ᠬᠦᠪᠡᠭᠡᠲᠦ ᠰᠢᠷ᠎ᠠ ᠬᠤᠰᠢᠭᠤ ᠦᠨᠳᠦᠰᠦᠲᠡᠨ ᠤ ᠬᠠᠤᠯᠢ ᠳᠦᠷᠢᠮ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2020-06-05
     ᠦᠨᠳᠦᠰᠦᠲᠡᠨ ᠤ ᠬᠠᠤᠯᠢ ᠳᠦᠷᠢᠮ ᠤᠨ ᠤᠬᠠᠭᠤᠯᠭ᠎ᠠ ᠶᠢᠨ ᠭᠠᠷᠠᠭ ᠢ ᠲᠣᠭᠢᠶᠠᠯᠠᠳᠠᠭᠤᠯᠣᠨ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠨᠢ ᠲᠠᠶᠢᠯᠣᠮᠵᠢ ᠡᠷᠭᠢᠯᠡᠭᠦ᠂ ᠣᠬᠠᠭᠤᠯᠭ᠎ᠠ ᠭᠢᠭᠦ ᠵᠡᠷᠭᠡ ᠣᠯᠠᠨ ᠠᠷᠭ᠎ᠠ ᠭᠡᠯᠪᠡᠷᠢ ᠪᠠᠷ ᠦᠨᠳᠦᠰᠦᠲᠡᠨ ᠤ ᠬᠠᠤᠯᠢ ᠳᠦᠷᠢᠮ ᠢ ᠭᠦᠨᠵᠡᠭᠡᠢ ᠣᠬᠠᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠬᠦᠴᠦᠨ  ᠨᠡᠮᠡᠷᠢᠯᠡᠵᠡᠢ᠃      5 ᠰᠠᠷ᠎ᠠ ᠶᠢᠨ 29 ᠤ ᠡᠳᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠮᠣᠩᠭᠤᠯ ᠳᠤᠮᠳᠠᠳᠤ ᠰᠤᠷᠭᠠᠭᠤᠯᠢ ᠬᠠᠮᠲᠤᠷᠠᠨ᠂ ᠦᠨᠳᠦᠰᠦᠲᠡᠨ ᠤ ᠬᠠᠤᠯᠢ ᠳᠦᠷᠢᠮ ᠤᠨ ᠤᠬᠠᠭᠤᠯᠭ᠎ᠠ ᠵᠢᠨ‌ᠠᠵᠢᠯᠯᠠᠭ᠎ᠠ ᠦᠷᠨᠢᠭᠦᠯᠵᠦ᠂ ᠮᠣᠩᠭᠤᠯ ᠳᠣᠮᠳᠠᠳᠣ ᠰᠣᠷᠭᠠᠭᠤᠯᠢ ᠶᠢᠨ ᠪᠠᠭᠰᠢ ᠰᠣᠷᠭᠤᠭ ᠠᠴᠠ ︽ᠦᠨᠳᠦᠰᠦᠨ ᠬᠠᠤᠯᠢ︾᠂ ︽ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠬᠠᠤᠯᠢ︾ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠲᠣᠭᠲᠠᠭᠠᠯ ᠤᠨ ᠲᠤᠬᠠᠢ ᠣᠨᠣᠯ ᠢ ᠪᠣᠳᠠᠲᠠᠢ ᠲᠠᠢ ᠤᠶᠠᠯᠳᠤᠭᠤᠯᠤᠨ᠂ ᠭᠤᠣᠯᠳᠠᠯᠭ᠎ᠠ ᠶᠢ ᠳᠣᠪᠣᠶᠢᠯᠭᠠᠵᠤ᠂ ᠣᠶᠢᠯᠠᠭᠠᠬᠤ ᠳᠤ ᠳᠦᠭᠦᠮ᠂ ᠣᠨᠣᠯ ᠤᠨ ᠦᠨᠳᠦᠷᠴᠡ ᠲᠠᠢ᠂ ᠦᠢᠯᠡᠳᠦᠯᠭᠡ ᠶᠢᠨ ᠭᠦᠨᠴᠡ ᠲᠠᠢ᠂ ᠭᠦᠨ ᠭᠦᠨᠵᠡᠭᠡᠢ ᠨᠠᠷᠢᠨ ᠲᠣᠳᠣᠷᠬᠠᠢ ᠲᠠᠶᠢᠯᠪᠤᠷᠢᠯᠠᠵᠤ᠂ ᠰᠤᠷᠤᠭᠴᠢᠳ ᠤᠨ ᠣᠶᠢᠯᠠᠭᠠᠬᠤ ᠳᠤ ᠬᠦᠴᠢᠷᠲᠡᠢ ᠠᠰᠠᠭᠤᠳᠠᠯ ᠢ ᠬᠠᠮᠲᠤ ᠪᠠᠷ ᠰᠤᠳᠤᠯᠤᠨ ᠶᠠᠷᠢᠯᠴᠠᠵᠤ᠂ ᠰᠠᠨᠠᠯ ᠢᠶᠠᠨ ᠰᠣᠯᠢᠯᠴᠠᠬᠰᠠᠨ ᠤ ᠬᠠᠮᠳᠣ ᠰᠤᠷᠤᠭᠴᠢᠳ᠂ ᠪᠠᠭᠰᠢ ᠶᠢᠨ ᠵᠢᠯᠤᠭᠤᠳᠤᠯᠭ᠎ᠠ ᠪᠠᠷ᠂ ︽ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠬᠠᠤᠯᠢ︾ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠮᠡᠳᠡᠯᠭᠡ ᠶᠢᠨ ᠭᠠᠷ ᠪᠢᠴᠢᠮᠡᠯ ᠰᠣᠨᠢᠨ ᠢ ᠤᠷᠠᠯᠠᠨ ᠪᠦᠲᠦᠭᠡᠪᠡ᠃       ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠤᠬᠠᠭᠤᠯᠭ᠎ᠠ ᠶᠢᠨ ᠬᠠᠭᠤᠳᠠᠰᠤ ᠣᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠦ᠂ ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠥᠩᠭᠡᠨ ᠭᠡᠷᠡᠭᠯᠡᠭᠡᠨ ᠳᠤ ᠮᠣᠩᠭᠤᠯ ᠬᠢᠲᠠᠳ  ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾《内蒙古自治区社会市面蒙汉两种文字并用管理办法》ᠵᠡᠷᠭᠡ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠳᠦᠷᠢᠮ ᠤᠨ ᠬᠠᠮᠢᠶ᠎ᠠ ᠪᠦᠬᠦᠢ ᠮᠡᠳᠡᠯᠭᠡ ᠶᠢ ᠪᠦᠬᠦ ᠲᠠᠯ᠎ᠠ ᠪᠠᠷ ᠤᠬᠠᠭᠤᠯᠤᠨ᠂ ᠣᠯᠠᠨ ᠲᠦᠮᠡᠨ ᠤ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠳᠦᠷᠢᠮ ᠤᠨ ᠤᠬᠠᠮᠰᠠᠷ ᠪᠤᠯᠤᠨ ᠦᠨᠳᠦᠰᠦᠲᠡᠨ ᠤ ᠪᠥᠯᠬᠦᠮᠳᠡᠯ ᠤᠨ ᠤᠬᠠᠮᠰᠠᠷ ᠢ ᠪᠤᠢ ᠪᠣᠯᠭᠠᠬᠤ᠂ ᠦᠨᠳᠦᠰᠦᠲᠡᠨ ᠤ ᠪᠥᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠬᠥᠮᠥᠵᠢᠭᠦᠯᠦᠨ ᠵᠢᠯᠣᠭᠤᠳᠴᠤ᠂ ᠤᠯᠠᠨ ᠲᠦᠮᠡᠨ ᠤ ᠬᠠᠤᠯᠢ ᠴᠠᠭᠠᠵᠠ ᠪᠠᠷ ᠡᠷᠬᠡ ᠪᠠᠨ ᠬᠠᠮᠠᠭᠠᠯᠠᠬᠤ ᠲᠠᠨᠢᠯᠲᠠ ᠶᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠭᠦᠴᠦᠳᠡᠢ ᠠᠭᠢᠭᠤᠯᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号