ᠲᠠᠪᠰᠢᠯᠲᠤ᠂ ᠬᠤᠪᠢᠰᠬᠠᠯᠲᠤ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢᠶᠠᠷ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-06-05
                                                        ᠰᠢᠨᠡᠭᠦᠦ     ᠴᠢᠭᠯᠡᠯ ᠮᠡᠳᠡᠭᠡᠯᠡᠪᠡ       ︽ᠵᠢᠷᠭᠤᠭᠠᠨ ᠰᠠᠷ᠎ᠠ ᠶᠢᠨ ᠨᠢᠭᠡᠨ︾᠎ ᠤ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠲᠦ ᠵᠡᠷᠭᠡ ᠬᠤᠰᠢᠭᠤᠨ ᠤ ᠨᠠᠮ ᠵᠠᠰᠠᠭ ᠤᠨ ᠣᠳᠣᠷᠢᠳᠣᠯᠭ᠎ᠠ ᠬᠤᠰᠢᠭᠤᠨ ᠤ ᠡᠯ᠎ᠡ ᠰᠣᠷᠭᠠᠭᠤᠯᠢ ᠪᠠᠷ ᠭᠦᠷᠴᠣ᠂ ᠭᠡᠦᠭᠡᠳ ᠪᠠᠭᠠᠴᠣᠳ ᠲᠤ ᠪᠠᠶᠠᠷ ᠤᠨ ᠡᠳᠦᠷ ᠤᠨ ᠢᠷᠦᠭᠡᠯ ᠵᠦᠡᠭᠨᠡᠯ ᠬᠠᠶᠢᠷᠠᠯᠠᠵᠦ᠂ ᠰᠢᠷᠭᠠᠭᠤ ᠬᠥᠳᠡᠯᠮᠦᠷᠢᠯᠡᠵᠦ ᠪᠠᠶᠢᠭ᠎ᠠ ᠰᠤᠷᠭᠠᠨ ᠬᠥᠮᠦᠵᠢᠯ ᠤᠨ ᠠᠵᠢᠯᠲᠠᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠡᠢ᠃       ᠬᠤᠰᠢᠭᠤᠨ ᠤ ᠣᠳᠣᠷᠢᠳᠣᠯᠭ᠎ᠠ ᠳᠠᠪᠰᠢᠯᠳᠣ᠂ ᠬᠤᠪᠢᠰᠬᠠᠯᠳᠣ᠂ ᠴᠧᠨ ᠢᠦᠶ ᠴᠧᠩ᠂ ᠰᠦᠯᠳᠡ ᠨᠠᠷ ᠨᠢ ᠬᠤᠰᠢᠭᠤᠨ ᠤ ᠦᠨᠳᠦᠰᠦᠳᠡᠨ ᠤ ᠮᠤᠩᠭᠤᠯ ᠪᠠᠭ᠎ᠠ ᠰᠤᠷᠭᠠᠭᠤᠯᠢ᠂ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠮᠣᠩᠭᠤᠯ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠰᠤᠷᠭᠠᠭᠤᠯᠢ ᠶᠢᠨ ᠡᠭᠦᠳᠡ᠂ ᠬᠢᠨᠠᠨ ᠪᠠᠶᠢᠴᠠᠭᠠᠬᠤ ᠲᠠᠰᠤᠭ᠂ ᠡᠮᠨᠡᠯᠭᠡ ᠶᠢᠨ ᠲᠠᠰᠤᠭ᠂ ᠠᠩᠭᠢ ᠶᠢᠨ ᠭᠡᠷ᠂ ᠬᠤᠭᠤᠯᠠᠨ ᠭᠡᠷ ᠵᠡᠷᠭᠡ ᠭᠠᠵᠠᠷ ᠢ ᠪᠠᠶᠢᠴᠠᠭᠠᠨ᠂ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠤᠭᠴᠢᠳ ᠤᠨ ᠰᠤᠷᠤᠯᠭ᠎ᠠ ᠠᠮᠢᠳᠤᠷᠠᠯ᠂ ᠪᠠᠭ᠎ᠠ ᠰᠣᠷᠭᠠᠭᠤᠯᠢ ᠶᠢᠨ ᠨᠢᠭᠡ᠂ ᠬᠤᠶᠠᠷ᠂ ᠭᠤᠷᠪᠠᠳᠤᠭᠠᠷ ᠣᠨ ᠪᠠ ᠬᠡᠤᠬᠡᠳ ᠤᠨ ᠴᠡᠴᠡᠷᠯᠢᠭ ᠤᠨ ᠰᠤᠷᠤᠭᠴᠢᠳ ᠤᠨ ᠬᠢᠴᠢᠶᠡᠯ ᠰᠡᠷᠭᠦᠭᠡᠬᠦ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠶᠠᠷᠢᠯᠴᠠᠵᠤ ᠪᠠᠶᠢᠷᠢᠯᠠᠭᠤᠯᠵᠠᠢ᠃       ᠪᠠᠶᠢᠴᠠᠭᠠᠨ ᠰᠣᠳᠣᠯᠣᠯᠳᠠ ᠳᠣᠮᠳᠠ᠂ ᠳᠠᠪᠰᠢᠯᠲᠤ᠂ ᠣᠳᠣᠬᠠᠨ ᠳᠤ 1᠎ ᠠᠴᠠ 3 ᠣᠨ ᠤ ᠰᠤᠷᠤᠭᠴᠢ ᠪᠣᠯᠤᠨ ᠬᠡᠤᠬᠡᠳ ᠤᠨ ᠴᠡᠴᠡᠷᠯᠢᠭ ᠤᠨ ᠰᠤᠷᠤᠭᠴᠢᠳ ᠰᠤᠷᠭᠠᠭᠤᠯᠢ ᠳᠠᠭᠠᠨ ᠪᠤᠴᠠᠵᠤ᠂ ᠠᠩᠬ᠎ᠠ ᠵᠡᠷᠭᠡ ᠶᠢᠨ ᠭᠤᠷᠪᠠᠳᠤᠭᠠᠷ ᠣᠨ᠂ ᠥᠨᠳᠥᠷ ᠵᠡᠷᠭᠡ ᠶᠢᠨ ᠭᠤᠷᠪᠠᠳᠤᠭᠠᠷ ᠣᠨ ᠤ ᠰᠤᠷᠤᠭᠴᠢᠳ ᠲᠡᠬᠦᠰᠬᠦ ᠰᠢᠯᠭᠠᠯᠲᠠ ᠶᠢ ᠤᠭᠲᠤᠬᠤ ᠪᠠᠷ ᠪᠠᠶᠢᠨ᠎ᠠ᠃ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠢᠵᠢᠭ ᠢ ᠰᠡᠷᠭᠡᠶᠢᠯᠡᠭᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠦᠷᠢᠮ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠢᠭᠡᠳ ᠨᠢᠭᠡ ᠪᠠᠷ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠪᠦᠬᠦ ᠰᠤᠷᠤᠭᠴᠢᠳ ᠤᠨ ᠭᠡᠪ ᠤᠨ ᠶᠣᠰᠣᠭᠠᠷ ᠭᠢᠴᠢᠶᠡᠯ ᠢᠶᠠᠨ ᠰᠡᠷᠭᠦᠭᠡᠬᠦ ᠶᠢ ᠪᠠᠲᠤᠯᠠᠬᠤ ᠶᠢᠨ ᠬᠠᠮᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠰᠠᠶᠢᠳᠤᠷ ᠠᠳᠬᠤᠵᠤ᠂ ᠰᠤᠷᠤᠭᠴᠢᠳ ᠤᠨ ᠲᠡᠬᠦᠰᠬᠦ ᠰᠢᠯᠭᠠᠯᠲᠠ ᠳᠤ ᠰᠠᠶᠢᠨ ᠬᠢᠷᠢ ᠪᠦᠲᠦᠮᠵᠢ ᠤᠯᠬᠤ ᠳᠤ ᠬᠠᠮᠤᠭ ᠰᠠᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠠᠢ᠃ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭᠠᠨ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠠᠯᠠᠭᠤᠯᠵᠤ᠂ ᠬᠦᠴᠢᠷ ᠢ ᠲᠡᠰᠪᠦᠷᠢᠯᠡᠬᠦ᠂ ᠡᠷᠡᠯᠬᠡᠭᠯᠡᠨ ᠤᠷᠤᠭᠰᠢᠯᠠᠬᠤ ︽ᠮᠣᠩᠭᠤᠯ ᠮᠤᠷᠢᠨ︾᠎ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠡᠦᠬᠡᠳ ᠢ ᠨᠡᠶᠢᠭᠡᠮ ᠵᠢᠷᠤᠮ ᠤᠨ ᠠᠯᠤᠰ ᠬᠡᠲᠦ ᠶᠢᠨ ᠬᠦᠰᠡᠯᠡᠩ ᠎ ᠲᠠᠢ᠂ ᠬᠠᠷᠠᠬᠠᠨ ᠪᠠᠭ᠎ᠠ ᠠᠴᠠ ᠪᠠᠨ ᠰᠢᠯᠢᠳᠡᠭ ᠰᠠᠶᠢᠨ ᠵᠠᠩ ᠮᠣᠷᠠᠯ ᠲᠠᠢ ᠪᠤᠯᠭᠠᠨ ᠬᠦᠮᠦᠵᠢᠬᠦᠯᠵᠤ᠂ ᠨᠡᠶᠢᠭᠡᠮ ᠳᠤ ᠬᠡᠷᠡᠭᠴᠡᠭᠡ ᠲᠠᠢ ᠨᠠᠩ ᠣᠯᠠᠨ ᠴᠢᠳᠠᠪᠤᠷᠢᠲᠠᠨ ᠢ ᠬᠦᠮᠦᠵᠢᠬᠦᠯᠬᠦ ᠪᠠᠷ ᠴᠢᠷᠮᠠᠶᠢᠬᠤ ᠬᠡᠷᠡᠭᠲᠠᠢ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠬᠦᠯᠳᠡᠷᠵᠢᠬᠦᠯᠵᠤ᠂ ᠬᠠᠲᠠᠭᠤ ᠵᠥᠭᠡᠯᠡᠨ ᠲᠣᠨᠤᠭ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠤᠬᠡᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠬᠤ ᠳᠤ ᠨᠠᠩ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠠᠢ ᠭᠡᠵᠤ ᠴᠢᠬᠤᠯᠠᠴᠢᠯᠠᠪᠠ᠃        ᠳᠠᠪᠰᠢᠯᠲᠤ ᠠᠴᠠ᠂ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠲᠡᠷᠢᠭᠦᠨ ᠳᠤ ᠲᠠᠯᠪᠢᠵᠤ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠪᠠ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠳᠤ ᠤᠷᠤᠯᠴᠠᠬᠤ ᠶᠢ ᠵᠣᠷᠢᠭᠵᠢᠭᠤᠯᠵᠤ᠂ ᠠᠷᠠᠳ ᠲᠦᠮᠡᠨ ᠬᠠᠨᠤᠮᠵᠢᠲᠠᠶ ᠪᠠᠶᠢᠬᠤ ᠶᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠬᠡᠷᠡᠭᠲᠠᠢ ᠭᠡᠵᠦ ᠱᠠᠭᠠᠷᠳᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号