ᠦᠨᠳᠦᠰᠦᠲᠡᠨ ᠤ ᠬᠠᠤᠯᠢ ᠳᠦᠷᠢᠮ ᠤᠨ ᠤᠬᠠᠭᠤᠯᠭ᠎ᠠ ᠶᠢᠨ ᠭᠠᠷᠠᠭ ᠢ ᠲᠣᠭᠢᠶᠠᠯᠠᠳᠠᠭᠤᠯᠣᠨ᠂ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠨᠢ ᠲᠠᠶᠢᠯᠣᠮᠵᠢ ᠡᠷᠭᠢᠯᠡᠭᠦ᠂ ᠣᠬᠠᠭᠤᠯᠭ᠎ᠠ ᠭᠢᠭᠦ ᠵᠡᠷᠭᠡ ᠣᠯᠠᠨ ᠠᠷᠭ᠎ᠠ | ᠭᠡᠯᠪᠡᠷᠢ ᠪᠠᠷ ᠦᠨᠳᠦᠰᠦᠲᠡᠨ ᠤ ᠬᠠᠤᠯᠢ ᠳᠦᠷᠢᠮ ᠢ ᠭᠦᠨᠵᠡᠭᠡᠢ ᠣᠬᠠᠭᠤᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯ ᠳᠤ ᠬᠦᠴᠦᠨ ᠨᠡᠮᠡᠷᠢᠯᠡᠵᠡᠢ᠃ | 5 ᠰᠠᠷ᠎ᠠ ᠶᠢᠨ 29 ᠤ ᠡᠳᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠮᠣᠩᠭᠤᠯ | ᠳᠤᠮᠳᠠᠳᠤ ᠰᠤᠷᠭᠠᠭᠤᠯᠢ ᠬᠠᠮᠲᠤᠷᠠᠨ᠂ ᠦᠨᠳᠦᠰᠦᠲᠡᠨ ᠤ ᠬᠠᠤᠯᠢ ᠳᠦᠷᠢᠮ ᠤᠨ ᠤᠬᠠᠭᠤᠯᠭ᠎ᠠ ᠵᠢᠨᠠᠵᠢᠯᠯᠠᠭ᠎ᠠ | ᠦᠷᠨᠢᠭᠦᠯᠵᠦ᠂ ᠮᠣᠩᠭᠤᠯ ᠳᠣᠮᠳᠠᠳᠣ ᠰᠣᠷᠭᠠᠭᠤᠯᠢ ᠶᠢᠨ ᠪᠠᠭᠰᠢ ᠰᠣᠷᠭᠤᠭ ᠠᠴᠠ ︽ᠦᠨᠳᠦᠰᠦᠨ ᠬᠠᠤᠯᠢ︾᠂ ︽ | ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠬᠠᠤᠯᠢ︾ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ᠂ | ᠦᠨᠳᠦᠰᠦᠲᠡᠨ ᠤ ᠬᠠᠤᠯᠢ ᠲᠣᠭᠲᠠᠭᠠᠯ ᠤᠨ ᠲᠤᠬᠠᠢ ᠣᠨᠣᠯ ᠢ ᠪᠣᠳᠠᠲᠠᠢ ᠲᠠᠢ ᠤᠶᠠᠯᠳᠤᠭᠤᠯᠤᠨ᠂ ᠭᠤᠣᠯᠳᠠᠯᠭ᠎ᠠ ᠶᠢ | ᠳᠣᠪᠣᠶᠢᠯᠭᠠᠵᠤ᠂ ᠣᠶᠢᠯᠠᠭᠠᠬᠤ ᠳᠤ ᠳᠦᠭᠦᠮ᠂ ᠣᠨᠣᠯ ᠤᠨ ᠦᠨᠳᠦᠷᠴᠡ ᠲᠠᠢ᠂ ᠦᠢᠯᠡᠳᠦᠯᠭᠡ ᠶᠢᠨ ᠭᠦᠨᠴᠡ ᠲᠠᠢ᠂ ᠭᠦᠨ | ᠭᠦᠨᠵᠡᠭᠡᠢ ᠨᠠᠷᠢᠨ ᠲᠣᠳᠣᠷᠬᠠᠢ ᠲᠠᠶᠢᠯᠪᠤᠷᠢᠯᠠᠵᠤ᠂ ᠰᠤᠷᠤᠭᠴᠢᠳ ᠤᠨ ᠣᠶᠢᠯᠠᠭᠠᠬᠤ ᠳᠤ ᠬᠦᠴᠢᠷᠲᠡᠢ ᠠᠰᠠᠭᠤᠳᠠᠯ ᠢ | ᠬᠠᠮᠲᠤ ᠪᠠᠷ ᠰᠤᠳᠤᠯᠤᠨ ᠶᠠᠷᠢᠯᠴᠠᠵᠤ᠂ ᠰᠠᠨᠠᠯ ᠢᠶᠠᠨ ᠰᠣᠯᠢᠯᠴᠠᠬᠰᠠᠨ ᠤ ᠬᠠᠮᠳᠣ ᠰᠤᠷᠤᠭᠴᠢᠳ᠂ ᠪᠠᠭᠰᠢ ᠶᠢᠨ | ᠵᠢᠯᠤᠭᠤᠳᠤᠯᠭ᠎ᠠ ᠪᠠᠷ᠂ ︽ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠬᠠᠤᠯᠢ︾ ᠪᠣᠯᠣᠨ ᠦᠨᠳᠦᠰᠦᠲᠡᠨ ᠤ | ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠮᠡᠳᠡᠯᠭᠡ ᠶᠢᠨ ᠭᠠᠷ ᠪᠢᠴᠢᠮᠡᠯ | ᠰᠣᠨᠢᠨ ᠢ ᠤᠷᠠᠯᠠᠨ ᠪᠦᠲᠦᠭᠡᠪᠡ᠃ | ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠤᠬᠠᠭᠤᠯᠭ᠎ᠠ ᠶᠢᠨ ᠬᠠᠭᠤᠳᠠᠰᠤ ᠣᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠦ᠂ ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠥᠩᠭᠡᠨ | ᠭᠡᠷᠡᠭᠯᠡᠭᠡᠨ ᠳᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠠᠮᠢᠶᠠᠷᠤᠯᠲᠠ ᠶᠢᠨ | ᠠᠷᠭ᠎ᠠ︾《内蒙古自治区社会市面蒙汉两种文字并用管理 | 办法》ᠵᠡᠷᠭᠡ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠳᠦᠷᠢᠮ ᠤᠨ ᠬᠠᠮᠢᠶ᠎ᠠ | ᠪᠦᠬᠦᠢ ᠮᠡᠳᠡᠯᠭᠡ ᠶᠢ ᠪᠦᠬᠦ ᠲᠠᠯ᠎ᠠ ᠪᠠᠷ ᠤᠬᠠᠭᠤᠯᠤᠨ᠂ ᠣᠯᠠᠨ ᠲᠦᠮᠡᠨ ᠤ ᠤᠯᠤᠰ ᠣᠷᠣᠨ ᠤ ᠤᠬᠠᠮᠰᠠᠷ᠂ ᠠᠷᠠᠳ | ᠢᠷᠭᠡᠨ ᠤ ᠤᠬᠠᠮᠰᠠᠷ᠂ ᠬᠠᠤᠯᠢ ᠳᠦᠷᠢᠮ ᠤᠨ ᠤᠬᠠᠮᠰᠠᠷ ᠪᠤᠯᠤᠨ ᠦᠨᠳᠦᠰᠦᠲᠡᠨ ᠤ ᠪᠥᠯᠬᠦᠮᠳᠡᠯ ᠤᠨ ᠤᠬᠠᠮᠰᠠᠷ ᠢ ᠪᠤᠢ | ᠪᠣᠯᠭᠠᠬᠤ᠂ ᠦᠨᠳᠦᠰᠦᠲᠡᠨ ᠤ ᠪᠥᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠬᠥᠮᠥᠵᠢᠭᠦᠯᠦᠨ ᠵᠢᠯᠣᠭᠤᠳᠴᠤ᠂ | ᠤᠯᠠᠨ ᠲᠦᠮᠡᠨ ᠤ ᠬᠠᠤᠯᠢ ᠴᠠᠭᠠᠵᠠ ᠪᠠᠷ ᠡᠷᠬᠡ ᠪᠠᠨ ᠬᠠᠮᠠᠭᠠᠯᠠᠬᠤ ᠲᠠᠨᠢᠯᠲᠠ ᠶᠢ ᠴᠢᠩᠭᠠᠳᠬᠠᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠭᠦᠴᠦᠳᠡᠢ ᠠᠭᠢᠭᠤᠯᠵᠠᠢ᠃ |