ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾᠎ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-29
                                                   ᠰᠢᠨᠵᠢᠯᠡᠳᠤ  ᠮᠡᠳᠡᠭᠡᠯᠡᠪᠠ       6 ᠰᠠᠷ᠎ᠠ ᠶᠢᠨ 24᠎ ᠤ ᠡᠳᠦᠷ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾᠎ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠵᠠᠢ᠃       ᠬᠤᠷᠠᠯ ᠲᠡᠭᠡᠷ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠯᠢ ᠭᠤᠸᠠᠩ ᠵᠢᠶᠦ᠋ᠨ ᠬᠠᠷᠢᠭᠤ ᠮᠡᠳᠡᠭᠦᠯᠦᠯᠲᠡ ᠬᠢᠵᠦ᠂ ᠮᠠᠨ ᠤ ᠬᠤᠰᠢᠭᠤ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾᠎ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠲᠠᠨᠢᠯᠴᠠᠭᠤᠯᠵᠠᠢ᠃ ᠤᠶᠢᠯᠠᠭᠠᠭᠰᠠᠨ ᠎ ᠢᠶᠠᠷ᠂ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾ ᠭᠡᠳᠡᠭ ᠨᠢ ︽ᠪᠥᠬᠦᠳᠡ  ᠨᠡᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠂ ︽ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢ ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠯᠠᠵᠤ ᠢᠳᠡᠬᠦ ᠮᠠᠭᠤ ᠳᠠᠳᠬᠠᠯ ᠢ ᠠᠷᠢᠯᠭᠠᠬᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠲᠤᠬᠠᠶ ᠲᠣᠭᠲᠠᠭᠠᠯ︾ ᠪᠤᠯᠤᠨ ︽ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠡᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ﹀᠎ ᠶᠢ ᠬᠡᠷᠡᠭᠵᠢᠭᠦᠯᠬᠦ ᠠᠷᠭ᠎ᠠ︾᠎ ᠶᠢ ᠵᠢᠭᠠᠵᠤ ᠪᠠᠶᠢᠨ᠎ᠠ᠃       ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠨᠤᠤᠮ᠎ᠠ ᠠᠴᠠ ᠡᠯ᠎ᠡ ᠬᠠᠮᠢᠶ᠎ᠠ ᠪᠥᠬᠦᠢ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢᠭᠡᠴᠡ ᠎ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠤᠯᠢ ᠶᠣᠰᠣᠭᠠᠷ ᠬᠠᠮᠠᠭᠠᠯᠠᠬᠤ ᠶᠢ ᠪᠠᠷᠢᠮᠳᠠᠯᠠᠵᠤ᠂ ᠡᠬᠡ ᠪᠠᠶᠢᠭᠠᠯᠢ ᠶᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠪᠥᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠎ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠡᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠳᠤᠷᠠᠯ ‍ᠤᠨ‌‍ᠬᠦ᠋ᠴᠦᠨ ᠢ ᠪᠤᠢ ᠪᠤᠯᠭᠠᠨ᠂ ᠤᠬᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ ᠰᠡᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠬᠤ ᠭᠡᠷᠡᠭᠳᠡᠢ ᠭᠡᠵᠦ ᠱᠠᠭᠠᠷᠳᠠᠵᠠᠢ᠃       ᠬᠤᠷᠠᠯ ᠳᠤ ᠣᠷᠣᠯᠴᠠᠭᠰᠠᠳ ᠨᠢ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾᠎ ᠶᠢ ᠰᠠᠶᠢᠳᠤᠷ ᠲᠤᠤᠱᠠᠯᠠᠭᠤᠯᠤᠨ ᠬᠡᠷᠡᠭᠵᠢᠭᠦᠯᠬᠦ ᠲᠤᠬᠠᠢ ᠰᠠᠨᠠᠯ ᠰᠠᠨᠠᠭᠤᠯᠭ᠎ᠠ  ᠎ ᠪᠠᠨ ᠲᠤᠷᠠᠳᠴᠠᠢ᠃    
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号