ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/6/19
                           ᠠᠯᠪᠠᠨ  ᠵᠠᠷᠯᠠᠯ                     ︵ᠬᠤᠷᠢᠨ ᠵᠢᠷᠭᠤᠳᠤᠭᠠᠷ ᠲᠤᠭᠠᠳᠤ︶       ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠨ᠂ ᠲᠤᠳᠤᠭᠠᠳᠤ ᠳᠤ ᠲᠠᠬᠢᠨ ᠢᠯᠡᠷᠡᠬᠦ ᠶᠢ ᠰᠡᠷᠭᠡᠶᠢᠯᠡᠬᠦ︾ ᠤᠷᠲᠤ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠩᠭᠠᠳᠬᠠᠨ᠂ ᠮᠠᠨ ᠤ ᠬᠤᠰᠢᠭᠤᠨ ᠤ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷᠬᠦᠯᠵᠢᠯᠡᠨ ᠰᠠᠶᠢᠵᠢᠷᠠᠵᠤ ᠪᠠᠶᠢᠭ᠎ᠠ ᠪᠠᠶᠢᠳᠠᠯ ᠢᠶᠠᠨ ᠪᠠᠳᠤᠳᠬᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠲᠥᠪ ᠤᠨ ᠬᠠᠮᠤᠭ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠤᠳᠠᠳᠠᠢ ᠲᠠᠢ ᠤᠶᠠᠯᠳᠤᠭᠤᠯᠵᠤ᠂ ᠬᠠᠮᠢᠭ᠎ᠠ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠪᠠ᠃       1. ᠦᠷᠭᠡᠨ ᠣᠯᠠᠨ ᠰᠠᠭᠤᠭᠠᠯᠢ ᠠᠷᠠᠳ ᠨᠢ ᠨᠢᠭᠡᠨᠲᠡ ᠨᠤᠲᠠᠯᠠᠭᠳᠠᠭᠰᠠᠨ ᠡᠪᠡᠳᠴᠢᠲᠡᠨ᠂ ᠰᠡᠵᠢᠭᠯᠡᠯᠲᠡᠢ ᠡᠪᠡᠳᠴᠢᠳᠡᠨ ᠪᠠ ᠢᠯᠡᠷᠡᠯ ᠦᠬᠡᠢ ᠨᠡᠷᠪᠡᠭᠳᠡᠭᠰᠡᠳ ᠤᠨ ᠶᠠᠪᠤᠵᠤ ᠰᠠᠭᠤᠭᠰᠠᠨ ᠵᠠᠮ ᠮᠦᠷ ᠰᠤᠷᠠᠭ ᠵᠠᠩᠬᠢ ᠶᠢ ᠦᠷᠬᠦᠯᠵᠢᠯᠡᠨ ᠰᠠᠶᠢᠲᠤᠷ ᠠᠩᠬᠠᠷᠴᠤ᠂ ᠦᠪᠡᠷᠲᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠠᠴᠠ ᠨᠡᠶᠢᠲᠡᠯᠡᠭᠰᠡᠨ ︽ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ᠂ ᠦᠨᠳᠦᠷ ᠲᠠᠰ ᠤᠨ ᠲᠦᠭᠰᠢᠭᠦᠷᠢᠲᠦ ᠭᠠᠵᠠᠷ ᠤᠷᠤᠨ︾ ᠤ ᠰᠤᠷᠠᠭ ᠵᠠᠩᠬᠢ ᠶᠢ ᠦᠷᠬᠦᠯᠵᠢᠯᠡᠨ ᠠᠩᠬᠠᠷᠬᠤ ᠬᠡᠷᠡᠭᠳᠡᠢ᠃       2. ᠨᠢᠭᠡᠨᠲᠡ ᠨᠤᠲᠠᠯᠠᠭᠳᠠᠭᠰᠠᠨ ᠡᠪᠡᠳᠴᠢᠳᠡᠨ᠂ ᠰᠡᠵᠢᠭᠯᠡᠯᠲᠡᠢ ᠡᠪᠡᠳᠴᠢᠳᠡᠨ ᠪᠠ ᠢᠯᠡᠷᠡᠯ ᠦᠬᠡᠢ ᠨᠡᠷᠪᠡᠭᠳᠡᠭᠰᠡᠳ ᠲᠠᠢ ᠠᠳᠠᠯᠢ ᠨᠢᠭᠡᠨ ᠵᠠᠮ ᠮᠦᠷ ᠢᠶᠠᠷ ᠶᠠᠪᠤᠵᠤ ᠰᠠᠭᠤᠭᠰᠠᠨ ᠦᠩᠭᠡᠷᠡᠯᠲᠡ ᠲᠠᠢ ᠮᠠᠨ ᠤ ᠬᠤᠰᠢᠭᠤᠨ ᠳᠤ ᠢᠷᠡᠭᠰᠡᠨ ᠬᠦᠮᠦᠰ ᠲᠤ ᠦᠷᠬᠦᠯᠵᠢᠯᠡᠨ ︽14 ᠡᠳᠦᠷ ᠤᠨ ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ +14 ᠡᠳᠦᠷ ᠭᠡᠷ ᠲᠡᠭᠡᠨ ᠲᠤᠰᠠᠭᠠᠷᠯᠠᠬᠤ + 2 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠬᠦ + 1 ᠤᠳᠠᠭᠠᠨ ᠤ ᠴᠢᠰᠦᠨ ᠴᠡᠶᠢᠪᠡᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ︔ 6 ᠰᠠᠷ᠎ᠠ ᠶᠢᠨ 4 ᠤ ᠡᠳᠦᠷ  ᠠᠴᠠ ᠨᠠᠰᠢ ᠪᠡᠭᠡᠵᠢᠩ ᠬᠤᠲᠠ ᠶᠢᠨ ᠰᠢᠨ ᠹᠠ ᠳ᠋ᠢ ᠵᠠᠬ᠎ᠠ ᠲᠡᠯᠭᠡᠬᠦᠷ ᠲᠤ ᠣᠴᠢᠵᠤ ᠦᠩᠭᠡᠷᠡᠭᠰᠡᠨ ᠪᠤᠶᠤ ᠦᠨᠳᠦᠷ ᠲᠠᠰ ᠤᠨ ᠲᠦᠭᠰᠢᠬᠦᠷᠢᠳᠦ ᠭᠠᠵᠠᠷ ᠣᠷᠤᠨ ︵ᠦᠪᠡᠷᠲᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠠᠴᠠ ᠨᠡᠶᠢᠲᠡᠯᠡᠭᠰᠡᠨ ︽ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ ᠦᠨᠳᠦᠷ ᠲᠠᠰ ᠤᠨ ᠲᠦᠭᠰᠢᠭᠦᠷᠢᠲᠦ ᠭᠠᠵᠠᠷ ᠤᠷᠤᠨ︾ ᠤ ᠪᠠᠶᠢᠳᠠᠯ ᠤᠨ ᠬᠦᠳᠡᠯᠦᠩᠬᠦᠢ ᠲᠤᠬᠢᠷᠠᠭᠤᠯᠤᠯᠲᠠ ᠶᠢ ᠦᠨᠳᠦᠰᠦᠯᠡᠨ᠎ᠡ︶ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠲᠤ ᠦᠷᠬᠦᠯᠵᠢᠯᠡᠨ ︽14 ᠡᠳᠦᠷ ᠤᠨ ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠬᠦ + 1 ᠤᠳᠠᠭᠠᠨ ᠤ ᠴᠢᠰᠦᠨ ᠴᠡᠶᠢᠪᠡᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ ︵ᠬᠤᠰᠢᠭᠤᠨ ᠳᠤ ᠢᠷᠡᠭᠰᠡᠨ ᠴᠠᠭ ᠠᠴᠠ ᠡᠬᠢᠯᠡᠨ ᠪᠤᠳᠤᠵᠤ᠂ ᠪᠦᠬᠦᠯᠢ 14 ᠡᠳᠦᠷ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ︶᠃        3. ᠲᠤᠰ ᠡᠳᠦᠷ ᠠᠴᠠ ᠡᠬᠢᠯᠡᠨ᠂ ᠳᠤᠮᠳᠠ ᠲᠠᠰ ᠤᠨ ᠲᠦᠭᠰᠢᠬᠦᠷᠢᠲᠦ ᠭᠠᠵᠠᠷ ᠤᠷᠤᠨ ︵ᠦᠪᠡᠷᠲᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠠᠴᠠ ᠨᠡᠶᠢᠲᠡᠯᠡᠭᠰᠡᠨ ︽ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ᠂ ᠦᠨᠳᠦᠷ ᠲᠠᠰ  ᠤᠨ ᠲᠦᠭᠰᠢᠭᠦᠷᠢᠲᠦ ᠭᠠᠵᠠᠷ ᠤᠷᠤᠨ︾ ᠤ ᠪᠠᠶᠢᠳᠠᠯ ᠤᠨ ᠬᠦᠳᠡᠯᠦᠩᠬᠦᠢ ᠲᠤᠬᠢᠷᠠᠭᠤᠯᠤᠯᠲᠠ ᠶᠢ ᠦᠨᠳᠦᠰᠦᠯᠡᠨ᠎ᠡ︶  ᠠᠴᠠ ᠢᠷᠡᠭᠰᠡᠨ ᠬᠦᠮᠦᠰ ᠨᠢ ᠤᠬᠠᠮᠰᠠᠷ ᠠᠴᠠ ᠪᠠᠨ ᠦᠪᠡᠷᠲᠡᠭᠡᠨ ᠵᠠᠰᠬᠠᠤ ᠤᠷᠤᠨ ᠠᠴᠠ ᠨᠢᠭᠡᠳᠦᠯᠲᠠᠢ ᠵᠤᠬᠢᠶᠠᠨ ᠪᠠᠶᠢᠭᠤᠯᠤᠭᠰᠠᠨ ᠪᠠᠶᠢᠴᠠᠭᠠᠬᠤ ᠴᠡᠭ ᠲᠤ ︽ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠦᠯᠢᠶᠡᠨ ᠠᠪᠬᠤ ᠬᠡᠷᠡᠭᠳᠡᠢ᠃        4. 6 ᠰᠠᠷ᠎ᠠ ᠶᠢᠨ 4 ᠤ ᠡᠳᠦᠷ ᠠᠴᠠ ᠬᠤᠶᠢᠰᠢ᠂ ᠳᠤᠮᠳᠠ ᠲᠠᠰ ᠤᠨ ᠲᠦᠭᠰᠢᠬᠦᠷᠢᠲᠦ ᠭᠠᠵᠠᠷ ᠤᠷᠤᠨ ᠠᠴᠠ ᠢᠷᠡᠭᠰᠡᠨ ᠬᠦᠮᠦᠰ ᠨᠢ ᠤᠬᠠᠮᠰᠠᠷ ᠠᠴᠠ ᠪᠠᠨ ᠬᠤᠰᠢᠭᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠪᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠤᠨ ︽ᠲᠥᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠦᠯᠢᠶᠡᠨ ᠠᠪᠬᠤ ᠬᠡᠷᠡᠭᠳᠡᠢ᠃ ᠬᠡᠷᠪᠡ ᠪᠦᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷᠲᠠᠢ ᠪᠣᠯ᠂ ᠲᠤᠰᠠᠭᠠᠷᠯᠠᠬᠤ ᠶᠢ ᠦᠭᠡᠶᠢᠰᠬᠡᠨ᠂ ᠬᠡᠪ ᠤᠨ ᠶᠤᠰᠤᠭᠠᠷ ᠠᠵᠢᠯ ᠦᠢᠯᠡᠳᠪᠦᠷᠢᠯᠡᠯ ᠢᠶᠠᠨ ᠰᠡᠷᠭᠦᠬᠡᠵᠦ᠂ ᠥᠪᠡᠷ ᠤᠨ ᠪᠠᠶᠢᠭ᠎ᠠ ᠪᠠᠶᠢᠭᠤᠯᠭ᠎ᠠ ᠨᠢᠭᠡᠴᠡ ᠪᠠ ᠭᠠᠴᠠᠭ᠎ᠠ ᠨᠡᠶᠢᠭᠡᠮ ᠲᠤᠭᠤᠷᠢᠭ ᠲᠡᠭᠡᠨ 7 ᠡᠳᠦᠷ ᠲᠠᠷᠠᠭᠠᠯᠠᠨ ᠡᠷᠡᠬᠦᠯ ᠮᠡᠨᠳᠦ ᠶᠢᠨ ᠪᠠᠶᠢᠳᠠᠯ ᠢᠶᠠᠨ ᠬᠠᠷᠢᠭᠤ ᠮᠡᠳᠡᠬᠦᠯᠦᠨ᠎ᠡ︔ ᠬᠡᠷᠪᠡ ᠪᠦᠭᠡᠮ ᠬᠦᠴᠢᠯ ᠤᠨ ᠪᠠᠶᠢᠴᠠᠭᠠᠯᠲᠠ ᠨᠢ ᠠᠷᠭ᠎ᠠ ᠴᠢᠨᠠᠷᠲᠠᠢ ᠪᠣᠯ ᠨᠢᠭᠡᠨᠲᠡ ᠲᠤᠳᠤᠯᠠᠭᠳᠠᠭᠰᠠᠨ ᠡᠪᠡᠳᠴᠢᠲᠡᠨ ᠪᠤᠶᠤ ᠢᠯᠡᠷᠡᠯ ᠦᠬᠡᠢ ᠨᠡᠷᠪᠡᠭᠳᠡᠭᠰᠡᠳ ᠢᠶᠠᠷ ᠬᠠᠮᠢᠶᠠᠷᠤᠨ ᠡᠵᠡᠮᠳᠡᠵᠦ᠂ ᠡᠮᠴᠢᠯᠡᠨ ᠵᠠᠰᠠᠨ᠎ᠠ᠃        5. ᠬᠢᠵᠢᠭ ᠤᠨ ᠪᠠᠶᠢᠳᠠᠯ ᠳᠤᠮᠳᠠ᠂ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠳᠤᠤᠷ᠎ᠠ ᠲᠡᠰ ᠤᠨ ᠲᠦᠭᠰᠢᠬᠦᠷᠢᠲᠦ ᠭᠠᠵᠠᠷ ᠤᠷᠤᠨ ᠪᠣᠯᠣᠭᠰᠠᠨ ᠭᠠᠵᠠᠷ ᠤᠷᠤᠨ ᠠᠴᠠ ᠢᠷᠡᠭᠰᠡᠨ ᠬᠦᠮᠦᠰ ᠨᠢ ︽ᠨᠤᠭᠤᠭᠠᠨ ᠦᠩᠭᠡᠲᠦ︾ ᠡᠷᠡᠬᠦᠯ ᠮᠡᠨᠳᠦ ᠶᠢᠨ ᠨᠡᠪᠳᠡᠷᠡᠬᠦ ᠺᠠᠷᠲ ᠲᠠᠢ ᠪᠦᠭᠡᠳ ᠬᠤᠰᠢᠭᠤᠨ ᠳᠤ ᠢᠷᠡᠬᠦ ᠠᠴᠠ ᠡᠮᠦᠨ᠎ᠡ ᠲᠤᠯᠤᠭᠠᠨ ᠡᠳᠦᠷ ᠤᠨ ᠲᠤᠳᠤᠷ᠎ᠠ ᠪᠦᠭᠡᠮ ᠬᠦᠴᠢᠯ ᠤᠨ ᠪᠠᠶᠢᠴᠠᠭᠠᠯᠲᠠ ᠬᠢᠵᠤ᠂ ᠪᠠᠶᠢᠴᠠᠭᠠᠯᠲᠠ ᠨᠢ ᠪᠢᠯᠢᠭ ᠴᠢᠨᠠᠷᠲᠠᠢ ᠪᠠᠶᠢᠪᠠᠯ ᠬᠡᠪ ᠤᠨ ᠶᠤᠰᠤᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠬᠡᠵᠦ ᠪᠤᠯᠤᠨ᠎ᠠ︔ ︽ᠨᠤᠭᠤᠭᠠᠨ ᠦᠩᠭᠡᠲᠦ︾ ᠡᠷᠡᠬᠦᠯ ᠮᠡᠨᠳᠦ ᠶᠢᠨ ᠨᠡᠪᠳᠡᠷᠡᠬᠦ ᠺᠠᠷᠲ ᠲᠠᠢ ᠪᠤᠯᠪᠠᠴᠤ ᠪᠦᠬᠡᠮ ᠬᠦᠴᠢᠯ ᠤᠨ ᠪᠠᠶᠢᠴᠠᠭᠠᠯᠲᠠ ᠬᠢᠭᠰᠡᠨ ᠦᠬᠡᠢ ᠪᠣᠯ ᠡᠷᠬᠡᠪᠰᠢ 24 ᠴᠠᠭ ᠤᠨ ᠳᠤᠳᠤᠷ᠎ᠠ ᠮᠠᠨ ᠤ ᠬᠤᠰᠢᠭᠤᠨ ᠳᠤ ᠪᠦᠬᠡᠮ ᠬᠦᠴᠢᠯ ᠤᠨ ᠪᠠᠶᠢᠴᠠᠭᠠᠯᠲᠠ ᠬᠢᠵᠤ᠂ ᠪᠠᠶᠢᠴᠠᠭᠠᠯᠲᠠ ᠨᠢ ᠪᠢᠯᠢᠭ ᠴᠢᠨᠠᠷᠲᠠᠢ ᠪᠣᠯ ᠰᠠᠶ᠋ᠢ ᠬᠡᠪ ᠤᠨ ᠶᠤᠰᠤᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠬᠡᠵᠦ ᠪᠤᠯᠤᠨ᠎ᠠ᠃        6. ᠪᠡᠭᠡᠵᠢᠩ ᠬᠤᠲᠠ ᠶᠢᠨ ᠰᠢᠨ ᠲᠢᠶᠠᠨ ᠳ᠋ᠢ ᠵᠡᠷᠭᠡ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠠᠴᠠ ᠪᠠᠷᠠᠭ᠎ᠠ ᠤᠷᠤᠭᠤᠯᠤᠭᠰᠠᠨ ︵ᠡᠬᠦᠨ ᠳᠤ ᠲᠠᠯᠠᠢ ᠶᠢᠨ ᠰᠤᠷᠭᠤᠭ ᠢᠳᠡᠭᠡᠨ᠂ ᠲᠦᠬᠦᠭᠡᠢ ᠲᠠᠯᠠᠢ ᠶᠢᠨ ᠢᠳᠡᠭᠡᠨ᠂ ᠬᠦᠯᠳᠡᠭᠡᠭᠰᠡᠨ ᠮᠢᠬᠠᠨ ᠤ ᠲᠥᠷᠦᠯ ᠬᠢᠭᠡᠳ ᠣᠰᠤᠨ ᠭᠠᠷᠤᠯᠲᠠ ᠵᠡᠷᠭᠡ ᠶᠢ ᠪᠠᠭᠳᠠᠭᠠᠬᠤ ᠦᠬᠡᠢ︶ ᠨᠤᠭᠤᠭ᠎ᠠ ᠵᠢᠮᠢᠰ᠂ ᠬᠤᠯᠢᠰᠢᠨ ᠢᠳᠡᠭᠡᠨ ᠤ ᠲᠡᠯᠭᠡᠬᠦᠷ᠂ ᠬᠡᠳᠦ ᠲᠡᠯᠭᠡᠬᠦᠷ ᠪᠠ ᠪᠠᠷᠠᠭ᠎ᠠ ᠤᠷᠤᠭᠤᠯᠤᠭᠰᠠᠨ ᠲᠤᠬᠠᠢ ᠶᠢᠨ ᠬᠦᠮᠦᠰ ᠲᠤ ︽14 ᠡᠳᠦᠷ ᠤᠨ ᠲᠦᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠬᠦ + 1 ᠤᠳᠠᠭᠠᠨ ᠤ ᠴᠢᠰᠦᠨ ᠴᠡᠶᠢᠪᠡᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ  ᠬᠡᠷᠡᠭᠵᠢᠬᠦᠯᠵᠦ᠂ ᠪᠤᠰᠤᠳ ᠬᠦᠮᠦᠰ ᠲᠤ ᠪᠦᠭᠡᠮ ᠬᠦᠴᠢᠯ ᠤᠨ ᠪᠠᠶᠢᠴᠠᠭᠠᠯᠲᠠ ᠬᠢᠭᠡᠳ᠂ ᠪᠢᠯᠢᠭ ᠴᠢᠨᠠᠷᠲᠠᠢ ᠪᠣᠯᠬᠤ ᠰᠠᠭᠤᠷᠢᠨ ᠲᠡᠭᠡᠷ᠎ᠡ᠂ ᠬᠤᠰᠢᠭᠤ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠬᠢᠨᠠᠯᠲᠠ ᠳᠤᠤᠷ᠎ᠠ᠂ ᠲᠡᠯᠭᠡᠬᠦᠷ ᠢᠶᠠᠨ ᠰᠠᠶᠢᠲᠤᠷ ᠠᠷᠢᠭᠤᠳᠬᠠᠭᠰᠠᠨ ᠤ ᠲᠠᠷᠠᠭ᠎ᠠ ᠰᠠᠶ᠋ᠢ ᠡᠵᠡᠩᠨᠡᠯᠲᠡ ᠪᠠᠨ ᠰᠡᠷᠭᠦᠬᠡᠵᠦ ᠪᠤᠯᠤᠨ᠎ᠠ᠃ ᠵᠢᠮᠢᠰ ᠨᠤᠭᠤᠭᠠᠨ ᠤ ᠵᠠᠳᠠᠭᠠᠢ ᠵᠠᠬ᠎ᠠ ᠡᠷᠬᠢᠯᠡᠵᠦ ᠪᠠᠶᠢᠭ᠎ᠠ ᠬᠤᠳᠠᠯᠳᠤᠭᠠᠴᠢᠳ ᠤᠨ ᠪᠠᠷᠠᠭ᠎ᠠ ᠤᠷᠤᠭᠤᠯᠤᠭᠰᠠᠨ ᠭᠡᠷᠡᠴᠢ ᠪᠠᠷᠢᠮᠲᠠ ᠪᠠ ᠭᠠᠷ ᠬᠦᠢᠴᠡᠳᠭᠡᠯ ᠨᠢ ᠪᠦᠷᠢᠨ ᠬᠦᠢᠴᠡᠳ ᠪᠠᠶᠢᠪᠠᠯ ᠡᠵᠡᠩᠨᠡᠯᠲᠡ ᠪᠠᠨ ᠰᠡᠷᠭᠦᠬᠡᠵᠦ ᠪᠤᠯᠤᠨ᠋᠃ ᠪᠤᠯᠠᠭ ᠬᠦᠷᠢᠶᠡᠯᠡᠩ ᠵᠡᠷᠭᠡ ᠰᠦᠨᠢ ᠶᠢᠨ ᠵᠠᠳᠠᠭᠠᠢ ᠵᠠᠬ᠎ᠠ ᠨᠢ ᠦᠷᠬᠦᠯᠵᠢᠯᠡᠨ ᠡᠵᠡᠩᠨᠡᠯᠲᠡ ᠪᠠᠨ ᠰᠡᠷᠭᠦᠬᠡᠵᠦ ᠪᠤᠯᠤᠨ᠎ᠠ᠃        7.ᠲᠤᠰ ᠠᠯᠪᠠᠨ ᠵᠠᠷᠯᠠᠯ ᠤᠨ ᠵᠠᠷᠢᠮ ᠠᠭᠤᠯᠭ᠎ᠠ ᠨᠢ ᠬᠤᠰᠢᠭᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ ᠤᠨ ᠬᠤᠷᠢᠨ ᠲᠠᠪᠤᠳᠤᠭᠠᠷ ᠲᠤᠭᠠᠳᠤ ᠠᠯᠪᠠᠨ ᠵᠠᠷᠯᠠᠯ ᠲᠠᠢ ᠠᠳᠠᠯᠢ ᠪᠤᠰᠤ ᠪᠣᠯ᠂ ᠲᠤᠰ ᠠᠯᠪᠠᠨ ᠵᠠᠷᠯᠠᠯ ᠤᠨ ᠶᠤᠰᠤᠭᠠᠷ ᠶᠠᠪᠤᠭᠳᠠᠭᠤᠯᠤᠨ᠎ᠠ᠃ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ2020 ᠤᠨ ᠤ 6 ᠰᠠᠷᠠᠶᠢᠨ 18 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号