ᠯᠤᠪᠰᠠᠩ ᠱᠦᠵᠢ ᠶᠢᠨ ᠠᠮᠢ ᠠᠬᠤᠢ ᠪᠠᠨ ᠭᠡᠰᠡᠨ ᠵᠢᠳᠬᠦᠯ ᠬᠦᠭᠡᠭᠡᠴᠡᠯᠳᠦᠯ
ᠨᠡᠶᠢᠲᠡᠯᠡᠭᠰᠡᠨ ᠴᠠᠭ᠄
2020/6/30
     ᠯᠤᠪᠰᠠᠩ ᠱᠦᠵᠢ ᠠᠵᠢᠯ ᠠᠴᠠ ᠪᠠᠨ ᠠᠮᠠᠷᠠᠭᠠᠳ 6 ᠵᠢᠯ ᠤᠨ ᠨᠢᠭᠤᠷ ᠦᠵᠡᠵᠡᠢ᠃ ᠭᠡᠰᠡᠨ ᠴᠤ ᠲᠡᠷᠡ ᠪᠠᠭ᠎ᠠ ᠯᠠ ᠴᠢᠯᠦᠭᠡ ᠲᠠᠢ ᠪᠣᠯ ᠭᠡᠷ ᠤᠨ ᠬᠢᠨᠢ ᠪᠠᠷᠠᠭᠤᠨ ᠳᠤ ᠢᠭᠴᠤᠷᠠᠨ ᠰᠦᠭᠯᠡᠶᠢᠭᠰᠡᠨ ᠬᠠᠶᠢᠯᠠᠰᠤᠨ ᠣᠢ ᠪᠠ ᠵᠡᠬᠦᠨ ᠰᠠᠶᠢᠷ ᠲᠤ ᠵᠠᠯᠭᠠᠯᠳᠤᠭᠰᠠᠨ ᠪᠤᠷᠭᠠᠰᠤ ᠰᠢᠪᠠᠭ ᠢᠶᠠᠨ ᠡᠷᠭᠢᠵᠦ ᠦᠵᠡᠨ᠂ ᠬᠦᠭᠰᠢᠷᠡᠭᠰᠡᠨ ᠪᠤᠷᠭᠠᠰᠤ ᠶᠢ ᠬᠤᠷᠳᠤᠬᠠᠨ ᠣᠭᠳᠤᠯᠬᠤ ᠦᠬᠡᠢ ᠪᠣᠯ ᠪᠣᠯᠬᠤ ᠪᠠᠨ ᠪᠠᠶᠢᠭᠰᠠᠨ ᠭᠡᠵᠤ ᠰᠠᠨᠠᠭᠠᠰᠢᠷᠠᠨ ᠬᠦᠶᠦᠳᠡᠩ᠃ ᠡᠨᠡ ᠪᠣᠯ ᠲᠡᠬᠦᠨ ᠤ ᠭᠠᠴᠠᠭᠠᠨ ᠤ ᠠᠵᠢᠯ ᠢ 30 ᠵᠢᠯ ᠬᠢᠬᠦ ᠬᠤᠭᠤᠴᠠᠭᠠᠨ ᠳᠤ ᠬᠤᠶᠢᠴᠢ ᠦᠶ᠎ᠡ ᠶᠢᠨ ᠬᠢᠨ ᠳᠡᠭᠡᠨ ᠦᠯᠡᠳᠡᠭᠡᠭᠰᠡᠨ ᠦᠨᠡᠲᠦ ᠥᠪ᠂ ᠮᠦᠨ ᠴᠤ ᠡᠬᠢᠨ ᠤᠰᠤ᠂ ᠮᠠᠩᠬ᠎ᠠ᠂ ᠢᠩᠲᠤ᠂ ᠶᠡᠭᠡ ᠤᠰᠤᠨ ᠬᠡᠵᠤ ᠨᠢᠭᠡᠨ ᠭᠤᠣᠯ ᠤᠨ ᠬᠥᠪᠡᠭᠡ ᠪᠠᠨ ᠲᠠᠭᠠᠭᠰᠠᠨ ᠡᠬᠡ ᠨᠤᠲᠤᠭ ᠲᠤ ᠪᠠᠨ ᠦᠯᠡᠳᠡᠭᠡᠭᠰᠡᠨ ᠪᠠᠲᠤ ᠪᠠᠬᠢ ᠠᠮᠢ ᠠᠬᠤᠢ ᠶᠢᠨ ᠬᠠᠯᠬᠠᠪᠴᠢ ᠶᠤᠮ᠃      ᠬᠦᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠣᠮᠤᠨ ᠤ ᠡᠬᠢᠨ ᠤᠰᠤ ᠭᠠᠴᠠᠭ᠎ᠠ ᠭᠡᠵᠤ ᠣᠶᠢᠷ᠎ᠠ ᠬᠠᠪᠢ ᠳᠠᠭᠠᠨ ᠨᠡᠷ᠎ᠡ ᠲᠠᠢ ᠡᠯᠡᠰᠦᠷᠭᠡᠭᠵᠢᠭᠰᠡᠨ ᠭᠠᠵᠠᠷ ᠪᠠᠶᠢᠭᠰᠠᠨ᠂ ᠤᠨᠴᠠᠭᠠᠶᠢᠯᠠᠨ ᠡᠳᠡᠨᠡᠶᠢᠬᠢᠨ ᠢᠶᠠᠷ ᠤᠷᠤᠰᠤᠨ ᠦᠩᠭᠡᠷᠡᠳᠡᠭ ᠭᠤᠣᠯ ᠤᠨ ᠲᠡᠭᠡᠳᠦ ᠤᠷᠤᠰᠬᠠᠯ ᠳᠠᠬᠢ ᠤᠯᠠᠭᠠᠨᠴᠠᠪ ᠬᠤᠲᠠ ᠶᠢᠨ ᠡᠯᠡᠰᠦ ᠰᠢᠷᠤᠢ ᠤᠷᠤᠵᠤ ᠢᠷᠡᠳᠡᠭ ᠠᠴᠠ ᠢᠯᠡᠰᠦᠷᠭᠡᠭᠵᠢᠬᠦ ᠬᠠᠨᠳᠤᠰᠢ ᠲᠠᠢ ᠪᠣᠯᠵᠠᠢ᠃      ᠡᠬᠢᠨ ᠤᠰᠤ ᠭᠠᠴᠠᠭ᠎ᠠ ᠲᠡᠭᠡᠷ᠎ᠡ ᠵᠠᠭᠤᠨ ᠤ ᠳᠠᠯᠠᠭᠠᠳ ᠣᠨ ᠳᠤ ᠮᠤᠳᠤ ᠲᠠᠷᠢᠬᠤ ᠵᠡᠷᠭᠡ ᠠᠵᠢᠯᠯᠠᠭ᠎ᠠ ᠥᠷᠨᠢᠬᠦᠯᠵᠦ ᠤᠰᠤ ᠪᠡᠯᠴᠢᠭᠡᠷ ᠢ ᠬᠠᠮᠠᠭᠠᠯᠠᠵᠤ ᠪᠠᠶᠢᠭᠰᠠᠨ ᠶᠤᠮ᠃ ᠭᠡᠪᠡᠴᠦ ᠰᠡᠬᠦᠯᠡᠷ ᠨᠢ ᠬᠠᠮᠠᠭᠠᠯᠠᠯᠲᠠ ᠰᠤᠯᠠᠷᠠᠵᠤ᠂ ᠭᠠᠩ ᠬᠠᠭᠰᠠᠷᠠᠭᠠᠨ ᠴᠤ ᠦᠷᠬᠦᠯᠵᠢᠯᠡᠭᠰᠡᠨ ᠠᠴᠠ ᠡᠯᠡᠰᠦᠷᠭᠡᠭᠵᠢᠯ ᠬᠡᠴᠡᠭᠦᠳᠡᠵᠡᠢ᠃      ᠡᠬᠢᠨ ᠤᠰᠤ ᠭᠠᠴᠠᠭ᠎ᠠ ᠳᠡᠳᠤᠢ ᠦᠬᠡᠢ ᠣᠶᠢᠷ᠎ᠠ ᠬᠠᠪᠢ ᠶᠢᠨ ᠭᠠᠴᠠᠭ᠎ᠠ ᠴᠦᠮ ᠡᠯᠡᠰᠦᠨ ᠳᠤ ᠪᠤᠯᠠᠭᠳᠠᠬᠤ ᠠᠶᠤᠯ  ᠲᠠᠢ ᠪᠣᠯᠵᠤ ᠪᠠᠶᠢᠭᠰᠠᠨ ᠵᠠᠩᠭᠢᠯᠠᠭ᠎ᠠ ᠶᠢᠨ ᠴᠠᠭ ᠮᠦᠴᠡ ᠳᠤ᠂ ᠲᠡᠷᠡ ᠮᠦᠨ ᠯᠡ ᠤᠷᠤᠨ ᠪᠠᠶᠢᠷᠢ ᠳᠤ ᠯᠤᠪᠰᠠᠩ ᠭᠡᠰᠡᠨ ᠬᠦᠮᠦᠨ ᠴᠣᠯᠭᠤᠷᠠᠵᠠᠢ᠃ 1987 ᠣᠨ ᠠᠴᠠ ᠡᠬᠢᠯᠡᠨ ᠭᠠᠴᠠᠭᠠᠨ ᠤ ᠠᠵᠢᠯ ᠬᠢᠭᠰᠡᠨ ᠯᠤᠪᠰᠠᠩ ᠡᠳᠦᠷ ᠢᠷᠡᠬᠦᠶ᠎ᠡ ᠭᠡᠴᠡᠬᠦᠳᠡᠵᠤ ᠪᠠᠶᠢᠭ᠎ᠠ ᠡᠯᠡᠰᠦᠷᠭᠡᠭᠵᠢᠯ ᠪᠠ ᠤᠰᠤ ᠬᠦᠷᠦᠰᠦᠨ ᠤ ᠢᠳᠡᠭᠳᠡᠯ ᠢ ᠦᠵᠡᠭᠡᠳ ᠰᠠᠭᠤᠵᠤ ᠲᠣᠭᠲᠠᠬᠤ ᠦᠬᠡᠢ ᠪᠣᠯᠵᠤ᠂ ᠶᠠᠭᠤ ᠨᠢᠭᠡ ᠶᠢ ᠬᠢᠵᠤ᠂ ᠨᠤᠲᠤᠭ ᠤᠨ ᠠᠷᠠᠳ ᠣᠯᠠᠨ ᠳᠠᠭᠠᠨ᠂ ᠥᠰᠴᠦ ᠲᠦᠷᠦᠭᠰᠡᠨ ᠨᠤᠲᠤᠭ ᠤᠰᠤᠨ ᠳᠠᠭᠠᠨ ᠬᠠᠷᠢᠭᠤᠴᠠᠯᠭ᠎ᠠ ᠡᠬᠦᠷᠭᠡᠯᠡᠬᠦ ᠶᠤᠰᠤᠲᠠᠢ ᠭᠡᠮᠡᠨ ᠪᠤᠳᠤᠵᠠᠢ᠃ ᠢᠩᠭᠢᠭᠡᠳ ᠯᠤᠪᠰᠠᠩ ᠱᠦᠵᠢ ᠠᠮᠢ ᠠᠬᠤᠢ ᠶᠢᠨ ᠬᠠᠮᠠᠭᠠᠯᠠᠯᠲᠠ ᠶᠢᠨ ︽ᠲᠠᠶᠢᠨ︾ ᠢᠶᠠᠨ ᠡᠬᠢᠯᠡᠬᠦᠯᠦᠭᠰᠡᠨ ᠪᠠᠶᠢᠨ᠎ᠠ      ᠣᠳᠤ ᠪᠣᠯᠬᠤ ᠳᠤ ᠡᠬᠢᠨ ᠤᠰᠤ ᠭᠠᠴᠠᠭ᠎ᠠ ᠶᠢᠨ ᠨᠤᠲᠤᠭ ᠳᠡᠪᠢᠰᠭᠡᠷ ᠲᠡᠭᠡᠷ᠎ᠡ 1100 ᠭᠠᠷᠤᠢ ᠮᠠᠤ ᠣᠶᠢᠵᠢᠭᠤᠯᠤᠯᠲᠠ ᠶᠢᠨ ᠭᠠᠵᠠᠷ ᠲᠠᠢ ᠪᠤᠯᠤᠭᠰᠠᠨ ᠪᠦᠭᠡᠳ ᠦᠶᠡᠷ ᠤᠰᠤᠳᠠᠯ ᠢᠶᠠᠷ ᠡᠯᠡᠰᠦᠷᠭᠡᠭᠵᠢᠬᠦ ᠦᠵᠡᠭᠳᠡᠯ ᠣᠷᠣ ᠲᠠᠰᠤ ᠪᠤᠯᠤᠭᠰᠠᠨ ᠪᠠᠶᠢᠨ᠎ᠠ᠃      ᠡᠬᠢᠨ ᠤᠰᠤ ᠭᠠᠴᠠᠭᠠᠨ ᠤ ᠦᠨᠦᠳᠦᠷ ᠤᠨ ᠠᠮᠢ ᠠᠬᠤᠢ ᠶᠢᠨ ᠰᠠᠶᠢᠵᠢᠷᠠᠯᠲᠠ ᠨᠢ ᠯᠤᠪᠰᠠᠩ ᠱᠦᠵᠢ ᠶᠢᠨ ᠠᠮᠢ ᠬᠤᠪᠢ ᠪᠠᠨ ᠪᠤᠳᠤᠯ ᠦᠬᠡᠢ ᠪᠠᠷ ᠬᠦᠭᠡᠮᠳᠦᠭ ᠨᠤᠭᠤᠭᠠᠨ ᠠᠭᠤᠯᠠ ᠤᠰᠤᠨ ᠤ ᠪᠠᠨ ᠲᠥᠯᠦᠭᠡᠯᠡᠭᠴᠢᠳ ᠵᠢᠳᠬᠦᠭᠰᠡᠨ ᠬᠠᠷᠠᠮ ᠦᠬᠡᠢ ᠵᠢᠳᠬᠦᠯ ᠠᠴᠠ ᠰᠠᠯᠵᠤ ᠲᠠᠶᠢᠯᠦᠰᠢ ᠦᠬᠡᠢ ᠶᠤᠮ᠂ ᠥᠪᠦᠷ ᠮᠣᠩᠭᠤᠯ ᠤᠨ ᠣᠶᠢᠷ᠎ᠠ ᠶᠢᠨ ᠵᠢᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠯᠤᠪᠰᠠᠩ ᠰᠢᠭ ᠨᠡᠡ ᠠᠯᠳᠠᠷ ᠬᠦᠭᠡᠭᠡᠴᠡᠯᠳᠦᠬᠡ ᠦᠬᠡᠢ ᠵᠢᠷ ᠤᠨ ᠬᠦᠮᠦᠰ ᠠᠴᠠ ᠰᠠᠯᠵᠤ ᠴᠢᠳᠠᠬᠤ ᠦᠬᠡᠢ ᠶᠤᠮ᠃ ᠦᠨᠦᠳᠦᠷ ᠲᠡᠷᠡ ᠠᠵᠢᠯ ᠤᠨ ᠠᠮᠠᠷᠠᠯᠲᠠ ᠪᠠᠨ ᠠᠪᠤᠭᠰᠠᠨ ᠴᠤ ᠪᠠᠰᠠᠯᠠ ᠪᠤᠷᠭᠠᠰᠤ ᠰᠤᠪᠠᠭ ᠢᠶᠠᠨ ᠬᠡᠵᠤ᠂ ᠬᠠᠶᠢᠯᠠᠰᠤᠨ ᠮᠤᠳᠤ ᠪᠠᠨ ᠭᠡᠵᠤ ᠰᠠᠨᠠᠭ᠎ᠠ ᠠᠯᠭᠠᠰᠠᠨ ᠶᠠᠪᠤᠨ᠎ᠠ᠃
 
ᠢᠷᠡᠯᠲᠡ᠄ ᠥᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号