ᠰᠢᠨᠵᠢᠯᠡᠳᠤ ᠮᠡᠳᠡᠭᠡᠯᠡᠪᠠ | 6 ᠰᠠᠷ᠎ᠠ ᠶᠢᠨ 24 ᠤ ᠡᠳᠦᠷ᠂ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾ ᠶᠢᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠵᠠᠢ᠃ | ᠬᠤᠷᠠᠯ ᠲᠡᠭᠡᠷ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠤᠳᠤᠭᠠᠳᠤ ᠶᠢ ᠬᠠᠮᠠᠭᠠᠯᠠᠬᠤ ᠲᠤᠪᠴᠢᠶᠠᠨ ᠤ | ᠳᠠᠷᠤᠭ᠎ᠠ ᠯᠢ ᠭᠤᠸᠠᠩ ᠵᠢᠶᠦ᠋ᠨ ᠬᠠᠷᠢᠭᠤ ᠮᠡᠳᠡᠭᠦᠯᠦᠯᠲᠡ ᠬᠢᠵᠦ᠂ ᠮᠠᠨ ᠤ ᠬᠤᠰᠢᠭᠤ ︽ᠨᠢᠭᠡ ᠬᠠᠤᠯᠢ ᠨᠢᠭᠡ | ᠰᠢᠢᠳᠪᠤᠷᠢ ᠨᠢᠭᠡ ᠠᠷᠭ᠎ᠠ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠲᠠᠨᠢᠯᠴᠠᠭᠤᠯᠵᠠᠢ᠃ ᠤᠶᠢᠯᠠᠭᠠᠭᠰᠠᠨ | ᠢᠶᠠᠷ᠂ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾ ᠭᠡᠳᠡᠭ ᠨᠢ ︽ᠪᠥᠬᠦᠳᠡ ᠨᠡᠶᠢᠷᠠᠮᠳᠠᠬᠤ ᠳᠤᠮᠳᠠᠳᠤ | ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠂ ︽ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢ | ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠯᠠᠵᠤ ᠢᠳᠡᠬᠦ ᠮᠠᠭᠤ | ᠳᠠᠳᠬᠠᠯ ᠢ ᠠᠷᠢᠯᠭᠠᠬᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ | ᠬᠦ ᠪᠠᠳᠤᠯᠠᠬᠤ ᠲᠤᠬᠠᠶ ᠲᠣᠭᠲᠠᠭᠠᠯ︾ ᠪᠤᠯᠤᠨ ︽ᠥᠪᠥᠷ ᠮᠣᠩᠭᠤᠯ ᠤᠨᠥᠪᠡᠷᠲᠡᠭᠡᠨ ᠵᠠᠰᠠᠬᠤ ᠣᠷᠣᠨ ᠤ ︿ᠪᠥᠬᠦᠳᠡ | ᠨᠡᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ | ᠠᠷᠭ᠎ᠠ︾ ᠶᠢ ᠵᠢᠭᠠᠵᠤ ᠪᠠᠶᠢᠨ᠎ᠠ᠃ | ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠨᠤᠤᠮᠠ ᠠᠴᠠ ᠡᠯ᠎ᠡ ᠬᠠᠮᠢᠶ᠎ᠠ ᠪᠥᠬᠦᠢ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢᠭᠡᠴᠡ | ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠨ᠂ ᠬᠠᠤᠯᠢ ᠶᠣᠰᠣᠭᠠᠷ ᠬᠠᠮᠠᠭᠠᠯᠠᠬᠤ ᠶᠢ ᠪᠠᠷᠢᠮᠳᠠᠯᠠᠵᠤ᠂ ᠡᠬᠡ ᠪᠠᠶᠢᠭᠠᠯᠢ ᠶᠢ ᠡᠪᠳᠡᠬᠦ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠪᠥᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠡᠶᠢᠳᠠᠪᠤᠷᠢᠵᠢᠭᠤᠯᠵᠤ᠂ ᠡᠯ᠎ᠡ | ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠳᠤᠷᠠᠯ ᠤᠨᠬᠦ᠋ᠴᠦᠨ ᠢ ᠪᠤᠢ ᠪᠤᠯᠭᠠᠨ᠂ | ᠤᠬᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠭᠡᠭᠡᠷ᠎ᠠ ᠶᠢᠨ ᠠᠮᠢᠳᠠᠨ ᠢ ᠬᠠᠮᠠᠭᠠᠯᠠᠬᠤ | ᠰᠡᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ ᠭᠡᠵᠦ ᠱᠠᠭᠠᠷᠳᠠᠵᠠᠢ᠃ | ᠬᠤᠷᠠᠯ ᠳᠤ ᠣᠷᠣᠯᠴᠠᠭᠰᠠᠳ ᠨᠢ ︽ᠨᠢᠭᠡ ᠬᠠᠤᠯᠢ ᠨᠢᠭᠡ ᠰᠢᠢᠳᠪᠤᠷᠢ ᠨᠢᠭᠡ ᠠᠷᠭ᠎ᠠ︾ ᠶᠢ ᠰᠠᠶᠢᠳᠤᠷ | ᠲᠤᠤᠱᠠᠯᠠᠭᠤᠯᠤᠨ ᠬᠡᠷᠡᠭᠵᠢᠭᠦᠯᠬᠦ ᠲᠤᠬᠠᠢ ᠰᠠᠨᠠᠯ ᠰᠠᠨᠠᠭᠤᠯᠭ᠎ᠠ ᠪᠠᠨ ᠲᠤᠷᠠᠳᠴᠠᠢ᠃ | |