ᠬᠤᠰᠢᠭᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ 2020 ᠣᠨ ᠤ 4 ᠳ᠋ᠣᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2020-06-05
                                                  ᠤᠷᠢᠬᠠᠨ  ᠦᠨᠢᠷ ᠮᠡᠳᠡᠭᠡᠯᠡᠪᠠ       6 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ ᠬᠤᠰᠢᠭᠤᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ 2020 ᠣᠨ ᠤ 4 ᠳ᠋ᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠣᠭᠤᠯᠵᠠᠢ᠃       ᠬᠤᠷᠠᠯ ᠲᠡᠭᠡᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠡᠷᠭᠡ ᠶᠢ ᠰᠤᠷᠤᠯᠴᠠᠵᠠᠢ᠃       ᠬᠤᠰᠢᠭᠤᠨ ᠤ ᠨᠠᠮ ᠤᠨ ᠬᠤᠷᠢᠶᠠᠨ ᠤ ᠱᠥᠵᠢ ᠲᠠᠪᠰᠢᠯᠳᠤ ᠴᠢᠬᠤᠯᠠ ᠶᠠᠷᠢᠶ᠎ᠠ ᠭᠢᠵᠦ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠠᠯᠠᠭᠤᠯᠬᠤ ᠶᠢ ᠨᠢᠭᠡ  ᠵᠤᠶᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦ ᠲᠠᠯ᠎ᠠ ᠪᠠᠷ ᠡᠵᠡᠮᠰᠢᠭᠦ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠤᠶᠢᠯᠡᠳᠴᠤ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠬᠥᠢᠴᠡᠳᠭᠡᠬᠦ ᠪᠤᠳᠠᠳᠤ ᠠᠵᠢᠯᠯᠠᠭ᠎ᠠ ᠪᠠ ᠦᠷ᠎ᠡ ᠪᠦᠲᠦᠮᠵᠢ ᠪᠠᠷ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠳᠤᠳᠬᠠᠨ᠂ ︽ᠳᠥᠷᠪᠡ ᠶᠢ ᠬᠠᠮᠠᠭᠠᠯᠠᠬᠤ︾ ᠶᠢ ᠪᠠᠶᠠᠯᠠᠬᠦᠯᠬᠦ ᠭᠡᠷᠡᠭᠳᠡᠢ᠃ ᠰᠢᠷᠢᠰ ᠰᠤᠷᠤᠯᠴᠠᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠵᠦ᠂ ᠪᠦᠬᠦ ᠬᠤᠰᠢᠭᠤᠨ ᠤ ᠬᠡᠪᠴᠢᠶᠡᠨ ᠳᠤ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠰᠢᠭᠤᠨ ᠤ ᠡᠯ᠎ᠡ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠤ ᠭᠦᠨᠵᠡᠭᠡᠶ ᠰᠤᠷᠤᠯᠴᠠᠨ ᠨᠠᠪᠳᠡᠷᠡᠳᠠᠯ᠎ᠠ ᠣᠶᠢᠯᠠᠭᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠬᠤ ᠭᠡᠷᠡᠭᠳᠡᠢ᠃ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠨᠠᠮ ᠤᠨ ᠰᠤᠷᠭᠠᠭᠤᠯᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠤᠯᠤᠰ ᠤᠨ ︽ᠬᠤᠶᠠᠷ  ᠬᠤᠷᠠᠯ︾ ᠤᠨ ᠵᠣᠷᠢᠭ ᠰᠠᠨᠠᠭ᠎ᠠ ᠶᠢ ᠡᠯ᠎ᠡ ᠱᠠᠲᠤᠨ ᠤ ᠺᠠᠳ᠋ᠷ ᠤᠨ ᠬᠥᠮᠦᠵᠢᠯ ᠪᠤᠯᠪᠠᠰᠤᠷᠠᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷ ᠤᠨ ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠪᠣᠳᠠᠳᠠᠢ  ᠳᠤ ᠦᠢᠯᠡᠳᠦᠯᠭᠡᠵᠢᠭᠦᠯᠭᠦ ᠶᠢ ᠬᠥᠲᠥᠯᠦᠨ ᠵᠢᠯᠤᠭᠤᠳᠬᠤ ᠭᠡᠷᠡᠭᠳᠡᠢ ᠭᠡᠵᠤ ᠵᠢᠭᠠᠪᠠ᠃        ᠳᠠᠪᠰᠢᠯᠲᠤ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠤᠶᠢᠯ ᠤᠨ ᠠᠵᠢᠯ ᠢᠶᠠᠨ ᠱᠠᠯᠠᠪᠳᠠᠨ ᠬᠢᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠤᠨ ᠡᠷᠴᠢᠮ ᠢᠶᠠᠨ  ᠴᠢᠩᠭᠠᠷᠠᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠪᠡᠶᠡᠯᠡᠭᠦᠯᠬᠦ ᠰᠢᠢᠳᠪᠤᠷᠢᠳᠤ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠰᠢᠢᠳᠪᠦᠷᠢᠳᠣ ᠳᠠᠶᠢᠯᠠᠯᠳᠤᠭᠠᠨ ᠤ ᠬᠠᠷᠠᠯᠲᠠ ᠡᠭᠦᠷᠭᠡ ᠶᠢ ᠪᠠᠶᠠᠯᠠᠬᠦᠯᠬᠦ  ᠶᠢ ᠦᠨᠡᠨᠬᠦ ᠪᠠᠳᠤᠯᠠᠬᠤ ᠭᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠤᠯᠤᠨ ᠲᠡᠷᠢᠭᠦᠨ ᠴᠢᠬᠤᠯᠠ‌ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠶ ᠠᠳᠬᠤᠵᠤ᠂ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠡᠶᠢᠵᠢᠷᠠᠭᠤᠯᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠨᠡᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠪᠥᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠤᠯᠬᠤ ᠭᠡᠷᠡᠭᠳᠡᠢ᠃ ᠠᠮᠢ ᠠᠬᠤᠶ ᠶᠢ ᠲᠡᠷᠢᠭᠦᠨ ᠳᠤ ᠳᠠᠯᠪᠢᠵᠦ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠢᠮᠠᠭᠲᠠ ᠪᠠᠷᠢᠮᠲᠠᠯᠠᠵᠤ᠂ ︽ᠴᠠᠬᠠᠷ  ᠴᠠᠭᠠᠨ ᠢᠳᠡᠭᠡ ᠴᠠᠬᠠᠨᠷ ᠬᠤᠨᠢᠨ ᠤ ᠠᠵᠤ ᠦᠢᠯᠡᠰ︾᠂ ᠴᠡᠪᠡᠷ ᠡᠨᠧᠷᠭᠢ᠂ ︽ᠳᠤᠮᠳᠠᠳᠤ ᠤᠯᠤᠰ ᠤᠨ ᠤᠮᠠᠷᠠᠳᠤ ᠶᠢᠨ ᠴᠢᠯᠠᠭᠤᠨ ᠮᠠᠲ᠋ᠧᠷᠢᠶᠠᠯ ᠤᠨ ᠦᠯᠤᠭᠡᠢ︾᠂ ︽ ᠲᠤᠷᠭᠠᠨ ᠨᠤᠳᠤᠭ ᠬᠥᠪᠡᠭᠡᠲᠦ ᠰᠢᠷ᠎ᠠ ᠬᠤᠰᠢᠭᠤ· ᠠᠰᠤᠷᠤ ᠠᠶᠠᠯᠭᠤ ᠶᠢᠨ ᠦᠯᠤᠭᠡᠢ  ︾᠂ ︽ᠳ᠋ᠣᠺᠲ᠋ᠣᠷ ᠤᠨ  ᠦᠯᠤᠭᠡᠢ︾ ᠵᠡᠷᠭᠡ ᠣᠨᠴᠠᠯᠢᠭᠲᠤ ᠲᠥᠷᠥᠯ ᠲᠡᠮᠳᠡᠭᠳᠤ ᠶᠢ ᠶᠡᠬᠡᠪᠡᠷ ᠪᠤᠶᠢᠵᠢᠭᠤᠯᠤᠨ ᠬᠥᠭᠵᠢᠭᠦᠯᠵᠦ᠂ ᠨᠡᠶᠢᠳᠠ ᠶᠢᠨ ᠭᠡᠷᠡᠭᠯᠡᠭᠡᠨ ᠤ ᠨᠢᠰᠬᠡᠯ ᠤᠨ ᠪᠠᠭᠤᠳᠠᠯ᠂ ᠰᠥᠨᠢᠳ ᠪᠠᠷᠠᠭᠤᠨ ᠬᠤᠰᠢᠭᠤᠨ ᠠᠴᠠ ᠴᠢᠭᠤᠯᠭᠠᠳᠤ ᠬᠠᠭᠠᠯᠠᠭ᠎ᠠ ᠬᠥᠷᠭᠦ ᠥᠨᠳᠥᠷ ᠬᠤᠷᠳᠤᠴᠠᠲᠤ ᠵᠠᠰᠠᠮᠠᠯ ᠵᠠᠮ ᠵᠢᠴᠢ S313 ᠵᠠᠰᠠᠮᠠᠯ ᠵᠠᠮ ᠤᠨ ᠮᠠᠨ ᠤ ᠬᠤᠰᠢᠭᠤᠨ ᠳᠠᠬᠢ ᠭᠡᠰᠡᠭ ᠤᠨ ᠲᠥᠷᠥᠯ ᠵᠤᠶᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠭᠡᠷᠡᠭᠳᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠳᠠ ᠶᠢ ᠠᠬᠢᠭᠤᠯᠬᠤ ᠭᠡᠷᠡᠭᠳᠡᠢ᠃ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠳᠤᠯᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠤᠷᠢᠯᠡᠬᠦ ᠭᠡᠷᠡᠭᠳᠡᠢ᠃ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ  ᠬᠤᠷᠢᠭᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠭᠡᠷᠡᠭᠳᠡᠢ ᠭᠡᠵᠤ ᠴᠢᠬᠤᠯᠠᠴᠢᠯᠠᠵᠠᠢ᠃  
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号