ᠬᠦᠪᠡᠭᠡᠲᠦ ᠰᠢᠷ᠎ᠠ ᠬᠤᠰᠢᠭᠤᠨ ᠤ ᠡᠯ᠎ᠡ ᠭᠠᠴᠠᠭ᠎ᠠ ᠨᠢ ᠬᠤᠨᠢ ᠬᠠᠶᠢᠴᠢᠯᠠᠬᠤ ᠤᠷ᠎ᠠ ᠮᠡᠷᠭᠡᠵᠢᠯ ᠤᠨ ᠤᠷᠤᠯᠳᠤᠭᠠᠨ ᠥᠷᠨᠢᠬᠦᠯᠵᠠᠢ
ᠨᠡᠶᠢᠲᠡᠯᠡᠭᠰᠡᠨ ᠴᠠᠭ᠄
2020/6/30
      6.7 ᠳ᠋ᠤᠭᠠᠷ ᠰᠠᠷ᠎ᠠ ᠪᠣᠯ ᠮᠠᠯᠴᠢᠳ ᠤᠨ ᠬᠤᠨᠢ ᠬᠤᠷᠠᠭ᠎ᠠ ᠬᠠᠶᠢᠴᠢᠯᠠᠳᠠᠭ ᠬᠠᠮᠤᠭ ᠠᠴᠠ ᠶᠠᠭᠠᠷᠠᠯᠳᠠᠢ ᠴᠠᠭ ᠦᠶ᠎ᠡ ᠪᠣᠯᠬᠤ ᠶᠤᠮ᠃ ᠣᠷᠴᠢᠮ᠂ ᠬᠦᠪᠡᠭᠡᠲᠦ ᠰᠢᠷ᠎ᠠ ᠬᠤᠰᠢᠭᠤᠨ ᠤ ᠡᠯ᠎ᠡ ᠭᠠᠴᠠᠭᠠᠨ ᠤ ᠮᠠᠯᠴᠢᠳ ᠨᠢ ᠬᠤᠨᠢ ᠬᠠᠶᠢᠴᠢᠯᠠᠬᠤ ᠤᠷ᠎ᠠ ᠮᠡᠷᠭᠡᠵᠢᠯ ᠤᠨ ᠤᠷᠤᠯᠳᠤᠭᠠᠨ ᠡᠷᠬᠢᠯᠡᠨ ᠶᠠᠪᠤᠭᠳᠠᠭᠤᠯᠵᠤ᠂ ᠬᠠᠮᠤᠭ ᠤᠬᠤᠷᠬᠠᠨ ᠬᠤᠭᠤᠴᠠᠭᠠᠨ ᠳᠤ᠂ ᠬᠠᠮᠤᠭ ᠠᠷᠪᠢᠨ᠂ ᠰᠠᠶᠢᠬᠠᠨ ᠬᠠᠶᠢᠴᠢᠯᠠᠭᠰᠠᠨ ᠬᠦᠮᠦᠨ ᠢ ᠲᠡᠷᠢᠬᠦᠨ ᠨᠡᠷ᠎ᠡ ᠪᠠᠷ ᠰᠢᠯᠭᠠᠷᠠᠭᠤᠯᠤᠨ ᠭᠠᠷᠭᠠᠵᠤ᠂ ᠡᠨᠡ ᠬᠦ ᠶᠠᠭᠠᠷᠠᠯᠲᠠᠢ ᠪᠦᠭᠡᠳ ᠶᠠᠳᠠᠷᠠᠯᠲᠠᠢ ᠠᠵᠢᠯ ᠢᠶᠠᠨ ᠪᠠᠶᠠᠷ ᠪᠠᠶᠠᠰᠤᠯ ᠲᠠᠢ᠂ ᠬᠦᠷ ᠬᠦᠭᠵᠢᠶᠡᠨ ᠲᠠᠢ ᠲᠠᠭᠤᠰᠬᠠᠭᠰᠠᠨ ᠪᠠᠶᠢᠨ᠎ᠠ᠃ ᠡᠬᠦᠨ ᠤ ᠬᠠᠮᠲᠤ᠂ ᠪᠠᠰᠠ ᠭᠠᠭᠴᠠ ᠬᠤᠶᠠᠷ ᠬᠦᠮᠦᠨ ᠲᠠᠢ᠂ ᠬᠦᠳᠡᠯᠮᠦᠷᠢ ᠬᠦᠴᠦ ᠬᠦᠷᠦᠯᠴᠡᠬᠦ ᠦᠬᠡᠢ ᠮᠠᠯᠴᠢᠳ ᠤᠨ ᠭᠡᠷ ᠲᠤ ᠬᠦᠷᠴᠦ᠂ ᠲᠡᠳᠡᠨ ᠢ ᠬᠠᠪᠰᠤᠷᠤᠨ ᠬᠤᠨᠢ ᠶᠢ ᠨᠢ ᠬᠠᠶᠢᠴᠢᠯᠠᠵᠤ᠂ ᠰᠢᠨ᠎ᠡ ᠴᠠᠭ ᠦᠶ᠎ᠡ ᠶᠢᠨ ᠮᠠᠯᠴᠢᠳ ᠤᠨ ᠪᠤᠯᠪᠠᠰᠤᠨ ᠰᠠᠶᠢᠬᠠᠨ ᠬᠡᠪ ᠰᠤᠷᠲᠠᠯ ᠢ ᠬᠦᠢᠴᠡᠳ ᠪᠠᠳᠠᠷᠠᠭᠤᠯᠵᠠᠢ᠃
        ︵ᠵᠢᠷᠤᠭ ᠪᠣᠯ ᠪᠣᠭᠳᠠ ᠶᠢᠨ ᠭᠤᠣᠯ ᠰᠤᠮᠤᠨ ᠤ ᠬᠤᠨᠢᠴᠢᠨ ᠬᠠᠰᠢᠶᠠᠲᠤ ᠭᠠᠴᠠᠭᠠᠨ ᠤ ᠮᠠᠯᠴᠢᠳ ᠤᠨ ᠵᠤᠬᠢᠶᠠᠨ ᠪᠠᠶᠢᠭᠤᠯᠤᠭᠰᠠᠨ ︽ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ︾ ᠬᠤᠨᠢ ᠬᠠᠶᠢᠴᠢᠯᠠᠬᠤ ᠤᠷ᠎ᠠ ᠮᠡᠷᠭᠡᠵᠢᠯ ᠤᠨ ᠤᠷᠤᠯᠳᠤᠭᠠᠨ ᠤ ᠠᠬᠤᠢ ᠲᠠᠯᠠᠪᠠᠢ︶
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号