ᠦᠶᠡᠷ ᠢ ᠰᠡᠷᠭᠡᠶᠢᠯᠡᠬᠦ ᠰᠠᠨᠠᠭᠤᠯᠤᠮᠵᠢ
ᠨᠡᠶᠢᠲᠡᠯᠡᠭᠰᠡᠨ ᠴᠠᠭ᠄
2020/6/30
ᠦᠷᠭᠡᠨ ᠣᠯᠠᠨ ᠮᠠᠯᠴᠢᠨ ᠲᠦᠮᠡᠨ ᠳᠤ᠄       ᠮᠡᠨ ᠤ ᠬᠤᠰᠢᠭᠤ ᠨᠢ ᠬᠡᠨᠡᠳᠲᠡ ᠰᠢᠷᠦᠬᠦᠨ ᠪᠤᠷᠤᠭᠠᠨ ᠤᠷᠤᠵᠤ᠂ ᠦᠶᠡᠷ ᠤᠨ ᠭᠠᠮᠰᠢᠭ ᠪᠤᠯᠬᠤ ᠪᠤᠯᠤᠯᠴᠠᠭ᠎ᠠ ᠲᠠᠢ ᠤᠴᠢᠷ ᠠᠴᠠ ᠲᠠ ᠪᠦᠬᠦᠨ ᠡᠨᠡ ᠲᠠᠯ᠎ᠠ ᠶᠢᠨ ᠰᠡᠷᠭᠡᠶᠢᠯᠡᠯᠲᠡ ᠪᠠ ᠲᠠᠨᠢᠯᠲᠠ ᠲᠠᠢ ᠪᠠᠶᠢᠬᠤ ᠶᠢ ᠰᠠᠨᠠᠭᠤᠯᠤᠶ᠎ᠠ᠃       ᠶᠠᠭᠤᠨ ᠤ ᠤᠷᠢᠲᠠ ᠴᠢᠮᠡᠭᠡ ᠬᠤᠯᠪᠤᠭ᠎ᠠ ᠶᠢ ᠢᠯᠡᠬᠦᠬᠡᠨ ᠠᠩᠬᠠᠷᠴᠤ᠂ ᠷᠠᠳᠢᠤ᠋ ᠲᠧᠯᠸᠢᠰ᠂ ᠭᠠᠷ ᠤᠳᠠᠰᠤ ᠠᠴᠠ ᠴᠠᠭ ᠠᠭᠤᠷ ᠤᠨ ᠮᠡᠳᠡᠭᠡ ᠶᠢ ᠢᠯᠡᠬᠦᠭᠡᠨ ᠠᠩᠬᠠᠷᠴᠤ ᠪᠠᠶᠢᠭᠠᠷᠠᠢ᠃      1. ᠰᠢᠷᠦᠬᠦᠨ ᠪᠤᠷᠤᠭᠠᠨ ᠤᠷᠤᠵᠤ ᠪᠠᠶᠢᠬᠤ ᠦᠶ᠎ᠡ ᠳᠤ ᠭᠠᠳᠠᠭᠰᠢ ᠭᠠᠷᠬᠤ ᠶᠢ ᠪᠠᠭᠠᠰᠬᠠᠵᠤ᠂ ᠮᠠᠯ ᠤᠨᠤᠭ᠎ᠠ  ᠪᠠᠨ ᠡᠷᠲᠡᠭᠡᠨ ᠬᠤᠷᠢᠵᠤ᠂ ᠭᠠᠢ ᠭᠠᠮᠰᠢᠭ ᠠᠴᠠ ᠤᠷᠢᠳᠴᠢᠯᠠᠨ ᠰᠡᠷᠭᠡᠶᠢᠯᠡᠬᠦ ᠬᠡᠷᠡᠭᠳᠡᠢ᠃      2. ᠠᠶᠤᠯᠲᠠᠢ ᠭᠡᠷ ᠪᠠᠶᠢᠰᠢᠩ ᠳᠤ ᠰᠠᠭᠤᠵᠤ ᠪᠠᠶᠢᠭ᠎ᠠ ᠬᠤᠲᠠ ᠬᠦᠳᠡᠭᠡ ᠶᠢᠨ ᠠᠷᠠᠳ᠂ ᠰᠢᠷᠦᠬᠦᠨ ᠪᠤᠷᠤᠭᠠᠨ  ᠲᠠᠢ ᠦᠶ᠎ᠡ ᠳᠤ ᠤᠷᠤᠨ ᠰᠠᠭᠤᠴᠠ ᠠᠴᠠ ᠪᠠᠨ ᠵᠠᠶᠢᠯᠠᠵᠤ᠂ ᠠᠮᠤᠷ ᠲᠥᠪᠰᠢᠨ ᠭᠠᠵᠠᠷ ᠲᠤ ᠰᠢᠯᠵᠢᠬᠦ ᠬᠡᠷᠡᠭᠳᠡᠢ᠃      3. ᠪᠤᠷᠤᠭᠠᠨ ᠲᠠᠢ ᠦᠶ᠎ᠡ ᠳᠤ ᠴᠠᠬᠢᠯᠭᠠᠨ ᠤᠳᠠᠰᠤ᠂ ᠴᠠᠬᠢᠯᠭᠠᠨ ᠪᠠᠭᠠᠨ᠎ᠠ᠂ ᠣᠢ ᠮᠤᠲᠤ ᠵᠡᠷᠭᠡ ᠴᠠᠬᠢᠯᠭᠠᠨ ᠵᠤᠯᠭᠠᠬᠤ ᠪᠤᠯᠤᠯᠴᠠᠭ᠎ᠠ ᠲᠠᠢ ᠭᠠᠵᠠᠷ ᠠᠴᠠ ᠵᠠᠶᠢᠲᠠᠢ ᠪᠠᠶᠢᠬᠤ ᠬᠡᠷᠡᠭᠳᠡᠢ᠃ ᠴᠠᠬᠢᠯᠭᠠᠨ ᠤᠳᠠᠰᠤ ᠤᠰᠤᠨ ᠳᠤ ᠤᠷᠤᠭᠰᠠᠨ ᠪᠠᠶᠢᠪᠠᠯ ᠵᠠᠪᠠᠯ ᠵᠠᠶᠢᠯᠠᠰᠬᠢᠵᠤ ᠬᠠᠮᠢᠭ᠎ᠠ ᠪᠦᠬᠦᠢ ᠪᠠᠶᠢᠭᠤᠯᠭ᠎ᠠ ᠳᠤ ᠮᠡᠳᠡᠬᠦᠯᠬᠦ ᠬᠡᠷᠡᠭᠳᠡᠢ᠃      4. ᠶᠠᠮᠠᠷ ᠴᠤ ᠦᠶ᠎ᠡ ᠳᠤ ᠤᠰᠤ ᠭᠠᠳᠤᠯᠵᠤ ᠪᠣᠯᠬᠤ ᠦᠬᠡᠢ᠂ ᠦᠶᠡᠷ ᠢᠷᠡᠬᠦ ᠦᠶ᠎ᠡ ᠳᠤ᠂ ᠭᠤᠣᠯ ᠤᠨ ᠲᠤᠬᠤᠢ᠂ ᠭᠤᠤ ᠰᠤᠪᠠᠭ ᠠᠴᠠ ᠬᠢᠴᠢᠶᠡᠵᠤ᠂ ᠢᠯᠡᠬᠦᠬᠡᠨ ᠭᠠᠵᠠᠷ ᠤᠨ ᠪᠠᠶᠢᠴᠠ ᠶᠢ ᠠᠩᠬᠠᠷᠴᠤ ᠶᠠᠪᠤᠭᠠᠷᠠᠢ᠃      5. ᠤᠰᠤ ᠬᠤᠷᠠᠭᠰᠠᠨ ᠵᠠᠮ ᠢᠶᠠᠷ ᠶᠠᠪᠤᠬᠤ ᠳᠠᠭᠠᠨ ᠬᠢᠴᠢᠶᠡᠵᠦ᠂ ᠤᠰᠤ ᠲᠤᠨᠤᠭᠰᠠᠨ ᠭᠠᠵᠠᠷ ᠢ ᠤᠨᠴᠠ ᠠᠩᠬᠠᠷᠬᠤ ᠬᠡᠷᠡᠭᠳᠡᠢ᠃      6. ᠬᠡᠨᠡᠳᠲᠡ ᠶᠢᠨ ᠰᠢᠷᠦᠬᠦᠨ ᠪᠤᠷᠤᠭᠠᠨ ᠠᠴᠠ ᠪᠣᠯᠵᠤ ᠭᠤᠣᠯ ᠴᠦᠬᠦᠷᠦᠮ ᠤᠨ ᠤᠰᠤ ᠲᠡᠯᠡᠭᠳᠡᠬᠦ ᠪᠤᠯᠤᠮᠵᠢᠲᠠᠢ ᠤᠴᠢᠷ ᠠᠴᠠ ᠭᠤᠣᠯ ᠴᠦᠬᠦᠷᠦᠮ ᠤᠨ ᠬᠠᠵᠠᠭᠤ ᠪᠠᠷ ᠰᠠᠭᠤᠷᠢᠰᠢᠵᠤ ᠪᠠᠶᠢᠭ᠎ᠠ ᠠᠶᠢᠯ ᠡᠷᠦᠬᠡ᠂ ᠮᠠᠯ ᠤᠨᠤᠭ᠎ᠠ ᠪᠠᠨ ᠤᠰᠤᠨ ᠤ ᠠᠶᠤᠯ ᠠᠴᠠ ᠠᠪᠳᠠᠭᠳᠠᠬᠤ ᠠᠴᠠ ᠬᠢᠴᠢᠶᠡᠬᠦ ᠬᠡᠷᠡᠭᠳᠡᠢ᠃             ᠬᠦᠪᠡᠭᠡᠲᠦ ᠰᠢᠷ᠎ᠠ ᠬᠤᠰᠢᠭᠤᠨ ᠤ ᠦᠶᠡᠷ ᠢ ᠰᠡᠷᠭᠡᠶᠢᠯᠡᠬᠦ ᠵᠢᠭᠠᠨ ᠵᠢᠯᠤᠭᠤᠳᠬᠤ ᠺᠤᠮᠢᠰ ᠤᠨ ᠠᠯᠪᠠᠨ ᠭᠡᠷ             ᠬᠦᠪᠡᠭᠡᠲᠦ ᠰᠢᠷ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠯᠤᠲᠠ ᠶᠢᠨ ᠲᠤᠪᠴᠢᠶ᠎ᠠ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号