ᠬᠦᠪᠡᠭᠡᠲᠦ ᠰᠢᠷ᠎ᠠ ᠬᠤᠰᠢᠭᠤ ᠮᠠᠯᠵᠢᠬᠤ ᠤᠷᠤᠨ ᠤ ᠴᠡᠪᠡᠷᠯᠡᠭᠴᠢ ᠶᠢᠨ ᠡᠩᠨᠡᠭᠡ ᠶᠢ ᠪᠠᠶᠢᠭᠤᠯᠪᠠ
ᠨᠡᠶᠢᠲᠡᠯᠡᠭᠰᠡᠨ ᠴᠠᠭ᠄
2020-06-28
        ᠬᠦᠪᠡᠭᠡᠲᠦ ᠰᠢᠷ᠎ᠠ ᠬᠤᠰᠢᠭᠤ ᠦᠨᠦᠬᠡᠨ ᠵᠢᠱᠢᠶ᠎ᠡ ᠦᠵᠡᠬᠦᠯᠬᠦ ᠰᠤᠮᠤ ᠭᠠᠴᠠᠭᠠᠨ ᠳᠤ ᠤᠷᠴᠢᠨ ᠲᠤᠭᠤᠷᠢᠨ  ᠤ ᠴᠡᠪᠡᠷᠯᠡᠭᠡᠨ ᠤ ᠮᠠᠰᠢᠨ ᠳᠦᠬᠦᠭᠡᠷᠦᠮᠵᠢ ᠳᠠᠷᠬᠠᠭᠠᠬᠤ ᠶᠤᠰᠤᠯᠠᠯ ᠶᠠᠪᠤᠭᠳᠠᠭᠤᠯᠵᠤ᠂ ᠤᠩᠭᠤᠨ ᠠᠭᠤᠯᠠ ᠰᠤᠮᠤᠨ  ᠤ18 ᠵᠢᠱᠢᠶ᠎ᠡ ᠦᠵᠡᠬᠦᠯᠬᠦ ᠭᠠᠴᠠᠭ᠎ᠠ ᠪᠤᠯᠤᠨ ᠪᠤᠰᠤᠳ ᠰᠤᠮᠤ ᠪᠠᠯᠭᠠᠰᠤᠨ ᠤ ᠵᠢᠱᠢᠶ᠎ᠠ ᠦᠵᠡᠬᠦᠯᠬᠦ 7 ᠭᠠᠴᠠᠭᠠᠨ ᠳᠤ ᠴᠡᠪᠡᠷᠯᠡᠭᠡᠨ ᠳᠤ ᠬᠡᠷᠡᠭᠯᠡᠬᠦ 50 ᠲᠦᠮᠡᠨ ᠲᠦᠬᠦᠷᠢᠭ ᠤᠨ ᠦᠷᠲᠡᠭ ᠪᠦᠬᠦᠢ 50 ᠰᠠᠤᠷᠢ ᠭᠤᠷᠪᠠᠨ ᠭᠦᠷᠳᠦᠳᠦ ᠮᠣᠲ᠋ᠣᠷ ᠬᠤᠪᠢᠳᠠᠨ ᠦᠭᠬᠦᠭᠰᠡᠨ ᠪᠠᠶᠢᠨ᠎ᠠ᠃         ᠬᠦᠪᠡᠭᠡᠲᠦ ᠰᠢᠷ᠎ᠠ ᠬᠤᠰᠢᠭᠤ ᠳᠠᠩᠰᠠ ᠺᠠᠷᠲ ᠪᠠᠶᠢᠭᠤᠯᠤᠭᠰᠠᠨ ᠮᠠᠯᠵᠢᠬᠤ ᠤᠷᠤᠨ ᠤ ᠶᠠᠳᠠᠭᠤ ᠬᠦᠴᠢᠷᠳᠡᠯᠲᠠᠢ ᠡᠷᠦᠬᠡ ᠶᠢᠨ ᠬᠦᠳᠡᠯᠮᠦᠷᠢ ᠬᠦᠴᠦ ᠪᠠᠷ ᠭᠤᠤᠯᠳᠠᠵᠤ 54 ᠳᠤᠰᠬᠠᠢ ᠠᠵᠢᠯ ᠤᠨ ᠪᠠᠶᠢᠷᠢ ᠳᠤᠬᠢᠷᠠᠭᠤᠯᠤᠨ ᠮᠠᠯᠵᠢᠬᠤ ᠤᠷᠤᠨ ᠤ ᠴᠡᠪᠡᠷᠯᠡᠭᠴᠢ ᠶᠢᠨ ᠡᠩᠨᠡᠭᠡ ᠶᠢ ᠪᠠᠶᠢᠭᠤᠯᠵᠤ᠂ ᠮᠠᠯᠵᠢᠬᠤ ᠤᠷᠤᠨ ᠤ ᠬᠤᠭ ᠨᠤᠪᠰᠢ ᠶᠢ ᠴᠡᠪᠡᠷᠯᠡᠨ ᠰᠢᠢᠳᠪᠦᠷᠢᠯᠡᠬᠦ᠂ ᠨᠤᠷᠠᠩᠬᠠᠢ ᠭᠡᠷ ᠬᠤᠷᠤᠭ᠎ᠠ ᠶᠢ ᠴᠡᠪᠡᠷᠯᠡᠬᠦ ᠵᠡᠷᠭᠡ ᠠᠵᠢᠯ ᠡᠬᠦᠷᠭᠡ ᠶᠢ ᠲᠤᠰᠢᠶᠠᠵᠤ᠂ ᠰᠠᠷ᠎ᠠ ᠪᠦᠷᠢ 1500 ᠲᠦᠬᠦᠷᠢᠭ ᠤᠨ ᠴᠠᠯᠢᠩ ᠮᠦᠩᠬᠦ ᠤᠯᠭᠤᠬᠤ ᠪᠠᠷ ᠪᠠᠶᠢᠨ᠎ᠠ᠃         ᠮᠠᠯᠵᠢᠬᠤ ᠤᠷᠤᠨ ᠤ ᠴᠡᠪᠡᠷᠯᠡᠭᠴᠢ ᠶᠢᠨ ᠡᠩᠨᠡᠭᠡ ᠶᠢ ᠪᠠᠶᠢᠭᠤᠯᠤᠨ᠂ ᠴᠡᠪᠡᠷᠯᠡᠭᠡᠨ ᠤ ᠮᠠᠰᠢᠨ ᠳᠦᠬᠦᠭᠡᠷᠦᠮᠵᠢ ᠳᠠᠷᠬᠠᠭᠠᠭᠰᠠᠨ ᠨᠢ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ᠂ ᠬᠦᠳᠡᠭᠡ ᠳᠤᠰᠬᠤᠨ  ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯᠤᠨ ᠮᠠᠯᠵᠢᠬᠤ ᠤᠷᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠬᠦᠯᠬᠦ ᠪᠤᠯᠤᠨ᠎ᠠ᠃         ᠶᠤᠰᠤᠯᠠᠯ ᠳᠡᠭᠡᠷ᠎ᠡ᠂ 54 ᠨᠡᠷ᠎ᠡ ᠮᠠᠯᠵᠢᠬᠤ ᠤᠷᠤᠨ ᠤ ᠴᠡᠪᠡᠷᠯᠡᠭᠴᠢ ᠳᠤ ᠲᠣᠰᠪᠦᠷᠢ 900 ᠲᠦᠬᠦᠷᠢᠭ  ᠤᠨ ᠦᠷᠲᠡᠭ ᠪᠦᠬᠦᠢ ᠴᠡᠪᠡᠷᠯᠡᠭᠡᠨ ᠤ ᠪᠠᠭᠠᠵᠢ ᠬᠡᠷᠡᠭᠰᠡᠯ᠂ ᠬᠤᠪᠴᠠᠰᠤ ᠬᠤᠨᠠᠷ ᠢ ᠳᠠᠷᠬᠠᠭᠠᠨ ᠦᠭᠴᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号