ᠮᠠᠨ ᠤ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠶᠢᠨ 1 ᠠᠴᠠ 3 ᠳ᠋ᠣᠭᠠᠷ ᠤᠨ ᠤ ᠰᠣᠷᠣᠬᠴᠢᠳ ᠰᠣᠷᠭᠠᠭᠤᠯᠢ ᠳᠠᠭᠠᠨ ᠪᠤᠴᠠᠪᠠ
ᠨᠡᠶᠢᠲᠡᠯᠡᠭᠰᠡᠨ ᠴᠠᠭ᠄
2020-06-05
      6 ᠳ᠋ᠤᠭᠠᠷ ᠰᠠᠷ᠎ᠠ ᠶᠢᠨ 2 ᠤ ᠡᠳᠦᠷ᠂ ᠮᠠᠨ ᠤ ᠬᠤᠰᠢᠭᠤᠨ ᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠪᠤᠯᠤᠨ ᠬᠤᠶᠠᠳᠤᠭᠠᠷ ᠪᠠᠭ᠎ᠠ ᠰᠤᠷᠭᠠᠭᠤᠯᠢ ᠶᠢᠨ 1 ᠠᠴᠠ3 ᠳ᠋ᠤᠭᠠᠷ ᠤᠨ ᠤ 643 ᠰᠤᠷᠤᠭᠴᠢ ᠰᠤᠷᠭᠠᠭᠤᠯᠢ ᠳᠤ ᠪᠠᠨ ᠪᠤᠴᠠᠵᠦ᠂ ᠬᠡᠪ ᠤᠨ ᠶᠤᠰᠤ ᠪᠠᠷ ᠬᠢᠴᠢᠶᠡᠯ ᠢᠶᠠᠨ ᠡᠬᠢᠯᠡᠬᠦᠯᠵᠠᠢ᠃       ᠮᠠᠨ ᠤ ᠬᠤᠰᠢᠭᠤ ᠨᠢ ᠡᠯ᠎ᠡ ᠪᠠᠭ᠎ᠠ ᠰᠤᠷᠭᠠᠭᠤᠯᠢ ᠶᠢᠨ ᠲᠤᠤᠷᠠᠲᠦ ᠤᠨ ᠤ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ ᠠᠩᠭᠢ ᠶᠢᠨ ᠭᠡᠷ᠂ ᠬᠤᠭᠤᠯᠠᠨ ᠭᠡᠷ᠂  ᠪᠠᠶᠢᠷᠢ ᠶᠢᠨ ᠠᠷᠢᠭᠤᠨ ᠴᠡᠪᠡᠷ  ᠢ ᠤᠨᠴᠠ ᠬᠢᠴᠢᠶᠡᠵᠦ᠂ ᠬᠠᠮᠢᠶ᠎ᠠ ᠪᠦᠬᠦᠢ ᠪᠡᠯᠡᠳᠬᠡᠯ ᠠᠵᠢᠯ ᠢ ᠰᠠᠶᠢᠳᠤᠷ ᠬᠢᠵᠦ᠂ ᠤᠤᠯ ᠤᠨ ᠪᠠᠶᠢᠷᠢ ᠪᠦᠷᠢ ᠳᠤ 6 ᠰᠤᠷᠤᠭᠴᠢ ᠰᠠᠭᠤᠳᠠᠭ ᠪᠠᠶᠢᠭᠰᠠᠨ ᠢ 3 ᠰᠤᠷᠤᠭᠴᠢ ᠪᠤᠯᠭᠠᠨ ᠲᠣᠭᠢᠷᠠᠭᠤᠯᠵᠦ᠂ ᠠᠰ ᠠᠰ ᠢᠶᠠᠷ ᠬᠤᠭᠤᠯᠠᠯᠠᠬᠤ᠂ ᠲᠤᠭᠳᠠᠭᠰᠠᠨ ᠬᠤᠭᠤᠴᠠᠭᠠᠨ ᠳᠤ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃       ᠤᠳᠤᠬᠠᠨ ᠳᠤ᠂ ᠮᠠᠨ ᠤ ᠬᠤᠰᠢᠭᠤᠨ ᠤ ᠡᠯ᠎ᠡ ᠲᠤᠮᠳᠠᠳᠤ ᠪᠠᠭ᠎ᠠ ᠰᠤᠷᠭᠠᠭᠤᠯᠢ ᠶᠢᠨ ᠡᠪᠡᠳᠴᠢᠨ ᠠᠴᠠ ᠪᠤᠯᠵᠦ ᠴᠢᠯᠦᠬᠡ ᠠᠪᠤᠭᠰᠠᠨ ᠪᠤᠶᠤ ᠬᠠᠷᠢ ᠤᠯᠤᠰ ᠳᠤ ᠪᠠᠶᠢᠭ᠎ᠠ ᠰᠤᠷᠤᠭᠴᠢ᠂ ᠦᠨᠳᠦᠷ ᠲᠤᠮᠳᠠᠳᠤ ᠶᠢᠨ ᠲᠡᠭᠦᠰᠭᠦ ᠣᠨ ᠤ ᠮᠡᠷᠭᠡᠵᠢᠯ ᠤᠨ ᠪᠣᠯᠪᠠᠰᠣᠷᠠᠯ ᠳᠤ ᠤᠷᠤᠯᠴᠠᠵᠦ ᠪᠠᠶᠢᠭ᠎ᠠ ᠲᠠᠪᠢᠭᠠᠳ ᠰᠤᠷᠤᠭᠴᠢ ᠶᠢ ᠭᠠᠷᠭᠠᠪᠠᠯ ᠨᠠᠶᠢᠳᠠ 2350 ᠰᠤᠷᠤᠭᠴᠢ ᠪᠦᠬᠦᠨ ᠢᠶᠠᠷ ᠬᠡᠪ ᠤᠨ ᠶᠤᠰᠤ ᠪᠠᠷ ᠬᠢᠴᠢᠶᠡᠯ ᠢᠶᠠᠨ ᠡᠭᠢᠯᠡᠭᠦᠯᠵᠡᠢ᠃    
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号