ᠬᠤᠰᠢᠭᠤ ᠤᠯᠤᠰ ᠲᠥᠷᠥ ᠶᠢᠨ ᠵᠥᠪᠯᠡᠯᠭᠡᠨ 2020 ᠣᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠬᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-12
                                                ᠥᠨᠢᠷ   ᠲᠤᠤᠯᠠ ᠮᠡᠳᠡᠭᠡᠯᠡᠪᠡ        6 ᠰᠠᠷ᠎ᠠ ᠶᠢᠨ 9᠎ ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ 2020 ᠣᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠬᠦᠯᠬᠦ ᠬᠤᠷᠠᠯ ᠢ ᠬᠤᠷᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠬᠥᠪᠡᠭᠡᠲᠦ ᠰᠢᠷ᠎ᠠ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠤᠨ ᠬᠤᠭᠤᠴᠠᠭᠠᠨ ᠳᠤ ᠭᠡᠰᠢᠭᠦᠳ ᠤᠨ ᠳᠡᠪᠰᠢᠭᠦᠯᠦᠭᠰᠡᠨ81ᠬᠤᠪᠢ ᠰᠠᠨᠠᠯ ᠲᠣᠷᠠᠳᠣᠯᠭ᠎ᠠ ᠎ ᠠᠴᠠ 77 ᠬᠤᠪᠢ ᠰᠠᠨᠠᠯ ᠳᠤᠷᠠᠳᠤᠯᠭ᠎ᠠ ᠶᠢ ᠨᠢ ᠳᠠᠩᠰᠠᠯᠠ᠊᠂ ᠰᠢᠯᠵᠢᠭᠦᠯᠦᠨ ᠳᠤᠰᠢᠶᠠᠪᠠ᠃       ᠬᠤᠷᠠᠯ ᠠᠴᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠬᠦ ᠳᠡᠭᠡᠨ᠂ ᠴᠢᠨᠠᠷ ᠰᠠᠶᠢᠲᠠᠶ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯᠣᠨ‌ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠭᠤᠯᠭ᠎ᠠ ᠎ ᠳᠤ ᠬᠤᠯᠪᠣᠭᠳᠠᠭᠰᠠᠨ ᠰᠠᠨᠠᠯ ᠲᠣᠷᠠᠳᠣᠯᠭ᠎ᠠ ᠵᠢᠴᠢ ᠠᠷᠠᠳ ᠣᠯᠠᠨ ᠤ ᠬᠠᠯᠠᠮᠰᠢᠯ ᠶᠡᠭᠡᠳᠡᠢ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠡᠯ᠎ᠡ ᠨᠢᠭᠡᠴᠡ ᠨᠢ ᠣᠯᠠᠨ ᠲᠠᠯ᠎ᠠ ᠶᠢᠨ ᠬᠦᠴᠦᠨ ᠢ ᠵᠣᠬᠢᠴᠠᠭᠤᠯᠬᠤ ᠶᠢ ᠠᠩᠬᠠᠷᠴᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠨ᠂ ᠡᠨᠡ ᠵᠢᠯ ᠤᠨ ᠰᠠᠨᠠᠯ ᠲᠣᠷᠠᠳᠣᠯᠭ᠎ᠠ ᠶᠢ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠣᠯᠠᠬᠤ ᠭᠡᠷᠡᠭᠳᠡᠢ ᠭᠡᠵᠦ ᠴᠢᠬᠤᠯᠠᠴᠢᠯᠠᠵᠠᠢ᠃      ᠬᠤᠷᠠᠯ ᠳᠡᠭᠡᠷ᠎ᠡ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠢᠨ ᠣᠪᠣᠷ ᠢᠶᠠᠨ ᠢᠯᠡᠳᠬᠡᠪᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号