ᠬᠦᠪᠡᠭᠡᠲᠦ ᠰᠢᠷ᠎ᠠ ᠬᠤᠰᠢᠭᠤ ᠬᠤᠰᠢᠭᠤ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ 《 ᠡᠷᠭᠢᠨ ᠬᠠᠷᠠᠬᠤ》ᠪᠠ ᠦᠷ᠎ᠡ ᠪᠦᠳᠦᠮᠵᠢ ᠶᠢᠨ ᠬᠢᠨᠠᠨ ᠰᠢᠯᠭᠠᠯᠳᠠ ᠶᠢᠨ ᠬᠠᠷᠢᠭᠤ ᠲᠤᠰᠬᠠᠬᠤ ᠠᠰᠠᠭᠤᠳᠠᠯ ᠢ ᠵᠠᠰᠠᠨ ᠴᠡᠭᠴᠡᠯᠡᠬᠦ ᠶᠢ ᠨᠠᠶᠢᠳᠠᠪᠤᠷᠢᠵᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠣᠭᠤᠯᠣᠬᠰᠠᠨ
ᠨᠡᠶᠢᠲᠡᠯᠡᠭᠰᠡᠨ ᠴᠠᠭ᠄
2020-06-05
                                                                                         ᠪᠠ᠊  ᠤᠷᠢᠬᠠᠨ      ᠰᠢᠨᠵᠢᠯᠡᠲᠦ           6 ᠰᠠᠷ᠎ᠠ ᠶᠢᠨ 1 ᠤ ᠡᠳᠦᠷ᠂ ᠮᠠᠨ ᠤ ᠬᠤᠰᠢᠭᠤ ᠨᠢ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ《 ᠡᠷᠭᠢᠨ ᠬᠠᠷᠠᠬᠤ》ᠪᠠ ᠦᠷ᠎ᠡ ᠪᠦᠳᠦᠮᠵᠢ ᠶᠢᠨ ᠬᠢᠨᠠᠨ ᠰᠢᠯᠭᠠᠯᠳᠠ ᠶᠢᠨ ᠬᠠᠷᠢᠭᠤ ᠲᠤᠰᠬᠠᠬᠤ ᠠᠰᠠᠭᠤᠳᠠᠯ ᠢ ᠵᠠᠰᠠᠨ ᠴᠡᠭᠴᠡᠯᠡᠬᠦ ᠶᠢ ᠨᠠᠶᠢᠳᠠᠪᠤᠷᠢᠵᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠲᠤᠬᠠᠶ ᠪᠠᠶᠢᠷᠢᠯᠠᠭᠤᠯᠤᠯᠲᠠ ᠬᠢᠪᠠ᠃           ᠬᠤᠰᠢᠭᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ ᠬᠤᠷᠠᠯ ᠢ ᠡᠷᠬᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᠮᠧᠩ ᠶᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠮᠠᠨ ᠤ ᠬᠤᠰᠢᠭᠤᠨ ᠳᠤ ᠲᠤᠮᠢᠯᠠᠭᠰᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠭᠤᠶᠢᠯᠠᠩ  ᠤᠨ ᠳᠠᠷᠤᠭ᠎ᠠ ᠯᠢ ᠭᠦᠸᠧ ᠵᠢᠶᠠᠨ ᠨᠠᠷ ᠬᠤᠷᠠᠯ ᠳᠤ ᠣᠷᠣᠯᠴᠠᠵᠠᠶ᠃           ᠣᠶᠢᠷ᠎ᠠ ᠶᠢᠨ ᠵᠢᠯ ᠳᠤ᠂ ᠪᠦᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠡᠯ᠎ᠡ ᠵᠦᠢᠯ ᠤᠨ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠶᠠᠳᠠᠭᠤ ᠶᠢ ᠲᠡᠳᠬᠦᠬᠦ ᠺᠠᠳ᠋ᠷᠴᠤᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ᠂ ᠥᠷᠭᠡᠨ ᠣᠯᠠᠨ ᠶᠠᠳᠠᠭᠤ ᠬᠦᠴᠢᠷᠳᠡᠯᠲᠡᠶ ᠡᠷᠦᠬᠡ ᠬᠦᠯᠢᠶᠡᠬᠦ ᠥᠬᠡᠶ ᠲᠦᠰᠢᠭᠯᠡᠬᠦ ᠥᠬᠡᠶ᠂ ᠰᠢᠷᠭᠠᠭᠤ ᠬᠥᠳᠡᠯᠮᠦᠷᠢ ᠪᠠᠷ ᠴᠢᠨᠡᠭᠡᠯᠢᠭᠵᠢᠵᠦ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠰᠶᠢᠳᠪᠦᠷᠢᠲᠦ ᠴᠢᠨᠠᠷᠲᠠᠶ ᠠᠮᠵᠢᠯᠲᠠ ᠶᠢ ᠤᠯᠪᠠ᠃ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠪᠡᠶᠡᠯᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ《 ᠡᠷᠬᠢᠨ ᠬᠠᠷᠠᠬᠤ 》ᠪᠠ ᠦᠷ᠎ᠡ ᠪᠦᠳᠦᠮᠵᠢ ᠶᠢᠨ ᠬᠢᠨᠠᠨ ᠰᠢᠯᠭᠠᠯᠳᠠ ᠶᠢᠨ ᠬᠠᠷᠢᠭᠤ ᠲᠣᠰᠬᠠᠬᠤ ᠠᠰᠠᠭᠤᠳᠠᠯ ᠢ ᠵᠠᠰᠠᠨ ᠴᠡᠭᠴᠡᠯᠡᠬᠦ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠠᠯᠠᠭᠤᠯᠤᠨ ᠭᠡᠷᠡᠭᠵᠢᠬᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠦᠷᠳᠡᠭᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠯᠭᠠᠮ᠎ᠠ ᠱᠠᠭᠠᠷᠳᠠᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠴᠢᠬᠤᠯᠠ ᠪᠠᠲᠤᠯᠠᠭ᠎ᠠ ᠮᠥᠨ᠃ ᠬᠤᠷᠠᠯ ᠲᠡᠭᠡᠷ᠎ᠡ᠂ ᠪᠦᠬᠦ ᠬᠤᠰᠢᠭᠤᠨ ᠤ ᠡᠯ᠎ᠡ ᠱᠠᠳᠤᠨ ᠤ ᠺᠳᠠᠷ ᠤᠯᠠᠨ ᠲᠦᠮᠡᠨ《 ᠲᠠᠪᠤᠨ ᠱᠠᠲᠤᠨ ᠤ ᠱᠦᠵᠢ ᠶᠠᠳᠠᠭᠤ ᠶᠢ ᠲᠡᠳᠬᠦᠬᠦ 》ᠠᠵᠢᠯ ᠢ ᠠᠳᠬᠤᠬᠤ ᠪᠠ ᠳᠥᠷᠪᠡ ᠶᠢ ᠲᠠᠶᠠᠭᠳᠠᠬᠤ ᠦᠭᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ᠂ ᠳᠡᠭᠡᠳᠦ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠯ᠎ᠡ ᠵᠦᠢᠯ ᠤᠨ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠦᠪ ᠤᠨ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ《 ᠡᠷᠭᠢᠨ ᠬᠠᠷᠠᠬᠤ》ᠪᠠ ᠦᠷ᠎ᠡ ᠪᠦᠳᠦᠮᠵᠢ ᠶᠢᠨ ᠬᠢᠨᠠᠨ ᠰᠢᠯᠭᠠᠯᠳᠠ ᠶᠢᠨ ᠬᠠᠷᠢᠭᠤ ᠲᠤᠰᠬᠠᠬᠤ ᠠᠰᠠᠭᠤᠳᠠᠯ ᠢ ᠵᠠᠰᠠᠨ ᠴᠡᠭᠴᠡᠯᠡᠬᠦ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠭᠡᠷᠡᠭᠳᠡᠢ ᠭᠡᠵᠦ ᠴᠢᠬᠤᠯᠠᠴᠢᠯᠠᠵᠠᠢ᠃          
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号