ᠬᠤᠰᠢᠭᠤ ᠨᠠᠮ ᠵᠠᠰᠠᠭ ᠤᠨ ᠤᠳᠤᠷᠢᠳᠤᠯᠭ᠎ᠠ ᠬᠤᠸᠠ ᠰᠢᠶᠠ ᠨᠠᠶᠢᠳᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠺᠤᠮᠫᠠᠨᠢ ᠶᠢᠨ ᠪᠠᠷᠠᠭᠤᠨ ᠬᠤᠶᠢᠲᠤ ᠣᠷᠣᠨ ᠳᠠᠬᠢ ᠶᠡᠷᠦᠩᠬᠡᠢ ᠵᠠᠭᠢᠷᠣᠯ ᠯᠢ ᠳ᠋ᠠ ᠫᠧᠩ ᠲᠠᠢ ᠶᠠᠷᠢᠯᠴᠠᠭᠰᠠᠨ
ᠨᠡᠶᠢᠲᠡᠯᠡᠭᠰᠡᠨ ᠴᠠᠭ᠄
2020-06-05
                                                ᠲᠣᠣᠯᠠ   ᠲᠠᠩᠭᠢᠰ ᠮᠡᠳᠡᠭᠡᠯᠡᠪᠡ       6 ᠰᠠᠷ᠎ᠠ ᠶᠢᠨ 2᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠰᠦᠵᠢ᠂ ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠲᠤ ᠵᠡᠷᠭᠡ ᠬᠤᠰᠢᠭᠤᠨ ᠤ ᠨᠠᠮ ᠵᠠᠰᠠᠭ ᠤᠨ ᠣᠳᠣᠷᠢᠳᠣᠯᠭ᠎ᠠ ᠬᠤᠸᠠ ᠰᠢᠶᠠ ᠨᠡᠶᠢᠳᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠺᠤᠮᠫᠠᠨᠢ ᠶᠢᠨ ᠪᠠᠷᠠᠭᠤᠨ ᠬᠤᠶᠢᠲᠤ ᠣᠷᠣᠨ ᠳᠠᠬᠢ ᠶᠡᠷᠦᠩᠭᠡᠢ ᠵᠠᠭᠢᠷᠣᠯ ᠯᠢ ᠳ᠋ᠠ ᠫᠧᠩ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠠᠭᠠᠷ ᠠᠶᠠᠯᠠᠯ ᠤᠨ ᠱᠤᠭᠤᠮ ᠢ ᠲᠥᠯᠥᠪᠵᠢᠭᠦᠯᠦᠨ ᠨᠡᠪᠲᠡᠷᠡᠭᠦᠯᠬᠦ᠂ ᠨᠢᠰᠭᠡᠯ ᠤᠨ ᠪᠠᠭᠤᠳᠠᠯ ᠤᠨ ᠡᠵᠡᠩᠨᠡᠯᠲᠡ ᠵᠡᠷᠭᠡ ᠬᠠᠮᠲᠤᠷᠠᠯᠴᠠᠭᠠᠨ ᠤ ᠶᠠᠪᠤᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠵᠠᠢ᠃       ᠳᠠᠪᠰᠢᠯᠲᠤ᠂ ᠬᠤᠪᠢᠰᠬᠠᠯᠲᠤ ᠨᠠᠷ  ᠯᠢ ᠳ᠋ᠠ ᠫᠸᠡᠭ ᠲᠠᠢ ᠶᠠᠷᠢᠯᠴᠠᠵᠤ᠂ ᠺᠣᠮᠫᠠᠨᠢ ᠶᠢᠨ ᠡᠵᠡᠩᠨᠡᠯᠲᠡ ᠶᠢᠨ ᠲᠥᠯᠥᠪᠵᠢᠭᠦᠯᠭᠡ ᠵᠡᠷᠭᠡ ᠪᠣᠳᠠᠲᠠᠢ ᠪᠠᠶᠢᠳᠠᠯ ᠢ ᠣᠶᠢᠯᠠᠭᠠᠬᠤ ᠶᠢᠨ ᠬᠠᠮᠲᠤ ᠬᠥᠪᠡᠭᠡᠲᠦ ᠰᠢᠷ᠎ᠠ ᠬᠤᠰᠢᠭᠤᠨ ᠤ ᠨᠡᠶᠢᠳᠡ ᠎ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠠᠶᠢᠷᠢᠯᠠᠭᠤᠯᠤᠯᠲᠠ᠂ ᠤᠷᠤᠨ ᠪᠠᠶᠢᠷᠢ ᠶᠢᠨ ᠳᠠᠪᠠᠭᠤᠯᠢᠭ᠂ ᠳᠠᠷᠠᠭᠠᠴᠢ ᠶᠢᠨ ᠠᠵᠢᠯ ᠤᠨ ᠲᠥᠰᠥᠪ ᠤᠨ ᠲᠣᠬᠠᠢ ᠶᠠᠷᠢᠬᠤ ᠳᠠᠭᠠᠨ᠄ᠬᠥᠪᠡᠭᠡᠲᠦ ᠰᠢᠷ᠎ᠠ ᠬᠤᠰᠢᠭᠤᠨ ᠤ  ᠨᠡᠶᠢᠳᠡ ᠎ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠨᠢ ᠮᠠᠨ ᠤ ᠬᠤᠰᠢᠭᠤᠨ ᠤ ᠡᠮᠦᠨ᠎ᠡ ᠤᠮᠠᠷ᠎ᠠ ᠵᠡᠭᠦᠨ ᠪᠠᠷᠠᠭᠤᠨ ᠢ ᠨᠡᠪᠲᠡᠷᠡᠭᠦᠯᠬᠦ ᠶᠡᠭᠡ ᠵᠠᠮ  ᠪᠣᠯᠣᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠨᠡᠶᠢᠳᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠡᠵᠡᠩᠨᠡᠯᠲᠡ ᠳᠤ ᠣᠷᠤᠬᠤ ᠶᠢ ᠯᠠᠪᠳᠠᠭᠤᠨ ᠠᠬᠢᠭᠤᠯᠵᠤ᠂ ᠭᠡᠷ᠎ᠡ ᠲᠣᠭᠲᠠᠭᠰᠠᠨ ᠠᠶᠠᠯᠠᠯ ᠤᠨ ᠱᠤᠭᠤᠮ ᠤᠨ ᠠᠮᠤᠷ  ᠲᠣᠭᠲᠠᠭᠤᠨ ᠡᠵᠡᠩᠨᠡᠯᠲᠡ ᠶᠢ ᠪᠠᠲᠤᠯᠠᠵᠤ᠂ ᠤᠷᠲᠤ ᠬᠤᠭᠤᠴᠠᠭᠠᠨ ᠤ ᠠᠶᠠᠯᠠᠯ ᠤᠨ ᠱᠤᠭᠤᠮ ‍ᠤᠨ‌‍ᠲ᠋ᠥ᠋ᠯᠥᠪᠵᠢᠭᠦᠯᠭᠡ ᠶᠢ ᠢᠳᠡᠪᠬᠢᠲᠡᠢ ᠰᠥᠪᠡᠭᠴᠢᠯᠡᠵᠦ᠂ ᠬᠥᠪᠡᠭᠡᠲᠦ ᠰᠢᠷ᠎ᠠ ᠬᠤᠰᠢᠭᠤᠨ ᠤ ᠨᠡᠶᠢᠳᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠠᠯᠬᠤᠮ ᠠᠯᠬᠤᠮ ᠢᠶᠠᠷ ᠥᠪᠥᠷ ᠮᠣᠩᠭᠤᠯ ᠤᠨ ᠨᠡᠶᠢᠳᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠲᠣᠣᠷ ᠰᠦᠯᠵᠢᠶᠡᠨ ᠤ ᠵᠠᠩᠭᠢᠯᠠᠭ᠎ᠠ ᠶᠢᠨ ᠴᠡᠭ ᠪᠣᠯᠭᠠᠨ ᠪᠥᠲᠦᠭᠡᠨ ᠪᠠᠶᠢᠭᠤᠯᠬᠤ ᠪᠤᠯᠤᠨ᠎ᠠ᠃ ᠬᠤᠸᠠ ᠰᠢᠶᠠ ᠨᠡᠶᠢᠳᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠺᠤᠮᠫᠠᠨᠢ ᠨᠢ ᠬᠥᠪᠡᠭᠡᠲᠦ ᠰᠢᠷ᠎ᠠ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠪᠣᠯᠣᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠬᠠᠮᠵᠢᠯᠴᠠᠭᠠᠨ ᠤ ᠬᠥᠴᠥᠯᠡᠴᠡ ᠪᠠᠨ ᠴᠢᠩᠭᠠᠳᠬᠠᠵᠤ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠨᠡᠩ ᠰᠠᠶᠢᠨ ᠢᠶᠠᠷ ᠳᠠᠶᠢᠴᠢᠯᠠᠨ ᠳᠠᠭᠠᠭᠤᠯᠬᠤ ᠶᠢᠨ ᠬᠠᠮᠲᠤ ᠲᠤᠰ ᠤᠳᠠᠭᠠᠨ ᠤ ᠰᠠᠭᠤᠳᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠣᠶᠢᠷ᠎ᠠ ᠵᠠᠮ ᠤᠨ ᠲᠡᠭᠡᠭᠡᠪᠦᠷᠢ᠂ ᠵᠤᠭᠠᠴᠠᠯ᠂ ᠪᠠᠷᠠᠭ᠎ᠠ ᠭᠦᠢᠯᠭᠡᠭᠡ ᠵᠡᠷᠭᠡ ᠨᠡᠩ ᠦᠷᠭᠡᠨ ᠭᠡᠪᠴᠢᠶ᠎ᠡ ᠪᠠᠷ ᠬᠠᠮᠵᠢᠯᠴᠠᠬᠤ ᠶᠢ ᠬᠦᠰᠡᠭᠰᠡᠨ ᠪᠠᠶᠢᠨ᠎ᠠ᠃        ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠴᠧᠨ ᠢᠦᠢ ᠴᠧᠩ᠂ ᠬᠥᠪᠡᠭᠡᠲᠦ ᠰᠢᠷ᠎ᠠ ᠬᠤᠰᠢᠭᠤᠨ ᠤ ᠨᠡᠶᠢᠳᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠬᠦᠯᠢ ᠴᠣᠭᠴᠠ ᠶᠢᠨ ᠪᠠᠶᠢᠳᠠᠯ ᠢ ᠲᠠᠨᠢᠯᠴᠠᠭᠤᠯᠵᠤ᠂ ᠬᠤᠸᠠ ᠰᠢᠶᠠ ᠨᠡᠶᠢᠳᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠬᠢᠵᠠᠭᠠᠷᠲᠤ ᠺᠤᠮᠫᠠᠨᠢ ᠶᠢᠨ ᠪᠠᠷᠠᠭᠤᠨ ᠬᠤᠶᠢᠲᠤ ᠣᠷᠣᠨ ᠳᠠᠬᠢ ᠶᠡᠷᠦᠩᠬᠡᠢ ᠵᠠᠬᠢᠷᠤᠯ ᠯᠢ ᠳ᠋ᠠ ᠫᠧᠩ ᠠᠴᠠ ᠺᠤᠮᠫᠠᠨᠢ ᠶᠢᠨ ᠢᠶᠠᠨ ᠶᠡᠷᠦᠩᠬᠡᠢ ᠪᠠᠶᠢᠳᠠᠯ᠂ ᠣᠯᠠᠨ ᠭᠠᠵᠠᠷ  ᠎ ᠳᠠᠬᠢ ᠨᠢᠰᠣᠯᠳᠠ ᠶᠢᠨ ᠲᠦᠰᠦᠪ ᠪᠣᠯᠣᠨ ᠬᠤᠶᠠᠷ ᠲᠠᠯ᠎ᠠ ᠎ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ ᠶᠢᠨ ᠲᠤᠬᠠᠢ ᠲᠠᠨᠢᠯᠴᠠᠭᠤᠯᠵᠠᠢ᠃        ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠡᠶᠢᠳᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠥᠪᠡᠷᠰᠡᠳ ᠤᠨ ᠠᠵᠢᠯ ᠤᠨ ᠭᠤᠣᠯᠳᠠᠯᠭ᠎ᠠ ᠲᠠᠢ ᠪᠠᠨ ᠤᠶᠠᠯᠳᠤᠭᠤᠯᠤᠨ ᠰᠠᠨᠠᠯ ᠪᠣᠳᠣᠯ ᠢᠶᠠᠨ ᠰᠣᠯᠢᠯᠴᠠᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号