ᠡᠨᠡ ᠵᠢᠷᠭᠤᠭᠠᠨ ᠲᠥᠷᠦᠯ ᠤᠨ ᠬᠦᠮᠦᠨ ᠠᠵᠢᠯ ᠣᠯᠬᠤ ᠳᠤ ᠬᠦᠴᠢᠷᠲᠠᠢ ᠬᠦᠮᠦᠰ ᠢᠶᠠᠷ ᠮᠠᠭᠠᠳᠯᠠᠨ ᠲᠤᠭᠲᠠᠭᠠᠯᠭᠠᠬᠤ ᠪᠠᠷ ᠭᠤᠶᠤᠴᠢᠯᠠᠯ ᠲᠠᠪᠰᠢᠬᠦᠯᠵᠦ ᠪᠤᠯᠤᠨ᠎ᠠ
ᠨᠡᠶᠢᠲᠡᠯᠡᠭᠰᠡᠨ ᠴᠠᠭ᠄
2020/6/19
       ᠣᠶᠢᠷ᠎ᠠ ᠳᠤ᠂ ᠥᠪᠡᠷᠲᠡᠭᠡᠨ ᠵᠠᠰᠠᠬᠤ ᠣᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠠᠵᠢᠯ ᠣᠯᠬᠤ ᠳᠤ ᠬᠦᠴᠢᠷᠲᠠᠢ ᠬᠦᠮᠦᠰ ᠢ ᠮᠠᠭᠠᠳᠯᠠᠨ ᠲᠤᠭᠳᠠᠭᠠᠬᠤ ᠲᠡᠰ ᠲᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠣᠯᠭᠤᠯᠲᠠ ᠳᠤ ᠲᠤᠰᠠᠯᠠᠮᠵᠢ ᠦᠵᠡᠬᠦᠯᠬᠦ ᠲᠥᠷᠢᠮ ᠢ ᠲᠡᠬᠦᠯᠳᠡᠷᠵᠢᠬᠦᠯᠬᠦ ᠶᠢᠨ ᠲᠤᠯᠠᠲᠠ᠂ ᠬᠠᠮᠢᠭ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠬᠢᠮ ᠡᠮᠦᠨᠡᠭᠡᠨ ︽ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠠᠵᠢᠯ ᠣᠯᠬᠤ ᠳᠤ ᠬᠦᠴᠢᠷᠲᠠᠢ ᠬᠦᠮᠦᠰ ᠢ ᠮᠠᠭᠠᠳᠯᠠᠨ ᠲᠤᠭᠲᠠᠭᠠᠬᠤ ᠠᠷᠭ᠎ᠠ︾ ᠶᠢ ᠲᠤᠭᠳᠠᠭᠠᠵᠤ᠂ ᠳᠤᠤᠷᠠᠬᠢ ᠵᠢᠷᠭᠤᠭᠠᠨ ᠲᠥᠷᠦᠯ ᠤᠨ ᠬᠦᠮᠦᠰ ᠨᠢ ᠠᠵᠢᠯ ᠣᠯᠬᠤ ᠳᠤ ᠬᠦᠴᠢᠷᠲᠠᠢ ᠬᠦᠮᠦᠰ ᠢᠶᠠᠷ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠵᠤ ᠪᠤᠯᠤᠨ᠎ᠠ ᠭᠡᠵᠦ ᠲᠤᠳᠤᠷᠬᠠᠢ ᠲᠣᠭᠳᠠᠭᠠᠪᠠ᠃       ᠠᠵᠢᠯ ᠣᠯᠬᠤ ᠳᠤ ᠬᠦᠴᠢᠷᠲᠠᠢ ᠬᠦᠮᠦᠰ ᠭᠡᠳᠡᠭ ᠨᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠦᠮᠦᠰ ᠤᠨ ᠲᠤᠳᠤᠷᠠᠬᠢ ᠬᠠᠤᠯᠢ ᠪᠠᠷ ᠲᠣᠭᠳᠠᠭᠠᠭᠰᠠᠨ ᠬᠦᠳᠡᠯᠮᠦᠷᠢᠯᠡᠬᠦ ᠨᠠᠰᠤᠨ ᠤ᠂ ᠬᠦᠳᠡᠯᠮᠦᠷᠢᠯᠡᠬᠦ ᠴᠢᠳᠠᠪᠦᠷᠢ ᠲᠠᠢ ᠪᠦᠭᠡᠳ ᠠᠵᠢᠯ ᠣᠯᠬᠤ ᠬᠦᠰᠡᠯ ᠲᠠᠢ᠂ ᠨᠢᠭᠡᠨᠲᠡ ᠠᠵᠢᠯ ᠠᠯᠳᠠᠭᠰᠠᠨ ᠳᠠᠩᠰᠠᠯᠠᠯᠲᠠ ᠬᠢᠯᠭᠡᠭᠰᠡᠨ ᠳᠤᠤᠷᠠᠬᠢ ᠮᠡᠲᠦ ᠵᠢᠷᠭᠤᠭᠠᠨ ᠲᠥᠷᠦᠯ ᠤᠨ ᠬᠦᠮᠦᠰ ᠢ ᠵᠢᠭᠠᠵᠤ ᠪᠤᠢ       ᠨᠡᠰᠦᠨ ᠠᠴᠠ ᠬᠡᠳᠦᠷᠡᠭᠰᠡᠨ ᠠᠵᠢᠯ ᠠᠯᠳᠠᠭᠰᠠᠳ᠄ ᠪᠠᠶᠢᠩᠭᠤ ᠰᠠᠭᠤᠭ᠎ᠠ ᠭᠠᠵᠠᠷ ᠲᠠᠭᠠᠨ ᠵᠠᠯᠭᠠᠭ᠎ᠠ ᠪᠠᠷ 6 ᠰᠠᠷ᠎ᠠ ᠠᠴᠠ ᠲᠡᠭᠡᠭᠰᠢ ᠬᠤᠭᠤᠴᠠᠭ᠎ᠠ ᠲᠠᠢ ᠰᠠᠭᠤᠭᠰᠠᠨ ᠪᠦᠭᠡᠳ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ 1 ᠵᠢᠯ ᠠᠴᠠ ᠲᠡᠭᠡᠭᠰᠢ ᠬᠤᠭᠤᠴᠠᠭ᠎ᠠ ᠲᠠᠢ ᠣᠷᠤᠯᠴᠠᠭᠰᠠᠨ ᠡᠮᠡᠭᠳᠡᠢ ᠨᠢ ᠪᠦᠬᠦᠯᠢ 40 ᠨᠠᠰᠤ᠂ ᠡᠷᠡᠭᠳᠡᠢ ᠨᠢ ᠪᠦᠬᠦᠯᠢ 50 ᠨᠠᠮ ᠬᠦᠷᠦᠭᠰᠡᠨ ᠵᠢᠴᠢ ᠲᠡᠬᠦᠨ ᠠᠴᠠ ᠲᠡᠭᠡᠭᠰᠢᠬᠢ ᠨᠠᠰᠤᠨ ᠤ ᠠᠵᠢᠯ ᠠᠯᠳᠠᠭᠰᠠᠳ ᠢ ᠵᠢᠭᠠᠵᠤ ᠪᠤᠢ᠃        ᠵᠡᠮᠳᠡᠭᠴᠦᠳ᠄ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾  ᠲᠠᠢ ᠵᠡᠮᠳᠡᠭᠴᠦᠳ ᠢ ᠵᠢᠭᠠᠵᠤ ᠪᠤᠢ᠃        ᠠᠵᠢᠯ ᠣᠯᠣᠭᠰᠠᠨ ᠬᠦᠮᠦᠨ ᠦᠬᠡᠢ ᠭᠡᠷ ᠪᠦᠯᠢ ᠶᠢᠨ ᠪᠦᠷᠢᠯᠳᠦᠬᠦᠨ᠄ ᠠᠳᠠᠯᠢ ᠨᠢᠭᠡ ᠭᠡᠷ ᠪᠦᠯᠢ ᠶᠢᠨ ᠡᠷᠦᠬᠡ ᠠᠮᠠ ᠶᠢᠨ ᠳᠤᠳᠤᠷ᠎ᠠ 2 ᠵᠢᠴᠢ 2 ᠠᠴᠠ ᠲᠡᠭᠡᠭᠰᠢ ᠬᠠᠮᠲᠤ ᠠᠮᠢᠳᠤᠷᠠᠵᠤ ᠪᠠᠶᠢᠭ᠎ᠠ ᠪᠦᠭᠡᠳ ᠲᠡᠷᠡᠴᠢᠯᠡᠨ ᠬᠠᠤᠯᠢ ᠳᠤ ᠲᠤᠭᠲᠠᠭᠠᠭᠰᠠᠨ ᠬᠦᠳᠡᠯᠮᠦᠷᠢᠯᠡᠬᠦ ᠨᠠᠰᠤᠨ ᠳᠠᠬᠢ ᠬᠦᠳᠡᠯᠮᠦᠷᠢᠯᠡᠬᠦ ᠴᠢᠳᠠᠪᠦᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠬᠦᠨ ᠨᠢ ᠴᠦᠮ ᠠᠵᠢᠯ ᠠᠯᠳᠠᠭᠰᠠᠨ ᠳᠠᠩᠰᠠᠯᠠᠯᠲᠠ ᠬᠢᠯᠭᠡᠭᠰᠡᠨ ᠮᠦᠷᠳᠡᠭᠡᠨ ᠡᠵᠡᠩᠨᠡᠯᠲᠡ ᠶᠢᠨ ᠴᠢᠨᠠᠷᠲᠠᠢ᠂ ᠪᠡᠯᠡ ᠤᠷᠤᠭᠤᠯᠤᠯᠲᠠ ᠶᠢᠨ ᠴᠢᠨᠠᠷᠲᠠᠢ ᠣᠷᠤᠯᠭ᠎ᠠ ᠦᠬᠡᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠬᠦᠮᠦᠰ ᠢ ᠵᠢᠭᠠᠨ᠎ᠠ᠃        ᠭᠠᠵᠠᠷ ᠰᠢᠷᠤᠢ ᠪᠠᠨ ᠠᠯᠳᠠᠭᠰᠠᠨ ᠮᠠᠯᠴᠢᠨ ᠲᠠᠷᠢᠶᠠᠴᠢᠨ᠄ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠵᠠᠰᠠᠭ ᠤᠨ ᠣᠷᠳᠤᠨ ᠠᠴᠠ ᠬᠠᠤᠯᠢ ᠶᠤᠰᠤᠭᠠᠷ ᠨᠢᠭᠡᠳᠦᠯᠲᠠᠢ ᠭᠠᠵᠠᠷ ᠲᠠᠳᠠᠪᠦᠷᠢᠯᠠᠭᠰᠠᠨ ᠤ ᠲᠠᠷᠠᠭ᠎ᠠ᠂ ᠤᠤᠯ ᠤᠨ ᠲᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠨᠤᠲᠤᠭ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ ᠪᠦᠬᠦᠯᠢ 40 ᠨᠠᠰᠤ ᠬᠦᠷᠦᠭᠰᠡᠨ ᠡᠮᠡᠭᠲᠡᠢ᠂ ᠪᠦᠬᠦᠯᠢ 50 ᠨᠠᠰᠤ ᠬᠦᠷᠦᠭᠰᠡᠨ‌ᠡᠷᠡᠭᠳᠡᠢ ᠵᠢᠴᠢ ᠲᠡᠬᠦᠨ ᠠᠴᠠ ᠲᠡᠭᠡᠭᠰᠢᠬᠢ ᠨᠠᠰᠤᠨ ᠤ ᠮᠠᠯᠴᠢᠨ ᠲᠠᠷᠢᠶᠠᠴᠢᠨ ᠢ ᠵᠢᠭᠠᠨ᠎ᠠ᠃ ᠶᠠᠭ ᠣᠯᠵᠤ ᠪᠠᠶᠢᠭ᠎ᠠ ᠭᠠᠵᠠᠷ ᠲᠠᠳᠠᠪᠦᠷᠢᠯᠠᠯᠲᠠ ᠶᠢᠨ ᠨᠦᠬᠦᠪᠦᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠢ ᠶᠢᠨ ᠭᠠᠵᠠᠷ ᠤᠨ ᠠᠵᠢᠯ ᠠᠯᠳᠠᠯᠲᠠ ᠶᠢᠨ ᠲᠠᠭᠠᠳᠬᠠᠯ ᠤᠨ ᠮᠥᠩᠬᠦ ᠶᠢᠨ ᠪᠠᠷᠢᠮᠵᠢᠶ᠎ᠠ ᠠᠴᠠ ᠥᠨᠳᠦᠷ ᠪᠠᠶᠢᠭ᠎ᠠ ᠬᠦᠮᠦᠰ ᠡᠨᠡ ᠬᠡᠪᠴᠢᠶᠡᠨ ᠳᠤ ᠪᠠᠭᠲᠠᠬᠤ ᠦᠬᠡᠢ᠃       ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ᠄ ᠶᠠᠭ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠭ᠎ᠠ ᠮᠦᠷᠲᠡᠭᠡᠨ ᠦᠷᠬᠦᠯᠵᠢᠯᠡᠨ ᠠᠵᠢᠯ ᠠᠯᠳᠠᠭᠰᠠᠳ ᠢᠶᠠᠷ ᠳᠠᠩᠰᠠᠯᠠᠭᠤᠯᠤᠭᠰᠠᠨ ᠬᠤᠭᠤᠴᠠᠭ᠎ᠠ ᠨᠢ 1 ᠵᠢᠯ ᠠᠴᠠ ᠲᠡᠭᠡᠭᠰᠢ ᠪᠤᠯᠤᠭᠰᠠᠨ ᠪᠦᠭᠡᠳ ᠡᠮᠡᠭᠳᠡᠢ ᠨᠢ ᠪᠦᠬᠦᠯᠢ 35 ᠨᠠᠰᠤ᠂ ᠡᠷᠡᠭᠳᠡᠢ ᠨᠢ ᠪᠦᠬᠦᠯᠢ 45 ᠨᠠᠰᠤ ᠬᠦᠷᠦᠭᠰᠡᠨ ᠠᠵᠢᠯ ᠠᠯᠳᠠᠭᠰᠠᠳ ᠢ ᠵᠢᠭᠠᠨ᠎ᠠ᠃       ᠠᠵᠢᠯ ᠣᠯᠬᠤ ᠳᠤ ᠬᠦᠴᠢᠷᠲᠠᠢ ᠶᠡᠭᠡ ᠲᠡᠭᠡᠳᠦ ᠰᠤᠷᠭᠠᠭᠤᠯᠢ ᠲᠡᠬᠦᠰᠦᠭᠰᠡᠳ᠄ ᠰᠤᠷᠭᠠᠭᠤᠯᠢ ᠠᠴᠠ ᠪᠠᠨ ᠲᠡᠬᠦᠰᠦᠭᠡᠳ 2 ᠵᠢᠯ ᠵᠢᠴᠢ ᠲᠡᠬᠦᠨ ᠠᠴᠠ ᠲᠡᠭᠡᠭᠰᠢ ᠬᠤᠭᠤᠴᠠᠭᠠᠨ ᠳᠤ ᠠᠵᠢᠯ ᠶᠡᠷᠦ ᠤᠯᠤᠭᠰᠠᠨ ᠦᠬᠡᠢ ᠶᠡᠭᠡ ᠲᠡᠭᠡᠳᠦ ᠰᠤᠷᠭᠠᠭᠤᠯᠢ ᠲᠡᠭᠦᠰᠦᠮᠡᠭᠴᠡ ︵ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠭᠡᠳᠡᠭ ᠨᠢ ᠭᠤᠣᠯᠳᠠᠭᠤ ᠪᠦᠬᠦᠯᠢ ᠡᠳᠦᠷ ᠤᠨ ᠳᠦᠷᠢᠮᠲᠤ ᠲᠡᠭᠡ ᠲᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠶᠢ ᠵᠢᠭᠠᠨ᠎ᠠ︶ ᠢ ᠵᠢᠭᠠᠵᠤ ᠪᠤᠢ᠃       ᠲᠡᠭᠡᠷ᠎ᠡ ᠲᠤᠷᠠᠳᠤᠭᠰᠠᠨ ᠨᠦᠭᠦᠴᠡᠯ ᠤᠨ ᠨᠢᠭᠡ ᠳᠤᠨᠢ ᠨᠡᠶᠢᠴᠡᠪᠡᠯ᠂ ᠪᠠᠶᠢᠩᠭᠤ ᠰᠠᠭᠤᠭ᠎ᠠ ᠭᠠᠵᠠᠷ ᠤᠨ ᠢᠶᠠᠨ ᠨᠡᠶᠢᠭᠡᠮ ᠲᠤᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ︵ᠨᠡᠶᠢᠭᠡᠮ ᠲᠤᠭᠤᠷᠢᠭ ᠪᠠᠶᠢᠭᠤᠯᠤᠭᠠᠳᠤᠢ ᠪᠣᠯ ᠰᠤᠮᠣ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠢᠶᠠᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ︶ ᠳᠤ ᠭᠤᠶᠤᠴᠢᠯᠠᠯ ᠲᠠᠪᠰᠢᠬᠦᠯᠵᠦ ᠪᠤᠯᠤᠨ᠎ᠠ᠃       ᠡᠬᠦᠨ ᠤ ᠬᠠᠮᠲᠤ᠂ ᠬᠦᠷᠢᠶ᠎ᠠ ᠬᠡᠪᠴᠢᠶ᠎ᠡ ᠪᠠ ᠮᠠᠭᠠᠳᠯᠠᠨ ᠲᠤᠭᠳᠠᠭᠠᠬᠤ ᠪᠠᠷᠢᠮᠵᠢᠶ᠎ᠠ ᠶᠤᠰᠤᠭᠠᠷ᠂ ᠠᠳᠠᠯᠢ ᠪᠤᠰᠤ ᠲᠥᠷᠦᠯ ᠢᠯᠭᠠᠯ ᠲᠠᠢ ᠬᠦᠮᠦᠰ ᠪᠠᠰᠠ ᠲᠤᠤᠷᠠᠬᠢ ᠴᠢᠬᠤᠯᠠ ᠨᠦᠭᠦᠴᠡᠯ ᠢ ᠲᠤᠰ ᠲᠤᠰ ᠬᠠᠩᠭᠠᠬᠤ ᠬᠡᠷᠡᠭᠳᠡᠢ᠄ ᠵᠡᠮᠳᠡᠭ ᠬᠦᠮᠦᠰ ᠵᠡᠮᠳᠡᠭᠴᠦᠳ ᠤᠨ ᠬᠤᠯᠪᠤᠭᠠᠳᠤ ᠬᠤᠷᠠᠯ ᠤᠨ ᠬᠢᠨᠠᠨ ᠤᠯᠭᠤᠭᠰᠠᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠪᠠᠨ ᠬᠠᠩᠭᠠᠬᠤ ᠬᠡᠷᠡᠭᠳᠡᠢ᠃ ᠭᠠᠵᠠᠷ ᠰᠢᠷᠤᠢ ᠪᠠᠨ ᠠᠯᠳᠠᠭᠰᠠᠨ ᠮᠠᠯᠴᠢᠨ ᠲᠠᠷᠢᠶᠠᠴᠢᠨ ᠭᠠᠵᠠᠷ ᠰᠢᠷᠤᠢ ᠲᠠᠳᠠᠪᠦᠷᠢᠯᠠᠨ ᠬᠡᠷᠡᠭᠯᠡᠭᠰᠡᠨ ᠬᠠᠮᠢᠭ᠎ᠠ ᠪᠦᠬᠦᠢ ᠭᠡᠷᠡᠴᠢ ᠮᠠᠲ᠋ᠧᠷᠢᠶᠠᠯ  ᠢᠶᠠᠨ ᠬᠠᠩᠭᠠᠬᠤ ᠬᠡᠷᠡᠭᠳᠡᠢ᠃ ᠠᠵᠢᠯ ᠣᠯᠬᠤ ᠳᠤ ᠬᠦᠴᠢᠷᠲᠠᠢ ᠶᠡᠭᠡ ᠲᠡᠭᠡᠳᠦ ᠰᠤᠷᠭᠠᠭᠤᠯᠢ ᠲᠡᠬᠦᠰᠦᠭᠰᠡᠳ ᠰᠤᠷᠭᠠᠭᠤᠯᠢ ᠲᠡᠭᠦᠰᠦᠭᠰᠡᠨ ᠦᠨᠡᠮᠯᠡᠯ ᠵᠡᠷᠭᠡ ᠭᠡᠷᠡᠴᠢ ᠮᠠᠲ᠋ᠧᠷᠢᠶᠠᠯ ᠢᠶᠠᠨ ᠬᠠᠩᠭᠠᠬᠤ ᠬᠡᠷᠡᠭᠳᠡᠢ᠃ ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠢᠨᠠᠨ ᠣᠯᠭᠤᠭᠰᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠳᠤᠯᠠᠭ᠎ᠠ ᠶᠢᠨ ᠬᠡᠷᠡᠴᠢ ᠪᠠᠨ ᠬᠠᠩᠭᠠᠬᠤ ᠬᠡᠷᠡᠭᠳᠡᠢ᠃       ᠣᠶᠢᠯᠠᠭᠠᠭᠰᠠᠨ ᠢᠶᠠᠷ᠂ ᠲᠤᠰ ᠤᠳᠠᠭᠠᠨ ᠤ ᠲᠤᠭᠳᠠᠭᠠᠭᠰᠠᠨ ᠠᠷᠭ᠎ᠠ ᠶᠢ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠭᠰᠡᠨ ᠪᠦᠭᠡᠳ ᠤᠤᠯ ᠤᠨ ︽ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠢᠯ ᠣᠯᠬᠤ ᠳᠤ ᠬᠦᠴᠢᠷᠲᠠᠢ ᠬᠦᠮᠦᠰ ᠢ ᠮᠠᠭᠠᠳᠯᠠᠨ ᠲᠤᠭᠳᠠᠭᠠᠬᠤ ᠠᠷᠭ᠎ᠠ︾ ᠶᠢ ᠬᠠᠮᠲᠤ ᠳᠤᠨᠢ ᠬᠦᠴᠦᠨ ᠦᠬᠡᠢ ᠪᠤᠯᠭᠠᠪᠠ᠃ ᠣᠣᠯ ᠤᠨ ︽ᠥᠪᠦᠷ ᠮᠤᠩᠭᠤᠯ ᠤᠨ ᠢᠪᠡᠷᠲᠡᠭᠡᠨ ᠵᠠᠰᠠᠬᠤ ᠤᠷᠤᠨ ᠤ ᠠᠵᠢᠯ ᠣᠯᠬᠤ ᠳᠤ ᠬᠦᠴᠢᠷᠲᠠᠢ ᠬᠦᠮᠦᠰ ᠢ ᠮᠠᠭᠠᠳᠯᠠᠨ ᠲᠤᠭᠳᠠᠭᠠᠬᠤ ᠠᠷᠭ᠎ᠠ︾ ᠶᠢᠨ ᠶᠤᠰᠤᠭᠠᠷ ᠨᠢᠭᠡᠨᠲᠡ ᠮᠠᠭᠠᠳᠯᠠᠨ ᠲᠤᠭᠳᠠᠭᠠᠭᠰᠠᠨ ᠠᠵᠢᠯ ᠣᠯᠬᠤ ᠳᠤ ᠬᠦᠴᠢᠷᠲᠠᠢ ᠬᠦᠮᠦᠰ ᠲᠥᠷᠦᠯ ᠤᠨ ᠪᠤᠳᠤᠯᠭ᠎ᠠ ᠶᠢᠨ ᠬᠤᠭᠤᠴᠠᠭ᠎ᠠ ᠲᠦᠭᠦᠷᠲᠡᠯ᠎ᠡ ᠬᠠᠮᠢᠭ᠎ᠠ ᠪᠦᠬᠦᠢ ᠲᠥᠷᠦᠯ ᠤᠨ ᠪᠤᠳᠣᠯᠭ᠎ᠠ ᠶᠢᠨ ᠬᠠᠷᠠᠭᠠᠯᠵᠠᠯ ᠢ ᠦᠷᠬᠦᠯᠵᠢᠯᠡᠨ ᠡᠳ᠋ᠯᠡᠨ᠎ᠡ᠃
 
ᠢᠷᠡᠯᠲᠡ᠄ ᠦᠢᠯᠡᠳᠦᠯᠭᠡ ᠰᠡᠳᠬᠦᠯ ᠦᠨ ᠸᠢᠴᠧᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号