ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠠᠳᠤᠯᠠᠭ᠎ᠠ ᠶᠢᠨ ᠡᠷᠴᠢᠮ ᠴᠢᠩᠭᠠᠷᠠᠪᠠ
ᠨᠡᠶᠢᠲᠡᠯᠡᠭᠰᠡᠨ ᠴᠠᠭ᠄
2020/6/23
       ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 19 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠤᠤ ᠡᠸ᠋ ᠨᠦᠸᠧ   ᠵᠠᠩ ᠱᠦᠸᠧ   ᠳ᠋ᠢᠩ ᠶᠠ ᠰᠦᠩ︶ ᠰᠤᠷᠭᠠᠨ ᠬᠦᠮᠦᠵᠢᠯ ᠤᠨ ᠶᠠᠮᠤᠨ ᠰᠤᠷᠤᠯᠭ᠎ᠠ ᠪᠠᠨ ᠳᠤᠷᠭᠤᠨ ᠵᠣᠭᠰᠤᠬᠤ ᠶᠢ ᠬᠢᠵᠠᠭᠠᠷᠯᠠᠨ ᠰᠤᠷᠤᠯᠭ᠎ᠠ ᠶᠢ ᠪᠠᠳᠤᠯᠠᠬᠤ ᠭᠤᠣᠯ ᠡᠭᠦᠷᠬᠡ ᠳᠤ ᠠᠩᠬᠠᠷᠤᠯ ᠲᠥᠪᠯᠡᠷᠡᠬᠦᠯᠵᠦ᠂ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠨ ᠰᠤᠷᠤᠯᠭ᠎ᠠ ᠶᠢ ᠪᠠᠳᠤᠯᠠᠬᠤ ᠲᠤᠰᠬᠠᠢ ᠠᠵᠢᠯᠯᠠᠭ᠎ᠠ ᠶᠢ ᠢᠳᠡᠪᠬᠢᠳᠡᠢ ᠥᠷᠨᠢᠬᠦᠯᠦᠨ᠂ ᠰᠤᠷᠤᠯᠭ᠎ᠠ ᠪᠠᠨ ᠳᠤᠷᠭᠤᠨ ᠵᠤᠭᠰᠤᠬᠤ ᠶᠢ ᠣᠨᠤᠪᠴᠢᠲᠠᠢ ᠬᠢᠵᠠᠭᠠᠷᠯᠠᠬᠤ ᠤᠷᠲᠤ ᠬᠤᠭᠤᠴᠠᠭᠠᠨ ᠤ ᠪᠦᠳᠦᠮᠵᠢᠲᠠᠢ ᠲᠤᠭᠳᠠᠴᠠ ᠶᠢ ᠪᠦᠷᠢᠨᠰᠢᠬᠦᠯᠪᠡ᠃ ᠡᠯ᠎ᠡ ᠭᠠᠵᠠᠷ ᠤᠨ ᠬᠢᠨ ᠬᠤᠯᠪᠤᠭᠠᠯᠠᠨ ᠡᠵᠡᠮᠳᠡᠵᠦ ᠬᠤᠯᠪᠤᠭᠠᠯᠠᠨ ᠪᠠᠳᠤᠯᠠᠬᠤ ᠬᠠᠷᠢᠭᠤᠴᠠᠯᠭ᠎ᠠ ᠶᠢᠨ ᠲᠥᠷᠢᠮ ᠢ ᠲᠤᠭᠳᠠᠭᠠᠵᠤ᠂ ᠪᠤᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠢ ᠬᠦᠴᠦ ᠬᠠᠮᠳᠤᠷᠠᠨ ᠰᠠᠶᠢᠲᠤᠷ ᠬᠢᠪᠡ᠃ 6 ᠰᠠᠷ᠎ᠠ ᠶᠢᠨ 14 ᠤ ᠡᠳᠦᠷ ᠪᠣᠯᠲᠠᠯ᠎ᠠ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠯᠭ᠎ᠠ ᠪᠠᠨ ᠳᠤᠷᠭᠤᠨ ᠵᠤᠭᠰᠤᠭᠰᠠᠨ ᠰᠤᠷᠤᠭᠴᠢ 2019 ᠣᠨ ᠤ 5 ᠰᠠᠷ᠎ᠠ ᠳᠤ 60 ᠲᠥᠮᠡᠨ ᠬᠦᠮᠦᠨ ᠪᠠᠶᠢᠭᠰᠠᠨ ᠠᠴᠠ ᠪᠠᠨ 6781 ᠬᠦᠮᠦᠨ ᠪᠤᠯᠤᠨ ᠪᠠᠭᠠᠰᠴᠤ᠂ 99% ᠰᠢᠬᠠᠮ ᠪᠠᠭᠤᠷᠠᠪᠠ᠃ ᠶᠠᠳᠠᠭᠤ ᠠᠴᠠ ᠠᠩᠭᠢᠵᠢᠷᠠᠭᠠᠳᠤᠢ ᠶᠠᠳᠠᠭᠤ ᠬᠦᠴᠢᠷᠳᠡᠯᠳᠡᠢ 52 ᠰᠢᠶᠠᠨ ᠤ ᠰᠤᠷᠤᠯᠭ᠎ᠠ ᠪᠠᠨ ᠳᠤᠷᠭᠤᠨ ᠵᠤᠭᠰᠤᠭᠰᠠᠨ ᠰᠤᠷᠤᠭᠴᠢ 8.2 ᠲᠦᠮᠡ ᠪᠠᠶᠢᠭᠰᠠᠨ ᠠᠴᠠ ᠪᠠᠨ 433 ᠬᠦᠮᠦᠨ ᠪᠤᠯᠤᠨ ᠬᠠᠰᠤᠭᠲᠠᠨ᠂ 99.5% ᠪᠠᠷ ᠪᠠᠭᠤᠷᠠᠪᠠ᠃        ᠶᠠᠳᠠᠭᠤ ᠠᠴᠠ ᠠᠩᠭᠢᠵᠢᠷᠠᠭᠠᠳᠤᠢ 52 ᠰᠢᠶᠠᠨ ᠪᠣᠯ ︽ᠠᠯᠪᠠᠨ ᠵᠢᠷᠣᠮ ᠤᠨ ᠰᠤᠷᠭᠠᠨ ᠬᠦᠮᠦᠵᠢᠯ ᠬᠦᠷᠳᠡᠭᠡᠬᠦ ᠶᠢ ᠪᠠᠳᠤᠯᠠᠬᠤ︾ ᠬᠠᠷᠠᠯᠲᠠ ᠶᠢ ᠪᠡᠶᠡᠯᠡᠬᠦᠯᠬᠦ ᠭᠤᠣᠯ ᠲᠠᠯᠠᠪᠤᠷ ᠪᠤᠯᠤᠨ᠎ᠠ᠃ ᠰᠤᠷᠭᠠᠨ ᠬᠦᠮᠦᠵᠢᠯ ᠤᠨ ᠶᠠᠮᠤᠨ ︽ᠭᠤᠷᠪᠠᠨ ᠣᠷᠤᠨ ᠭᠤᠷᠪᠠᠨ ᠵᠸᠦ︾ ᠪᠠᠷ ᠰᠢᠢᠳᠪᠦᠷᠢᠲᠦ ᠳᠠᠶᠢᠯᠠᠯᠳᠤᠭᠠᠨ ᠬᠢᠬᠦ ᠭᠠᠵᠠᠷ ᠪᠤᠯᠭᠠᠵᠤ᠂ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠵᠤ᠂ ᠰᠤᠷᠤᠯᠭ᠎ᠠ ᠶᠢ ᠪᠠᠳᠤᠯᠠᠬᠤ ᠪᠠᠷ ᠭᠤᠣᠯ ᠰᠢᠪᠳᠤᠯᠤᠯᠲᠠ ᠶᠢᠨ ᠴᠡᠭ ᠪᠣᠯᠭᠠᠨ᠂ ᠲᠥᠷᠦ ᠶᠢᠨ ᠪᠤᠳᠤᠯᠭ᠎ᠠ ᠪᠡᠯᠡ ᠮᠦᠩᠭᠦ᠂ ᠲᠥᠷᠦᠯ ᠵᠦᠢᠯ ᠤᠨ ᠲᠠᠯ᠎ᠠ ᠪᠠᠷ ᠢᠯᠡᠬᠦᠦ ᠳᠡᠮᠵᠢᠯᠭᠡ ᠦᠵᠡᠬᠦᠯᠬᠦ ᠪᠠᠨ ᠦᠷᠬᠦᠯᠵᠢᠯᠡᠨ ᠨᠡᠮᠡᠭᠳᠡᠬᠦᠯᠵᠦ᠂ ᠰᠢᠯᠢᠳᠡᠭ ᠬᠦᠴᠦᠨ ᠢ ᠵᠤᠬᠢᠶᠠᠨ ᠪᠠᠶᠢᠭᠤᠯᠤᠨ ᠠᠰᠠᠭᠤᠳᠠᠯ ᠢ ᠡᠮᠬᠢᠯᠡᠵᠦ᠂ ᠠᠵᠢᠯ ᠢᠶᠠᠨ ᠬᠤᠪᠢᠶᠠᠷᠢᠯᠠᠨ ᠬᠡᠰᠡᠭ ᠢ ᠲᠠᠭᠠᠭᠠᠴᠢᠯᠠᠵᠤ᠂ ᠬᠦᠴᠦᠲᠠᠢ ᠬᠠᠪᠰᠤᠷᠤᠨ ᠲᠡᠳᠬᠦᠵᠦ᠂ ᠫᠠᠶᠢᠰᠠ ᠡᠯᠬᠦᠨ ᠳᠠᠶᠢᠯᠠᠯᠳᠤᠭᠠᠨ ᠢ ᠬᠢᠨᠠᠨ ᠵᠢᠯᠤᠭᠤᠳᠪᠠ᠃       ᠲᠠᠨᠢᠯᠴᠠᠭᠤᠯᠤᠭᠰᠠᠨ ᠢᠶᠠᠷ᠂ ᠰᠤᠷᠭᠠᠨ ᠬᠦᠮᠦᠵᠢᠯ ᠤᠨ ᠶᠠᠮᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ 52 ᠰᠢᠶᠠᠨ ᠢ ᠵᠢᠯᠤᠭᠤᠳᠤᠨ᠂ ᠰᠢᠶᠠᠨ ᠳᠠᠷᠠᠭᠠᠯᠠᠨ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠵᠤ᠂ ᠰᠤᠷᠤᠯᠭ᠎ᠠ ᠶᠢ ᠪᠠᠳᠤᠯᠠᠬᠤ ᠠᠵᠢᠯ ᠤᠨ ᠳᠥᠰᠦᠯ ᠢ ᠲᠡᠬᠦᠯᠳᠡᠷᠵᠢᠬᠦᠯᠵᠦ᠂ ᠰᠤᠷᠤᠭᠴᠢ ᠣᠯᠠᠨᠲᠠᠢ ᠠᠩᠭᠢ ᠣᠯᠠᠨ ᠪᠠᠶᠢᠬᠤ ᠳᠤᠪᠤᠶᠢᠮ᠎ᠠ ᠠᠰᠠᠭᠤᠳᠠᠯ ᠤᠷᠤᠰᠢᠵᠤ ᠪᠠᠶᠢᠭ᠎ᠠ ᠶᠠᠳᠠᠭᠤ ᠬᠦᠴᠢᠷᠳᠡᠯᠳᠡᠢ ᠰᠢᠶᠡᠨ ᠤ ᠰᠤᠷᠤᠭᠴᠢ ᠣᠯᠠᠨᠲᠠᠢ ᠠᠩᠭᠢ ᠶᠢ ᠦᠬᠡᠢ ᠪᠣᠯᠭᠠᠬᠤ ᠠᠵᠢᠯ ᠲᠥᠰᠦᠯ ᠲᠤᠭᠳᠠᠭᠠᠬᠤ ᠶᠢ ᠵᠢᠭᠠᠨ ᠵᠢᠯᠤᠭᠤᠳᠴᠤ᠂ ᠪᠠᠭᠰᠢ ᠶᠢᠨ ᠨᠠᠶᠢᠲᠡ ᠶᠢᠨ ᠠᠰᠠᠷᠠᠮᠵᠢ ᠶᠢᠨ ᠪᠤᠯᠪᠠᠰᠤᠷᠠᠯ ᠤᠨ ᠲᠥᠷᠦᠯ ᠵᠦᠢᠯ ᠵᠡᠷᠭᠡ ᠶᠢ ᠵᠤᠬᠢᠶᠠᠨ ᠪᠠᠶᠢᠭᠤᠯᠤᠨ ᠥᠷᠨᠢᠬᠦᠯᠪᠡ᠃ ᠡᠬᠦᠨ ᠤ ᠬᠠᠮᠲᠤ᠂ ᠶᠠᠳᠠᠭᠤ ᠬᠦᠴᠢᠷᠳᠡᠯᠳᠡᠢ ᠰᠢᠶᠠᠨ ᠳᠤ ᠲᠤᠭᠠᠴᠢᠯᠠᠭᠰᠠᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠨᠳᠤᠯᠭ᠎ᠠ ᠲᠠᠢ ᠤᠷᠤᠭᠤᠯᠬᠤ ᠶᠢᠨ ᠵᠡᠷᠭᠡᠪᠡᠷ ᠵᠡᠬᠦᠨ ᠬᠡᠰᠡᠭ ᠤᠨ ᠬᠦᠭᠵᠢᠭᠰᠡᠨ ᠭᠠᠵᠠᠷ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢ ᠵᠤᠬᠢᠶᠠᠨ ᠪᠠᠶᠢᠭᠤᠯᠵᠤ᠂ ᠶᠠᠳᠠᠭᠤ ᠬᠦᠴᠢᠷᠳᠡᠯᠳᠡᠢ ᠰᠢᠶᠠᠨ ᠤ ᠰᠤᠷᠭᠠᠭᠤᠯᠢ ᠯᠤᠭ᠎ᠠ ᠬᠠᠪᠰᠤᠷᠤᠨ ᠲᠡᠳᠬᠦᠬᠦ ᠬᠠᠷᠢᠴᠠᠭ᠎ᠠ ᠬᠤᠯᠪᠤᠭᠠᠳᠤ ᠪᠠᠶᠢᠭᠤᠯᠤᠨ᠂ ᠶᠠᠳᠠᠭᠤ ᠬᠦᠴᠢᠷᠳᠡᠯᠳᠡᠢ ᠰᠢᠶᠠᠨ ᠳᠤ ᠬᠠᠨᠳᠤᠭᠤᠯᠤᠭᠰᠠᠨ ᠤᠨᠴᠠᠭᠠᠢ ᠰᠤᠷᠭᠠᠨ ᠬᠦᠮᠦᠵᠢᠯ ᠤᠨ ᠪᠠᠭᠰᠢ ᠶᠢᠨ ᠰᠦᠯᠵᠢᠶᠡᠨ ᠳᠡᠭᠡᠷᠡᠬᠢ ᠪᠤᠯᠪᠠᠰᠤᠷᠠᠯ ᠢ ᠵᠤᠬᠢᠶᠠᠨ ᠪᠠᠶᠢᠭᠤᠯᠤᠭᠰᠠᠨ ᠢᠶᠠᠷ ᠰᠢᠭᠤᠳ ᠨᠡᠪᠳᠡᠷᠡᠬᠦᠯᠭᠡ ᠳᠤ ᠣᠷᠤᠯᠴᠠᠭᠰᠠᠨ ᠬᠦᠮᠦᠨ ᠤ ᠲᠤᠭ᠎ᠠ ᠨᠢ 1.5 ᠲᠥᠮᠡ ᠭᠠᠷᠤᠢ ᠬᠦᠮᠦᠨ ᠤᠳᠠᠭ᠎ᠠ ᠳᠤ ᠬᠦᠷᠴᠡᠢ᠃ ︵ᠠᠷᠠᠳ ᠤᠨ ᠰᠦᠯᠵᠢᠶ᠎ᠡ ᠶᠢᠨ ᠮᠤᠩᠭᠤᠯ ᠸᠢᠴᠧᠲ ᠲᠠᠪᠴᠠᠩ︶
 
ᠢᠷᠡᠯᠲᠡ᠄ ᠠᠷᠠᠳ ᠤᠨ ᠰᠦᠯᠵᠢᠶ᠎ᠡ ᠶᠢᠨ ᠮᠤᠩᠭᠤᠯ ᠸᠢᠴᠧᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号