ᠬᠦᠪᠡᠭᠡᠲᠦ ᠰᠢᠷ᠎ᠠ ᠬᠤᠰᠢᠭᠤ ᠪᠥᠬᠦ ᠬᠤᠰᠢᠭᠤᠨ ᠤ ᠰᠤᠮᠤ ᠪᠠᠯᠭᠠᠰᠤ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-22
                                           ᠰᠢᠨᠵᠢᠯᠲᠦ  ᠲᠤᠤᠯᠠ  ᠮᠡᠳᠡᠭᠡᠯᠡᠪᠡ        6 ᠰᠠᠷ᠎ᠠ ᠶᠢᠨ 16 ᠤ ᠡᠳᠦᠷ᠂ ᠮᠠᠨ ᠤ ᠬᠤᠰᠢᠭᠤ ᠰᠤᠮᠤ ᠪᠠᠯᠭᠠᠰᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃        ᠬᠤᠷᠠᠯ ᠳᠡᠭᠡᠷ᠎ᠡ᠂ ᠪᠦᠬᠦ ᠣᠷᠣᠨ ᠤ ᠰᠤᠮᠤ ᠪᠠᠯᠭᠠᠰᠤ ᠪᠠ ᠵᠡᠭᠡᠯᠢ ᠭᠤᠳᠤᠮᠵᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢᠨ ᠠᠵᠢᠯ ᠤᠨ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠮᠠᠨ ᠤ ᠬᠤᠰᠢᠭᠤᠨ ᠤ ᠰᠤᠮᠤ ᠪᠠᠯᠭᠠᠰᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠲᠣᠭᠲᠠᠭᠰᠠᠨ ᠬᠤᠭᠤᠴᠠᠭᠠᠨ ᠳᠤᠨᠢ ᠴᠢᠨᠠᠷ ᠰᠠᠶᠢᠲᠠᠢ ᠪᠠᠷ ᠪᠡᠶᠡᠯᠡᠭᠦᠯᠵᠦ᠂ ᠪᠦᠬᠦ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠠᠵᠢᠯ ᠢ ᠤᠷᠤᠭᠰᠢᠲᠠᠢ ᠶᠠᠪᠤᠭᠳᠠᠭᠤᠯᠬᠤ ᠲᠤᠬᠠᠢ ᠪᠤᠳᠠᠳᠠᠢ ᠪᠠᠶᠢᠷᠢᠯᠠᠭᠤᠯᠤᠯᠳᠠ ᠬᠢᠵᠡᠢ᠃        ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ᠂ ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠨᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠡᠭᠡᠳᠦ ᠱᠠᠲᠤᠨ ᠤ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠠᠯᠠᠭᠤᠯᠤᠨ᠂ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠤᠯᠤᠰ ᠲᠥᠷᠥ ᠶᠢᠨ ᠵᠣᠭᠰᠣᠯᠲᠠ ᠪᠠᠨ ᠤᠯᠠᠮ ᠪᠠᠬᠢᠵᠢᠭᠦᠯᠦᠨ᠂ ᠦᠵᠡᠯᠲᠡ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠥᠭᠡᠷᠡᠴᠢᠯᠡᠯᠳᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠥᠭᠡᠷᠡᠴᠢᠯᠡᠯᠲᠡ ᠶᠢᠨ ᠡᠭᠦᠷᠭᠡ ᠶᠢ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠶᠢ ︽ᠬᠤᠶᠠᠷ ᠢ ᠬᠠᠮᠠᠭᠠᠯᠠᠬᠤ︾ ᠶᠢ ᠰᠢᠯᠭᠠᠨ ᠪᠠᠶᠢᠴᠠᠭᠠᠬᠤ ᠪᠣᠳᠠᠲᠤ ᠠᠵᠢᠯᠯᠠᠭ᠎ᠠ ᠪᠣᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠠᠵᠢᠯ ᠤᠨ ᠲᠤᠬᠠᠢ ᠰᠤᠷᠤᠯᠴᠠᠯᠭ᠎ᠠ ᠪᠣᠯᠪᠠᠰᠤᠷᠠᠯ ᠢ ᠤᠯᠠᠮ ᠴᠢᠩᠭᠠᠳᠬᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭᠠᠨ ᠤ ᠮᠦᠨ ᠴᠢᠨᠠᠷ ᠢ ᠭᠦᠨᠵᠡᠭᠡᠢ ᠣᠶᠢᠯᠠᠭᠠᠨ᠂ ᠥᠭᠡᠷᠡᠴᠢᠯᠡᠯᠲᠡ ᠶᠢᠨ ᠭᠤᠣᠯ ᠠᠭᠤᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠥᠭᠡᠷᠡᠴᠢᠯᠡᠯᠲᠡ ᠬᠢᠬᠦ ᠴᠢᠳᠠᠪᠤᠷᠢ ᠪᠠᠨ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠪᠤᠳᠠᠳᠠᠢ ᠭᠦᠢᠴᠡᠳᠬᠡᠵᠦ᠂ ᠥᠭᠡᠷᠡᠴᠢᠯᠡᠯᠲᠡ ᠶᠢ ᠪᠡᠶᠡᠯᠡᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠷᠠᠳᠢᠤ᠋ ᠲᠧᠯᠸᠢᠰ ᠬᠣᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号