ᠮᠠᠨ ᠤ ᠬᠤᠰᠢᠭᠤ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠶ ᠶᠢᠨ ᠲᠠᠯᠠᠪᠤᠷ ᠤᠨ ᠬᠤᠷᠠᠯ ᠤᠨ ᠭᠤᠷᠪᠠᠳᠤᠭᠠᠷ ᠤᠳᠠᠭᠠᠨ ᠤ ᠪᠡᠯᠡᠳᠭᠡᠵᠦ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2020-06-29
                                           ᠲᠠᠩᠭᠢᠰ    ᠮᠥᠴᠢᠷ  ᠮᠡᠳᠡᠭᠡᠯᠡᠪᠡ                8 ᠰᠠᠷ᠎ᠠ ᠳᠤ ᠮᠠᠨ ᠤ ᠬᠤᠰᠢᠭᠤᠨ ᠳᠤ ᠬᠤᠷᠠᠯᠳᠤᠬᠤ ᠪᠠᠷ ᠪᠠᠶᠢᠭ᠎ᠠ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠢ ᠶᠢᠨ ᠳᠠᠯᠠᠪᠤᠷ ᠤᠨ ᠬᠤᠷᠠᠯ ᠤᠨ ᠡᠯ᠎ᠡ ᠳᠠᠯ᠎ᠠ ᠶᠢᠨ ᠪᠡᠯᠡᠳᠭᠡᠯ ᠠᠵᠢᠯ ᠢ ᠰᠠᠶᠢᠳᠤᠷ ᠬᠢᠬᠦ ᠶᠢᠨ ᠲᠦᠯᠦᠭᠡ᠂ 6 ᠰᠠᠷ᠎ᠠ ᠶᠢᠨ 22᠎ ᠤ ᠡᠳᠦᠷ᠂ ᠮᠠᠨ ᠤ ᠬᠤᠰᠢᠭᠤ ᠨᠢ ᠪᠦᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠢ ᠶᠢᠨ ᠲᠠᠯᠠᠪᠤᠷ ᠤᠨ ᠬᠤᠷᠠᠯ ᠤᠨ ᠭᠤᠷᠪᠠᠳᠤᠭᠠᠷ ᠤᠳᠠᠭᠠᠨ ᠤ ᠪᠡᠯᠡᠳᠭᠡᠵᠦ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠵᠤ᠂ ᠡᠯ᠎ᠡ ᠳᠠᠯ᠎ᠠ ᠶᠢᠨ ᠪᠡᠯᠡᠳᠬᠡᠯ ᠠᠵᠢᠯ ᠢ ᠪᠠᠶᠢᠷᠢᠯᠠᠭᠤᠯᠪᠠ᠃          ᠬᠤᠷᠠᠯ ᠠᠴᠠ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠬᠠᠢ ᠶᠢᠨ ᠳᠠᠯᠠᠪᠤᠷ ᠤᠨ ᠬᠤᠷᠠᠯ ᠪᠣᠯ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠳᠤ ᠲᠤᠰᠢᠶᠠᠭᠰᠠᠨ ᠨᠢᠭᠡᠨ ᠴᠢᠬᠤᠯᠠ ᠶᠡᠭᠡ ᠡᠭᠦᠷᠭᠡ ᠪᠤᠯᠬᠤ ᠪᠥᠭᠡᠳ ᠡᠨᠡ ᠨᠢ ᠪᠥᠬᠦ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠲᠠᠢ ᠬᠤᠯᠪᠤᠭᠳᠠᠬᠤ ᠴᠢᠬᠤᠯᠠ ᠠᠵᠢᠯ ᠪᠤᠯᠬᠤ ᠤᠴᠢᠷ ᠎ ᠠᠴᠠ ᠲᠤᠬᠠᠢ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠨᠢ ᠤᠯᠤᠰ ᠲᠥᠷᠥ ᠶᠢᠨ ᠵᠤᠭᠰᠤᠯᠳᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠶᠣᠰᠣᠭᠠᠷ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ ᠰᠠᠶᠢᠳᠤᠷ ᠲᠤᠬᠢᠷᠠᠭᠤᠯᠤᠨ᠂ ᠪᠦᠬᠦ ᠬᠦᠴᠦᠨ ᠢᠶᠠᠷ ᠎ ᠢᠶᠠᠨ ᠴᠢᠷᠮᠠᠶᠢᠵᠤ᠂ ᠵᠢᠱᠢᠶ᠎ᠡ ᠦᠵᠡᠭᠦᠯᠬᠦ ᠳᠡᠯᠭᠡᠭᠦᠷ ᠪᠠᠶᠢᠭᠤᠯᠬᠤ᠂ ᠠᠵᠤ ᠦᠢᠯᠡᠰ ᠤᠨ ᠬᠦᠷᠢᠶᠡᠯᠡᠩ ᠤᠨ ᠪᠥᠲᠦᠭᠡᠨ ᠪᠠᠶᠢᠭᠤᠯᠤᠯᠲᠠ᠂ ᠬᠦᠯᠢᠶᠡᠨ ᠠᠪᠴᠤ ᠵᠤᠴᠢᠯᠠᠬᠤ᠂ ᠦᠢᠯᠡᠴᠢᠯᠡᠭᠡ ᠬᠢᠬᠦ᠂ ᠠᠮᠤᠷ ᠲᠦᠪᠰᠢᠨ ᠢ ᠪᠠᠳᠤᠯᠬᠠᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ  ᠭᠢᠵᠦ᠂ ᠲᠤᠬᠠᠢ ᠶᠢᠨ ᠳᠠᠯᠠᠪᠤᠷ ᠤᠨ ᠬᠤᠷᠠᠯ ᠢ ᠰᠠᠶᠢᠲᠤᠷ ᠡᠷᠬᠢᠯᠡᠬᠦ ᠎ ᠶᠢᠨ ᠬᠠᠮᠳᠤ ᠲᠠᠭᠠᠯᠳᠤᠭᠤᠯᠤᠨ ᠶᠠᠪᠤᠭᠳᠠᠭᠤᠯᠬᠤ ᠪᠠᠷ ᠪᠠᠶᠢᠭ᠎ᠠ ᠬᠥᠪᠡᠭᠡᠲᠦ ᠰᠢᠷ᠎ᠠ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠤᠨ ᠨᠠᠶᠢᠷ ᠢ ᠴᠤ ᠰᠠᠶᠢᠳᠤᠷ ᠵᠤᠬᠢᠶᠠᠨ ᠪᠠᠶᠢᠭᠤᠯᠵᠤ᠂ ᠡᠨᠡ ᠤᠳᠠᠭᠠᠨ ᠤ ᠲᠤᠬᠠᠶ ᠶᠢᠨ ᠲᠠᠯᠠᠪᠤᠷ ᠤᠨ ᠬᠤᠷᠠᠯ ᠢᠶᠠᠷ ᠳᠠᠮᠵᠢᠭᠤᠯᠤᠨ᠂ ᠮᠠᠨ ᠤ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠡᠤᠬᠡᠨ ᠶᠠᠪᠤᠴᠠ᠂ ᠪᠦᠲᠦᠭᠡᠭᠳᠡᠬᠦᠨ ᠤ ᠦᠨ᠎ᠡ ᠥᠷᠲᠡᠭ᠂ ᠴᠠᠭᠠᠨ ᠢᠳᠡᠭᠡᠨ ᠤ ᠠᠵᠤ ᠦᠢᠯᠡᠰ ᠤᠨ ᠤᠯᠤᠭᠰᠠᠨ ᠦᠷ᠎ᠡ ᠪᠦᠲᠦᠮᠵᠢ ᠵᠢᠴᠢ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠢ ᠭᠠᠳᠠᠭᠰᠢ  ᠤᠬᠠᠭᠤᠯᠵᠤ᠂ ᠨᠡᠷ᠎ᠡ ᠨᠥᠯᠥᠭᠡ ᠪᠠᠨ ᠤᠯᠠᠮ ᠨᠢᠭᠡ ᠠᠯᠬᠤᠮ  ᠥᠷᠭᠡᠳᠭᠡᠨ᠂ ᠪᠦᠬᠦ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃          ᠬᠤᠷᠠᠯ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠶ ᠶᠢᠨ ᠳᠠᠯᠠᠪᠤᠷ ᠤᠨ ᠬᠤᠷᠠᠯ ᠤᠨ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠰᠤᠳᠤᠯᠤᠨ ᠶᠠᠷᠢᠯᠴᠠᠵᠤ ᠪᠣᠳᠠᠲᠠᠶ ᠪᠠᠶᠢᠷᠢᠯᠠᠭᠤᠯᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号