ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠬᠤᠪᠢᠰᠬᠠᠯᠲᠤ ᠠᠭᠤᠷᠬᠠᠢ ᠶᠢᠨ ᠦᠢᠯᠡᠰ ᠤᠨ ᠠᠵᠤ ᠠᠬᠤᠶᠢᠯᠠᠯ ᠳᠤ ᠬᠦᠨᠵᠡᠭᠡᠶᠢᠷᠡᠨ ᠠᠭᠤᠷᠬᠠᠢ ᠶᠢᠨ ᠣᠷᠴᠢᠨ ᠲᠤᠭᠤᠷᠢᠨ ᠤ ᠵᠠᠰᠠᠯᠲᠠ ᠶᠢᠨ ᠠᠵᠢᠯ ᠢ ᠪᠠᠶᠢᠴᠠᠭᠠᠨ ᠵᠢᠯᠤᠭᠤᠳᠤᠪᠠ
ᠨᠡᠶᠢᠲᠡᠯᠡᠭᠰᠡᠨ ᠴᠠᠭ᠄
2020-06-30
       ᠬᠦᠪᠡᠭᠡᠲᠦ ᠰᠢᠷ᠎ᠠ ᠬᠤᠰᠢᠭᠤ ᠨᠢ ᠲᠡᠭᠡᠳᠦ ᠱᠠᠳᠤᠨ ᠤ ᠵᠠᠳᠠᠭᠠᠢ ᠠᠭᠤᠷᠬᠠᠢ ᠶᠢᠨ ᠵᠠᠰᠠᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠦᠷᠬᠦᠯᠵᠢᠯᠡᠨ ᠬᠦᠨᠵᠡᠭᠡᠢ ᠲᠤᠤᠱᠠᠯᠠᠭᠤᠯᠵᠤ᠂ ᠠᠭᠤᠷᠬᠠᠢ ᠶᠢᠨ ᠦᠢᠯᠡᠰ ᠤᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ  ᠠᠬᠢᠭᠤᠯᠵᠤ ᠪᠣᠢ᠃ 6 ᠰᠠᠷ᠎ᠠ ᠶᠢᠨ 28᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠬᠤᠪᠢᠰᠬᠠᠯᠲᠤ᠂ ᠬᠤᠰᠢᠭᠤ ᠳᠡᠳ᠋ ᠲᠠᠷᠤᠭ᠎ᠠ ᠲᠤᠯᠭᠠᠭᠤᠷᠢ ᠨᠠᠷ ᠠᠭᠤᠷᠬᠠᠢ ᠶᠢᠨ ᠦᠢᠯᠡᠰ ᠤᠨ ᠠᠵᠤ ᠠᠬᠤᠶᠢᠯᠠᠯ ᠢᠶᠠᠷ ᠬᠦᠨᠵᠡᠭᠡᠶᠢᠷᠡᠨ᠂ ᠤᠳᠤᠬᠠᠨ ᠤ ᠭᠠᠵᠠᠷ ᠰᠢᠨᠵᠢᠯᠡᠭᠡᠨ ᠤ ᠣᠷᠴᠢᠨ ᠠᠬᠤᠢ ᠶᠢᠨ ᠵᠠᠰᠠᠯᠲᠠ ᠶᠢᠨ ᠠᠵᠢᠯ ᠢ ᠪᠠᠶᠢᠴᠠᠭᠠᠨ ᠵᠢᠯᠤᠭᠤᠳᠴᠤ᠂ ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠬᠤ᠂ ᠬᠤᠯᠪᠤᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠷᠢᠭᠤ ᠮᠡᠳᠡᠬᠦᠯᠦᠯᠳᠡ ᠶᠢ ᠰᠤᠨᠤᠰᠬᠤ ᠵᠡᠷᠭᠡ ᠪᠠᠷ ᠳᠠᠮᠵᠢᠨ᠂ ᠠᠭᠤᠷᠬᠠᠢ ᠶᠢᠨ ᠤᠷᠤᠨ ᠤ ᠣᠷᠴᠢᠨ ᠲᠤᠭᠤᠷᠢᠨ ᠤᠨ ᠵᠠᠰᠠᠨ ᠰᠡᠷᠭᠦᠭᠡᠯᠲᠡ ᠶᠢᠨ ᠪᠠᠶᠢᠳᠠᠯ ᠢ ᠨᠢ ᠣᠶᠢᠯᠠᠭᠠᠵᠠᠢ᠃       ᠬᠤᠪᠢᠰᠬᠠᠯᠲᠤ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ᠂ ᠢᠲᠡᠭᠡᠯ ᠵᠣᠷᠢᠭ ᠢᠶᠠᠨ ᠪᠠᠳᠤᠳᠬᠠᠨ᠂ ᠡᠭᠦᠷᠭᠡ ᠬᠠᠷᠢᠭᠤᠴᠠᠯᠭ᠎ᠠ ᠪᠠᠨ ᠵᠤᠷᠢᠭᠲᠠᠢ ᠡᠬᠦᠷᠭᠡᠯᠡᠵᠦ᠂ ᠠᠵᠤ ᠠᠬᠤᠶᠢᠯᠠᠯ ᠳᠤ ᠦᠢᠯᠡᠴᠢᠯᠡᠭᠡᠨ ᠤ ᠪᠠᠳᠤᠯᠠᠭ᠎ᠠ ᠬᠠᠩᠭᠠᠬᠤ ᠶᠢ ᠰᠠᠶᠢᠲᠤᠷ ᠪᠡᠶᠡᠯᠡᠬᠦᠯᠵᠦ᠂ ᠬᠦᠴᠢᠷ ᠲᠦᠪᠡᠭᠲᠡᠢ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ᠂ ᠬᠠᠮᠲᠤᠪᠡᠷ ᠠᠭᠤᠷᠬᠠᠢ ᠶᠢᠨ ᠤᠷᠤᠨ ᠤ ᠠᠮᠢ ᠠᠬᠤᠢ ᠶᠢᠨ ᠰᠡᠷᠭᠦᠬᠡᠨ ᠵᠠᠰᠠᠯᠲᠠ ᠶᠢᠨ ᠡᠭᠦᠷᠭᠡ ᠶᠢ ᠲᠦᠯᠬᠢᠨ ᠠᠬᠢᠭᠤᠯᠬᠤ ᠬᠡᠷᠡᠭᠳᠡᠢ᠃ ᠠᠵᠤ ᠠᠬᠤᠶᠢᠯᠠᠯ ᠡᠷᠬᠡᠪᠰᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠵᠠᠰᠠᠯᠲᠠ ᠶᠢᠨ ᠲᠦᠰᠦᠪ ᠢᠶᠠᠨ ᠬᠠᠨᠳᠤᠯᠭ᠎ᠠ ᠲᠠᠢ ᠪᠠᠷ ᠵᠠᠰᠠᠨ ᠰᠠᠶᠢᠵᠢᠷᠠᠭᠤᠯᠵᠤ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠵᠠᠰᠠᠨ ᠰᠡᠷᠬᠦᠭᠡᠯᠲᠡ ᠶᠢᠨ ᠠᠵᠢᠯ ᠢ ᠲᠦᠯᠬᠢᠨ ᠠᠬᠢᠭᠤᠯᠬᠤ ᠳᠤ ᠦᠷᠬᠦᠯᠵᠢᠯᠡᠨ ᠬᠦᠴᠦᠯᠡᠨ ᠴᠢᠷᠮᠠᠶᠢᠬᠤ ᠬᠡᠷᠡᠭᠳᠡᠢ ᠭᠡᠵᠡᠢ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号