᠭᠡᠵᠢᠯ ᠢ ᠳᠡᠯᠭᠡᠷᠡᠬᠦᠯᠦᠨ ᠦᠢᠯᠡᠴᠢᠯᠡᠬᠦ ᠥᠷᠲᠡᠭᠡ ᠶᠢᠨ 211 ᠠᠯᠪᠠᠨ ᠭᠡᠷ ᠲᠤ ᠳᠠᠷᠤᠢ ᠲᠦᠷᠭᠡᠨ ᠢᠷᠡᠵᠦ ᠳᠠᠩᠰᠠᠯᠠᠵᠤ ᠲᠡᠮᠳᠡᠭᠯᠡᠬᠦᠯᠦᠭᠡᠷᠡᠢ᠃       ᠨᠦᠬᠦᠪᠦᠷᠢ ᠭᠤᠶᠤᠴᠢᠯᠠᠵᠤ ᠪᠣᠯᠬᠤ ᠮᠠᠰᠢᠨ ᠤ ᠲᠥᠷᠦᠯ ᠵᠦᠢᠯ ᠵᠢᠴᠢ ᠬᠦᠷᠢᠶ᠎ᠡ ᠬᠡᠪᠴᠢᠶ᠎ᠡ᠄ ᠲᠥᠪ ᠬᠤᠷᠢᠶ᠎ᠠ ᠶᠢᠨ ᠡᠳ᠋ ᠤᠨ ᠵᠠᠰᠠᠭ ᠤᠨ ᠨᠦᠬᠦᠪᠦᠷᠢ ᠣᠯᠭᠤᠬᠤ ᠮᠠᠰᠢᠨ ᠤ ᠲᠥᠷᠦᠯ ᠵᠦᠢᠯ ᠳᠤ 13 ᠶᠡᠭᠡ ᠪᠦᠯᠦᠭ᠂ 28 ᠪᠠᠭ᠎ᠠ ᠪᠦᠯᠦᠭ᠂ 73 ᠲᠥᠷᠦᠯ ᠵᠦᠢᠯ ᠪᠠᠭᠠᠳᠠᠨ᠎ᠠ᠃ ᠤᠷᠤᠨ ᠤ ᠡᠳ᠋ ᠤᠨ ᠵᠠᠰᠠᠭ ᠤᠨ ᠨᠦᠬᠦᠪᠦᠷᠢ ᠮᠦᠩᠬᠦ ᠨᠢ ᠮᠠᠯᠴᠢᠳ ᠤᠨ ᠬᠤᠳᠠᠯᠳᠤᠨ ᠠᠪᠤᠭᠰᠠᠨ ᠲᠠᠷᠢᠶᠠᠯᠠᠩ ᠮᠠᠯᠵᠢᠯ ᠤᠨ ᠮᠠᠰᠢᠨ ᠤ ᠤᠯᠤᠰ ᠤᠨ ᠨᠦᠬᠦᠪᠦᠷᠢ ᠲᠡᠭᠡᠷ᠎ᠡ ᠨᠡᠮᠡᠵᠦ ᠨᠦᠬᠦᠪᠦᠷᠢᠯᠡᠬᠦ ᠪᠤᠶᠤ ᠳ᠋ᠠᠩ ᠢᠶᠠᠷ ᠨᠦᠬᠦᠪᠦᠷᠢᠯᠡᠨ᠎ᠡ ︵ᠭᠤᠣᠯᠳᠠᠭᠤ ᠡᠪᠡᠰᠦ ᠬᠠᠳᠤᠬᠤ ᠮᠠᠰᠢᠨ᠂ ᠡᠪᠡᠰᠦ ᠬᠠᠮᠤᠬᠤ ᠮᠠᠰᠢᠨ᠂ ᠡᠪᠡᠰᠦ ᠪᠤᠭᠤᠬᠤ ᠮᠠᠰᠢᠨ᠂ ᠪᠤᠷᠳᠤᠭᠤᠷ ᠬᠤᠯᠢᠵᠤ ᠲᠠᠯᠠᠭᠲᠠᠬᠤ ᠮᠠᠰᠢᠨ᠂ ᠨᠣᠣᠰᠤ ᠬᠠᠶᠢᠴᠢᠯᠠᠠᠬᠤ ᠮᠠᠰᠢᠨ᠂ ᠨᠤᠭᠤᠭᠠᠨ ᠳᠠᠷᠤᠰᠢ᠂ ᠡᠷᠳᠡᠨᠢ ᠰᠢᠰᠢ ᠬᠠᠳᠤᠵᠤ ᠬᠤᠷᠢᠶᠠᠬᠤ ᠮᠠᠰᠢᠨ᠂ ᠨᠤᠭᠤᠭᠠᠨ ᠳᠠᠷᠤᠰᠢ ᠬᠡᠮᠬᠡᠯᠡᠬᠦ ᠮᠠᠰᠢᠨ ᠵᠡᠷᠬᠡ 22 ᠲᠥᠷᠦᠯ ᠢ ᠪᠠᠭᠲᠠᠭᠠᠨ᠎ᠠ︶᠃       ᠠᠩᠬᠠᠷᠠᠭᠤᠯᠬᠤ ᠨᠢ᠄ ᠨᠦᠬᠦᠪᠦᠷᠢ ᠭᠤᠶᠤᠴᠢᠯᠠᠬᠤ ᠳᠤ ᠡᠷᠬᠡᠪᠰᠢ ᠲᠠᠷᠢᠶᠠᠯᠠᠩ ᠤᠨ ᠮᠠᠰᠢᠨ ᠤ ᠨᠦᠬᠦᠪᠦᠷᠢ ᠣᠯᠭᠤᠬᠤ ᠬᠡᠪᠴᠢᠶᠡᠨ ᠳᠤ ᠬᠠᠷᠢᠶᠠᠯᠠᠭᠳᠠᠬᠤ ᠮᠠᠰᠢᠨ ᠪᠠᠶᠢᠬᠤ ᠬᠡᠷᠡᠭᠳᠡᠢ︕       ᠨᠦᠬᠦᠪᠦᠷᠢ ᠶᠢᠨ ᠮᠦᠩᠬᠦ ᠬᠢᠵᠠᠭᠠᠷ ᠲᠠᠢ ᠤᠴᠢᠷ ᠠᠴᠠ ᠦᠷᠭᠡᠨ ᠣᠯᠠᠨ ᠮᠠᠯᠴᠢᠳ ᠲᠦᠷᠭᠡᠨ ᠢᠷᠡᠵᠦ ᠨᠦᠬᠦᠪᠦᠷᠢ ᠭᠤᠶᠤᠴᠢᠯᠠᠬᠤ ᠭᠠᠷ ᠬᠦᠢᠴᠡᠳᠭᠡᠯ ᠢᠶᠠᠨ ᠬᠢᠬᠦ ᠪᠤᠯᠪᠠᠤ︕       ᠬᠠᠷᠢᠯᠴᠠᠬᠤ ᠤᠳᠠᠰᠤ᠄ 13947963425     18147906150            ᠬᠦᠪᠡᠭᠡᠲᠦ ᠰᠢᠷ᠎ᠠ ᠬᠤᠰᠢᠭᠤᠨ ᠤ ᠮᠠᠯ ᠠᠵᠤ ᠠᠬᠤᠢ ᠶᠢᠨ ᠮᠠᠰᠢᠨ ᠮᠡᠷᠭᠡᠵᠢᠯ ᠢ ᠳᠡᠯᠭᠡᠷᠡᠬᠦᠯᠦᠨ ᠦᠢᠯᠡᠴᠢᠯᠡᠬᠦ ᠥᠷᠲᠡᠭᠡ            ᠲᠠᠷᠢᠶᠠᠯᠠᠠᠩ ᠤᠨ ᠮᠠᠰᠢᠨ ᠤ ᠬᠤᠳᠠᠯᠳᠤᠨ ᠠᠪᠬᠤ ᠳᠤ ᠨᠦᠬᠦᠪᠦᠷᠢ ᠣᠯᠭᠤᠬᠤ ᠠᠯᠪᠠᠨ ᠭᠡᠷ            2020ᠣᠨ ᠤ 6 ᠰᠠᠷ᠎ᠠ ᠶᠢᠨ 10 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠸᠢᠴᠧᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号