ᠬᠦᠪᠡᠬᠡᠲᠦ ᠰᠢᠷ᠎ᠠ ᠬᠤᠰᠢᠭᠤᠨ ᠤ 2020 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ  ᠶᠢᠨ ᠬᠤᠭᠤᠴᠠᠭᠠᠨ ᠳᠠᠬᠢ ᠪᠡᠯᠴᠢᠬᠡᠷ ᠰᠡᠷᠬᠦᠬᠡᠬᠦ ᠠᠵᠢᠯ ᠤᠨ ᠲᠤᠬᠠᠢ ᠬᠦᠪᠡᠬᠡᠲᠤ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/6/2
ᠦᠷᠬᠡᠨ ᠤᠯᠠᠨ ᠮᠠᠯᠴᠢᠨ ᠲᠦᠮᠡᠨ ᠳᠤ᠄        ᠨᠤᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠤᠯᠠᠮ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠯᠠᠳᠠ᠂ ᠪᠦᠬᠦ ᠠᠶᠢᠮᠠᠭ ᠤᠨ ᠨᠢᠬᠡᠳᠤᠯᠲᠠᠢ ᠪᠠᠶᠢᠷᠢᠯᠠᠭᠤᠯᠤᠯᠳᠡ ᠶᠤᠰᠤᠭᠠᠷ ᠮᠠᠨ ᠤ ᠬᠤᠰᠢᠭᠤ ᠨᠢ 2020 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠦᠬᠦ ᠬᠤᠰᠢᠭᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ ᠳᠤ ᠪᠡᠯᠴᠢᠬᠡᠷ ᠰᠡᠷᠬᠦᠬᠡᠬᠦ ᠠᠵᠢᠯ ᠢ ᠦᠷᠨᠢᠬᠦᠯᠤᠨ᠎ᠠ᠃ ᠬᠠᠮᠢᠶ᠎ᠡ ᠪᠦᠬᠦᠢ ᠤᠴᠢᠷ ᠶᠠᠪᠤᠲᠠᠯ ᠢ ᠲᠤᠤᠷᠡᠬᠢ ᠮᠡᠲᠤ ᠵᠠᠷᠯᠠᠶ᠎ᠡ᠄        ᠨᠢᠬᠡ᠄ ᠪᠡᠯᠴᠢᠬᠡᠷ ᠰᠡᠷᠬᠦᠬᠡᠬᠦ ᠬᠤᠭᠤᠴᠠᠭ᠎ᠠ᠄ 4 ᠰᠠᠷ᠎ᠠ ᠶᠢᠨ 10 ᠤ ᠡᠳᠤᠷ —5 ᠰᠠᠷ᠎ᠠ ᠶᠢᠨ 10 ᠤ ᠡᠳᠤᠷ        ᠬᠤᠶᠠᠷ᠄ ᠪᠡᠯᠴᠢᠬᠡᠷ ᠰᠡᠷᠬᠦᠬᠡᠬᠦ ᠬᠦᠷᠢᠶ᠎ᠠ ᠬᠡᠪᠴᠢᠶ᠎ᠠ᠄ ᠪᠠᠶᠠᠨᠳᠠᠯ᠎ᠠ ᠪᠠᠯᠭᠠᠰᠦ᠂ ᠤᠩᠭᠤᠨ ᠠᠭᠤᠯᠡ ᠰᠤᠮᠦ᠂ ᠪᠤᠭᠳᠠ ᠶᠢᠨ ᠭᠤᠤᠯ ᠰᠤᠮᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ᠃ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ᠶᠢ ᠪᠡᠯᠴᠢᠬᠡᠷᠯᠡᠬᠦᠯᠵᠤ ᠪᠤᠯᠬᠤ ᠦᠬᠡᠢ᠃ ᠲᠡᠮᠡᠭᠡ᠂ ᠠᠲᠤᠭᠤ ᠶᠢ ᠪᠡᠯᠴᠢᠬᠡᠷᠯᠡᠬᠦᠯᠬᠦ ᠶᠢ ᠬᠢᠵᠠᠭᠠᠷᠯᠠᠬᠤ ᠦᠬᠡᠢ᠃        ᠭᠤᠷᠪᠠ᠄ ᠪᠡᠯᠴᠢᠬᠡᠷ ᠰᠡᠷᠬᠦᠬᠡᠬᠦ ᠨᠦᠬᠦᠪᠤᠷᠢ ᠶᠢᠨ ᠪᠠᠷᠢᠮᠵᠢᠶ᠎ᠠ᠄ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠮᠦ ᠪᠦᠷᠢ ᠳᠤ 0.75 ᠲᠦᠬᠦᠷᠢᠭ ᠤᠨ ᠪᠠᠷᠢᠮᠵᠢᠶ᠎ᠡ ᠪᠠᠷ ᠨᠦᠬᠦᠪᠤᠷᠢ  ᠤᠯᠭᠤᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ︽ᠪᠦᠷᠢᠨ ᠴᠢᠳᠠᠮᠵᠢᠲᠦ ᠺᠠᠷᠲ︾ ᠪᠠᠷ ᠪᠡᠯᠴᠢᠬᠡᠷ ᠰᠡᠷᠬᠦᠬᠡᠬᠦ ᠨᠦᠬᠦᠪᠤᠷᠢ ᠶᠢ ᠰᠢᠭᠤᠳ ᠮᠠᠯᠴᠢᠳ  ᠲᠤ ᠤᠯᠭᠤᠨ᠎ᠠ᠃        ᠲᠦᠷᠪᠡ᠄ ᠪᠡᠯᠴᠢᠬᠡᠷ ᠰᠡᠷᠬᠦᠬᠡᠬᠦ ᠨᠦᠬᠦᠪᠤᠷᠢ ᠶᠢᠨ ᠲᠠᠯᠠᠪᠠᠢ ᠶᠢ ᠪᠤᠲᠤᠬᠤ᠄ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠡᠷᠤᠬᠡ ᠶᠢᠨ ᠪᠦᠬᠦ ᠨᠤᠲᠤᠭ ᠪᠡᠯᠴᠢᠬᠡᠷ ᠠᠴᠠ ᠬᠠᠲᠤᠯᠠᠩ ᠤᠨ ᠲᠠᠯᠠᠪᠠᠢ ᠶᠢ ᠬᠠᠰᠤᠨ᠎ᠠ ︵ᠬᠠᠲᠤᠯᠠᠩ ᠤᠨ ᠲᠠᠯᠠᠪᠠᠢ ᠶᠢ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠮᠠᠯᠴᠢᠨ ᠡᠷᠤᠬᠡ ᠶᠢᠨ ᠪᠦᠬᠦ ᠨᠤᠲᠤᠭ ᠪᠡᠯᠴᠢᠬᠡᠷ  ᠤᠨ ᠲᠠᠯᠠᠪᠠᠢ ᠶᠢᠨ36% ᠪᠠᠷ ᠪᠤᠲᠤᠨ᠎ᠠ︶᠃         ᠲᠠᠪᠤ᠄ ᠬᠠᠮᠢᠶ᠎ᠠ ᠪᠦᠬᠦᠢ ᠱᠠᠭᠠᠷᠳᠠᠯᠭ᠎ᠠ᠄ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠪᠡᠯᠴᠢᠬᠡᠷ ᠰᠡᠷᠬᠦᠬᠡᠵᠦ ᠪᠠᠶᠢᠭ᠎ᠠ ᠤᠷᠤᠨ ᠳᠤ ᠮᠠᠯ ᠪᠡᠯᠴᠢᠬᠡᠷᠯᠡᠬᠦᠯᠬᠦ ᠶᠢ ᠪᠦᠬᠦ ᠲᠠᠯ᠎ᠠ ᠪᠠᠷ ᠴᠠᠭᠠᠵᠠᠯᠠᠨ᠎ᠠ᠃ ᠮᠠᠯᠵᠢᠬᠤ ᠡᠷᠤᠬᠡ ᠨᠢ ᠡᠯ᠎ᠡ ᠲᠦᠷᠤᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠳᠤᠷ ᠬᠢᠵᠦ᠂ ᠮᠠᠯ ᠤᠰᠤᠯᠠᠬᠤ᠂ ᠮᠠᠯ ᠪᠤᠷᠳᠤᠬᠤ ᠵᠡᠷᠭᠡ ᠰᠢᠯᠳᠠᠭᠠᠨ ᠢᠶᠠᠷ ᠮᠠᠯ ᠢᠶᠠᠨ ᠪᠡᠯᠴᠢᠬᠡᠷᠯᠡᠬᠦᠯᠬᠦ ᠶᠢ ᠡᠷᠡᠰ ᠴᠠᠭᠠᠵᠠᠯᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠰᠤᠮᠦ ᠪᠠᠯᠭᠠᠰᠦ᠂ ᠭᠠᠴᠠᠭᠠᠨ ᠤ ᠬᠢᠨᠠᠯᠳᠠ ᠬᠠᠮᠢᠶᠠᠷᠤᠯᠳᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠠᠢ᠃ ᠡᠯ᠎ᠡ ᠰᠤᠮᠦ ᠪᠠᠯᠭᠠᠰᠦ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠮᠠᠯᠵᠢᠬᠤ ᠡᠷᠤᠬᠡ ᠶᠢ ᠱᠠᠭᠠᠷᠲᠠᠨ ᠮᠠᠯ ᠢᠶᠠᠨ ᠪᠦᠬᠦᠨ ᠢ ᠬᠠᠰᠢᠶᠠᠯᠠᠨ ᠲᠡᠵᠢᠬᠡᠨ᠎ᠡ᠃ ᠡᠯ᠎ᠡ ᠰᠤᠮᠤ ᠪᠠᠯᠭᠠᠰᠤ᠂ ᠬᠤᠰᠢᠭᠤ ᠤᠢ ᠰᠢᠭᠤᠢ ᠪᠠ ᠨᠤᠲᠤᠭ ᠪᠡᠯᠴᠢᠬᠡᠷ ᠤᠨ ᠲᠤᠪᠴᠢᠶ᠎ᠡ ᠵᠡᠷᠬᠡ ᠰᠠᠯᠠᠭ᠎ᠠ ᠮᠦᠴᠢᠷ ᠨᠢ ᠦᠪᠡᠷ ᠤᠨ ᠡᠬᠦᠷᠬᠡ ᠴᠢᠲᠠᠪᠬᠢ᠂ ᠤᠶᠢᠯᠡᠲᠤᠯ ᠢᠶᠠᠨ ᠬᠦᠢᠴᠡᠳ ᠪᠠᠲᠠᠷᠠᠭᠤᠯᠤᠨ᠂ ᠨᠤᠳᠤᠭ ᠪᠡᠯᠴᠢᠬᠡᠷ ᠢ ᠬᠠᠮᠠᠭᠠᠯᠠᠬᠤ ᠪᠠ ᠨᠡᠶᠢᠳᠡ ᠶᠢᠨ ᠠᠰᠢᠭᠲᠦ ᠰᠢᠭᠤᠢ ᠶᠢᠨ ᠤᠷᠤᠨ ᠲᠤᠭᠤᠷᠢᠭ ᠢ ᠬᠢᠨᠠᠵᠦ ᠬᠠᠮᠠᠭᠠᠯᠠᠬᠤ ᠬᠦᠴᠤᠯᠡᠴᠡ ᠪᠠᠨ ᠴᠢᠩᠭᠠᠳᠬᠠᠵᠦ᠂ ᠮᠠᠯ ᠢᠶᠠᠨ ᠲᠠᠯᠳᠠᠭᠤᠷ ᠪᠡᠯᠴᠢᠬᠡᠷᠯᠡᠬᠦᠯᠬᠦ ᠠᠵᠢᠯᠯᠠᠭ᠎ᠠ ᠶᠢ ᠬᠠᠮᠢᠶ᠎ᠡ ᠪᠦᠬᠦᠢ ᠬᠠᠤᠯᠢ ᠲᠦᠷᠢᠮ ᠢ ᠦᠨᠲᠤᠰᠤᠯᠠᠨ ᠴᠢᠩᠭ᠎ᠠ ᠪᠠᠶᠢᠴᠠᠭᠠᠨ ᠰᠢᠢᠳᠪᠤᠷᠢᠯᠠᠨ᠎ᠡ᠃ ᠬᠢᠨᠠᠨ ᠵᠢᠯᠤᠭᠤᠳᠴᠤ ᠬᠠᠮᠢᠶᠠᠷᠬᠤ ᠪᠠᠨ ᠴᠢᠩᠭᠠᠳᠬᠠᠵᠤ᠂ ᠠᠵᠢᠯ ᠢᠶᠠᠨ ᠨᠠᠶᠢᠲᠠᠪᠤᠷᠢᠭᠤᠯᠬᠤ ᠶᠢ ᠦᠨᠡᠨᠬᠦ ᠪᠠᠲᠤᠯᠠᠬᠤ ᠬᠡᠷᠡᠭᠲᠠᠢ᠃ ᠬᠤᠰᠢᠭᠤ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠭᠡ ᠮᠡᠷᠬᠡᠵᠢᠯ ᠤᠨ ᠰᠠᠯᠠᠭ᠎ᠠ ᠮᠦᠴᠢᠷ ᠨᠢ ᠮᠠᠯ ᠤᠨ ᠬᠢᠵᠢᠭ ᠬᠡᠮ ᠢ ᠰᠡᠷᠬᠡᠶᠢᠯᠡᠨ ᠬᠤᠷᠢᠭᠯᠠᠬᠤ ᠪᠠ ᠬᠠᠰᠢᠶᠠᠯᠠᠨ ᠲᠡᠵᠢᠬᠡᠬᠦ ᠮᠡᠷᠬᠡᠵᠢᠯ ᠤᠨ ᠵᠢᠯᠤᠭᠤᠳᠤᠯᠭ᠎ᠠ ᠶᠢ ᠬᠠᠷᠢᠭᠤᠴᠠᠨ᠎ᠠ᠃ ᠬᠤᠰᠢᠭᠤ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ ᠮᠠᠯ ᠤᠨ ᠤᠰᠦ ᠤᠮᠳᠠ ᠶᠢ ᠪᠠᠳᠤᠯᠠᠬᠤ ᠠᠵᠢᠯ ᠢ ᠬᠠᠷᠢᠭᠤᠴᠠᠨ᠎ᠠ᠃ ᠡᠯ᠎ᠡ ᠬᠠᠪᠰᠤᠷᠤᠨ ᠲᠡᠳᠬᠦᠬᠦ ᠪᠠᠶᠢᠭᠤᠯᠭ᠎ᠠ ᠨᠢ ᠲᠤᠰᠬᠠᠢ ᠬᠦᠮᠤᠨ ᠲᠤᠮᠢᠯᠠᠵᠤ ᠭᠠᠴᠠᠭᠠᠨ ᠤ ᠪᠡᠯᠴᠢᠬᠡᠷ ᠰᠡᠷᠬᠦᠬᠡᠬᠦ ᠠᠵᠢᠯ ᠳᠤ ᠬᠢᠨᠠᠯᠲᠠ ᠲᠠᠯᠪᠢᠨ᠎ᠠ᠃        ᠪᠡᠯᠴᠢᠬᠡᠷ ᠰᠡᠷᠬᠦᠬᠡᠬᠦ ᠬᠤᠭᠤᠴᠠᠭᠠᠨ ᠳᠤ ᠡᠯ᠎ᠡ ᠰᠤᠮᠤ ᠪᠠᠯᠭᠠᠰᠤ᠂ ᠤᠢ ᠰᠢᠭᠤᠢ ᠪᠠ ᠨᠤᠲᠤᠭ ᠪᠡᠯᠴᠢᠬᠡᠷ  ᠤᠨ ᠲᠤᠪᠴᠢᠶ᠎ᠠ ᠨᠢ ᠢᠯᠡᠴᠢᠯᠡᠨ ᠮᠡᠳᠡᠬᠦᠯᠬᠦ ᠤᠳᠠᠰᠦ ᠲᠤᠬᠢᠷᠠᠭᠤᠯᠵᠦ᠂ ᠨᠡᠶᠢᠬᠡᠮ ᠤᠨ ᠡᠯ᠎ᠡ ᠡᠲᠡᠬᠡᠳ ᠠᠴᠠ ᠬᠢᠨᠠᠯᠲᠠ ᠲᠠᠯᠪᠢᠵᠤ᠂ ᠲᠦᠷᠢᠮ ᠢ ᠵᠦᠷᠢᠴᠡᠵᠤ ᠮᠠᠯ ᠪᠡᠯᠴᠢᠬᠡᠷᠯᠡᠬᠦᠯᠦᠭᠰᠡᠨ ᠠᠵᠢᠯᠯᠠᠭ᠎ᠠ ᠶᠢ ᠢᠲᠡᠪᠬᠢᠲᠠᠢ ᠢᠯᠡᠴᠢᠯᠠᠨ ᠮᠡᠲᠡᠬᠦᠯᠬᠦ  ᠶᠢ ᠬᠦᠰᠡᠵᠤ ᠪᠠᠶᠢᠨ᠎ᠠ᠃        ᠢᠯᠡᠴᠢᠯᠡᠨ ᠮᠡᠳᠡᠬᠦᠯᠬᠦ ᠤᠳᠠᠰᠦ᠄ ᠬᠤᠰᠢᠭᠤ ᠤᠢ ᠰᠢᠭᠤᠢ ᠪᠠ ᠨᠤᠲᠤᠭ ᠪᠡᠯᠴᠢᠬᠡᠷ ᠤᠨ ᠲᠤᠪᠴᠢᠶ᠎ᠡ      6220019᠂ ᠪᠠᠶᠠᠨᠲᠠᠯ᠎ᠠ ᠪᠠᠯᠭᠠᠰᠤ 6440107᠂ ᠤᠩᠭᠤᠨ ᠠᠭᠤᠯᠠ ᠰᠤᠮᠤ 6225921᠂ ᠪᠤᠭᠲᠠ ᠶᠢᠨ ᠭᠤᠤᠯ ᠰᠤᠮᠤ 6720529᠃        ᠡᠬᠦᠨ ᠤ ᠲᠤᠯᠠᠳᠠ ᠤᠨᠴᠠᠭᠠᠶᠢᠯᠠᠨ ᠵᠠᠷᠯᠠᠪᠠ                                                                              ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                             2020 ᠤᠨ ᠤ 3 ᠰᠠᠷ᠎ᠠ ᠶᠢᠨ 18 ᠤ ᠡᠳᠦᠷ                              
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号