ᠣᠩᠭᠤᠨ ᠠᠭᠤᠯᠠ ᠰᠤᠮᠤᠨ ᠤ ᠣᠷᠴᠢᠨ ᠲᠤᠭᠤᠷᠢᠨ ᠤ ᠴᠡᠪᠡᠷᠯᠡᠭᠴᠢ ᠨᠠᠷ ᠠᠵᠢᠯ ᠢᠶᠠᠨ ᠢᠳᠡᠪᠬᠢᠳᠡᠢ ᠥᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020/6/29
      ᠣᠷᠴᠢᠮ ᠤᠨ ᠬᠡᠳᠦᠨ ᠵᠢᠯ ᠤᠨ ᠤᠬᠠᠭᠤᠯᠭ᠎ᠠ ᠰᠤᠷᠳᠠᠯᠴᠢᠯᠠᠭ᠎ᠠ ᠵᠢᠴᠢ ᠣᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠠᠵᠢᠯ ᠢ ᠬᠦᠴᠦᠯᠡᠨ ᠬᠢᠭᠰᠡᠨ ᠠᠴᠠ᠂ ᠮᠠᠨ ᠤ ᠰᠤᠮᠤᠨ ᠤ ᠣᠷᠴᠢᠨ ᠲᠤᠭᠤᠷᠢᠨ ᠤ ᠠᠷᠢᠭᠤᠨ ᠴᠡᠪᠡᠷ ᠮᠡᠳᠡᠭᠳᠡᠮ᠎ᠡ ᠰᠠᠶᠢᠵᠢᠷᠠᠵᠤ᠂ ᠪᠦᠬᠦ ᠰᠤᠮᠤᠨ ᠤ ᠣᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠠᠵᠢᠯ ᠨᠡᠯᠢᠶᠡᠳ ᠰᠠᠶᠢᠨ ᠦᠷ᠎ᠡ ᠪᠥᠲᠦᠮᠵᠢ ᠶᠢ ᠣᠯᠣᠭᠰᠠᠨ ᠪᠠᠶᠢᠨ᠎ᠠ᠂ ᠥᠨᠦ ᠵᠢᠯ ᠮᠠᠨ ᠤ ᠰᠣᠮᠣ ᠨᠢ ᠪᠦᠬᠦ ᠬᠤᠰᠢᠭᠤᠨ ᠤ ᠣᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠠᠵᠢᠯ ᠤᠨ ᠵᠢᠱᠢᠶ᠎ᠡ ᠦᠵᠡᠬᠦᠯᠬᠦ ᠰᠣᠮᠣ ᠪᠠᠷ  ᠲᠣᠭᠲᠠᠭᠠᠭᠳᠠᠭᠰᠠᠨ ᠪᠠᠶᠢᠨ᠎ᠠ᠃       ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠳᠤᠯᠬᠤ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠳᠠ ᠦᠬᠡᠢ ᠳᠡᠭᠡᠭᠰᠢᠯᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠬᠤ ᠶᠢᠨ ᠲᠦᠯᠦᠭᠡ᠂ ᠮᠠᠨ ᠤ ᠰᠣᠮᠣ ᠨᠢ ᠲᠡᠭᠡᠳᠦ ᠱᠠᠳᠤᠨ ᠤ ᠬᠠᠮᠢᠭ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠳᠡᠢ ᠨᠠᠶᠢᠳᠠᠪᠦᠷᠢᠵᠢᠭᠤᠯᠵᠤ᠂ ᠶᠠᠳᠠᠭᠤ ᠡᠷᠦᠬᠡ ᠶᠢᠨ ᠪᠠᠶᠢᠳᠠᠯ᠂ ᠬᠦᠳᠡᠯᠮᠦᠷᠢ ᠬᠦᠴᠦᠨ ᠤ ᠪᠠᠶᠢᠳᠠᠯ᠂ ᠭᠠᠴᠠᠭᠠᠨ ᠤ ᠰᠠᠨᠠᠯ ᠵᠡᠷᠭᠡ ᠪᠠᠶᠢᠳᠠᠯ ᠢ ᠦᠨᠳᠦᠰᠦᠯᠡᠨ᠂ ᠪᠦᠬᠦ ᠰᠣᠮᠣᠨ ᠳᠤ ᠨᠡᠶᠢᠲᠡ 38 ᠨᠡᠷ᠎ᠡ ᠲᠠᠩᠰᠠᠯᠠᠵᠤ ᠺᠠᠷᠲ ᠪᠠᠶᠢᠭᠤᠯᠤᠭᠰᠠᠨ ᠶᠠᠳᠠᠭᠤ ᠡᠷᠦᠬᠡ ᠶᠢᠨ ᠬᠦᠮᠦᠨ ᠳᠤ ᠣᠷᠴᠢᠨ ᠲᠤᠭᠤᠷᠢᠨ ᠤ ᠴᠡᠪᠡᠷᠯᠡᠭᠴᠢ ᠶᠢᠨ ᠠᠵᠢᠯ ᠲᠣᠬᠢᠷᠠᠭᠤᠯᠤᠨ᠂ ᠣᠷᠴᠢᠨ ᠲᠤᠭᠤᠷᠢᠨ ᠤ ᠴᠡᠪᠡᠷᠯᠡᠭᠴᠢ ᠶᠢᠨ ᠡᠩᠨᠡᠭᠡ ᠪᠠᠶᠢᠭᠤᠯᠤᠨ᠂ ᠮᠠᠯᠵᠢᠬᠤ ᠣᠷᠤᠨ ᠤ ᠦᠢᠯᠡᠳᠪᠦᠷᠢᠯᠡᠯ ᠠᠮᠢᠳᠤᠷᠠᠯ ᠤᠨ ᠬᠤᠭ ᠯᠤᠪᠰᠢ᠂ ᠬᠠᠶᠠᠭᠳᠠᠮᠠᠯ ᠪᠤᠳᠠᠰ ᠵᠡᠷᠭᠡ ᠶᠢ ᠴᠡᠪᠡᠷᠯᠡᠬᠦ ᠠᠵᠢᠯ ᠤᠳ ᠢ ᠬᠠᠷᠢᠭᠤᠴᠠᠭᠤᠯᠬᠤ ᠪᠠᠷ ᠪᠤᠯᠤᠭᠰᠠᠨ ᠪᠠᠶᠢᠨ᠎ᠠ᠃       6 ᠰᠠᠷ᠎ᠠ ᠶᠢᠨ 24 ᠤ ᠡᠳᠦᠷ᠂ ᠬᠤᠰᠢᠭᠤᠨ ᠮᠠᠯ ᠠᠵᠤ ᠠᠬᠤᠢ ᠪᠣᠯᠣᠨ ᠰᠢᠨᠵᠢᠯᠡᠭᠡ ᠮᠡᠷᠭᠡᠵᠢᠯ ᠤᠨ ᠲᠤᠪᠴᠢᠶᠠᠨ ᠳᠤ ᠪᠤᠯᠪᠠᠰᠤᠷᠠᠯ ᠳᠤ ᠤᠷᠤᠯᠴᠠᠨ᠂ ᠮᠠᠰᠢᠨ ᠲᠦᠬᠦᠭᠡᠷᠦᠮᠵᠢ ᠪᠠᠨ ᠠᠪᠤᠭᠰᠠᠨ ᠤ ᠲᠠᠷᠠᠭ᠎ᠠ᠂ ᠮᠠᠨ ᠤ ᠰᠣᠮᠣᠨ ᠤ ᠡᠯ᠎ᠡ ᠭᠠᠴᠠᠭᠠᠨ ᠤ ᠣᠷᠴᠢᠨ ᠲᠤᠭᠤᠷᠢᠨ ᠤ ᠴᠡᠪᠡᠷᠯᠡᠭᠴᠢ ᠨᠠᠷ ᠨᠢ ᠠᠵᠢᠯ ᠳᠠᠭᠠᠨ ᠬᠠᠷᠢᠭᠤᠴᠠᠬᠤ᠂ ᠨᠠᠮ ᠤᠨ ᠲᠥᠷᠦ ᠶᠢᠨ ᠪᠤᠳᠤᠯᠭ᠎ᠠ ᠳᠤ ᠲᠠᠯᠠᠷᠬᠠᠬᠤ ᠰᠠᠳᠬᠢᠯ ᠢᠶᠠᠷ᠂ ᠥᠪᠡᠷ ᠢᠶᠠᠨ ᠴᠢᠷᠮᠠᠶᠢᠨ ᠲᠡᠭᠵᠢᠷᠡᠵᠦ ᠶᠠᠳᠠᠭᠤ ᠠᠴᠠ ᠠᠩᠭᠢᠵᠢᠷᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠬᠤᠲᠠᠨ ᠤ ᠲᠥᠪᠯᠡᠷᠡᠭᠰᠡᠨ ᠯᠤᠪᠰᠢ ᠶᠢ ᠲᠡᠭᠡᠭᠡᠵᠦ ᠬᠠᠶᠠᠬᠤ᠂ ᠵᠠᠮ ᠤᠨ ᠬᠠᠵᠠᠭᠤ ᠶᠢᠨ ᠯᠤᠪᠰᠢ ᠶᠢ ᠴᠡᠪᠡᠷᠯᠡᠬᠦ ᠵᠡᠷᠭᠡ ᠠᠵᠢᠯ ᠤᠳ ᠢ ᠢᠳᠡᠪᠬᠢᠳᠡᠢ ᠥᠷᠨᠢᠬᠦᠯᠵᠦ᠂ ᠪᠦᠬᠦ ᠰᠣᠮᠣᠨ ᠤ ᠡᠯ᠎ᠡ ᠭᠠᠴᠠᠭ᠎ᠠ ᠵᠢᠴᠢ ᠰᠤᠮᠤ ᠲᠤᠭᠤᠷᠢᠭ ᠤᠨ ᠴᠡᠪᠡᠷᠯᠡᠭᠡᠨ ᠤ ᠠᠵᠢᠯ ᠢ ᠪᠦᠬᠦ ᠲᠠᠯ᠎ᠠ ᠪᠠᠷ ᠥᠷᠨᠢᠬᠦᠯᠦᠭᠰᠡᠨ ᠪᠠᠶᠢᠨ᠎ᠠ᠃       ᠮᠠᠨ ᠤ ᠰᠤᠮᠤ ᠨᠢ ᠮᠠᠯᠵᠢᠬᠤ ᠤᠷᠤᠨ ᠤ ᠣᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠠᠵᠢᠯ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠶᠡᠳᠠᠭᠤ ᠠᠴᠠ ᠠᠩᠭᠢᠵᠢᠷᠠᠭᠤᠯᠬᠤ᠂ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠲᠠᠢ ᠨᠢᠭᠲᠠ ᠤᠶᠠᠯᠳᠤᠭᠤᠯᠵᠤ᠂ ᠨᠢᠮᠪᠡᠢ ᠲᠥᠯᠦᠪᠯᠡᠨ᠂ ᠨᠢᠭᠡᠳᠦᠯᠲᠠᠢ ᠲᠦᠯᠬᠢᠨ ᠠᠬᠢᠭᠤᠯᠵᠤ᠂ ᠮᠠᠯᠵᠢᠬᠤ ᠣᠷᠤᠨ ᠤ ᠣᠷᠴᠢᠨ ᠲᠤᠭᠤᠷᠢᠨ ᠤ ᠠᠷᠢᠭᠤᠨ ᠴᠡᠪᠡᠷ ᠤᠨ ᠤᠯᠠᠮ ᠢᠯᠡᠬᠦᠦ ᠰᠠᠶᠢᠵᠢᠷᠠᠨ ᠲᠡᠭᠡᠭᠰᠢᠯᠡᠬᠦ ᠶᠢ ᠪᠠᠳᠤᠯᠠᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号