︵ᠠᠷᠪᠠ︶ ᠴᠠᠬᠠᠷ ᠬᠤᠨᠢ
ᠨᠡᠶᠢᠲᠡᠯᠡᠭᠰᠡᠨ ᠴᠠᠭ᠄
2020/6/4
     ᠴᠠᠬᠠᠷ ᠬᠤᠨᠢ ᠨᠢ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ ᠤᠨ ᠬᠤᠰᠢᠭᠤ ᠪᠠᠷ ᠪᠠᠶᠢᠷᠢᠯᠠᠵᠤ᠂ ᠲᠡᠭᠡᠷ᠎ᠡ ᠵᠠᠭᠤᠨ ᠤ ᠶᠡᠷᠡᠭᠡᠳ ᠣᠨ ᠠᠴᠠ ᠡᠬᠢᠯᠡᠵᠦ᠂ ᠲᠤᠬᠠᠢ ᠶᠢᠨ ᠭᠠᠵᠠᠷ ᠤᠨ ᠪᠠᠶᠢᠭᠠᠯᠢ᠂ ᠡᠬᠢ ᠪᠠᠶᠠᠯᠢᠭ ᠤᠨ ᠨᠦᠬᠦᠴᠡᠯ ᠪᠠ ᠵᠠᠬ᠎ᠠ ᠲᠡᠯᠭᠡᠬᠦᠷ ᠤᠨ ᠬᠡᠷᠡᠭᠴᠡᠭᠡ ᠳᠤ ᠲᠦᠰᠢᠭᠯᠡᠨ ᠡᠷᠯᠢᠰᠵᠢᠬᠦᠯᠬᠦ ᠠᠷᠭ᠎ᠠ ᠶᠢ ᠭᠡᠷᠡᠭᠯᠡᠵᠦ ᠪᠤᠶᠢᠵᠢᠭᠤᠯᠤᠭᠰᠠᠨ ᠶᠤᠮ᠃ ᠥᠪᠦᠷ ᠮᠤᠩᠭᠤᠯ ᠤᠨ ᠨᠠᠷᠢᠨ ᠨᠤᠤᠰᠤᠳᠤ ᠬᠤᠨᠢ ᠶᠢ ᠭᠧᠷᠮᠠᠨ ᠤ ᠮᠢᠬᠠᠨ ᠤ ᠮᠧᠷᠢᠨᠤᠰ ᠬᠤᠴᠠ ᠲᠠᠢ ᠡᠷᠯᠢᠰᠵᠢᠬᠦᠯᠦᠨ ᠪᠣᠶᠢᠵᠢᠭᠤᠯᠵᠤ ᠭᠠᠷᠭᠠᠭᠰᠠᠨ ᠰᠦᠷᠬᠦ ᠴᠢᠨᠠᠷ ᠢᠶᠠᠷ ᠴᠢᠩᠭ᠎ᠠ᠂ ᠮᠢᠬᠠᠨ ᠤ ᠬᠡᠷᠡᠭᠴᠡᠭᠡᠲᠦ ᠴᠢᠨᠠᠷ ᠢᠶᠠᠷ ᠰᠠᠶᠢᠨ᠂ ᠦᠷᠡᠵᠢᠯ ᠤᠨ ᠨᠤᠷᠮ᠎ᠠ ᠨᠢ ᠦᠨᠳᠦᠷ᠂ ᠤᠳᠤᠮᠰᠢᠯ ᠤᠨ ᠴᠢᠨᠠᠷ ᠲᠤᠭᠳᠠᠭᠤᠨ᠂ ᠰᠢᠯᠢᠳᠡᠭ ᠮᠢᠬ᠎ᠠ ᠨᠤᠤᠰᠤᠨ ᠤ ᠬᠤᠣᠰ ᠬᠡᠷᠡᠭᠴᠡᠭᠡᠲᠦ ᠬᠤᠨᠢᠨ ᠤ ᠰᠢᠨ᠎ᠡ ᠡᠬᠦᠯᠳᠡᠷ ᠪᠤᠯᠤᠨ᠎ᠠ᠃ ᠣᠯᠠᠨ ᠵᠢᠯ ᠤᠨ ᠪᠤᠶᠢᠵᠢᠭᠤᠯᠤᠯᠲᠠ ᠪᠠᠷ ᠳᠠᠮᠵᠢᠨ᠂ ᠤᠯᠤᠰ ᠤᠨ ᠲᠠᠷᠢᠶᠠᠯᠠᠩ ᠤᠨ ᠶᠠᠮᠤᠨ ᠠᠴᠠ ︽ᠴᠠᠬᠠᠷ ᠬᠤᠨᠢ︾ ᠪᠠᠷ ᠨᠡᠷᠡᠶᠢᠳᠴᠦ᠂ ᠴᠠᠬᠠᠷ ᠬᠤᠨᠢᠨ ᠤ ᠮᠢᠬ᠎ᠠ ᠶᠢ ᠤᠯᠤᠰ ᠤᠨ ᠭᠠᠵᠠᠷ ᠣᠷᠤᠨ ᠤ ᠪᠠᠷᠢᠮᠵᠢᠶᠠᠳᠤ ᠬᠠᠮᠠᠭᠠᠯᠠᠯᠲᠠ ᠶᠢᠨ ᠲᠥᠷᠦᠯ ᠵᠦᠢᠯ ᠳᠤ ᠤᠷᠤᠭᠤᠯᠵᠠᠢ᠃ ᠤᠷᠤᠨ ᠨᠤᠲᠤᠭ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠤᠨ ᠤ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠶᠢᠨ ᠲᠤᠰᠬᠠᠢ ᠮᠡᠷᠭᠡᠵᠢᠯᠳᠡᠨ ᠤ ᠲᠤᠭᠤᠶᠢᠯᠠᠩ ᠤᠨ ᠬᠢᠨᠠᠨ ᠲᠤᠭᠳᠠᠭᠠᠯᠲᠠ ᠶᠢ ᠦᠩᠭᠡᠷᠡᠬᠦᠯᠵᠡᠢ᠃
    ᠤᠷᠴᠢᠮ ᠤᠨ ᠵᠢᠯ᠂ ᠬᠦᠪᠡᠭᠡᠲᠦ ᠰᠢᠷ᠎ᠠ ᠬᠤᠰᠢᠭᠤ ᠨᠢ ᠴᠠᠬᠠᠷ ᠬᠤᠨᠢᠨ ᠤ ᠦᠢᠯᠡᠰ ᠢ ᠶᠡᠬᠡᠪᠡᠷ ᠬᠦᠭᠵᠢᠬᠦᠯᠵᠦ᠂ ᠬᠠᠮᠢᠭ᠎ᠠ ᠪᠦᠬᠦᠢ ᠠᠰᠢᠭᠲᠠᠢ ᠲᠥᠷᠦ ᠶᠢᠨ ᠪᠤᠳᠤᠯᠭ᠎ᠠ ᠲᠤᠭᠳᠠᠭᠠᠨ ᠬᠡᠷᠡᠭᠵᠢᠬᠦᠯᠵᠦ᠂ ᠴᠠᠬᠠᠷ ᠬᠤᠨᠢ ᠲᠡᠵᠢᠭᠡᠨ ᠦᠷᠡᠵᠢᠬᠦᠯᠬᠦ ᠬᠡᠪᠴᠢᠶ᠎ᠡ ᠶᠢ ᠦᠷᠬᠦᠯᠵᠢᠯᠡᠨ ᠦᠷᠭᠡᠳᠬᠡᠵᠦ᠂ ᠦᠷ᠎ᠡ ᠠᠰᠢᠭ ᠨᠢ ᠲᠠᠰᠤᠷᠠᠯᠲᠠ ᠦᠬᠡᠢ ᠲᠡᠭᠡᠭᠰᠢᠯᠡᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号