ᠬᠦᠪᠡᠭᠡᠲᠦ ᠰᠢᠷ᠎ᠠ ᠬᠤᠰᠢᠭᠤ ︽ᠲᠠᠪᠤᠨ ᠰᠠᠶᠢᠨᠲᠠᠢ ᠭᠡᠷ ᠪᠦᠯᠢ︾ ︽ᠪᠣᠯᠪᠠᠰᠤᠨ ᠭᠡᠷ ᠪᠦᠯᠢ︾ ︽ᠬᠠᠮᠤᠭ ᠭᠤᠶᠣ ᠭᠡᠷ ᠪᠦᠯᠢ︾᠎ ᠶᠢ ᠱᠠᠩᠨᠠᠨ ᠬᠥᠬᠢᠭᠦᠯᠬᠦ ᠬᠤᠷᠠᠯ ᠵᠢᠴᠢ ︽ᠭᠡᠷ ᠤᠨ ᠰᠠᠶᠢᠨ ᠰᠤᠷᠲᠠᠯ︾ ︽ᠭᠡᠷ ᠤᠨ ᠰᠠᠶᠢᠨ ᠰᠤᠷᠭᠠᠯ︾᠎ ᠢ ᠬᠤᠪᠢᠶᠠᠯᠴᠠᠬᠤ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2020-06-22
                                      ᠲᠣᠣᠯᠠ  ᠰᠢᠨᠵᠢᠯᠳᠣ ᠮᠡᠳᠡᠭᠡᠯᠡᠪᠡ        ᠣᠷᠴᠢᠮ ᠤᠨ ᠡᠳᠦᠷ᠂ ᠪᠦᠬᠦ ᠬᠤᠰᠢᠭᠤᠨ ᠤ ︽ᠲᠠᠪᠤᠨ ᠰᠠᠶᠢᠨᠲᠠᠢ ᠭᠡᠷ ᠪᠦᠯᠢ︾᠂ ︽ᠪᠣᠯᠪᠠᠰᠤᠨ ᠭᠡᠷ ᠪᠦᠯᠢ︾᠂ ︽ᠬᠠᠮᠤᠭ ᠭᠤᠶᠣ ᠭᠡᠷ ᠪᠦᠯᠢ︾᠎ ᠶᠢ ᠱᠠᠩᠨᠠᠨ ᠬᠥᠬᠢᠭᠦᠯᠬᠦ ᠬᠤᠷᠠᠯ ᠵᠢᠴᠢ ︽ᠭᠡᠷ ᠤᠨ ᠰᠠᠶᠢᠨ ᠰᠤᠷᠲᠠᠯ︾ ︽ᠭᠡᠷ ᠤᠨ ᠰᠠᠶᠢᠨ ᠰᠤᠷᠭᠠᠯ︾᠎ ᠢ ᠬᠤᠪᠢᠶᠠᠯᠴᠠᠬᠤ ᠠᠵᠢᠯᠯᠠᠭ᠎ᠠ ᠬᠤᠰᠢᠭᠤᠨ ᠤ ᠮᠡᠳᠡᠭᠡ ᠵᠠᠩᠭᠢᠵᠢᠯᠠᠯᠳᠠ ᠶᠢᠨ ᠲᠥᠪ ᠲᠤ ᠥᠪᠡᠳᠡᠭᠰᠢ ᠶᠠᠪᠤᠭᠳᠠᠪᠠ᠃        ᠰᠢ ᠶᠢᠨ ᠫᠢᠩ ᠶᠡᠷᠦᠩᠬᠡᠢ ᠱᠦᠵᠢ ᠶᠢᠨ ︽ᠭᠡᠷ ᠪᠦᠯᠢ ᠶᠢ ᠴᠢᠬᠤᠯᠠᠴᠢᠯᠠᠬᠤ᠂ ᠭᠡᠷ ᠤᠨ ᠬᠦᠮᠦᠵᠢᠯ ᠢ ᠴᠢᠬᠤᠯᠠᠴᠢᠯᠠᠬᠤ᠂ ᠭᠡᠷ ᠤᠨ ᠰᠤᠷᠲᠠᠯ ᠢ ᠴᠢᠬᠤᠯᠠᠴᠢᠯᠠᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠭᠡᠷ  ᠪᠦᠯᠢ ᠶᠢᠨ ᠦᠵᠡᠯᠲᠡ ᠶᠢ ᠪᠤᠢ ᠪᠤᠯᠠᠭᠠᠨ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠤᠯᠠᠮᠵᠢᠯᠠᠨ ᠳᠡᠯᠭᠡᠷᠡᠭᠦᠯᠭᠦ ᠶᠢᠨ ᠲᠦᠯᠦᠭᠡ ᠬᠤᠰᠢᠭᠤᠨ ᠤ ᠨᠠᠮ‌‍ᠤᠨ ᠬᠤᠷᠢᠶᠠᠨ ᠤ ᠤᠬᠠᠭᠤᠯᠬᠤ ᠬᠡᠯᠲᠡᠰ᠂ ᠪᠣᠯᠪᠠᠰᠤᠨ ᠤ ᠠᠯᠪᠠᠨ ᠭᠡᠷ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠬᠠᠮᠳᠣᠷᠠᠨ ᠲᠣᠰ ᠣᠳᠠᠭᠠᠨ ᠤ ᠠᠵᠢᠯᠯᠠᠭ᠎ᠠ ᠶᠢ ᠡᠷᠭᠢᠯᠡᠵᠡᠢ᠃        ᠠᠵᠢᠯᠯᠠᠭ᠎ᠠ ᠳᠡᠭᠡᠷ᠎ᠡ᠂ ᠣᠳᠬᠠᠨ᠂ ᠴᠢᠮᠡᠭ ᠤᠨ ᠬᠢ ᠵᠡᠷᠭᠡ 10 ᠭᠡᠷ ᠪᠦᠯᠢ ᠶᠢ 2020 ᠣᠨ ᠤ ᠪᠦᠬᠦ ᠬᠤᠰᠢᠭᠤᠨ ᠤ ︽ᠲᠠᠪᠤᠨ ᠰᠠᠶᠢᠨᠲᠠᠢ ᠭᠡᠷ ᠪᠦᠯᠢ︾᠂ ᠰᠦ᠋ ᡁᠢ ᠬᠤᠸᠠ᠂ ᠰᠢᠶᠠ ᠸᠧᠢ ᠯᠢ ᠶᠢᠨ ᠬᠢ ᠵᠡᠷᠭᠡ 20 ᠭᠡᠷ ᠪᠦᠯᠢ ᠶᠢ ︽ᠪᠣᠯᠪᠠᠰᠤᠨ ᠭᠡᠷ ᠪᠦᠯᠢ︾᠂ ᠵᠠᠩ ᠰᠢᠶᠤᠤ ᠵᠢᠶᠦ᠋ᠨ᠂ ᠴᠧᠨ ᠯᠢ ᠹᠠᠩ ᠤᠨ ᠬᠢ ᠵᠡᠷᠭᠡ 23 ᠭᠡᠷ ᠪᠦᠯᠢ ᠶᠢ ︽ᠬᠠᠮᠤᠭ ᠭᠤᠶᠣ ᠭᠡᠷ ᠪᠦᠯᠢ︾᠎ ᠪᠠᠷ ᠲᠤᠰ ᠲᠤᠰ ᠱᠠᠩᠨᠠᠨ ᠭᠦᠭᠢᠭᠦᠯᠵᠦ᠂ ᠰᠠᠶᠢᠰᠢᠶᠠᠨ ᠬᠦᠬᠢᠭᠦᠯᠦᠭᠳᠡᠭᠰᠡᠨ ᠭᠡᠷ ᠪᠦᠯᠢ ᠶᠢᠨ ᠲᠥᠯᠥᠭᠡᠯᠡᠭᠴᠢ ᠠᠴᠠ ᠵᠢᠱᠢᠶᠡᠴᠢ ᠦᠢᠯᠡ ᠠᠵᠢᠯᠯᠠᠭ᠎ᠠ ᠪᠠᠨ ᠣᠯᠠᠨ ᠲᠠᠢ ᠬᠤᠪᠢᠶᠠᠯᠴᠠᠵᠦ᠂ ᠰᠢᠨ᠎ᠡ ᠴᠠᠭ ᠦᠶ᠎ᠡ ᠶᠢᠨ︽ᠲᠠᠪᠤᠨ ᠰᠠᠶᠢᠨᠲᠠᠢ ᠭᠡᠷ ᠪᠦᠯᠢ︾᠂ ︽ᠪᠣᠯᠪᠠᠰᠤᠨ ᠭᠡᠷ ᠪᠦᠯᠢ︾᠂ ︽ᠬᠠᠮᠤᠭ ᠭᠤᠶᠣ ᠭᠡᠷ ᠪᠦᠯᠢ︾᠎ ᠶᠢᠨ ᠰᠠᠶᠢᠨ ᠰᠠᠶᠢᠬᠠᠨ ᠭᠡᠷ ᠤᠨ ᠰᠤᠷᠲᠠᠯ ᠪᠣᠯᠣᠨ ᠬᠡᠪ ᠳᠠᠭᠤᠷᠢᠶᠠᠯ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠳᠡ ᠎ ᠶᠢ ᠦᠢᠯᠡᠳᠦᠯᠭᠡᠵᠢᠭᠦᠯᠵᠡᠢ         ᠮᠠᠨ ᠤ ᠬᠤᠰᠢᠭᠤ ᠨᠢ ︽ᠲᠠᠪᠤᠨ ᠰᠠᠶᠢᠨᠲᠠᠢ ᠭᠡᠷ ᠪᠦᠯᠢ︾᠂ ︽ᠪᠣᠯᠪᠠᠰᠤᠨ ᠭᠡᠷ ᠪᠦᠯᠢ︾᠂ ︽ᠬᠠᠮᠤᠭ ᠭᠤᠶᠣ ᠭᠡᠷ ᠪᠦᠯᠢ︾᠎ ᠶᠢ ᠰᠣᠩᠭᠤᠬᠤ ᠠᠵᠢᠯ ᠢ ᠰᠠᠶᠢᠲᠤᠷ ᠬᠢᠬᠦ ᠶᠢᠨ ᠲᠥᠯᠥᠬᠡ᠂ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ᠂ ᠭᠡᠷ ᠪᠥᠯᠢ ᠦᠪᠡᠷ ᠢ ᠪᠡᠨ‌‍ᠲ᠋ᠠᠨᠢᠯᠴᠠᠭᠤᠯᠬᠤ ᠰᠠᠭᠤᠷᠢᠨ ᠳᠡᠭᠡᠷ᠎ᠡ᠂ ᠠᠷᠠᠳᠴᠢᠯᠠᠯ ᠢᠶᠠᠷ ᠲᠠᠨᠢᠯᠴᠠᠭᠤᠯᠬᠤ᠂ ᠦᠪᠡᠷ ᠢ ᠪᠡᠨ‌‍ᠲ᠋ᠠᠨᠢᠯᠴᠠᠭᠤᠯᠬᠤ᠂ ᠰᠢᠯᠭᠠᠷᠠᠭᠤᠯᠤᠨ ᠰᠣᠩᠭᠤᠬᠤ᠂ ᠢᠯᠡ ᠨᠡᠶᠢᠲᠡᠯᠡᠬᠦ ᠵᠡᠷᠭᠡ ᠣᠯᠠᠨ ᠠᠯᠬᠤᠮ ᠢᠶᠠᠷ ᠳᠠᠮᠵᠢᠨ᠂ ᠡᠳᠡᠭᠡᠷ ᠭᠡᠷ ᠪᠦᠯᠢ ᠶᠢ ᠰᠣᠩᠭᠤᠨ ᠰᠢᠯᠭᠠᠷᠠᠭᠤᠯᠵᠠᠢ᠃ ᠡᠳᠡᠭᠡᠷ ᠵᠢᠱᠢᠶᠡᠴᠢ ᠭᠦᠮᠦᠰ ‍ᠤᠨ‌ᠦᠢᠯᠡ ᠠᠵᠢᠯᠯᠠᠭ᠎ᠠ ᠬᠦᠮᠦᠰ ᠎ ᠤᠨ ᠰᠡᠳᠭᠢᠯ ᠢ ᠤᠶᠠᠷᠠᠭᠠᠨ᠂ ᠵᠥᠪ ᠡᠨᠧᠷᠭᠢ ᠶᠢ ᠲᠦᠭᠡᠭᠡᠨ ᠲᠡᠯᠭᠡᠷᠡᠭᠦᠯᠵᠦ᠂ ᠪᠥᠬᠦ ᠬᠤᠰᠢᠭᠤᠨ ᠤ ᠦᠢ ᠣᠯᠠᠨ ᠭᠡᠷ ᠪᠦᠯᠢ ᠶᠢᠨ ᠬᠢᠨ ᠤ ᠰᠢᠨ᠎ᠡ ᠴᠠᠭ ᠦᠶ᠎ᠡ ᠶᠢᠨ ᠡᠷᠬᠢᠮ ᠰᠤᠷᠲᠠᠯ ᠢ ᠤᠯᠠᠮᠵᠢᠯᠠᠨ ᠪᠠᠳᠠᠷᠠᠭᠤᠯᠬᠤ ᠶᠢ ᠬᠥᠲᠥᠯᠦᠨ ᠳᠠᠭᠠᠭᠤᠯᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号