ᠬᠦᠪᠡᠭᠡᠲᠦ ᠰᠢᠷ᠎ᠠ ᠬᠤᠰᠢᠭᠤ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠶ ᠶᠢᠨ ᠲᠠᠯᠠᠪᠤᠷ ᠤᠨ ᠬᠤᠷᠠᠯ ᠤᠨ ᠬᠤᠶᠠᠳᠤᠭᠠᠷ ᠤᠳᠠᠭᠠᠨ ᠤ ᠪᠡᠯᠡᠳᠬᠡᠵᠤ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-12
                                       ᠰᠢᠨᠡᠭᠦᠦ    ᠴᠢᠭᠯᠡᠯ ᠮᠡᠳᠡᠭᠡᠯᠡᠪᠡ         6 ᠰᠠᠷ᠎ᠠ ᠶᠢᠨ 10 ᠤ ᠡᠳᠦᠷ᠂ ᠬᠦᠪᠡᠭᠡᠲᠦ ᠰᠢᠷ᠎ᠠ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠦ ᠴᠠᠭᠠᠨ ᠢᠳᠡᠭᠡᠨ ᠤ ᠲᠤᠬᠠᠶ ᠶᠢᠨ ᠲᠠᠯᠠᠪᠤᠷ ᠤᠨ ᠬᠤᠷᠠᠯ ᠤᠨ ᠬᠤᠶᠠᠳᠤᠭᠠᠷ ᠤᠳᠠᠭᠠᠨ ᠤ ᠪᠡᠯᠡᠳᠬᠡᠵᠤ ᠪᠠᠶᠢᠷᠢᠯᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃         ᠬᠤᠷᠠᠯ ᠢᠶᠠᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠢᠨ ᠳᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠤᠨ᠂ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠳᠤᠬᠠᠢ ᠶᠢᠨ ᠲᠠᠯᠠᠪᠤᠷ ᠤᠨ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠶ ᠪᠠᠶᠢᠷᠢᠯᠠᠭᠤᠯᠵᠠᠢ᠃         ᠬᠤᠷᠠᠯ ᠳᠡᠭᠡᠷ᠎ᠡ᠂ ᠲᠠᠪᠰᠢᠯᠲᠤ ᠠᠴᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠨᠡ ᠤᠳᠠᠭᠠᠨ ᠤ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠦ ᠴᠠᠭᠠᠨ ᠢᠳᠡᠭᠡᠨ ᠤ ᠳᠤᠬᠠᠢ ᠶᠢᠨ ᠲᠠᠯᠠᠪᠤᠷ ᠤᠨ ᠬᠤᠷᠠᠯ ᠢ ᠳᠠᠭᠠᠭᠠᠴᠢᠯᠠᠨ ᠡᠷᠬᠢᠯᠡᠬᠦ ᠠᠰᠢᠭᠲᠠᠶ ᠲᠣᠬᠢᠶᠠᠯ ᠢ ᠴᠢᠩᠭ᠎ᠠ ᠠᠳᠬᠤᠵᠤ᠂ ᠪᠦᠬᠦ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ︽ᠲᠠᠪᠤ ᠶᠢ ᠨᠢᠭᠡ ᠴᠣᠬᠴᠠᠵᠢᠭᠤᠯᠬᠤ᠂ ᠲᠦᠷᠪᠡᠨ ᠨᠢᠭᠡᠳᠦᠯᠳᠡᠢ᠂ ᠬᠤᠶᠠᠷ ᠬᠡᠪ ᠵᠠᠭᠪᠤᠷ᠂ ᠨᠢᠭᠡ ᠨᠡᠷᠡᠲᠦ ᠲᠡᠮᠳᠡᠭ︾ ᠤᠨ ᠬᠦᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠴᠠᠭᠠᠨ ᠢᠳᠡᠭᠡᠨ ᠤ ᠦᠢᠯᠡᠰ ᠤᠨ ᠪᠦᠬᠦ ᠲᠠᠯ᠎ᠠ ᠪᠠᠷ ᠬᠥᠭᠵᠢᠨ ᠮᠠᠨᠳᠤᠬᠤ ᠪᠠ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠠᠢ ᠭᠡᠵᠦ ᠵᠢᠭᠠᠵᠠᠢ᠃        ᠬᠤᠪᠢᠰᠬᠠᠯᠳᠣ ᠠᠴᠠ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ᠂ ᠦᠨᠳᠦᠰᠦᠲᠡᠨ ᠤ ᠵᠠᠩ ᠦᠢᠯᠡ ᠰᠣᠶᠣᠯ ᠤᠨ ᠵᠡᠭᠡᠯᠢ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠵᠡᠭᠦᠯᠦᠯᠭᠡ ᠶᠢᠨ ᠲᠢᠩᠬᠢᠮ ᠤᠨ ᠪᠠᠶᠢᠭᠤᠯᠤᠯᠲᠠ ᠵᠡᠷᠭᠡ ᠠᠵᠢᠯ ᠤᠨ ᠲᠠᠯ᠎ᠠ ᠪᠠᠷ ᠪᠣᠳᠠᠲᠠᠶ ᠱᠠᠭᠠᠷᠳᠠᠯᠭ᠎ᠠ ᠲᠣᠷᠠᠳᠣᠬᠰᠠᠨ‌‍ᠤ ᠬᠠᠮᠲᠤ᠂ ᠡᠯ᠎ᠡ ᠰᠠᠯᠠᠭ᠎ᠠ ᠮᠥᠴᠢᠷ ᠨᠢ ᠪᠦᠬᠦ ᠣᠷᠣᠨ ᠤ ᠴᠠᠭᠠᠨ ᠢᠳᠡᠭᠡᠨ ᠤ ᠠᠬᠤᠶ ᠲᠠᠯᠠᠪᠠᠶ ᠶᠢᠨ ᠬᠤᠷᠠᠯ ᠤᠨ ᠪᠡᠯᠡᠳᠭᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ ᠠᠭᠢᠭᠤᠯᠬᠤ ᠭᠡᠷᠡᠭᠳᠡᠢ᠃ ᠡᠯ᠎ᠡ ᠰᠠᠯᠠᠭ᠎ᠠ ᠮᠥᠴᠢᠷ ᠨᠢ ᠴᠠᠭ ᠢ ᠠᠮᠵᠢᠨ ᠲᠥᠷᠥᠯ ᠵᠦᠢᠯ ᠤᠨ ᠪᠡᠯᠡ ᠮᠥᠩᠭᠦ ᠶᠢ ᠢᠵᠢ ᠪᠦᠷᠢᠳᠦᠭᠦᠯᠬᠦ ᠪᠠᠷ ᠴᠢᠷᠮᠠᠶᠢᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠠᠮᠳᠣᠪᠠᠷ ᠴᠢᠷᠮᠠᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠠᠮᠵᠢᠯᠲᠠ ᠲᠠᠢ ᠡᠷᠬᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃    
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号