ᠬᠦᠳᠡᠭᠡ ᠲᠤᠰᠬᠤᠨ ᠤ ᠬᠠᠮᠳᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠨᠢ ᠬᠡᠨ ᠳᠤ ᠬᠠᠷᠢᠶᠠᠯᠠᠭᠳᠠᠬᠤ ᠪᠤᠢ︖ ᠬᠡᠨ ᠲᠦᠯᠦᠭᠡᠯᠡᠨ ᠬᠡᠷᠡᠭᠵᠢᠬᠦᠯᠵᠦ ᠪᠣᠯᠬᠤ ᠪᠤᠢ︖
ᠨᠡᠶᠢᠲᠡᠯᠡᠭᠰᠡᠨ ᠴᠠᠭ᠄
2020/6/8
      ᠬᠦᠳᠡᠭᠡ ᠲᠤᠰᠬᠤᠨ ᠤ ᠬᠠᠮᠳᠤ ᠶᠢᠨ ᠡᠳ᠋ ᠬᠦᠷᠦᠩᠭᠡ ᠳᠤ ᠲᠠᠷᠢᠶᠠᠴᠢᠳ ᠤᠨ ᠬᠠᠮᠳᠤ ᠨᠡᠶᠢᠳᠡᠮ ᠳᠤ ᠥᠮᠴᠢᠯᠡᠭᠳᠡᠬᠦ ᠭᠠᠵᠠᠷ ᠰᠢᠷᠤᠢ᠂ ᠣᠢ ᠰᠢᠭᠤᠢ᠂ ᠠᠭᠤᠯᠠ ᠲᠠᠪᠠᠭ᠎ᠠ᠂ ᠨᠤᠲᠤᠭ ᠪᠡᠯᠴᠢᠭᠡᠷ᠂ ᠠᠲᠠᠷ ᠭᠠᠵᠠᠷ᠂ ᠰᠠᠶᠢᠷ ᠲᠠᠩ ᠵᠡᠷᠭᠡ ᠡᠬᠢ ᠪᠠᠶᠠᠯᠢᠭ ᠤᠨ ᠴᠢᠨᠠᠷᠲᠠᠢ ᠡᠳ᠋ ᠬᠦᠷᠦᠩᠬᠡ᠂ ᠡᠵᠡᠩᠨᠡᠬᠦ ᠳᠤ ᠬᠡᠷᠡᠭᠯᠡᠬᠦ ᠭᠡᠷ ᠪᠠᠶᠢᠰᠢᠩ᠂ ᠪᠠᠷᠢᠯᠭ᠎ᠠ᠂ ᠮᠠᠰᠢᠨ ᠲᠦᠬᠦᠭᠡᠷᠦᠮᠵᠢ᠂ ᠪᠠᠭᠠᠵᠢ ᠬᠡᠷᠡᠭᠰᠡᠯ ᠵᠡᠷᠭᠡ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ᠂ ᠣᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ ᠰᠤᠷᠭᠠᠨ ᠬᠦᠮᠦᠵᠢᠯ᠂ ᠰᠢᠵᠢᠯᠡᠬᠦ ᠤᠬᠠᠭᠠᠨ ᠮᠡᠷᠭᠡᠵᠢᠯ᠂ ᠰᠤᠶᠤᠯ᠂ ᠡᠷᠡᠬᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠡᠵᠡᠩᠨᠡᠯᠲᠡ ᠶᠢᠨ ᠪᠤᠰᠤ ᠴᠢᠨᠠᠷᠲᠠᠢ ᠡᠳ᠋ ᠬᠦᠷᠦᠩᠬᠡ ᠪᠠᠭᠲᠠᠨ᠎ᠠ᠃      ᠬᠠᠮᠲᠤ ᠶᠢᠨ ᠡᠳ᠋ ᠬᠦᠷᠦᠩᠬᠡ ᠶᠢ ᠲᠤᠳᠤᠷᠬᠠᠢ ᠪᠤᠯᠭᠠᠬᠤ ᠶᠢᠨ ᠲᠤᠯᠠᠳᠠ 2017 ᠣᠨ ᠠᠴᠠ ᠡᠬᠢᠯᠡᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠪᠦᠬᠦ ᠤᠯᠤᠰ ᠤᠨ ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠬᠡ ᠶᠢ ᠢᠯᠭᠠᠷᠠᠭᠤᠯᠤᠨ ᠬᠠᠷᠭᠤᠭᠤᠯᠬᠤ ᠠᠵᠢᠯ ᠢ ᠲᠤᠯᠤᠭᠠᠶᠢᠯᠠᠨ ᠬᠠᠷᠢᠭᠤᠴᠠᠵᠤ᠂ 3 ᠵᠢᠯ ᠤᠨ ᠴᠠᠭ ᠢ ᠬᠡᠷᠡᠭᠰᠡᠨ ᠦᠨᠳᠦᠰᠦᠨ ᠳᠡᠭᠡᠨ ᠪᠡᠶᠡᠯᠡᠬᠦᠯᠪᠡ᠃ ᠡᠬᠦᠨ ᠳᠤ 65.5 ᠳ᠋ᠦᠩᠰᠢᠭᠤᠷ ᠮᠦ ᠬᠠᠮᠳᠤ ᠶᠢᠨ ᠭᠠᠵᠠᠷ ᠰᠢᠷᠤᠢ ᠶᠢᠨ ᠡᠬᠢ ᠪᠠᠶᠠᠯᠢᠭ ᠢ ᠪᠠᠶᠢᠴᠠᠭᠠᠨ ᠬᠠᠷᠭᠤᠭᠤᠯᠵᠠᠢ᠂ ᠡᠨᠡ ᠨᠢ ᠤᠯᠤᠰ ᠤᠨ ᠨᠤᠲᠤᠭ ᠲᠠᠪᠢᠰᠭᠡᠷ ᠤᠨ 45.5%᠎ ᠶᠢ ᠡᠵᠡᠯᠡᠨ᠎ᠡ᠃ ᠬᠠᠮᠲᠤ ᠶᠢᠨ ᠳᠠᠩᠰᠠᠨ ᠲᠡᠭᠡᠷᠡᠬᠢ 6.5 ᠲᠦᠮᠡᠨ ᠳ᠋ᠦᠩᠰᠢᠭᠤᠷ ᠲᠦᠭᠦᠷᠢᠭ ᠤᠨ ᠡᠳ᠋ ᠬᠦᠷᠦᠩᠭᠡ ᠶᠢ ᠪᠠᠶᠢᠴᠠᠭᠠᠨ ᠬᠠᠷᠭᠤᠭᠤᠯᠵᠠᠢ᠃ ᠡᠬᠦᠨ ᠳᠤ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ 3.1 ᠲᠦᠮᠡᠨ ᠳ᠋ᠦᠩᠰᠢᠭᠤᠷ ᠲᠦᠭᠦᠷᠢᠭ ᠪᠤᠢ᠃ ᠡᠳᠡᠭᠡᠷ ᠡᠳ᠋ ᠬᠦᠷᠦᠩᠭᠡ ᠪᠣᠯ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠭᠤᠣᠯ ᠡᠳ᠋ ᠬᠦᠷᠦᠩᠭᠡ ᠪᠣᠯᠬᠤ ᠪᠦᠬᠡᠳ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠭᠵᠢᠯᠲᠡ ᠶᠢᠨ ᠴᠢᠬᠤᠯᠠ ᠪᠤᠳᠠᠰ ᠤᠨ ᠰᠠᠭᠤᠷᠢ ᠪᠤᠯᠤᠨ᠎ᠠ᠃ ᠡᠶᠢᠮᠦ ᠠᠴᠠ ᠡᠳᠡᠭᠡᠷ ᠡᠳ᠋ ᠬᠦᠷᠦᠩᠭᠡ ᠶᠢᠨ ᠬᠡᠨ ᠳᠤ ᠥᠮᠴᠢᠯᠡᠭᠳᠡᠬᠦ᠂ ᠥᠮᠴᠢᠯᠡᠯ ᠤᠨ ᠡᠷᠭᠡ ᠶᠢ ᠬᠡᠨ ᠬᠠᠤᠯᠢ ᠶᠤᠰᠤᠭᠠᠷ ᠬᠡᠷᠡᠭᠵᠢᠬᠦᠯᠬᠦ ᠶᠢ ᠲᠤᠳᠤᠷᠬᠠᠢ ᠪᠤᠯᠭᠠᠬᠤ ᠨᠢ ᠮᠠᠰᠢ ᠴᠢᠬᠤᠯᠠ ᠶᠤᠮ᠃        ︵ᠨᠢᠭᠡ︶ ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠬᠦ ᠡᠷᠬᠡ ᠨᠢ ᠬᠡᠨ ᠳᠤ ᠬᠠᠷᠢᠶᠠᠯᠠᠭᠳᠠᠬᠤ ᠪᠤᠢ︖        ︽ᠪᠤᠳᠠᠰ ᠤᠨ ᠡᠷᠬᠡ ᠶᠢᠨ ᠬᠠᠤᠯᠢ︾᠎ ᠶᠢᠨ 59 ᠳ᠋ᠦ᠋ᠭᠡᠷ ᠵᠦᠢᠯ ᠤᠨ ᠨᠢᠭᠡᠳᠦᠭᠡᠷ ᠪᠠᠳᠠᠭ ᠲᠤ ︽ᠲᠠᠷᠢᠶᠠᠴᠢᠳ ᠤᠨ ᠬᠠᠮᠲᠤ ᠨᠠᠶᠢᠲᠡ ᠳᠤ ᠥᠮᠴᠢᠯᠡᠭᠳᠡᠬᠦ ᠥᠯᠦ ᠬᠥᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠲᠤᠰ ᠬᠠᠮᠲᠤ ᠨᠡᠶᠢᠲᠡ ᠶᠢᠨ ᠪᠦᠷᠢᠯᠳᠦᠬᠦᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ︾ ᠬᠡᠵᠤ ᠲᠤᠭᠳᠠᠭᠠᠵᠠᠢ᠃ 2016 ᠣᠨ ᠳᠤ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠳᠠᠷᠤᠮᠠᠯᠯᠠᠨ ᠲᠠᠷᠬᠠᠭᠠᠭᠰᠠᠨ ︽ᠬᠦᠳᠡᠭᠡ ᠲᠤᠰᠬᠤᠨ ᠤ ᠬᠠᠮᠲᠤ ᠶᠢᠨ ᠥᠮᠴᠢᠯᠠᠯ ᠤᠨ ᠡᠷᠬᠡ ᠶᠢᠨ ᠲᠥᠷᠢᠮ ᠤᠨ ᠦᠭᠡᠷᠡᠴᠢᠯᠡᠯᠡᠲᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠰᠠᠨᠠᠯ︾ ︵ᠳᠤᠷᠤᠭᠰᠢ ︽ᠰᠠᠨᠠᠯ︾ ᠭᠡᠵᠤ ᠲᠦᠬᠦᠮᠴᠢᠯᠡᠨ᠎ᠡ︶᠎ ᠳᠤ ︽ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ ᠠᠳᠠᠯᠢ ᠪᠤᠰᠤ ᠱᠠᠳᠤ ᠲᠠᠪᠬᠤᠷᠭ᠎ᠠ ᠶᠢᠨ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠬᠠᠮᠲᠤ ᠳᠤ ᠬᠦᠷᠲᠡᠯ᠎ᠡ ᠨᠤᠲᠠᠯᠠᠨ ᠲᠤᠭᠳᠠᠭᠠᠬᠤ ᠬᠡᠷᠡᠭᠳᠡᠢ︾ ᠬᠡᠵᠦ ᠤᠯᠠᠮ ᠨᠢᠭᠡ ᠠᠯᠬᠤᠮ ᠲᠤᠳᠤᠷᠬᠠᠢ ᠲᠤᠭᠳᠠᠭᠠᠭᠠᠳ ᠬᠠᠮᠲᠤ ᠶᠢᠨ ᠥᠮᠴᠢᠯᠡᠯ ᠤᠨ ᠡᠷᠬᠡ ᠶᠢ ᠲᠡᠬᠦᠯᠳᠡᠷᠵᠢᠬᠦᠯᠬᠦ ᠰᠢᠨ᠎ᠡ ᠠᠷᠭ᠎ᠠ ᠵᠠᠮ ᠢ ᠨᠡᠭᠡᠭᠡᠭᠰᠡᠨ ᠶᠤᠮ᠃ ᠡᠨᠡ ᠨᠢ ᠲᠠᠷᠤᠢ ᠪᠦᠷᠢᠯᠳᠦᠬᠦᠨ ᠬᠠᠮᠲᠤ ᠪᠣᠯ ᠬᠠᠮᠲᠤ ᠶᠢᠨ ᠡᠳ᠋ ᠬᠦᠷᠦᠩᠭᠡ ᠶᠢᠨ ᠦᠮᠴᠢᠯᠡᠯ ᠤᠨ ᠡᠷᠬᠡ ᠶᠢᠨ ᠬᠠᠤᠯᠢ ᠶᠤᠰᠤᠨ ᠤ ᠪᠡᠶᠡᠴᠢ ᠴᠣᠭᠴᠠ ᠪᠣᠯᠬᠤ ᠶᠢ ᠬᠠᠷᠠᠭᠤᠯᠵᠠᠢ᠃        ᠮᠠᠨ ᠤ ᠤᠯᠤᠰ ᠤᠨ ᠬᠦᠳᠡᠭᠡ ᠲᠤᠰᠬᠤᠨ ᠤ ᠯᠤᠲᠤ ᠶᠡᠭᠡ ᠬᠠᠮᠲᠤ ᠶᠢᠨ ᠡᠳ᠋ ᠬᠦᠷᠦᠩᠭᠡ ᠢᠯᠡᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠶᠠᠪᠤᠴᠠ ᠳᠤ ᠵᠠᠰᠠᠭ ᠤᠨ ᠣᠷᠳᠤᠨ ᠠᠴᠠ ᠵᠤᠭᠤᠰ ᠰᠠᠯᠭᠠᠨ ᠥᠭᠬᠦ᠂ ᠭᠠᠶᠢᠯᠢ ᠬᠦᠩᠭᠡᠯᠡᠵᠦ ᠬᠡᠯᠳᠦᠷᠢᠬᠦᠯᠬᠦ ᠵᠡᠷᠭᠡ ᠠᠴᠠ ᠪᠤᠢ ᠪᠤᠯᠤᠭᠰᠠᠨ ᠬᠠᠮᠲᠤ ᠶᠢᠨ ᠡᠳ᠋ ᠬᠦᠷᠦᠩᠭᠡ ᠨᠢ ᠡᠯ᠎ᠡ ᠰᠢᠶᠠᠩ ᠪᠠᠯᠭᠠᠰᠤ᠂ ᠲᠤᠰᠬᠤᠨ᠂ ᠲᠤᠭᠤᠶᠢᠯᠠᠩ ᠤᠨ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠬᠠᠮᠲᠤ ᠳᠤ ᠬᠠᠤᠯᠢ ᠶᠤᠰᠤᠭᠠᠷ ᠥᠮᠴᠢᠯᠡᠭᠳᠡᠬᠦ ᠠᠴᠠ ᠪᠢᠰᠢ᠂ ᠬᠠᠷᠢᠨ ᠶᠡᠮᠠᠷ ᠨᠢᠭᠡᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠳᠤ ᠥᠮᠴᠢᠯᠡᠭᠳᠡᠬᠦ ᠪᠢᠰᠢ᠂ ᠲᠠᠷᠢᠶᠠᠴᠢᠨ ᠤ ᠬᠤᠪᠢ ᠪᠡᠶ᠎ᠡ ᠳᠤ ᠥᠮᠴᠢᠯᠡᠭᠳᠡᠬᠦ ᠴᠤ ᠪᠢᠰᠢ᠂ ᠨᠡᠩ ᠴᠤ ᠲᠤᠰᠬᠤᠨ ᠤ ᠺᠠᠲᠠᠷ ᠲᠤ ᠥᠮᠴᠢᠯᠡᠭᠳᠡᠬᠦ ᠪᠢᠰᠢ ᠶᠤᠮ᠃        ︵ᠬᠤᠶᠠᠷ︶ ᠬᠡᠨ ᠪᠦᠷᠢᠯᠳᠦᠬᠦᠨ ᠬᠠᠮᠲᠤ ᠶᠢ ᠲᠦᠯᠦᠭᠡᠯᠡᠨ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠭᠡ ᠶᠢ ᠬᠡᠷᠡᠭᠵᠢᠬᠦᠯᠵᠦ ᠪᠤᠯᠬᠤ ᠪᠤᠢ︖        ︽ᠪᠤᠳᠠᠰ ᠤᠨ ᠡᠷᠬᠡ ᠶᠢᠨ ᠬᠠᠤᠯᠢ︾ ᠪᠠ ︽ᠰᠠᠨᠠᠯ︾᠎ ᠲᠤ ᠴᠦᠮ᠄ ᠲᠤᠰᠬᠤᠨ ᠤ ᠲᠠᠷᠢᠶᠠᠴᠢᠳ ᠤᠨ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠪᠠᠯ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠠᠴᠠ ᠬᠠᠮᠲᠤ ᠨᠠᠶᠢᠲᠡ ᠶᠢ ᠲᠦᠯᠦᠭᠡᠯᠡᠨ ᠥᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠃ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠤᠭᠠᠳᠤᠢ ᠪᠣᠯ ᠲᠤᠰᠬᠤᠨ ᠤ ᠠᠷᠠᠳ ᠤᠨ ᠵᠥᠪᠯᠡᠯ ᠠᠴᠠ ᠬᠠᠮᠲᠤ ᠨᠠᠶᠢᠲᠡ ᠶᠢ ᠲᠦᠯᠦᠭᠡᠯᠡᠨ ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠃ ᠲᠤᠰᠬᠤᠨ ᠤ ᠲᠤᠳᠤᠷᠠᠬᠢ ᠬᠤᠶᠠᠷ ᠠᠴᠠ ᠲᠡᠭᠡᠭᠰᠢᠬᠢ ᠲᠠᠷᠢᠶᠠᠴᠢᠳ ᠤᠨ ᠬᠠᠮᠲᠤ ᠶᠢᠨ ᠥᠮᠴᠢᠯᠡᠯ ᠳᠤ ᠲᠤᠰ ᠲᠤᠰ ᠬᠠᠷᠢᠶᠠᠯᠠᠭᠳᠠᠪᠠᠯ᠂ ᠲᠤᠰᠬᠤᠨ ᠤ ᠲᠤᠳᠤᠷᠠᠬᠢ ᠲᠤᠰ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠨᠤᠭᠤᠳ ᠨᠢ ᠬᠠᠮᠲᠤ ᠨᠡᠶᠢᠲᠡ ᠪᠠᠨ ᠲᠦᠯᠦᠭᠡᠯᠡᠨ ᠥᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠃ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠤᠭᠠᠳᠤᠢ ᠪᠣᠯ ᠲᠤᠰᠬᠤᠨ ᠤ ᠠᠷᠠᠳ ᠤᠨ ᠲᠤᠭᠤᠶᠢᠯᠠᠩ ᠠᠴᠠ ᠬᠠᠮᠲᠤ ᠨᠡᠶᠢᠲᠡ ᠶᠢ ᠲᠦᠯᠦᠭᠡᠯᠡᠨ ᠥᠮᠴᠢᠯᠡᠯ ᠤᠨ ᠡᠷᠬᠡ ᠶᠢ ᠭᠡᠷᠡᠭᠵᠢᠬᠦᠯᠦᠨ᠎ᠡ ᠬᠡᠵᠦ ᠳᠤᠷᠠᠳᠴᠠᠢ᠃ ᠡᠬᠦᠨ ᠠᠴᠠ ᠦᠵᠡᠬᠦ ᠳᠤ᠂ ᠲᠤᠰᠬᠤᠨ ᠤ ᠲᠤᠭᠤᠶᠢᠯᠠᠩ ᠤᠨ ᠬᠤᠶᠠᠷ ᠱᠠᠳᠤᠨ ᠳᠤ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠬᠠᠤᠯᠢ ᠶᠤᠰᠤᠭᠠᠷ ᠪᠦᠷᠢᠯᠳᠦᠬᠦᠨ ᠬᠠᠮᠲᠤ ᠶᠢ ᠲᠦᠯᠦᠭᠡᠯᠡᠨ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠤᠭᠠᠳᠤᠢ ᠪᠣᠯ᠂ ᠲᠤᠰᠬᠤᠨ ᠤ ᠠᠷᠠᠳ ᠤᠨ ᠵᠦᠪᠯᠡᠯ ᠪᠤᠶᠤ ᠲᠤᠰᠬᠤᠨ ᠤ ᠠᠷᠠᠳ ᠤᠨ ᠲᠤᠭᠤᠶᠢᠯᠠᠩ ᠠᠴᠠ ᠡᠬᠦᠷᠭᠡ ᠴᠢᠳᠠᠪᠦᠷᠢ ᠶᠢ ᠨᠢ ᠤᠷᠤᠭᠯᠠᠨ ᠬᠦᠢᠴᠡᠳᠭᠡᠵᠦ ᠪᠤᠯᠤᠨ᠎ᠠ ᠭᠡᠵᠦ ᠭᠡᠳᠡᠭ ᠨᠢ ᠢᠯᠡᠷᠬᠡᠢ ᠪᠠᠶᠢᠨ᠎ᠠ᠃        ᠲᠡᠭᠡᠪᠡᠯ᠂ ᠰᠢᠶᠠᠩ ᠪᠠᠯᠭᠠᠰᠤᠨ ᠤ ᠱᠠᠳᠤ ᠪᠤᠯᠤᠨ ᠬᠦᠳᠡᠭᠡ ᠲᠤᠰᠬᠤᠨ ᠤ ᠡᠷᠦᠬᠡ ᠠᠮᠠ ᠶᠢ ᠰᠠᠭᠤᠭᠠᠯᠢ ᠠᠷᠠᠳ ᠤᠨ ᠡᠷᠦᠬᠡ ᠠᠮᠠ ᠪᠤᠯᠭᠠᠭᠰᠠᠨ ᠤ ᠲᠠᠷᠠᠭᠠᠬᠢ ᠬᠠᠮᠲᠤ ᠶᠢᠨ ᠠᠵᠤ ᠠᠬᠤᠢ ᠶᠢᠨ ᠥᠮᠴᠢᠯᠡᠯ ᠤᠨ ᠡᠷᠬᠡ ᠶᠢ ᠬᠡᠨ ᠬᠠᠮᠲᠤ ᠨᠡᠶᠢᠲᠡ ᠶᠢ ᠲᠦᠯᠦᠭᠡᠯᠡᠨ ᠬᠡᠷᠡᠭᠵᠢᠬᠦᠯᠬᠦ ᠪᠤᠢ ᠭᠡᠳᠡᠭ ᠲᠤ ᠬᠤᠶᠠᠷ ᠲᠠᠯ᠎ᠠ ᠶᠢ ᠠᠩᠬᠠᠷᠬᠤ ᠬᠡᠷᠡᠭᠳᠡᠢ᠄ ᠨᠢᠭᠡ ᠳᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠳᠤ ᠰᠢᠶᠠᠩ ᠪᠠᠯᠭᠠᠰᠤᠨ ᠤ ᠱᠠᠳᠤᠨ ᠤ ᠡᠬᠦᠷᠭᠡ ᠴᠢᠳᠠᠪᠦᠷᠢ ᠪᠠᠶᠢᠬᠤ ᠦᠭᠡᠢ᠃ ᠡᠶᠢᠮᠦ ᠠᠴᠠ ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠭᠡ ᠲᠠᠢ ᠰᠢᠶᠠᠩ ᠪᠠᠯᠭᠠᠰᠤ ᠨᠢ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠬᠤ ᠬᠡᠷᠡᠭᠳᠡᠢ ᠪᠦᠭᠡᠳ ᠰᠢᠶᠠᠩ ᠪᠠᠯᠭᠠᠰᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠨᠢ ᠬᠠᠮᠲᠤ ᠨᠠᠶᠢᠲᠡ ᠶᠢ ᠲᠦᠯᠦᠭᠡᠯᠡᠨ ᠥᠮᠴᠢᠯᠡᠯ ᠤᠨ ᠡᠷᠬᠡ ᠪᠠᠨ ᠬᠡᠷᠡᠭᠵᠢᠬᠦᠯᠬᠦ ᠬᠡᠷᠡᠭᠳᠡᠢ᠃ ᠬᠤᠶᠠᠷ ᠲᠤ᠂ ᠬᠦᠳᠡᠭᠡ ᠲᠤᠰᠬᠤᠨ ᠤ ᠡᠷᠦᠬᠡ ᠠᠮᠠ ᠶᠢ ᠰᠠᠭᠤᠭᠠᠯᠢ ᠠᠷᠠᠳ ᠤᠨ ᠡᠷᠦᠬᠡ ᠠᠮᠠ ᠪᠤᠯᠭᠠᠭᠰᠠᠨ ᠤ ᠲᠠᠷᠠᠭᠠᠬᠢ ᠰᠠᠭᠤᠭᠠᠯᠢ ᠠᠷᠠᠳ ᠤᠨ ᠵᠥᠪᠯᠡᠯ ᠨᠢ ᠴᠤ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ ᠤᠷᠤᠭᠯᠠᠨ ᠬᠦᠢᠴᠡᠳᠬᠡᠬᠦ ᠡᠬᠦᠷᠭᠡ ᠴᠢᠳᠠᠪᠦᠷᠢ ᠦᠬᠡᠢ᠂ ᠡᠶᠢᠮᠦ ᠠᠴᠠ ᠬᠦᠳᠡᠭᠡ ᠲᠤᠰᠬᠤᠨ ᠤ ᠡᠷᠦᠬᠡ ᠠᠮᠠ ᠶᠢ ᠰᠠᠭᠤᠭᠠᠯᠢ ᠠᠷᠠᠳ ᠤᠨ ᠡᠷᠦᠬᠡ ᠠᠮᠠ ᠪᠤᠯᠭᠠᠬᠤ ᠤᠷᠢᠳᠠᠯ ᠨᠦᠭᠦᠴᠡᠯ ᠪᠣᠯ ᠬᠦᠳᠡᠭᠡ ᠲᠤᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠥᠷᠢᠮ ᠤᠨ ᠦᠭᠡᠷᠡᠴᠢᠯᠡᠯᠲᠡ ᠬᠢᠵᠤ᠂ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ ᠪᠠᠶᠢᠭᠤᠯᠬᠤ ᠶᠠᠪᠤᠳᠠᠯ ᠪᠤᠯᠤᠨ᠎ᠠ᠃
 
ᠢᠷᠡᠯᠲᠡ᠄ ᠦᠢᠯᠡᠳᠦᠯᠭᠡ ᠰᠡᠳᠬᠦᠯ ᠤᠨ ᠸᠢᠴᠧᠲ ᠲᠠᠪᠴᠠᠩ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号