ᠬᠦᠳᠡᠯᠮᠦᠷᠢᠴᠢ ᠪᠦᠰᠡᠬᠦᠢ ᠶᠢᠨ ᠤᠬᠠᠭᠠᠯᠢᠭ ᠠᠮᠢᠳᠤᠷᠠᠯ
ᠨᠡᠶᠢᠲᠡᠯᠡᠭᠰᠡᠨ ᠴᠠᠭ᠄
2020-06-18
       ᠲᠠᠨ᠎ᠠ ᠪᠣᠯ ᠬᠦᠪᠡᠭᠡᠲᠦ ᠰᠢᠷ᠎ᠠ ᠬᠤᠰᠢᠭᠤᠨ ᠤ ᠣᠩᠭᠤᠨᠠᠭᠤᠯᠠ ᠰᠤᠮᠤᠨ ᠤ ᠮᠠᠯᠴᠢᠨ ᠪᠦᠰᠡᠬᠦᠢ ᠶᠤᠮ᠃ ᠲᠡᠬᠦᠨ ᠤ ᠬᠦᠳᠡᠭᠡ ᠭᠡᠷ ᠲᠡᠭᠡᠨ ᠬᠢᠭᠰᠡᠨ ᠴᠠᠭᠠᠨ ᠢᠳᠡᠭᠡ ᠨᠢ ᠠᠮᠳᠠᠲᠠᠢ ᠭᠡᠵᠤ ᠬᠤᠯᠠ ᠣᠶᠢᠷ᠎ᠠ ᠳᠠᠭᠠᠨ ᠠᠯᠳᠠᠷᠰᠢᠵᠠᠢ᠃ ᠲᠡᠷᠡ ᠮᠠᠨᠢ ᠦᠨᠳᠦᠷ ᠳᠤᠮᠳᠠ ᠪᠠᠨ ᠲᠡᠭᠦᠰᠦᠮᠡᠭᠴᠡ ᠬᠦᠳᠡᠭᠡ ᠨᠤᠲᠤᠭ ᠲᠠᠭᠠᠨ ᠬᠠᠷᠢᠵᠤ ᠲᠡᠭᠡᠳᠦᠰ ᠠᠴᠠ ᠥᠪᠯᠡᠭᠰᠡᠨ ᠮᠠᠯᠴᠢᠨ ᠵᠠᠶᠠᠭ᠎ᠠ ᠪᠠᠨ ᠲᠦᠰᠢᠵᠤ᠂ ᠮᠠᠯ ᠰᠦᠷᠦᠭ ᠤᠨ ᠢᠶᠠᠨ ᠠᠰᠢᠭ ᠰᠢᠮ᠎ᠡ ᠪᠠᠷ ᠪᠠᠶᠠᠵᠢᠯ ᠤᠨ ᠵᠠᠮ ᠢᠶᠠᠷ ᠵᠠᠮᠨᠠᠭᠰᠠᠨ ᠰᠢᠨ᠎ᠡ ᠬᠦᠳᠡᠭᠡ ᠲᠤᠰᠬᠤᠨ ᠤ ᠰᠢᠨ᠎ᠡ ᠮᠠᠯᠴᠢᠨ ᠤ ᠨᠢᠭᠡ ᠪᠢᠯᠡ᠃ ᠲᠡᠳᠡᠨᠡᠶᠢᠬᠢᠨ ᠭᠡᠷ ᠲᠡᠭᠡᠨ ᠠᠮᠠ ᠪᠦᠯᠢ ᠵᠢᠷᠭᠤᠭᠤᠯᠠ ᠪᠠᠶᠢᠵᠤ᠂ ᠬᠦᠦ ᠬᠡᠦᠬᠡᠨ᠂ ᠬᠠᠳᠠᠮ ᠠᠪᠤ ᠡᠵᠢ ᠲᠠᠢ ᠪᠠᠨ ᠬᠠᠮᠲᠤ ᠪᠦᠯᠢ ᠪᠦᠳᠦᠨ ᠠᠵᠤ ᠲᠦᠷᠦᠵᠤ᠂ 300 ᠭᠠᠷᠤᠢ ᠪᠤᠭ ᠮᠠᠯ᠂ ᠠᠷᠪᠠᠭᠠᠳ ᠰᠠᠭᠠᠯᠢ ᠶᠢᠨ ᠦᠨᠢᠶ᠎ᠡ ᠲᠠᠢ ᠲᠠᠪᠢᠭᠠᠳ ᠦᠬᠡᠷ ᠮᠠᠯᠵᠢᠨ᠂ ᠴᠢᠨᠡᠭᠡᠯᠢᠭ ᠠᠮᠢᠳᠤᠷᠠᠯ ᠲᠠᠢ ᠲᠦᠪᠬᠢᠨᠡᠬᠦᠨ ᠠᠶᠢᠯ ᠪᠢᠯᠡ᠃       ︽ᠤᠰᠤ ᠤᠷᠤᠭᠤ ᠪᠠᠨ᠂ ᠬᠦᠮᠦᠨ ᠥᠭᠡᠳᠡ ᠪᠠᠨ︾ ᠭᠡᠳᠡᠭ ᠢᠶᠠᠷ ᠲᠠᠨ᠎ᠠ ᠮᠠᠨᠢ ᠶᠡᠷᠦᠨᠢ ᠵᠦᠭᠡᠷ ᠰᠠᠭᠤᠵᠤ ᠴᠠᠭ ᠮᠦᠴᠡ ᠶᠢ ᠲᠠᠯᠠᠭᠠᠷ ᠦᠩᠭᠡᠷᠡᠬᠡᠬᠦ ᠶᠢ ᠴᠡᠭᠡᠷᠯᠡᠳᠡᠭ ᠪᠠᠶᠢᠵᠤ᠂ ᠨᠡᠶᠢᠭᠡᠮ ᠤᠨ ᠬᠦᠭᠵᠢᠯᠲᠡ ᠶᠢ ᠳᠠᠭᠠᠯᠳᠤᠨ᠂ ᠵᠠᠬ᠎ᠠ ᠲᠡᠯᠭᠡᠬᠦᠷ ᠲᠤ ᠴᠢᠨᠠᠷ ᠰᠠᠶᠢᠲᠠᠢ ᠪᠦᠳᠦᠭᠡᠭᠲᠡᠬᠦᠨ ᠳᠤᠲᠠᠭᠳᠠᠵᠤ ᠪᠠᠶᠢᠭ᠎ᠠ ᠪᠠᠶᠢᠳᠠᠯ ᠢ ᠬᠢᠷᠠᠬᠠᠢ ᠰᠡᠷᠡᠵᠦ ᠮᠡᠳᠡᠭᠰᠡᠨ ᠢᠶᠠᠷ᠂ ᠴᠠᠭᠠᠨ ᠢᠳᠡᠭᠡ ᠬᠢᠵᠤ ᠪᠤᠷᠤᠯᠠᠭᠤᠯᠬᠤ ᠶᠢᠨ ᠬᠠᠮᠲᠤ ᠨᠠᠭᠠᠲᠤ ᠵᠠᠬ᠎ᠠ ᠨᠢ ᠠᠪᠤ ᠡᠵᠢ᠂ ᠦᠷ᠎ᠡ ᠬᠡᠦᠬᠡᠳ ᠲᠡᠭᠡᠨ ᠴᠡᠪᠡᠷ ᠪᠠᠶᠢᠭᠠᠯᠢᠯᠢᠭ ᠴᠠᠭᠠᠨ ᠢᠳᠡᠭᠡ ᠠᠮᠰᠠᠭᠤᠯᠬᠤ ᠶᠢᠨ ᠲᠦᠯᠦᠭᠡ ᠨᠦᠬᠦᠷ ᠵᠢᠪᠬᠤᠯᠠᠩᠲᠤ ᠲᠠᠢ ᠪᠠᠨ ᠶᠠᠷᠢᠯᠴᠠᠵᠤ᠂ ᠬᠡᠳᠦᠨ ᠰᠠᠭᠠᠯᠢ ᠶᠢᠨ ᠦᠨᠢᠶ᠎ᠡ ᠤᠷᠤᠭᠤᠯᠵᠤ᠂ ᠴᠠᠭᠠᠨ ᠢᠳᠡᠭᠡ ᠬᠢᠵᠤ ᠡᠬᠢᠯᠡᠪᠡ᠃ ᠲᠠᠨ᠎ᠠ ᠠᠩᠬ᠎ᠠ ᠤᠳᠠᠭ᠎ᠠ ᠴᠠᠭᠠᠨ ᠢᠳᠡᠭᠡ ᠬᠢᠬᠦ ᠦᠶ᠎ᠡ ᠳᠤ ᠡᠪ ᠳᠡᠮ ᠢ ᠨᠢ ᠣᠯᠬᠤ ᠦᠬᠡᠢ᠂ ᠣᠯᠠᠨ ᠤᠳᠠᠭ᠎ᠠ ᠢᠯᠡᠭ᠌ᠳᠠᠯ ᠳᠤ ᠤᠴᠠᠷᠠᠵᠤ ᠪᠠᠶᠢᠭᠰᠠᠨ ᠴᠤ ᠮᠤᠩᠭᠤᠯ ᠮᠣᠷᠢᠨ ᠤ ᠮᠤᠬᠤᠰᠢ ᠦᠬᠡᠢ ᠵᠣᠷᠢᠭ ᠰᠠᠨᠠᠭ᠎ᠠ ᠪᠠᠷ ᠵᠣᠷᠢᠭᠰᠠᠨ ᠳᠠᠭᠠᠨ ᠬᠦᠷᠬᠦ ᠪᠠᠷ ᠴᠢᠷᠮᠠᠶᠢᠭᠰᠠᠨ ᠢᠶᠠᠷ ᠤᠯᠠᠮᠵᠢᠯᠠᠯᠲᠤ ᠴᠠᠭᠠᠨ ᠢᠳᠡᠭᠡ ᠬᠢᠬᠦ ᠮᠡᠷᠭᠡᠵᠢᠯ ᠢ ᠪᠦᠷᠢᠨ ᠡᠵᠡᠮᠰᠢᠵᠤ᠂ ᠬᠤᠷᠤᠳ᠂ ᠪᠢᠰᠢᠯᠠᠭ᠂ ᠴᠤᠷ᠎ᠠ᠂ ᠠᠭᠠᠷᠴᠠ ᠬᠢᠬᠦ ᠳᠡᠭᠡᠨ ᠴᠠᠭᠠᠷᠠᠵᠤ᠂ ᠲᠣᠭᠤᠭ᠎ᠠ ᠨᠡᠷᠡᠬᠦ ᠳᠡᠭᠡᠨ ᠴᠤ ᠠᠯᠳᠠᠷᠰᠢᠵᠤ᠂ ᠵᠢᠯ ᠳᠤ ᠬᠡᠳᠦᠨ ᠵᠠᠭᠤᠨ ᠵᠢᠩ ᠮᠤᠩᠭᠤᠯ ᠠᠷᠢᠬᠢ ᠨᠡᠷᠡᠵᠦ᠂ ᠪᠠᠶᠢᠳᠠᠭ᠃ ᠮᠦᠨᠴᠦ ᠵᠠᠪ ᠴᠢᠯᠦᠭᠡ ᠪᠠᠨ ᠠᠰᠢᠭᠯᠠᠵᠤ᠂ ᠰᠢᠷ᠎ᠠ ᠤᠰᠤᠨ ᠰᠢᠬᠢᠷ᠂ ᠳᠦᠲᠡ ᠵᠡᠷᠭᠡ ᠶᠢᠨ ᠳᠠᠭᠠᠯᠲᠠ ᠪᠦᠳᠦᠭᠡᠭᠳᠡᠬᠦᠨ ᠬᠢᠵᠤ᠂ ᠬᠢᠭᠰᠡᠨ ᠪᠦᠳᠦᠭᠡᠭᠲᠡᠬᠦᠨ ᠢᠶᠠᠨ ᠸᠢᠴᠠᠲ ᠢᠶᠠᠷ ᠪᠤᠷᠤᠯᠠᠭᠤᠯᠬᠤ ᠶᠢᠨ ᠲᠠᠭᠠᠤ ᠬᠤᠲᠠ ᠤᠰᠤ᠂ ᠬᠤᠯᠠ ᠣᠶᠢᠷ᠎ᠠ ᠶᠢᠨ ᠬᠦᠮᠦᠰ ᠵᠠᠬᠢᠶᠠᠯᠠᠭ᠎ᠠ ᠪᠠᠷ ᠠᠪᠳᠠᠭ ᠪᠤᠯᠬᠤᠷ ᠴᠠᠭᠠᠨ ᠢᠳᠡᠭᠡ ᠨᠢ ᠳᠠᠷᠤᠭᠳᠠᠬᠤ ᠦᠬᠡᠢ ᠮᠦᠷᠳᠡᠭᠡᠨ ᠬᠠᠩᠭᠠᠯᠭ᠎ᠠ ᠨᠢ ᠬᠡᠷᠡᠭᠴᠡᠭᠡᠨ ᠳᠡᠭᠡᠨ ᠬᠦᠷᠬᠦ ᠦᠬᠡᠢ ᠴᠤ ᠴᠠᠭ ᠭᠠᠷᠳᠠᠭ᠃       ᠲᠠᠨ᠎ᠠ ᠶᠢᠨ ᠬᠢᠨ ᠰᠠᠭᠠᠯᠢ ᠶᠢᠨ ᠦᠨᠢᠶ᠎ᠡ ᠳᠡᠭᠡᠨ ᠪᠤᠷᠳᠤᠭ᠎ᠠ ᠥᠭᠳᠡᠭ ᠦᠬᠡᠢ᠂ ᠪᠠᠶᠢᠭᠠᠯᠢᠯᠢᠭ ᠪᠡᠯᠴᠢᠭᠡᠷ ᠲᠤ ᠪᠡᠯᠴᠢᠭᠡᠷᠯᠡᠬᠦᠯᠵᠦ᠂ ᠰᠦ ᠶᠢᠨ ᠢᠷᠡᠯᠲᠡ ᠶᠢ ᠪᠠᠳᠤᠯᠠᠵᠤ ᠴᠢᠳᠠᠳᠠᠭ ᠪᠦᠭᠡᠳ ᠰᠦ ᠰᠠᠭᠠᠯᠢ ᠶᠢᠨ ᠠᠷᠢᠭᠤᠨ ᠴᠡᠪᠡᠷ ᠢ ᠣᠨᠴᠠ ᠠᠩᠬᠠᠷᠳᠠᠭ ᠠᠴᠠ ᠲᠡᠬᠦᠨ ᠤ ᠬᠢᠭᠰᠡᠨ ᠴᠠᠭᠠᠨ ᠢᠳᠡᠭᠡ ᠶᠢᠨ ᠴᠢᠨᠠᠷ ᠴᠢᠨᠰᠠᠭ᠎ᠠ᠂ ᠦᠨᠦᠷ ᠠᠮᠲᠠ ᠲᠣᠩ ᠰᠠᠶᠢᠨ ᠪᠠᠶᠢᠳᠠᠭ᠃ ᠮᠦᠨᠴᠦ ᠬᠤᠰᠢᠭᠤᠨ ᠤ ᠪᠠᠨ ︽ᠠᠯᠲᠠᠨ ᠨᠠᠮᠤᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠪᠠᠶᠠᠷ᠂ ᠤᠯᠠᠮᠵᠢᠯᠠᠯᠲᠦ ᠴᠠᠭᠠᠨ ᠢᠳᠡᠭᠡᠨ ᠤ ᠪᠦᠳᠦᠭᠡᠭᠳᠡᠬᠦᠨ ᠤ ᠤᠷᠤᠯᠳᠤᠭᠠᠨ︾ ᠳᠤ ᠬᠤᠶᠠᠷ ᠤᠳᠠᠭ᠎ᠠ ᠳᠠᠷᠠᠭᠠᠯᠠᠨ ᠤᠷᠤᠯᠴᠠᠵᠤ᠂ ᠣᠯᠠᠨ ᠰᠠᠶᠢᠬᠠᠨ ᠱᠠᠩᠨᠠᠯ ᠲᠣᠰᠴᠤ᠂ ᠤᠯᠠᠮᠵᠢᠯᠠᠯᠲᠤ ᠴᠠᠭᠠᠨ ᠢᠳᠡᠭᠡᠨ ᠤ ᠰᠤᠶᠤᠯ ᠢᠶᠠᠨ ᠥᠪᠯᠡᠵᠦ ᠶᠠᠪᠤᠭ᠎ᠠ ᠶᠢᠨ ᠨᠢᠭᠡ ᠨᠢ ᠶᠤᠮ᠃       ︽ᠪᠢ ᠡᠳᠦᠷ ᠲᠤ ᠲᠡᠭᠰᠢᠳᠭᠡᠭᠡᠳ 200 ᠢᠯᠡᠬᠦᠦ ᠵᠢᠩ ᠰᠦ ᠪᠤᠷᠤᠯᠠᠭᠤᠯᠵᠤ᠂ ᠨᠠᠳᠠ ᠳᠤ ᠣᠯᠠᠨ ᠣᠯᠠᠨ ᠬᠤᠲᠠ ᠶᠢᠨ ᠵᠣᠴᠢᠨ ᠲᠠᠢ᠂ ᠨᠢᠭᠤᠷ ᠵᠤᠯᠭᠠᠵᠤ ᠦᠵᠡᠭᠡ ᠦᠬᠡᠢ ᠵᠤᠴᠢᠨ ᠴᠤ ᠲᠣᠩ ᠣᠯᠠᠨ ᠪᠠᠶᠢᠳᠠᠭ᠂ ᠣᠶᠢᠷ᠎ᠠ ᠬᠠᠪᠢ ᠶᠢᠨ ᠭᠠᠴᠠᠭ᠎ᠠ᠂ ᠬᠤᠰᠢᠭᠤ ᠰᠢᠶᠠᠨ᠂ ᠴᠢᠨᠠᠭᠰᠢᠯᠠᠪᠠᠯ ᠪᠡᠭᠡᠵᠢᠩ᠂ ᠱᠠᠩᠬᠠᠢ᠂ ᠴᠦᠩᠴᠢᠩ᠂ ᠱᠠᠨᠰᠢ᠂ ᠱᠠᠨ ᠰᠢ ᠵᠡᠷᠭᠡ ᠪᠦᠬᠦ ᠤᠯᠤᠰ ᠤᠨ ᠡᠯ᠎ᠡ ᠭᠠᠵᠠᠷ ᠠᠴᠠ ᠵᠠᠬᠢᠶᠠᠯᠠᠵᠤ ᠠᠪᠳᠠᠭ ᠬᠦᠮᠦᠰ ᠮᠠᠰᠢ ᠠᠷᠪᠢᠨ᠂ ᠵᠣᠴᠢᠳ ᠤᠨ ᠮᠠᠨᠢ ᠲᠠᠨᠢᠯᠴᠠᠭᠤᠯᠵᠤ ᠦᠭᠬᠦᠭᠰᠡᠨ ᠰᠢᠨ᠎ᠡ ᠵᠣᠴᠢᠳ ᠴᠤ ᠪᠠᠭ᠎ᠠ ᠪᠤᠰᠤ ᠪᠠᠶᠢᠨ᠎ᠠ᠃ ᠨᠢᠭᠡ ᠤᠳᠠᠭ᠎ᠠ ᠮᠢᠨᠤ ᠬᠢᠭᠰᠡᠨ ᠴᠠᠭᠠᠨ ᠢᠳᠡᠭᠡ ᠶᠢ ᠢᠳᠡᠭᠰᠡᠨ ᠬᠦᠮᠦᠰ ᠯᠠᠪᠲᠠᠢ ᠮᠢᠨᠦᠬᠢ ᠶᠢ ᠵᠠᠬᠢᠶᠠᠯᠠᠵᠤ ᠠᠪᠳᠠᠭ᠂ ᠡᠶᠢᠨᠬᠦ ᠭᠠᠭᠴᠠ ᠬᠦ ᠰᠦ ᠰᠠᠭᠠᠯᠢ ᠶᠢᠨ ᠴᠡᠪᠡᠷ ᠣᠷᠤᠯᠭ᠎ᠠ ᠵᠢᠯ ᠳᠡᠭᠡᠨ 6 ᠲᠦᠮᠡᠨ ᠲᠦᠭᠦᠷᠢᠭ ᠲᠤ ᠬᠦᠷᠳᠡᠭ︾ ᠭᠡᠵᠤ ᠲᠡᠨ᠎ᠠ ᠢᠳᠡᠭᠡᠯ ᠲᠦᠭᠦᠷᠡᠩ ᠶᠠᠷᠢᠯ᠎ᠠ᠃       ᠲᠡᠷᠡ ᠡᠪ ᠬᠠᠮᠲᠤ ᠨᠠᠮ ᠤᠨ ᠭᠡᠰᠢᠬᠦᠨ᠂ ᠨᠦᠬᠦᠷ ᠵᠢᠪᠬᠤᠯᠠᠩᠲᠤ᠂ ᠬᠠᠳᠠᠮ ᠠᠪᠤ ᠨᠢ ᠴᠤ ᠪᠦᠷ ᠨᠠᠮ ᠤᠨ ᠭᠡᠰᠢᠬᠦᠨ ᠪᠠᠶᠢᠳᠠᠭ ᠢᠶᠠᠷ ᠲᠡᠳᠡᠨᠡᠶᠢᠬᠢᠨ ᠨᠠᠮ ᠤᠨ ᠬᠡᠰᠢᠭ ᠬᠦᠨᠳᠦ ᠭᠤᠣᠯᠯᠠᠬᠤ ᠡᠷᠦᠬᠡ ᠪᠠᠷ ᠰᠣᠩᠭᠤᠭᠳᠠᠵᠤ᠂ ᠡᠨᠡᠭ ᠤᠨ ᠴᠠᠭ ᠲᠠᠭᠠᠨ ᠰᠤᠷᠤᠯᠴᠠᠯᠭ᠎ᠠ ᠶᠢ ᠰᠠᠶᠢᠨ ᠬᠢᠳᠡᠭ ᠪᠠᠶᠢᠵᠤ᠂ ᠪᠤᠳᠠᠳᠤ ᠠᠵᠢᠯᠯᠠᠭ᠎ᠠ ᠪᠠᠷ ᠢᠶᠠᠨ ᠬᠤᠯᠠ ᠣᠶᠢᠷ᠎ᠠ ᠶᠢᠨ ᠬᠦᠮᠦᠰ ᠢᠶᠠᠨ ᠲᠠᠭᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠬᠠᠭᠤᠯᠭ᠎ᠠ ᠰᠤᠷᠳᠠᠯᠴᠢᠯᠠᠭ᠎ᠠ᠂ ᠣᠷᠴᠢᠨ ᠲᠤᠭᠤᠷᠢᠨ ᠤ ᠴᠡᠪᠡᠷᠯᠡᠭᠡ ᠬᠢᠬᠦ᠂ ᠮᠤᠳᠤ ᠲᠠᠷᠢᠬᠤ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠥᠷᠨᠢᠬᠦᠯᠳᠡᠭ᠃       ᠰᠢᠨ᠎ᠡ ᠵᠢᠯ᠂ ᠪᠠᠶᠠᠷ ᠳᠤᠷᠠᠰᠬᠠᠯ ᠤᠨ ᠡᠳᠦᠷ ᠪᠣᠯᠪᠠᠯ ᠲᠠᠨ᠎ᠠ ᠠᠮᠢᠳᠤᠷᠠᠯ ᠨᠢ ᠬᠦᠴᠢᠷᠳᠠᠢ ᠪᠤᠶᠤ ᠵᠡᠮᠳᠡᠭ᠂ ᠠᠬᠠᠮᠠᠳ ᠨᠠᠮ ᠤᠨ ᠭᠡᠰᠢᠬᠦᠨ ᠢᠶᠠᠨ ᠲᠤᠬᠤᠨᠢᠭᠤᠯᠵᠤ ᠪᠠᠶᠢᠳᠠᠭ ᠥᠭᠬᠢᠶᠠᠮᠦᠷᠴᠢ ᠰᠡᠳᠬᠢᠯ ᠲᠠᠢ ᠮᠠᠯᠴᠢᠨ ᠪᠦᠰᠡᠬᠦᠢ ᠪᠠᠶᠢᠵᠤ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠤᠭᠤᠴᠠᠭᠠᠨ ᠳᠤ ᠨᠠᠮ ᠤᠨ ᠭᠡᠰᠢᠬᠦᠨ ᠤ ᠬᠤᠰᠢᠭᠤᠴᠢ ᠦᠢᠯᠡᠳᠦᠯ ᠢ ᠬᠦᠢᠴᠡᠳ ᠪᠠᠳᠠᠷᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠰᠤᠷᠳᠠᠯᠴᠢᠯᠠᠭ᠎ᠠ ᠶᠢᠨ ᠠᠵᠢᠯ ᠢ ᠰᠠᠶᠢᠨ ᠬᠢᠵᠤ᠂ ᠢᠳᠡᠪᠬᠢᠳᠡᠢ ᠪᠠᠷ ᠬᠠᠨᠳᠢᠪ ᠡᠷᠬᠦᠵᠦ᠂ ᠬᠢᠵᠢᠭ ᠢ ᠰᠡᠷᠭᠡᠶᠢᠯᠡᠨ ᠡᠵᠡᠮᠳᠡᠬᠦ ᠴᠡᠭ ᠤᠨ ᠮᠠᠨᠠᠭᠠᠴᠢᠳ ᠢ ᠲᠤᠬᠤᠨᠢᠭᠤᠯᠵᠤ᠂ ᠥᠪᠡᠷ ᠤᠨ ᠪᠤᠳᠠᠳᠤ ᠠᠵᠢᠯᠯᠠᠭ᠎ᠠ ᠪᠠᠷ ᠢᠶᠠᠨ ᠬᠡᠦᠭᠡᠳ ᠲᠡᠭᠡᠨ ᠳᠠᠭᠤᠷᠢᠶᠠᠯ ᠪᠣᠯᠵᠤ᠂ ᠨᠡᠶᠢᠭᠡᠮ ᠨᠡᠶᠢᠲᠡ ᠳᠤ ᠬᠤᠪᠢ ᠨᠡᠮᠡᠷᠢ ᠦᠵᠡᠬᠦᠯᠦᠭᠰᠡᠭᠡᠷ ᠢᠷᠡᠪᠡ᠃ ᠲᠡᠶᠢᠮᠦ ᠮᠦᠷᠲᠡᠭᠡᠨ ᠬᠤᠲᠠ ᠤᠰᠤᠨ ᠤ ᠬᠢᠨ ᠲᠠᠢ ᠶᠠᠪᠤᠯᠴᠠᠭ᠎ᠠ ᠰᠠᠶᠢᠨ᠂ ᠡᠶ᠎ᠡ ᠨᠠᠶᠢᠷᠲᠠᠢ ᠪᠠᠶᠢᠵᠤ᠂ ᠠᠪᠤ ᠡᠵᠢ ᠪᠠᠨ ᠬᠦᠨᠳᠦᠯᠡᠵᠦ᠂ ᠠᠴᠢᠷ ᠦᠷ᠎ᠡ ᠪᠠᠨ ᠰᠠᠶᠢᠬᠠᠨ ᠬᠦᠮᠦᠵᠢᠬᠦᠯᠦᠭᠰᠡᠨ ᠠᠴᠠ ᠰᠤᠮᠤ᠂ ᠬᠤᠰᠢᠭᠤᠨ ᠤ ᠣᠯᠠᠨ ᠤᠳᠠᠭᠠᠨ ᠤ ︽ᠭᠤᠶᠤ ᠰᠠᠶᠢᠬᠠᠨ ᠭᠡᠷ ᠪᠦᠯᠢ︾ ᠪᠠᠷ ᠰᠤᠩᠭᠤᠭᠳᠠᠵᠤ᠂ ᠱᠠᠩᠨᠠᠯ ᠬᠦᠬᠢᠬᠦᠯᠦᠯ ᠢᠶᠠᠷ ᠡᠩᠭᠡᠷ ᠢᠶᠠᠨ ᠮᠢᠯᠢᠶᠠᠯᠭᠠᠵᠤ᠂ ᠣᠯᠠᠨ ᠤ ᠳᠤᠮᠲᠠ ᠪᠠᠨ ᠣᠳᠤ ᠲᠠᠢ ᠴᠤᠭᠲᠠᠢ ᠬᠢᠯᠡᠷᠡᠭᠤᠯᠵᠤ ᠶᠠᠪᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号