ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠦᠮᠦᠨ ᠳᠤᠮᠳᠠᠴᠢ ᠶᠢᠨ ᠡᠳ᠋ ᠤᠨ ᠵᠠᠰᠠᠭ ᠤᠨ ᠨᠦᠬᠦᠪᠦᠷᠢ ᠶᠢ 30 ᠲᠦᠭᠦᠷᠢᠭ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2020/6/24
      ᠣᠷᠴᠢᠮᠬᠠᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ︽2020 ᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠦᠮᠦᠨ ᠳᠤᠮᠳᠠᠴᠢ ᠶᠢᠨ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ 30 ᠲᠦᠭᠦᠷᠢᠭ ᠨᠡᠮᠡᠭᠳᠡᠬᠦᠯᠦᠨ᠎ᠡ᠂ ᠬᠦᠮᠦᠨ ᠨᠢᠭᠡᠪᠦᠷᠢ ᠳᠤ ᠵᠢᠯ ᠪᠦᠷᠢ 550 ᠲᠦᠬᠦᠷᠢᠭ ᠠᠴᠠ ᠲᠤᠤᠷ᠎ᠠ ᠪᠠᠶᠢᠯᠭᠠᠵᠤ ᠪᠣᠯᠬᠤ ᠦᠬᠡᠢ ᠭᠡᠵᠤ ᠲᠤᠳᠤᠷᠬᠠᠢ ᠲᠤᠭᠲᠠᠭᠠᠪᠠ᠃ ᠵᠠᠷᠴᠢᠮ ᠲᠡᠭᠡᠷ᠎ᠡ ᠪᠠᠨ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠢ ᠠᠳᠠᠯᠢᠬᠠᠨ 30 ᠲᠦᠬᠦᠷᠢᠭ ᠲᠡᠭᠡᠭᠰᠢᠯᠡᠬᠦᠯᠵᠦ᠂ ᠬᠦᠮᠦᠨ ᠪᠦᠷᠢ ᠵᠢᠯ ᠳᠤ 280 ᠲᠦᠭᠦᠷᠢᠭ ᠲᠤ ᠬᠦᠷᠦᠭᠦᠯᠦᠨ᠎ᠡ᠃ ᠡᠬᠦᠨ ᠤ ᠬᠠᠮᠲᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ᠂ ᠬᠦᠨᠳᠦ ᠡᠪᠡᠳᠴᠢᠨ ᠤ ᠲᠠᠭᠠᠳᠬᠠᠯ ᠤᠨ ᠠᠵᠢᠯᠯᠠᠭᠠᠨ ᠤ ᠪᠠᠶᠢᠳᠠᠯ ᠳᠤ ᠰᠠᠭᠤᠷᠢᠯᠠᠨ᠂ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠨᠢᠭᠡᠳᠦᠯᠲᠠᠢ ᠲᠦᠯᠥᠪᠯᠡᠨ ᠲᠡᠭᠡᠭᠰᠢᠯᠡᠬᠦᠯᠦᠨ᠎ᠡ᠃      ᠡᠮᠨᠡᠯᠭᠡ ᠳᠤ ᠰᠠᠭᠤᠵᠤ ᠳᠠᠩᠰᠠ ᠲᠠᠶᠢᠯᠬᠤ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠲᠠᠯ᠎ᠠ ᠪᠠᠷ᠂ ᠳᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ ᠤᠨ ᠬᠠᠷᠠᠭᠠᠯᠵᠠᠯ ᠢ ᠤᠯᠠᠮ ᠨᠢᠭᠡ ᠠᠯᠬᠤᠮ ᠪᠦᠷᠢᠨᠰᠢᠬᠦᠯᠦᠨ᠎ᠡ᠃      ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ 2020 ᠣᠨ ᠳᠤ᠂ ᠭᠤᠷᠪᠠᠨ ᠲᠠᠯ᠎ᠠ ᠪᠠᠷ ᠬᠠᠷᠠᠭᠠᠯᠵᠠᠯ ᠤᠨ ᠪᠠᠳᠤᠯᠠᠭ᠎ᠠ ᠶᠢᠨ ᠲᠤᠭᠲᠠᠴᠠ ᠶᠢ ᠲᠡᠬᠦᠯᠳᠡᠷᠵᠢᠬᠦᠯᠦᠨ᠎ᠡ᠄      ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠲᠠ ᠬᠦᠳᠡᠭᠡ ᠶᠢ ᠨᠢᠭᠡᠳᠦᠯᠲᠠᠢ ᠲᠦᠯᠦᠪᠯᠡᠬᠦ ᠲᠥᠷᠢᠮ ᠤᠨ ᠠᠰᠢᠭ ᠢ ᠪᠦᠬᠦ ᠲᠠᠯ᠎ᠠ ᠪᠠᠷ ᠪᠡᠶᠡᠯᠡᠬᠦᠯᠵᠦ᠂ ᠲᠥᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠬᠤ ᠵᠠᠷᠤᠳᠠᠯ ᠤᠨ ᠶᠡᠷᠦᠩᠭᠡᠢ ᠪᠠᠳᠤᠯᠠᠭ᠎ᠠ ᠶᠢᠨ ᠬᠢᠷᠢ ᠲᠥᠪᠰᠢᠨ ᠢ 70% ᠳᠤ ᠬᠦᠷᠭᠡᠵᠦ᠂ ᠴᠢᠰᠤᠨ ᠲᠠᠷᠤᠯᠳᠠ ᠦᠨᠳᠦᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠬᠦᠳᠡᠨ ᠡᠮᠨᠡᠯᠭᠡ ᠶᠢᠨ ᠡᠮ ᠬᠡᠷᠡᠭᠯᠡᠬᠦ ᠪᠠᠳᠤᠯᠠᠭ᠎ᠠ ᠶᠢᠨ ᠲᠤᠭᠲᠠᠴᠠ ᠵᠡᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃       ᠬᠦᠨᠳᠦ ᠡᠪᠡᠳᠴᠢᠨ ᠤ ᠲᠠᠭᠠᠳᠬᠠᠯ ᠤᠨ ᠪᠠᠳᠤᠯᠠᠭ᠎ᠠ ᠶᠢᠨ ᠬᠢᠷᠢ ᠲᠥᠪᠰᠢᠨ ᠢ ᠪᠠᠬᠢᠵᠢᠬᠦᠯᠵᠦ᠂ ᠡᠬᠢᠯᠡᠵᠦ ᠲᠤᠰᠢᠶᠠᠬᠤ ᠱᠤᠭᠤᠮ ᠢ ᠲᠤᠷᠤᠭᠰᠢᠯᠠᠭᠤᠯᠬᠤ ᠶᠢᠨ ᠬᠠᠮᠲᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠤᠯᠭ᠎ᠠ ᠶᠢᠨ ᠬᠠᠭᠠᠰ ᠬᠦᠷᠲᠡᠯ᠎ᠡ ᠨᠢᠭᠡᠳᠦᠯᠲᠠᠢ ᠪᠤᠯᠭᠠᠬᠤ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠲᠥᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠲᠦᠯᠦᠬᠦ ᠬᠠᠷᠢᠴᠠᠯ ᠢ 60% ᠳᠤ ᠬᠦᠷᠭᠡᠵᠦ᠂ ᠨᠦᠬᠦᠴᠡᠯ ᠪᠦᠬᠦᠢ ᠭᠠᠵᠠᠷ ᠤᠷᠤᠨ ᠤ ᠲᠡᠭᠡᠳᠦ ᠬᠢᠵᠠᠭᠠᠷ ᠢ ᠬᠦᠴᠦᠨ ᠦᠬᠡᠢ ᠪᠤᠯᠭᠠᠬᠤ ᠶᠢ ᠵᠤᠷᠢᠭᠵᠢᠭᠤᠯᠤᠨ᠎ᠠ᠃       ᠡᠮ ᠡᠮᠨᠡᠯᠭᠡ ᠶᠢᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠳᠤᠯᠠᠬᠤ ᠦᠢᠯᠡᠳᠦᠯ ᠢ ᠪᠠᠳᠠᠷᠠᠭᠤᠯᠤᠨ᠎ᠠ᠃
 
ᠢᠷᠡᠯᠲᠡ᠄ ᠥᠪᠦᠷ ᠮᠤᠩᠭᠤᠯ ᠤᠨ ᠡᠳᠦᠷ ᠦᠨ ᠰᠣᠨᠢᠨ ᠤ ᠸᠢᠸ᠋ᠴᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号