ᠬᠦᠪᠡᠭᠡᠲᠦ ᠰᠢᠷ᠎ᠠ ᠬᠤᠰᠢᠭᠤ ᠮᠧᠩ ᠶᠢᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠳᠤ ᠺᠤᠮᠫᠠᠨᠢ ᠲᠠᠢ ᠶᠠᠷᠢᠯᠴᠠᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-12
                                                 ᠴᠢᠭᠯᠡᠯ  ᠮᠥᠴᠢᠷ ᠮᠡᠳᠡᠭᠡᠯᠡᠪᠡ         6 ᠰᠠᠷ᠎ᠠ ᠶᠢᠨ 11᠎ ᠤ ᠡᠳᠦᠷ᠂ ᠮᠠᠨ ᠤ ᠬᠤᠰᠢᠭᠤ ᠮᠧᠩ ᠶᠢᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠳᠤ ᠺᠤᠮᠫᠠᠨᠢ ᠲᠠᠢ ᠶᠠᠷᠢᠯᠴᠠᠬᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠮᠧᠩ ᠶᠢᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠳᠤ ᠺᠤᠮᠫᠠᠨᠢ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠲᠦᠷᠦᠯ ᠵᠦᠢᠯ ᠤᠨ ᠪᠥᠲᠦᠭᠡᠨ ᠪᠠᠶᠢᠭᠤᠯᠤᠯᠳᠠ ᠶᠢᠨ ᠶᠠᠪᠤᠴᠠ ᠳᠤ ᠤᠷᠤᠰᠢᠵᠤ ᠪᠠᠶᠢᠭ᠎ᠠ ᠠᠰᠠᠭᠤᠳᠠᠯ ᠤᠨ ᠲᠤᠬᠠᠢ ᠰᠤᠳᠤᠯᠤᠨ ᠶᠠᠷᠢᠯᠴᠠᠪᠠ᠃        ᠬᠤᠷᠠᠯ ᠳᠡᠭᠡᠷ᠎ᠡ᠂ ᠮᠧᠩ ᠵᠢᠨ‌ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠳᠤ ᠺᠤᠮᠫᠠᠨᠢ ᠶᠢᠨ ᠬᠠᠷᠢᠭᠤᠴᠠᠯᠭᠠᠳᠠᠨ ᠠᠴᠠ ᠲᠦᠷᠦᠯ ᠵᠦᠢᠯ ᠤᠨ ᠲᠤᠶᠢᠮᠦ ᠪᠠᠶᠢᠳᠠᠯ᠂ ᠪᠡᠯᠡ ᠤᠷᠤᠭᠤᠯᠤᠯᠳᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ᠂ ᠠᠵᠤ ᠠᠬᠤᠶᠢᠯᠠᠯ ᠪᠠ ᠭᠠᠵᠠᠷ ᠤᠷᠤᠨ ᠤ ᠬᠠᠮᠳᠤᠷᠠᠯᠴᠠᠭ᠎ᠠ᠂ ᠭᠤᠤᠯ ᠪᠤᠯᠬᠤ ᠤᠷᠤᠰᠢᠵᠤ ᠪᠠᠶᠢᠭ᠎ᠠ ᠠᠰᠠᠭᠤᠳᠠᠯ ᠵᠡᠷᠭᠡ ᠳᠠᠯ᠎ᠠ ᠠᠴᠠ ᠬᠠᠷᠢᠭᠤ ᠮᠡᠳᠡᠭᠦᠯᠦᠯᠳᠡ ᠬᠢᠵᠡᠢ᠃        ᠬᠤᠷᠠᠯ ᠠᠴᠠ ᠮᠧᠩ ᠶᠢᠨ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠳᠤ ᠺᠤᠮᠫᠠᠨᠢ ᠨᠢ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠨ ᠠᠳᠬᠤᠵᠤ᠂ ᠲᠡᠷᠢᠭᠦᠨ ᠪᠠᠶᠢᠷᠢᠨ ᠳᠤ ᠲᠠᠯᠪᠢᠨ᠂ ᠠᠮᠤᠷ ᠲᠦᠪᠰᠢᠨ ᠬᠥᠭᠵᠢᠯᠳᠡ ᠶᠢᠨ ᠤᠶᠢᠯᠠᠭᠠᠭᠳᠠᠬᠤᠨ ᠢ ᠪᠤᠢ ᠪᠤᠯᠭᠠᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠪᠠᠷᠢᠮᠵᠢᠶ᠎ᠠ ᠶᠢ ᠰᠠᠶᠢᠳᠤᠷ ᠪᠠᠷᠢᠮᠳᠠᠯᠠᠨ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠦᠨ᠂ ᠳᠡᠰ ᠲᠠᠪᠬᠤᠷᠭ᠎ᠠ ᠬᠤᠪᠢᠶᠠᠨ ᠬᠠᠮᠢᠶᠠᠷᠴᠤ᠂ ᠠᠶᠤᠯᠭᠦᠢ ᠦᠢᠯᠡᠳᠪᠦᠷᠢᠯᠡᠯ ᠤᠨ ᠬᠦᠮᠦᠵᠢᠯ ᠪᠤᠯᠪᠠᠰᠤᠷᠠᠯ ᠢ ᠰᠠᠶᠢᠳᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠳᠠ ᠶᠢ ᠥᠨᠡᠨᠬᠦ ᠴᠢᠩᠭᠠᠳᠬᠠᠬᠤ ᠬᠡᠷᠡᠭᠲᠡᠢ᠃ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠦᠨ᠂ ᠠᠭᠤᠷᠬᠠᠢ ᠶᠢᠨ ᠲᠤᠭᠤᠷᠢᠭ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠤᠪᠰᠢ ᠶᠢ ᠵᠤᠬᠢᠰᠲᠠᠢ ᠰᠢᠢᠳᠪᠦᠷᠢᠯᠡᠵᠦ᠂ ᠠᠭᠤᠷᠬᠠᠢ ᠶᠢᠨ ᠲᠤᠭᠤᠷᠢᠭ ᠲᠤ ᠬᠠᠶᠠᠭᠳᠠᠮᠠᠯ ᠪᠤᠳᠠᠰ ᠲᠤᠷ᠎ᠠ ᠪᠠᠷ ᠬᠠᠶᠠᠬᠤ ᠦᠭᠡᠢ ᠪᠠᠶᠢᠵᠤ᠂ ᠳᠠᠯ᠎ᠠ ᠨᠤᠳᠤᠭ᠂ ᠡᠪᠡᠰᠦ ᠪᠡᠯᠴᠢᠭᠡᠷ ᠢ ᠪᠤᠬᠢᠷᠳᠤᠭᠤᠯᠬᠤ ᠠᠴᠠ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠡᠯ᠎ᠡ ᠬᠠᠮᠢᠶ᠎ᠠ ᠪᠥᠬᠦᠢ ᠪᠠᠶᠢᠭᠤᠯᠭ᠎ᠠ ᠨᠢᠭᠡᠴᠡ ᠲᠠᠢ ᠢᠳᠡᠪᠬᠢᠲᠡᠢ ᠬᠠᠷᠢᠯᠴᠠᠵᠤ᠂ ᠲᠦᠷᠦᠯ ᠵᠦᠢᠯ ᠤᠨ ᠪᠥᠲᠦᠭᠡᠨ ᠪᠠᠶᠢᠭᠤᠯᠤᠯᠳᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠠᠰᠠᠭᠤᠳᠠᠯ ᠢ ᠳᠠᠷᠤᠶᠢᠬᠠᠨ ᠵᠤᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠬᠠᠮᠢᠶᠠᠷᠤᠯᠳᠠ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠦᠷ᠎ᠡ ᠪᠦᠲᠦᠮᠵᠢᠲᠠᠢ ᠪᠠᠷ ᠲᠦᠷᠦᠯ ᠵᠦᠢᠯ ᠢ ᠠᠬᠢᠭᠤᠯᠬᠤ ᠬᠡᠷᠡᠭᠲᠡᠢ᠃ ᠡᠪᠡᠳᠴᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠳᠤᠷ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠤᠨ ᠬᠤᠤᠷ ᠬᠦᠨᠦᠭᠡᠯ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠯᠤᠭᠠᠨ᠎ᠠ ᠶᠢᠨ ᠬᠢᠵᠢᠭ ᠶᠢᠨ ᠰᠡᠷᠭᠡᠶᠢᠯᠡᠨ ᠬᠤᠷᠢᠭᠯᠠᠬᠤ ᠠᠵᠢᠯ ᠢ ᠪᠥᠬᠦ ᠳᠠᠯ᠎ᠠ ᠪᠠᠷ ᠥᠷᠨᠢᠭᠦᠯᠵᠦ᠂ ᠠᠭᠤᠷᠬᠠᠢ ᠶᠢᠨ ᠲᠤᠭᠤᠷᠢᠭ ᠪᠤᠯᠤᠨ ᠤᠶᠢᠷ᠎ᠠ ᠬᠠᠪᠢ ᠶᠢᠨ ᠤᠷᠴᠢᠨ ᠲᠤᠭᠤᠷᠢᠨ ᠳᠤ ᠬᠤᠯᠤᠭᠠᠨ᠎ᠠ ᠤᠰᠠᠳᠬᠠᠬᠤ ᠠᠵᠢᠯ ᠢ ᠶᠠᠪᠤᠭᠳᠠᠭᠤᠯᠵᠤ᠂ ᠬᠤᠯᠤᠭᠠᠨ᠎ᠠ ᠶᠢᠨ ᠬᠢᠵᠢᠭ ᠤᠨ ᠲᠤᠬᠠᠢ ᠮᠡᠳᠡᠯᠭᠡ ᠶᠢᠨ ᠤᠬᠠᠭᠤᠯᠭ᠎ᠠ ᠪᠠᠨ ᠴᠢᠩᠭᠠᠳᠬᠠᠨ᠂ ᠤᠨᠴᠠᠭᠠᠶᠢᠯᠠᠨ ᠬᠤᠯᠤᠭᠠᠨ᠎ᠠ ᠶᠢᠨ ᠬᠢᠵᠢᠭ ᠎ ᠤᠨ《 ᠭᠤᠷᠪᠠᠨ ᠦᠯᠦ ᠪᠣᠯᠬᠤ︾᠂《 ᠭᠤᠷᠪᠠ ᠶᠢ ᠮᠡᠳᠡᠭᠦᠯᠬᠦ》ᠲᠦᠷᠢᠮ ᠢ ᠰᠠᠶᠢᠳᠤᠷ ᠤᠬᠠᠭᠤᠯᠤᠨ᠂ ᠠᠵᠤ ᠠᠬᠤᠶᠢᠯᠠᠯ ᠤᠨ ᠠᠵᠢᠯᠳᠠᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号