ᠬᠦᠪᠡᠭᠡᠲᠦ ᠰᠢᠷ᠎ᠠ ᠬᠤᠰᠢᠭᠤ ᠨᠢ ᠲᠡᠭᠡᠳᠦ ᠱᠠᠳᠤᠨ ᠤ ᠵᠠᠳᠠᠭᠠᠢ ᠠᠭᠤᠷᠬᠠᠢ ᠶᠢᠨ ᠵᠠᠰᠠᠯᠲᠠ ᠶᠢᠨ ᠠᠵᠢᠯ ᠢ | ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠦᠷᠬᠦᠯᠵᠢᠯᠡᠨ ᠬᠦᠨᠵᠡᠭᠡᠢ ᠲᠤᠤᠱᠠᠯᠠᠭᠤᠯᠵᠤ᠂ ᠠᠭᠤᠷᠬᠠᠢ ᠶᠢᠨ | ᠦᠢᠯᠡᠰ ᠤᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠪᠦᠬᠦ | ᠲᠠᠯ᠎ᠠ ᠪᠠᠷ ᠲᠦᠯᠬᠢᠨ ᠠᠬᠢᠭᠤᠯᠵᠤ ᠪᠣᠢ᠃ 6 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤ ᠲᠠᠷᠤᠭ᠎ᠠ ᠬᠤᠪᠢᠰᠬᠠᠯᠲᠤ᠂ ᠬᠤᠰᠢᠭᠤ ᠳᠡᠳ᠋ ᠲᠠᠷᠤᠭ᠎ᠠ ᠲᠤᠯᠭᠠᠭᠤᠷᠢ ᠨᠠᠷ ᠠᠭᠤᠷᠬᠠᠢ ᠶᠢᠨ | ᠦᠢᠯᠡᠰ ᠤᠨ ᠠᠵᠤ ᠠᠬᠤᠶᠢᠯᠠᠯ ᠢᠶᠠᠷ ᠬᠦᠨᠵᠡᠭᠡᠶᠢᠷᠡᠨ᠂ ᠤᠳᠤᠬᠠᠨ ᠤ ᠭᠠᠵᠠᠷ ᠰᠢᠨᠵᠢᠯᠡᠭᠡᠨ ᠤ ᠣᠷᠴᠢᠨ ᠠᠬᠤᠢ ᠶᠢᠨ | ᠵᠠᠰᠠᠯᠲᠠ ᠶᠢᠨ ᠠᠵᠢᠯ ᠢ ᠪᠠᠶᠢᠴᠠᠭᠠᠨ ᠵᠢᠯᠤᠭᠤᠳᠴᠤ᠂ ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠬᠤ᠂ ᠬᠤᠯᠪᠤᠭᠳᠠᠯ | ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠷᠢᠭᠤ ᠮᠡᠳᠡᠬᠦᠯᠦᠯᠳᠡ ᠶᠢ ᠰᠤᠨᠤᠰᠬᠤ ᠵᠡᠷᠭᠡ ᠪᠠᠷ ᠳᠠᠮᠵᠢᠨ᠂ | ᠠᠭᠤᠷᠬᠠᠢ ᠶᠢᠨ ᠤᠷᠤᠨ ᠤ ᠣᠷᠴᠢᠨ ᠲᠤᠭᠤᠷᠢᠨ ᠤᠨ ᠵᠠᠰᠠᠨ ᠰᠡᠷᠭᠦᠭᠡᠯᠲᠡ ᠶᠢᠨ ᠪᠠᠶᠢᠳᠠᠯ ᠢ ᠨᠢ ᠣᠶᠢᠯᠠᠭᠠᠵᠠᠢ᠃ | ᠬᠤᠪᠢᠰᠬᠠᠯᠲᠤ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ | ᠰᠠᠨᠠᠭ᠎ᠠ ᠶᠢ ᠬᠦᠨᠵᠡᠭᠡᠢ ᠰᠤᠷᠤᠯᠴᠠᠨ᠂ ᠢᠲᠡᠭᠡᠯ ᠵᠣᠷᠢᠭ ᠢᠶᠠᠨ ᠪᠠᠳᠤᠳᠬᠠᠨ᠂ ᠡᠭᠦᠷᠭᠡ ᠬᠠᠷᠢᠭᠤᠴᠠᠯᠭ᠎ᠠ ᠪᠠᠨ ᠵᠤᠷᠢᠭᠲᠠᠢ | ᠡᠬᠦᠷᠭᠡᠯᠡᠵᠦ᠂ ᠠᠵᠤ ᠠᠬᠤᠶᠢᠯᠠᠯ ᠳᠤ ᠦᠢᠯᠡᠴᠢᠯᠡᠭᠡᠨ ᠤ ᠪᠠᠳᠤᠯᠠᠭ᠎ᠠ ᠬᠠᠩᠭᠠᠬᠤ ᠶᠢ ᠰᠠᠶᠢᠲᠤᠷ ᠪᠡᠶᠡᠯᠡᠬᠦᠯᠵᠦ᠂ ᠬᠦᠴᠢᠷ | ᠲᠦᠪᠡᠭᠲᠡᠢ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ᠂ ᠬᠠᠮᠲᠤᠪᠡᠷ ᠠᠭᠤᠷᠬᠠᠢ ᠶᠢᠨ ᠤᠷᠤᠨ ᠤ ᠠᠮᠢ | ᠠᠬᠤᠢ ᠶᠢᠨ ᠰᠡᠷᠭᠦᠬᠡᠨ ᠵᠠᠰᠠᠯᠲᠠ ᠶᠢᠨ ᠡᠭᠦᠷᠭᠡ ᠶᠢ ᠲᠦᠯᠬᠢᠨ ᠠᠬᠢᠭᠤᠯᠬᠤ ᠬᠡᠷᠡᠭᠳᠡᠢ᠃ ᠠᠵᠤ ᠠᠬᠤᠶᠢᠯᠠᠯ ᠡᠷᠬᠡᠪᠰᠢ | ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠵᠠᠰᠠᠯᠲᠠ ᠶᠢᠨ ᠲᠦᠰᠦᠪ ᠢᠶᠠᠨ ᠬᠠᠨᠳᠤᠯᠭ᠎ᠠ ᠲᠠᠢ ᠪᠠᠷ ᠵᠠᠰᠠᠨ | ᠰᠠᠶᠢᠵᠢᠷᠠᠭᠤᠯᠵᠤ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠵᠠᠰᠠᠨ ᠰᠡᠷᠬᠦᠭᠡᠯᠲᠡ ᠶᠢᠨ ᠠᠵᠢᠯ ᠢ ᠲᠦᠯᠬᠢᠨ | ᠠᠬᠢᠭᠤᠯᠬᠤ ᠳᠤ ᠦᠷᠬᠦᠯᠵᠢᠯᠡᠨ ᠬᠦᠴᠦᠯᠡᠨ ᠴᠢᠷᠮᠠᠶᠢᠬᠤ ᠬᠡᠷᠡᠭᠳᠡᠢ ᠭᠡᠵᠡᠢ᠃ |