2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/6/8
                  ᠵᠠᠰᠠᠭ ᠤᠨ ᠣᠷᠳᠣᠨ ᠤ ᠠᠵᠢᠯ ᠤᠨ ᠢᠯᠡᠳᠬᠡᠯ          — — ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ         ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠣᠭᠠᠨ ᠳᠡᠭᠡᠷ᠎ᠡ         ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ   ᠬᠤᠪᠢᠰᠬᠠᠯᠲᠤ                         ( 2020 ᠤᠨ ᠤ 5 ᠰᠠᠷ᠎ᠠ ᠶᠢᠨ 16᠎ ᠤ ᠡᠳᠤᠷ)ᠲᠦᠯᠦᠭᠡᠯᠡᠭᠴᠢᠳ ᠡ᠄      ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠣ︕ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕      ᠨᠢᠭᠡ᠂ 2019 ᠤᠨ ᠤ ᠠᠵᠢᠯ ᠤᠨ ᠡᠷᠬᠢᠴᠡᠭᠦᠯᠦᠯ      ᠦᠩᠭᠡᠷᠡᠭᠰᠡᠨ ᠨᠢᠭᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠭᠢᠨᠠᠯᠳᠠ ᠲᠠᠮᠵᠢᠯᠭᠡ ᠳᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ᠰᠢ ᠎ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠰᠢᠭᠤᠨ ᠤ ᠡᠯ᠎ᠡ ᠦᠨᠲᠤᠰᠤᠲᠠᠨ ᠤ ᠺᠠᠳ᠋ᠷ ᠤᠯᠠᠨ ᠲᠦᠮᠠᠨ ᠢ ᠪᠦᠯᠬᠦᠮᠲᠡᠬᠦᠯᠤᠨ ᠲᠠᠶᠢᠴᠢᠯᠠᠵᠤ᠂ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠯᠠᠪᠳᠠᠭᠤᠨ ᠬᠢᠵᠦ᠂ ᠨᠡᠮᠡᠭᠳᠡᠯ ᠢ ᠳᠤᠭᠳᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠨ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠳᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠦᠷᠦᠯ ᠎ ᠤᠨ ᠠᠵᠢᠯ ᠢ ᠨᠢᠭᠡᠳᠤᠯᠲᠠᠢ ᠲᠦᠯᠦᠪᠵᠢᠭᠦᠯᠦᠨ ᠠᠬᠢᠭᠤᠯᠤᠭᠰᠠᠨ ᠠᠴᠠ ᠪᠦᠬᠦ ᠬᠤᠰᠢᠭᠤᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠦᠭᠵᠢᠪᠡ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 22.09 ᠳ᠋ᠦᠩᠰᠢᠭᠤᠷ ᠲᠤ ᠬᠦᠷᠴᠦ᠂ 4.3%᠎ ᠪᠠᠷ ᠨᠡᠮᠡᠭᠳᠡᠵᠦ᠂ ᠡᠩ ᠤᠨ ᠨᠡᠶᠢᠳᠡ ᠶᠢᠨ ᠲᠦᠰᠦᠪ ᠤᠨ ᠤᠷᠤᠯᠭ᠎ᠠ 1.92 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 5%᠎ ᠪᠠᠷ ᠨᠡᠮᠡᠭᠳᠡᠵᠦ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 14.4 ᠳ᠋ᠦᠩᠰᠢᠭᠤᠷ ᠲᠦᠬᠦᠷᠢᠭ ᠪᠡᠶᠡᠯᠡᠬᠦᠯᠵᠦ᠂ 33.3%᠎ ᠪᠠᠷ ᠨᠡᠮᠡᠭᠳᠡᠵᠦ᠂ ᠪᠦᠬᠦ ᠨᠡᠶᠢᠭᠡᠮ ᠎ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ 7.2 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 2.8%᠎ ᠪᠠᠷ ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠲᠤᠰᠪᠦᠷᠢ 41189 ᠲᠦᠬᠦᠷᠢᠭ ᠪᠠ 15856 ᠲᠦᠬᠦᠷᠢᠭ ᠲᠤ ᠬᠦᠷᠴᠦ᠂ 6.5% ᠪᠠ 9.3%᠎ ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠪᠤᠯᠪᠠ᠃      ︵ᠨᠢᠬᠡ︶ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠲᠤᠭᠠᠨ ᠠᠬᠢᠴᠠ ᠲᠠᠢ ᠪᠣᠯᠪᠠ᠃ ᠦᠷᠢ ᠦᠭᠴᠡᠭᠡ ᠎ ᠶᠢ ᠴᠠᠶᠢᠷᠠᠭᠤᠯᠬᠤ ᠡᠬᠦᠷᠬᠡ ᠪᠠᠨ ᠲᠠᠪᠠᠭᠤᠯᠤᠨ ᠪᠡᠶᠡᠯᠡᠬᠦᠯᠪᠠ᠃ ᠵᠠᠰᠠᠭ ᠤᠨ ᠤᠷᠲᠤᠨ ᠤ ᠦᠷᠢ ᠦᠭᠴᠡᠭᠡ ᠶᠢ ᠬᠠᠮᠢᠶᠠᠷᠬᠤ ᠲᠦᠷᠢᠮᠵᠢᠯ ᠢ ᠲᠡᠬᠦᠯᠲᠡᠷᠵᠢᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠤᠴᠡ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠲᠡᠬᠡᠲᠤ ᠱᠠᠲᠤᠨ ᠤ ᠲᠡᠮᠵᠢᠯᠬᠡ ᠶᠢ ᠢᠲᠡᠪᠬᠢᠲᠠᠢ ᠪᠠᠷ ᠡᠷᠡᠮᠡᠯᠵᠡᠯᠡᠨ ᠤᠯᠬᠤ ᠵᠡᠷᠬᠡ ᠠᠷᠭ᠎ᠠ ᠮᠠᠶ᠋ᠢᠭ ᠢᠶᠠᠷ ᠪᠦᠬᠦ ᠵᠢᠯ ᠳᠤ 2.46 ᠳ᠋ᠦᠩᠰᠢᠭᠤᠷ ᠲᠦᠭᠦᠷᠢᠭ ᠤᠨ ᠳᠠᠯᠳᠡ ᠴᠢᠨᠠᠷᠳᠠᠢ ᠦᠷᠢ ᠥᠭᠴᠡᠭᠡ ᠶᠢ ᠴᠡᠪᠡᠷᠯᠡᠵᠦ᠂ ᠡᠭᠦᠷᠭᠡ ᠪᠠᠨ ᠪᠡᠶᠡᠯᠡᠬᠦᠯᠦᠭᠰᠡᠨ ᠨᠣᠷᠮ᠎ᠠ ᠨᠢ 200%᠎ ᠳᠤ ᠬᠦᠷᠪᠡ᠃ ᠡᠬᠦᠨ ᠳᠤ ᠠᠷᠠᠳ ᠠᠴᠠ ᠡᠷᠬᠢᠯᠡᠭᠰᠡᠨ ᠳᠤᠮᠳᠠ ᠵᠢᠵᠢᠭ ᠬᠡᠯᠪᠡᠷᠢ ᠶᠢᠨ ᠠᠵᠦ ᠠᠬᠤᠶᠢᠯᠠᠯ ᠤᠨ 8439.1 ᠲᠦᠮᠡᠨ ᠲᠦᠭᠦᠷᠢᠭ ᠤᠨ ᠦᠷᠢ ᠦᠭᠴᠡᠭᠡ ᠶᠢ ᠴᠠᠶᠢᠷᠠᠭᠤᠯᠵᠤ᠂ ᠵᠢᠯ ᠤᠨ ᠡᠬᠢᠨ ᠤ ᠲᠦᠰᠦᠪᠯᠡᠭᠰᠡᠨ ᠡᠬᠦᠷᠭᠡ ᠪᠠᠨ ᠲᠠᠪᠠᠭᠤᠯᠤᠨ ᠪᠡᠶᠡᠯᠡᠬᠦᠯᠪᠡ᠃ 15 ᠲᠦᠷᠦᠯ ᠤᠨ ᠢᠨᠵᠧᠨᠧᠷᠢᠩ ᠤᠨ ᠲᠦᠰᠦᠪᠯᠡᠨ ᠪᠤᠳᠤᠬᠰᠠᠨ ᠪᠠᠷᠢᠮᠵᠢᠶ᠎ᠠ ᠰᠠᠭᠤᠷᠢ ᠲᠤᠭ᠎ᠠ ᠪᠠ ᠦᠨᠡᠯᠡᠭᠰᠡᠨ ᠬᠢᠨᠠᠯᠲᠠ ᠎ ᠶᠢ ᠪᠡᠶᠡᠯᠡᠬᠦᠯᠵᠦ᠂ ᠰᠢᠨ᠎ᠡ ᠪᠠᠷ ᠨᠡᠮᠡᠭᠳᠡᠬᠦ ᠦᠷᠢ ᠦᠭᠴᠡᠭᠡᠨ ᠤ ᠲᠦᠭᠰᠢᠬᠦᠷᠢ ᠶᠢ ᠰᠡᠷᠭᠡᠶᠢᠯᠡᠪᠡ᠃ ᠮᠦᠩᠬᠦᠨ ᠬᠦᠢᠯᠬᠡᠬᠡᠨ ᠤ ᠠᠶᠤᠯ ᠲᠦᠭᠰᠢᠬᠦᠷᠢ ᠶᠢ ᠪᠦᠬᠦ ᠲᠠᠯ᠎ᠠ ᠪᠠᠷ ᠡᠵᠡᠮᠲᠡᠵᠤ᠂ ᠮᠠᠯᠴᠢᠳ ᠤᠨ ᠳᠤᠮᠳᠠᠬᠢ ᠵᠢᠬᠡᠯᠡᠯᠭᠡ ᠶᠢᠨ ᠶᠡᠷᠦᠩᠭᠡᠶᠢᠯᠡᠭᠰᠡᠨ ᠴᠡᠭᠴᠡᠯᠡᠯᠲᠡ᠂ ᠢᠨᠲ᠋ᠧᠷ ᠰᠦᠯᠵᠢᠶᠡᠨ ᠳᠠᠬᠢ ᠮᠦᠩᠭᠦᠨ ᠬᠦᠢᠯᠭᠡᠭᠡᠨ ᠤ ᠲᠦᠭᠰᠢᠬᠦᠷᠢ ᠶᠢ ᠵᠠᠰᠠᠨ ᠴᠡᠭᠴᠡᠯᠡᠬᠦ ᠲᠤᠰᠬᠠᠢ ᠲᠥᠷᠦᠯ ᠤᠨ ᠠᠵᠢᠯ ᠢ ᠦᠷᠬᠦᠯᠵᠢᠯᠡᠨ ᠦᠷᠨᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠎ ᠤ ᠦᠨᠳᠤᠷ ᠬᠦᠦ ᠲᠠᠢ ᠵᠢᠬᠡᠯᠡᠯᠭᠡ ᠶᠢᠨ ᠲᠦᠭᠰᠢᠬᠦᠷᠢ ᠶᠢᠨ ᠨᠦᠬᠦᠪᠦᠷᠢ ᠮᠦᠩᠭᠦ 500 ᠲᠦᠮᠡᠨ ᠲᠦᠭᠦᠷᠢᠭ ᠢ ᠡᠷᠡᠮᠡᠯᠵᠡᠯᠡᠨ ᠤᠯᠪᠠ᠃ ᠶᠠᠲᠠᠭᠤ ᠠᠴᠠ ᠠᠩᠬᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠤᠨ ᠦᠷ᠎ᠡ ᠪᠦᠲᠤᠮᠵᠢ ᠦᠷᠬᠦᠯᠵᠢᠯᠠᠨ ᠪᠠᠬᠢᠵᠢᠪᠡ᠃ 2165.4 ᠲᠦᠮᠡᠨ ᠲᠦᠭᠦᠷᠢᠭ ᠤᠨ ᠪᠡᠯᠡ ᠤᠷᠤᠭᠤᠯᠵᠦ᠂ ︽ᠭᠤᠷᠪᠡᠨ ᠨᠠᠷᠢᠯᠢᠭ ᠤᠨᠤᠪᠴᠢᠳᠠᠢ︾᠂ ︽ᠭᠤᠷᠪᠠ ᠶᠢ ᠨᠠᠶᠢᠳᠠᠪᠦᠷᠢᠵᠢᠭᠤᠯᠬᠤ︾ ᠪᠠ ᠤᠤᠭᠤᠬᠤ ᠤᠰᠤᠨ ᠤ ᠠᠮᠤᠷ ᠲᠦᠪᠰᠢᠨ ᠵᠢᠴᠢ ︽ᠭᠤᠷᠪᠠᠨ ᠪᠠᠳᠤᠯᠠᠭ᠎ᠠ︾᠎ ᠳᠤ ᠬᠦᠴᠦᠨ ᠢᠶᠠᠨ ᠲᠦᠪᠯᠡᠷᠡᠬᠦᠯᠵᠦ᠂ ᠠᠷᠪᠠᠨ ᠲᠦᠷᠦᠯ ᠤᠨ ︽ᠵᠦᠷᠢᠶ᠎ᠡ ᠪᠠᠨ ᠦᠬᠡᠶᠢᠰᠬᠡᠵᠦ᠂ ᠪᠠᠷᠢᠮᠵᠢᠶᠠᠨ ᠳᠤ ᠬᠦᠷᠭᠡᠬᠦ︾ ᠡᠭᠦᠷᠭᠡ ᠶᠢ ᠪᠡᠶᠡᠯᠡᠬᠦᠯᠵᠦ᠂ ᠴᠠᠬᠠᠷ ᠬᠤᠨᠢ᠂ ᠴᠠᠭᠠᠨ ᠢᠳᠡᠭᠡᠨ ᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠲᠦᠯᠬᠢᠨ ᠠᠬᠢᠭᠤᠯᠵᠤ᠂ ᠶᠠᠳᠠᠭᠤ ᠬᠦᠴᠢᠷᠳᠠᠯᠳᠠᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠬᠠᠷᠠᠯᠳᠡ ᠶᠢ ᠨᠢᠬᠡ ᠵᠢᠯ ᠤᠷᠢᠳᠴᠢᠯᠡᠨ ᠪᠡᠶᠡᠯᠡᠬᠦᠯᠵᠦ᠂ 2020 ᠤᠨ ᠳᠤ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠠᠲᠤ ᠪᠠᠬᠢ ᠰᠠᠭᠤᠷᠢ ᠲᠠᠯᠪᠢᠪᠡ᠃ ᠤᠶᠢᠷ᠎ᠠ ᠶᠢᠨ ᠬᠡᠳᠦᠨ ᠵᠢᠯ ᠤᠨ ᠲᠡᠭᠡᠷ᠎ᠡ ᠱᠠᠲᠤᠨ ᠤ ᠡᠯ᠎ᠡ ᠲᠦᠷᠤᠯ ᠤᠨ ᠪᠠᠶᠢᠴᠠᠭᠠᠯᠲᠠ ᠪᠠ ︽ᠡᠷᠬᠢᠨ ᠬᠠᠷᠠᠬᠤ︾ ᠲᠤᠭᠤᠷᠢᠨ ᠪᠠᠶᠢᠴᠠᠭᠠᠯᠲᠠ ᠶᠢᠨ ᠲᠤᠮᠲᠠ ᠢᠯᠡᠷᠡᠬᠦᠯᠦᠭᠰᠡᠨ 262 ᠵᠤᠷᠪᠤᠰ ᠠᠰᠠᠭᠤᠲᠠᠯ ᠢ ᠪᠦᠬᠦᠨ ᠢ ᠴᠡᠭᠴᠡᠯᠡᠨ ᠵᠠᠯᠠᠷᠠᠭᠤᠯᠪᠠ᠃ ᠪᠣᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠦᠷ᠎ᠡ ᠪᠦᠲᠤᠮᠵᠢ ᠢᠯᠡᠷᠬᠡᠢ ᠪᠣᠯᠪᠠ᠃ ᠲᠦᠪ ᠤᠨ ᠠᠮᠢ ᠠᠬᠤᠢ ᠶᠢᠨ ᠱᠠᠭᠠᠷᠳᠠᠨ ᠪᠠᠶᠢᠴᠠᠭᠠᠯᠳᠡ᠂ ︽ᠡᠷᠬᠢᠨ ᠬᠠᠷᠠᠬᠤ︾ ᠪᠠᠶᠢᠴᠠᠭᠠᠯᠲᠠ ᠵᠢᠴᠢ ᠳᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠤᠨ ᠲᠤᠰᠬᠠᠢ ᠲᠥᠷᠦᠯ ᠤᠨ ᠱᠠᠭᠠᠷᠳᠠᠨ ᠪᠠᠶᠢᠴᠠᠭᠠᠯᠳᠡ᠂ ᠪᠦᠬᠦ ᠤᠷᠤᠨ ᠬᠢᠭᠡᠳ ᠠᠶᠢᠮᠠᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠶᠡᠭᠡ ᠪᠠᠶᠢᠴᠠᠭᠠᠯᠳᠡ ᠶᠢᠨ ᠲᠤᠰᠬᠠᠬᠰᠠᠨ ᠠᠰᠠᠭᠤᠳᠠᠯ ᠢ ᠪᠦᠬᠦᠨ ᠢ ᠨᠠᠷᠢᠨ ᠬᠢᠨᠠᠮᠠᠭᠠᠢ ᠬᠠᠯᠠᠨ ᠰᠠᠶᠢᠵᠢᠷᠠᠭᠤᠯᠪᠠ᠃ ᠬᠤᠶᠠᠲᠤᠭᠠᠷ ᠤᠲᠠᠭᠠᠨ ᠤ ᠪᠦᠬᠦ ᠤᠯᠤᠰ ᠤᠨ ᠪᠤᠬᠢᠷᠳᠤᠯ ᠎ ᠤᠨ ᠡᠬᠢ ᠰᠣᠷᠪᠤᠯᠵᠢ ᠶᠢ ᠨᠡᠶᠢᠲᠠᠮ ᠪᠠᠶᠢᠴᠠᠭᠠᠬᠤ ᠠᠵᠢᠯ ᠢ ᠲᠦᠯᠬᠢᠨ ᠠᠬᠢᠭᠤᠯᠪᠠ᠃ ᠪᠤᠬᠢᠷᠳᠤᠯ ᠦᠬᠡᠢ ᠠᠭᠤᠷᠬᠠᠢ ᠎ ᠶᠢᠨ ᠪᠦᠲᠤᠬᠡᠨ ᠪᠠᠶᠢᠭᠤᠯᠤᠯᠲᠠ ᠶᠢ ᠯᠠᠪᠲᠡᠭᠤᠨ ᠢᠶᠠᠷ ᠠᠬᠢᠭᠤᠯᠪᠠ᠃ ᠠᠭᠠᠷ ᠮᠠᠨᠳᠠᠯ ᠤᠨ ᠪᠤᠬᠢᠷᠳᠤᠯ ᠦᠬᠡᠢ ᠡᠳᠦᠷ ᠎ ᠨᠢ 326 ᠡᠳᠦᠷ ᠲᠤ ᠬᠦᠷᠴᠦ᠂ ᠠᠭᠠᠷ ᠮᠠᠨᠳᠠᠯ ᠤᠨ ᠪᠤᠬᠢᠷᠳᠤᠯ ᠦᠬᠡᠢ ᠡᠳᠦᠷ ᠤᠨ ᠨᠣᠷᠮ᠎ᠠ ᠨᠢ 89.3%᠎ ᠳᠤ ᠬᠦᠷᠴᠦ᠂ ᠪᠦᠬᠦ ᠤᠷᠤᠨ ᠳᠤ 18 ᠳ᠋ᠤᠭᠠᠷ ᠳᠤ ᠵᠢᠭᠰᠠᠭᠠᠭᠳᠠᠪᠠ᠃ ᠰᠢᠨᠡᠪᠤᠯᠠᠭ ᠪᠠᠯᠭᠠᠰᠤᠨ ᠤ ᠪᠤᠬᠢᠷ ᠤᠰᠤ ᠶᠢ ᠰᠢᠢᠳᠪᠦᠷᠢᠯᠡᠬᠦ ᠲᠠᠯᠠᠪᠤᠷ ᠤᠨ ᠰᠢᠪᠳᠤᠷ᠂ ᠹᠤᠰᠹᠤᠷ ᠤᠨ ᠭᠠᠳᠠᠭᠰᠢᠯᠠᠭᠤᠯᠤᠯᠲᠠ ᠨᠢ ᠪᠠᠷᠢᠮᠵᠢᠶᠠᠨ ᠳᠤ ᠬᠦᠷᠴᠦ᠂ ᠪᠦᠬᠦ ᠵᠢᠯ ᠤᠨ ᠰᠢᠢᠳᠪᠦᠷᠢᠯᠡᠭᠰᠡᠨ ᠪᠤᠬᠢᠷ ᠤᠰᠤ ᠨᠢ 103 ᠲᠦᠮᠡᠨ ᠲᠤᠨ ᠳᠤ ᠬᠦᠷᠪᠡ᠃ ᠭᠠᠳᠠᠬᠰᠢᠯᠠᠭᠤᠯᠤᠬᠰᠠᠨ ᠤᠰᠤ ᠎ ᠶᠢ ᠲᠠᠬᠢᠨ ᠠᠰᠢᠬᠯᠠᠬᠤ ᠶᠢ ᠠᠬᠢᠭᠤᠯᠵᠦ᠂ 58.5 ᠲᠦᠮᠡᠨ ᠲᠤᠨ ᠤᠰᠤ ᠶᠢ ᠳᠠᠬᠢᠨᠲᠠ ᠬᠡᠷᠡᠭᠯᠡᠬᠡᠨ ᠳᠤ ᠤᠷᠤᠭᠤᠯᠪᠠ᠃ ᠤᠰᠤ ᠪᠠᠷ ᠰᠦᠷᠴᠢᠨ ᠴᠡᠪᠡᠷᠯᠡᠬᠦ ᠬᠡᠯᠪᠡᠷᠢ ᠶᠢᠨ ᠨᠡᠶᠢᠲᠡ ᠶᠢᠨ ᠵᠣᠷᠯᠤᠩ 2᠎ ᠢ ᠪᠠᠶᠢᠭᠤᠯᠪᠠ᠃ ᠪᠦᠬᠦ ᠬᠤᠰᠢᠭᠤᠨ ᠤ ᠲᠤᠰᠤ ᠨᠡᠮᠡᠬᠦ 9 ᠦᠷᠳᠡᠭᠡᠨ ᠤ ᠭᠠᠵᠠᠷ ᠲᠤᠤᠷᠡᠬᠢ ᠲᠤᠰᠤ ᠬᠠᠳᠠᠭᠠᠯᠠᠬᠤ 37 ᠬᠦᠮᠦᠷᠭᠡ ᠶᠢᠨ ᠨᠡᠪᠴᠢᠬᠦ ᠠᠴᠠ ᠰᠡᠷᠭᠡᠶᠢᠯᠡᠬᠦ ᠦᠬᠡᠷᠡᠴᠢᠯᠡᠯᠳᠡ ᠶᠢᠨ ᠠᠵᠢᠯ ᠢ ᠨᠢᠭᠡ ᠵᠢᠯ ᠤᠷᠢᠳᠴᠢᠯᠠᠨ ᠪᠡᠶᠡᠯᠡᠬᠦᠯᠪᠡ᠃ 820 ᠺᠢᠯᠤᠭ᠍ᠷᠠᠮ ᠡᠮᠨᠡᠯᠬᠡ ᠎ ᠶᠢᠨ ᠬᠠᠶᠠᠬᠳᠠᠮᠠᠯ ᠪᠤᠳᠠᠰ ᠢ ᠲᠦᠷᠢᠮᠵᠢᠬᠦᠯᠦᠨ ᠬᠤᠷᠢᠶᠠᠵᠤ᠂ ᠴᠠᠭ ᠲᠤᠬᠠᠢ ᠳᠤᠨᠢ ᠵᠦᠭᠡᠭᠡᠪᠦᠷᠢᠯᠡᠨ᠂ ᠲᠥᠪᠯᠡᠷᠡᠬᠦᠯᠵᠦ ᠰᠢᠢᠳᠪᠦᠷᠢᠯᠡᠪᠡ᠃ ᠬᠤᠲᠠ ᠶᠢᠨ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠬᠤᠲᠠ ᠪᠠᠯᠭᠠᠰᠤᠨ ᠤ ᠣᠷᠴᠢᠨ ᠲᠤᠭᠤᠷᠢᠨ ᠤ ᠮᠠᠰᠢᠨᠴᠢᠯᠠᠭᠰᠠᠨ ᠴᠡᠪᠡᠷᠯᠡᠭᠡᠨ ᠤ ᠨᠣᠷᠮ᠎ᠠ 73%᠎ ᠳᠤ ᠬᠦᠷᠪᠡ᠃      ︵ᠬᠤᠶᠠᠷ︶ ᠠᠵᠤ ᠠᠬᠤᠢ ᠶᠢᠨ ᠪᠦᠲᠤᠴᠠ ᠤᠯᠠᠮ ᠰᠢᠯᠢᠲᠡᠭᠵᠢᠪᠡ᠃ ᠮᠠᠯ ᠠᠵᠤ ᠠᠬᠤᠢ ᠶᠢᠨ ᠬᠠᠩᠭᠠᠯᠭ᠎ᠠ ᠎ ᠶᠢᠨ ᠲᠠᠯ᠎ᠠ ᠶᠢᠨ ᠪᠦᠲᠤᠴᠠ ᠶᠢᠨ ᠴᠢᠨᠠᠷᠲᠠᠢ ᠦᠬᠡᠷᠡᠴᠢᠯᠡᠯᠲᠠ ᠶᠢ ᠡᠮᠬᠢ ᠵᠢᠷᠤᠮ ᠲᠠᠢ ᠠᠬᠢᠭᠤᠯᠪᠠ᠃ ︽ᠬᠤᠨᠢ ᠶᠢ ᠴᠦᠭᠡᠴᠢᠯᠡᠨ ᠦᠬᠡᠷ ᠢ ᠨᠡᠮᠡᠭᠳᠡᠬᠦᠯᠵᠦ᠂ ᠴᠢᠨᠠᠷ ᠶᠢ ᠳᠡᠭᠡᠭᠰᠢᠯᠡᠭᠦᠯᠵᠤ ᠤᠷᠤᠯᠭ᠎ᠠ ᠶᠢ ᠨᠡᠮᠡᠭᠳᠡᠬᠦᠯᠬᠦ︾ ᠰᠡᠳᠬᠢᠴᠡ ᠶᠢ ᠪᠠᠷᠢᠮᠲᠠᠯᠠᠵᠤ᠂ 772 ᠲᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠤᠭᠤᠯᠵᠤ᠂ 2.36 ᠲᠦᠮᠡᠨ ᠲᠤᠯᠤᠭᠠᠢ ᠦᠬᠡᠷ ᠢ ᠡᠬᠦᠯᠳᠡᠷ ᠰᠠᠶᠢᠵᠢᠷᠠᠭᠤᠯᠵᠤ᠂ ᠰᠢᠮᠧᠨ᠋ᠲᠷ ᠦᠬᠡᠷ ᠤᠨ ᠭᠤᠤᠯᠳᠠᠯᠭᠠᠳᠦ ᠰᠦᠷᠦᠭ 15 ᠪᠣᠯᠪᠠ᠃ ᠲᠡᠵᠢᠭᠡᠨ ᠦᠷᠡᠵᠢᠬᠦᠯᠦᠯᠲᠡ᠂ ᠡᠳ᠋ᠰᠢᠬᠦᠯᠦᠨ ᠪᠣᠯᠪᠠᠰᠤᠷᠠᠭᠤᠯᠤᠯᠲᠠ᠂ ᠵᠠᠬ᠎ᠠ ᠲᠡᠯᠭᠡᠬᠦᠷ ᠵᠢᠴᠢ ᠨᠡᠷᠡᠲᠦ ᠲᠡᠮᠳᠡᠭ᠂ ᠡᠵᠡᠩᠨᠡᠨ ᠪᠤᠷᠤᠯᠠᠭᠤᠯᠤᠯᠲᠠ᠂ ᠰᠤᠶᠤᠯ ᠵᠢᠭᠤᠯᠴᠢᠯᠠᠯ ᠵᠡᠷᠭᠡ ︽ᠲᠠᠪᠤ ᠶᠢ ᠨᠢᠭᠡ ᠴᠤᠭᠴᠠᠵᠢᠭᠤᠯᠤᠭᠰᠠᠨ︾ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠢ ᠢᠳᠡᠪᠬᠢᠳᠡᠢ ᠬᠦᠭᠵᠢᠬᠦᠯᠵᠦ᠂ ᠠᠵᠤ ᠦᠢᠯᠡᠰ ᠢᠶᠠᠷ ᠶᠡᠳᠠᠭᠤ ᠶᠢ ᠳᠡᠳᠬᠦᠬᠦ ᠬᠦᠷᠢᠶᠡᠯᠡᠩ ᠤᠨ ᠪᠠᠶᠢᠭᠤᠯᠤᠯᠲᠠ ᠶᠢᠨ ᠠᠵᠢᠯ ᠢ ᠡᠬᠢᠯᠡᠬᠦᠯᠪᠡ᠃ ᠰᠠᠭᠠᠯᠢ ᠶᠢᠨ ᠦᠨᠢᠶᠡᠨ ᠤ ᠲᠤᠭ᠎ᠠ 3000 ᠲᠤᠯᠤᠭᠠᠢ ᠶᠢ ᠳᠠᠪᠠᠵᠦ᠂ ᠪᠦᠬᠦ ᠵᠢᠯ ᠤᠨ ᠰᠦᠨ ᠤ ᠭᠠᠷᠤᠯᠳᠠ 6200 ᠲᠤᠨ ᠳᠤ ᠬᠦᠷᠴᠦ᠂ ᠤᠯᠠᠮᠵᠢᠯᠠᠯᠳᠦ ᠴᠠᠭᠠᠨ ᠢᠳᠡᠭᠡ ᠪᠤᠯᠪᠠᠰᠤᠷᠠᠭᠤᠯᠬᠤ ᠠᠵᠦ ᠦᠢᠯᠡᠰ ᠲᠥᠷᠬᠡᠨ ᠬᠦᠭᠵᠢᠵᠦ᠂ ᠵᠢᠯ ᠤᠨ ᠦᠢᠯᠡᠳᠪᠦᠷᠢᠯᠡᠯ ᠎ ᠤᠨ ᠦᠷᠳᠡᠭ 7300 ᠲᠦᠮᠡᠨ ᠲᠦᠭᠦᠷᠢᠭ ᠲᠤ ᠬᠦᠷᠪᠡ᠃ ︽ᠴᠠᠬᠠᠷ ᠬᠤᠨᠢᠨ︾᠎ ᠤ ᠡᠬᠦᠯᠳᠡᠷ ᠢ ᠦᠷᠡᠵᠢᠬᠦᠯᠦᠨ ᠥᠰᠬᠡᠬᠦ ᠰᠢᠰᠲ᠋ᠧᠮ ᠤᠨ ᠪᠠᠶᠢᠭᠤᠯᠤᠯᠲᠠ ᠶᠢ ᠦᠷᠬᠦᠯᠵᠢᠯᠡᠨ ᠠᠬᠢᠭᠤᠯᠵᠤ᠂ ᠳᠡᠵᠢᠬᠡᠨ ᠦᠷᠡᠵᠢᠬᠦᠯᠬᠦ ᠬᠡᠪᠴᠢᠶ᠎ᠡ ᠦᠷᠭᠡᠵᠢᠵᠦ᠂ ᠦᠷ᠎ᠡ ᠠᠰᠢᠭ ᠨᠢ ᠲᠠᠰᠤᠷᠠᠯᠳᠡ ᠦᠬᠡᠢ ᠳᠡᠭᠡᠭᠰᠢᠯᠡᠨ᠂ ᠪᠦᠬᠦ ᠲᠤᠭ᠎ᠠ ᠲᠤᠯᠤᠭᠠᠢ ᠨᠢ 19 ᠲᠦᠮᠡ ᠳᠤ ᠬᠦᠷᠴᠦ᠂ ᠴᠠᠬᠠᠷ ᠬᠤᠨᠢᠨ ᠤ ᠭᠤᠤᠯᠳᠠᠯᠭᠠᠳᠦ ᠰᠦᠷᠦᠭ 195 ᠪᠣᠯᠪᠠ᠃ ᠡᠪᠦᠯᠵᠢᠯᠡᠬᠦᠯᠬᠦ ᠮᠠᠯ ᠤᠨ ᠲᠤᠭ᠎ᠠ ᠶᠢ 22.5 ᠲᠦᠮᠡᠨ ᠲᠣᠯᠤᠭᠠᠢ ᠳᠤ ᠬᠢᠵᠠᠭᠠᠷᠯᠠᠵᠤ᠂ 20.6 ᠲᠦᠮᠠᠨ ᠲᠦᠯ ᠲᠤᠰᠴᠤ᠂ ᠤᠨᠳᠤᠷᠤᠯᠲᠠ ᠶᠢᠨ ᠨᠤᠷᠮ᠎ᠠ ᠨᠢ 99.9%᠎ ᠳᠤ ᠬᠦᠷᠪᠡ᠃ ︽ᠪᠡᠯᠴᠢᠭᠡᠷᠯᠡᠬᠦᠯᠬᠦ + ᠳᠡᠵᠢᠬᠡᠯ ᠨᠦᠬᠦᠪᠦᠷᠢᠯᠡᠬᠦ︾᠎ ᠪᠠᠷ ᠳᠠᠮᠵᠢᠨ ᠤᠷᠢᠳᠴᠢᠯᠡᠨ ᠵᠠᠷᠤᠴᠠᠭᠤᠯᠬᠤ ᠵᠠᠬᠪᠤᠷ ᠢ ᠢᠳᠡᠪᠬᠢᠳᠠᠢ ᠲᠦᠭᠡᠮᠡᠯᠵᠢᠬᠦᠯᠵᠦ᠂ ᠠᠮᠢᠳᠤ ᠮᠠᠯ ᠤᠨ ᠰᠣᠯᠢᠯᠴᠠᠭᠠᠨ ᠤ ᠵᠠᠬ᠎ᠠ ᠲᠡᠯᠭᠡᠬᠦᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ 24.1 ᠲᠦᠮᠡᠨ ᠲᠤᠯᠤᠭᠠᠢ ᠮᠠᠯ ᠤᠨ ᠭᠠᠷᠭᠠᠯᠳᠡ ᠶᠢ ᠪᠡᠶᠡᠯᠡᠬᠦᠯᠪᠡ᠃ ᠠᠵᠤ ᠤᠶᠢᠯᠡᠳᠪᠤᠷᠢ ᠶᠢᠨ ᠠᠵᠤ ᠤᠶᠢᠯᠡᠰ ᠤᠨ ᠲᠡᠰ ᠲᠡᠪᠰᠢᠬᠦᠯᠬᠦ ᠠᠯᠬᠤᠴᠠ ᠶᠢ ᠲᠦᠷᠬᠡᠳᠬᠡᠪᠡ᠃ ᠰᠢᠨ᠎ᠡ ᠡᠨᠧᠷᠬᠢ ᠤᠨ ᠠᠵᠤ ᠦᠢᠯᠡᠰ ᠢ ᠬᠦᠭᠵᠢᠬᠦᠯᠵᠦ᠂ ᠴᠢᠯᠠᠭᠤᠨ ᠮᠠᠲ᠋ᠧᠷᠢᠶᠠᠯ᠂ ᠴᠢᠯᠠᠭᠤᠨ ᠲᠤᠰᠤ᠂ ᠨᠡᠭᠦᠷᠡᠰᠦ ᠵᠡᠷᠭᠡ ᠤᠯᠠᠮᠵᠢᠯᠠᠯᠳᠤ ᠠᠵᠤ ᠦᠢᠯᠡᠰ ᠤᠨ ᠬᠡᠯᠬᠢᠶᠡᠰᠦ ᠶᠢ ᠤᠷᠳᠤᠳᠬᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠡᠬᠦᠳᠦᠯᠳᠡ ᠲᠠᠢ ᠬᠦᠭᠵᠢᠬᠦᠯᠪᠡ᠃ ᠲᠦᠷᠪᠡᠨ ᠤᠨᠴᠠ ᠦᠨᠳᠦᠷ ᠬᠦᠴᠦᠳᠡᠯᠳᠦ ᠢᠵᠢ ᠪᠦᠷᠢᠳᠦᠭᠰᠡᠨ ᠰᠠᠯᠬᠢ ᠬᠦᠴᠦᠨ ᠎ ᠤ ᠴᠠᠬᠢᠯᠭᠠᠨ ᠤ ᠲᠥᠷᠦᠯ ᠵᠦᠢᠯ ᠢ ᠠᠬᠢᠭᠤᠯᠪᠠ᠃ ᠠᠰᠢᠭᠯᠠᠯᠲᠠ ᠳᠤ ᠤᠷᠤᠭᠰᠠᠨ ᠠᠵᠤ ᠠᠬᠤᠶᠢᠯᠠᠯ ᠨᠢ 3.8 ᠳ᠋ᠦᠩᠰᠢᠭᠤᠷ ᠺᠢᠯᠤᠸᠠᠲ ᠴᠠᠬᠢᠯᠭᠠᠨ ᠭᠠᠷᠭᠠᠵᠤ᠂ 1.9 ᠳ᠋ᠦᠩᠰᠢᠭᠤᠷ ᠲᠦᠬᠦᠷᠢᠭ ᠤᠨ ᠤᠶᠢᠯᠡᠳᠬᠦᠨ ᠤ ᠦᠷᠲᠡᠭ ᠢ ᠪᠡᠶᠡᠯᠡᠬᠦᠯᠪᠡ᠃ ᠨᠢᠤᠫᠢ ᠲᠠᠨᠲ᠋ᠠᠯ ᠤᠨ ᠠᠭᠤᠷᠬᠠᠢ ᠶᠢᠨ ᠮᠠᠯᠳᠠᠵᠦ ᠰᠤᠩᠭᠤᠬᠤ ᠲᠦᠷᠦᠯ ᠵᠦᠢᠯ ᠨᠢ ᠤᠷᠤᠭᠰᠢᠳᠠᠢ ᠶᠠᠪᠤᠭᠲᠠᠪᠠ᠃ 65.5 ᠲᠦᠮᠠᠨ ᠲᠤᠨ ᠤᠲᠤᠭ᠎ᠠ ᠦᠬᠡᠢ ᠨᠡᠬᠦᠷᠡᠰᠤ ᠤᠶᠢᠯᠡᠳᠪᠤᠷᠢᠯᠡᠵᠤ᠂ 6.1 ᠳ᠋ᠦᠩᠰᠢᠭᠤᠷ ᠲᠦᠬᠦᠷᠢᠭ ᠤᠨ ᠤᠶᠢᠯᠡᠳᠬᠦᠨ ᠤ ᠦᠷᠲᠡᠭ ᠢ ᠪᠡᠶᠡᠯᠡᠬᠦᠯᠵᠤ᠂ 20 ᠲᠦᠮᠡᠨ ᠲᠤᠨ ᠨᠡᠭᠦᠷᠡᠰᠦᠨ ᠨᠤᠨᠳᠠᠭ ᠢ ᠬᠠᠳᠠᠭᠠᠬᠤ ᠲᠦᠷᠦᠯ ᠵᠦᠢᠯ ᠪᠠ ᠡᠳᠦᠷ ᠲᠤ 20 ᠲᠦᠮᠡᠨ ᠭᠡᠰᠡᠭ ᠨᠡᠭᠦᠷᠡᠰᠦᠨ ᠴᠢᠯᠠᠭᠤ ᠪᠠᠷ ᠲᠤᠭᠤᠰᠬ᠎ᠠ ᠰᠢᠳᠠᠭᠠᠨ ᠦᠢᠯᠡᠳᠬᠦ ᠲᠦᠷᠦᠯ ᠵᠦᠢᠯ ᠢ ᠤᠷᠤᠭᠤᠯᠪᠠ᠃ ᠮᠧᠩ ᠱᠢ ᠺᠤᠮᠫᠠᠨᠢ ᠶᠢ ᠳᠠᠩᠰᠠᠯᠠᠨ ᠪᠠᠶᠢᠭᠤᠯᠵᠤ᠂ ᠰᠢᠶᠦ᠋ᠩ ᠠᠨ ᠰᠢᠨ᠎ᠡ ᠲᠤᠭᠤᠷᠢᠭ ᠪᠤᠯᠤᠨ ᠪᠡᠭᠡᠵᠢᠩ ᠬᠤᠳᠠ ᠶᠢᠨ ᠳᠠᠭᠠᠯᠲᠠ ᠲᠥᠪ ᠤᠨ ᠪᠦᠳᠦᠭᠡᠨ ᠪᠠᠶᠢᠭᠤᠯᠤᠯᠳᠠ ᠶᠢᠨ ᠪᠦᠯᠦᠭᠯᠡᠯ ᠎ ᠲᠠᠢ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠴᠢᠯᠠᠭᠤᠨ ᠮᠡᠲ᠋ᠧᠷᠢᠶᠠᠯ ᠤᠨ ᠪᠦᠲᠤᠬᠡᠭᠲᠡᠬᠦᠨ ᠤ ᠪᠤᠷᠤᠯᠠᠭᠤᠯᠭ᠎ᠠ ᠎ ᠶᠢᠨ ᠵᠠᠬ᠎ᠠ ᠲᠡᠯᠬᠡᠬᠦᠷ ᠤᠯᠠᠮ ᠦᠷᠭᠡᠵᠢᠪᠡ᠃ 172 ᠲᠦᠮᠠᠨ ᠲᠡᠭᠰᠢ ᠲᠦᠷᠪᠡᠯᠵᠢᠨ ᠮᠧᠲᠷ ᠬᠠᠪᠲᠡᠰᠤᠨ ᠮᠡᠲ᠋ᠧᠷᠢᠶᠠᠯ ᠎ ᠢ ᠡᠳ᠋ᠰᠢᠬᠦᠯᠵᠤ᠂ 1.38 ᠳ᠋ᠦᠩᠰᠢᠭᠤᠷ ᠲᠦᠬᠦᠷᠢᠭ ᠤᠨ ᠤᠶᠢᠯᠡᠳᠬᠦᠨ ᠤ ᠦᠷᠲᠡᠭ ᠢ ᠪᠡᠶᠡᠯᠡᠬᠦᠯᠪᠡ᠃ ᠤᠯᠠᠨ ᠵᠢᠯ ᠦᠢᠯᠡᠳᠪᠦᠷᠢᠯᠡᠯ ᠢᠶᠠᠨ ᠵᠤᠭᠰᠤᠭᠰᠠᠨ ᠴᠢᠯᠠᠭᠤᠨ ᠮᠠᠲ᠋ᠧᠷᠢᠶᠠᠯ ᠤᠨ 2 ᠠᠵᠤ ᠠᠬᠤᠶᠢᠯᠠᠯ ᠨᠢ ᠦᠢᠯᠡᠳᠪᠦᠷᠢᠯᠡᠯ ᠢᠶᠠᠨ ᠰᠡᠷᠬᠦᠬᠡᠪᠡ᠃ ᠴᠢᠯᠠᠭᠤᠨ ᠳᠤᠰᠤ ᠰᠢᠳᠠᠮᠠᠬᠠᠢ ᠬᠡᠢ ᠶᠢᠨ ᠡᠨᠧᠷᠬᠢ ᠶᠢᠨ ᠨᠠᠭᠡᠭᠡᠨ ᠬᠦᠭᠵᠢᠬᠦᠯᠬᠦ ᠠᠵᠤ ᠦᠢᠯᠡᠰ ᠨᠢ ︽ᠠᠶᠤᠯᠬᠦᠢ ᠦᠢᠯᠡᠳᠪᠦᠷᠢᠯᠡᠯ ᠳᠤ ᠭᠤᠷᠪᠠ ᠶᠢ ᠵᠡᠷᠭᠡ ᠳᠤᠨᠢ ᠪᠠᠶᠢᠯᠭᠠᠬᠤ︾ ᠵᠦᠪᠰᠢᠶᠡᠷᠡᠯ ᠢ ᠤᠯᠤᠭᠰᠠᠨ ᠪᠠᠶᠢᠨ᠎ᠠ᠃ ᠭᠤᠸᠠᠩ ᠯᠦᠩ ᠮᠠᠯ ᠠᠵᠤ ᠠᠬᠤᠢ ᠶᠢᠨ ᠺᠤᠮᠫᠠᠨᠢ ᠨᠢ 3 ᠲᠦᠮᠡᠨ ᠬᠤᠨᠢ ᠡᠳ᠋ᠰᠢᠭᠦᠯᠦᠨ ᠪᠤᠯᠪᠠᠰᠤᠷᠠᠭᠤᠯᠪᠠ᠃ ᠤᠳᠤᠬᠢᠴᠢᠯᠠᠭᠰᠠᠨ ᠤᠶᠢᠯᠡᠴᠢᠯᠡᠬᠡᠨ ᠤ ᠤᠶᠢᠯᠡᠰ ᠡᠷᠡᠬᠦᠯ ᠢᠶᠠᠷ ᠬᠦᠭᠵᠢᠪᠡ᠃ ᠦᠨᠳᠦᠰᠦᠳᠡᠨ ᠤ ᠦᠪᠡᠷᠮᠢᠴᠡ ᠤᠨᠴᠠᠯᠢᠭᠳᠤ ᠰᠤᠶᠤᠯ ᠪᠤᠯᠤᠨ ᠵᠢᠭᠤᠯᠴᠢᠯᠠᠯ ᠢ ᠨᠢᠭᠲᠠ ᠠᠭᠤᠰᠤᠯᠴᠠᠭᠤᠯᠤᠨ ᠬᠦᠭᠵᠢᠬᠦᠯᠵᠦ᠂ ︽ᠲᠦᠷᠪᠡᠨ ᠤᠯᠠᠷᠢᠯ ᠤᠨ ᠨᠠᠶᠢᠷ︾᠎ ᠢ ᠡᠷᠬᠢᠯᠡᠨ ᠶᠠᠪᠤᠭᠳᠠᠭᠤᠯᠵᠤ᠂ ︽ᠵᠢᠭᠤᠯᠴᠢᠯᠠᠯ ᠤᠨ ᠵᠤᠷᠯᠤᠩ ᠤᠨ ᠦᠭᠡᠷᠡᠴᠢᠯᠡᠯᠲᠡ︾᠎ ᠶᠢ ᠲᠦᠯᠬᠢᠨ ᠠᠬᠢᠭᠤᠯᠵᠤ᠂ ᠮᠠᠯᠴᠢᠨ ᠠᠶᠢᠯ ᠤᠨ ᠵᠢᠭᠤᠯᠴᠢᠯᠠᠯ᠂ ᠦᠵᠡᠮᠵᠢ ᠶᠢᠨ ᠤᠷᠤᠨ ᠤ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠪᠡ᠃ ︽ᠲᠤᠷᠭᠠᠨ ᠨᠤᠳᠤᠭ ᠬᠦᠪᠡᠭᠡᠳᠦ ᠰᠢᠷ᠎ᠠ· ᠠᠰᠣᠷᠣ ᠠᠶᠠᠯᠭᠤ ᠶᠢᠨ ᠦᠯᠦᠭᠡᠢ︾ ᠰᠣᠶᠣᠯ ᠵᠢᠭᠤᠯᠴᠢᠯᠠᠯ ᠤᠨ ᠨᠠᠷᠠᠲᠤ ᠳᠡᠮᠳᠡᠭ ᠢ ᠦᠷᠬᠦᠯᠵᠢᠯᠠᠨ ᠠᠯᠳᠠᠷᠰᠢᠭᠤᠯᠪᠠ᠃ ᠪᠤᠳᠠᠰ ᠤᠨ ᠪᠤᠰᠤ ᠰᠤᠶᠤᠯ ᠤᠨ ᠥᠪ ︽ᠠᠰᠤᠷᠤ︾ ᠤᠷᠠᠯᠢᠭ ᠢ ᠪᠡᠭᠡᠵᠢᠩ ᠬᠤᠲᠠ ᠶᠢᠨ ᠤᠯᠤᠰ ᠤᠨ ᠶᠡᠭᠡ ᠵᠦᠴᠦᠭᠡ ᠶᠢᠨ ᠬᠦᠷᠢᠶᠡᠯᠡᠩ ᠤᠨ ᠲᠠᠭᠤᠤ ᠬᠦᠭᠵᠢᠮ ᠤᠨ ᠲᠢᠩᠬᠢᠮ᠂ ᠠᠽᠢᠶ᠎ᠠ ᠶᠢᠨ ᠪᠤᠯᠪᠠᠰᠤᠨ ᠤ ᠲᠤᠭᠤᠷᠢᠨ ᠠᠶᠠᠯᠠᠯ ᠵᠢᠴᠢ ᠠᠽᠢᠶ᠎ᠠ ᠎ ᠶᠢᠨ ᠠᠮᠳᠠᠳᠤ ᠢᠳᠡᠭᠡᠨ ᠤ ᠪᠠᠶᠠᠷ ᠵᠡᠷᠭᠡ ᠬᠦᠳᠡᠯᠭᠡᠭᠡᠨ ᠲᠡᠭᠡᠷ᠎ᠡ ᠲᠤᠭᠯᠠᠨ ᠦᠵᠡᠭᠦᠯᠪᠡ᠃ ᠪᠦᠬᠦ ᠵᠢᠯ ᠤᠨ ᠵᠢᠭᠤᠯᠴᠢᠯᠠᠭᠰᠠᠳ ᠤᠨ ᠲᠤᠭ᠎ᠠ ᠪᠤᠯᠤᠨ ᠵᠢᠭᠤᠯᠴᠢᠯᠠᠯ ᠤᠨ ᠣᠷᠤᠯᠭ᠎ᠠ ᠨᠢ ᠲᠤᠰᠪᠤᠷᠢ 8.5% ᠪᠣᠯᠤᠨ 11.3% ᠎ ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭ᠎ᠠ ᠢᠳᠡᠭᠡᠨ ᠤᠮᠳᠠᠭᠠᠨ᠂ ᠬᠤᠨᠤᠭ ᠪᠠᠭᠤᠳᠠᠯ᠂ ᠰᠢᠤᠳᠡᠨ ᠭᠤᠶᠢᠪᠢᠭᠤᠯᠭ᠎ᠠ᠂ ᠲᠦᠷᠭᠡᠨ ᠬᠦᠷᠭᠡᠯᠳᠡ᠂ ᠡᠯᠧᠺᠲᠷᠦᠨ ᠬᠤᠳᠠᠯᠳᠤᠭ᠎ᠠ ᠵᠡᠷᠬᠡ ᠠᠵᠢᠯ ᠲᠥᠷᠦᠯ ᠦᠷᠬᠦᠯᠵᠢᠯᠡᠨ ᠡᠷᠡᠬᠦᠯ ᠢᠶᠠᠷ ᠬᠦᠭᠵᠢᠪᠠ᠃ ︽ᠰᠢᠯᠢ ᠶᠢᠨ ᠭᠤᠤᠯ ᠠᠶᠢᠮᠠᠭ· ᠬᠦᠪᠡᠬᠡᠲᠤ ᠰᠢᠷ᠎ᠠ ᠬᠤᠰᠢᠭᠤᠨ ᠤ ᠲᠤᠮᠲᠠᠲᠤ ᠮᠤᠩᠭᠤᠯ ᠤᠷᠤᠰ ᠤᠨ ᠲᠠᠸᠠᠷ ᠢ ᠲᠡᠯᠬᠡᠨ ᠪᠤᠷᠤᠯᠠᠭᠤᠯᠬᠤ ᠴᠤᠭᠯᠠᠭᠠᠨ ᠵᠢᠴᠢ ᠴᠢᠯᠠᠭᠤᠨ ᠮᠡᠲ᠋ᠧᠷᠢᠶᠠᠯ ᠤᠨ ᠲᠡᠯᠬᠡᠨ ᠦᠵᠡᠬᠦᠯᠬᠦ ᠵᠦᠪᠲᠡᠯᠴᠡᠬᠡᠷ ᠤᠨ ᠬᠤᠷᠡᠯ︾᠎ ᠢ ᠠᠮᠵᠢᠯᠲᠠ ᠲᠠᠢ ᠡᠷᠬᠢᠯᠡᠪᠡ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠲᠠᠭᠠᠯᠠᠮᠵᠢ ᠶᠢᠨ ᠦᠯᠡᠲᠡᠪᠤᠷᠢ 17.9 ᠳ᠋ᠦᠩᠰᠢᠭᠤᠷ ᠲᠦᠬᠦᠷᠢᠭ ᠪᠠᠶᠢᠵᠤ᠂ 3%᠎ ᠪᠠᠷ ᠨᠠᠮᠡᠭᠳᠡᠵᠦ᠂ ᠵᠢᠬᠡᠯᠡᠯᠬᠡ ᠶᠢᠨ ᠦᠯᠡᠲᠡᠪᠤᠷᠢ 12.2 ᠳ᠋ᠦᠩᠰᠢᠭᠤᠷ ᠲᠦᠬᠦᠷᠢᠭ ᠪᠠᠶᠢᠵᠤ᠂ 20.5%᠎ ᠪᠠᠷ ᠨᠡᠮᠡᠭᠳᠡᠪᠡ᠃ ᠠᠶᠠᠨᠴᠢᠳ ᠪᠠ ᠪᠠᠷᠠᠭ᠎ᠠ ᠵᠦᠭᠡᠭᠡᠪᠦᠷᠢᠯᠡᠭᠰᠡᠨ ᠶᠡᠷᠦᠩᠬᠡᠢ ᠬᠡᠮᠵᠢᠶ᠎ᠡ ᠲᠤᠰᠪᠦᠷᠢ 1.1% ᠪᠠ 4.3%᠎ ᠪᠠᠷ ᠨᠡᠮᠡᠭᠳᠡᠪᠡ᠃ 4678 ᠢᠵᠢ ETC ᠲᠤᠨᠤᠭ ᠢ ᠤᠭᠰᠠᠷᠠᠵᠤ᠂ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠡᠭᠦᠷᠭᠡ ᠶᠢ 102.9%᠎ ᠪᠠᠷ ᠪᠡᠶᠡᠯᠡᠬᠦᠯᠵᠠᠢ᠃      ︵ᠭᠤᠷᠪᠠ︶ ᠬᠦᠭᠵᠢᠯᠲᠡ ᠶᠢᠨ ᠰᠠᠭᠤᠷᠢ ᠤᠯᠠᠮ ᠪᠠᠬᠢᠵᠢᠪᠡ᠃ ᠭᠤᠤᠯᠳᠠᠯᠭᠠᠲᠤ ᠲᠦᠷᠦᠯ ᠵᠦᠢᠯ ᠢ ᠤᠷᠤᠭᠰᠢᠲᠠᠢ ᠠᠬᠢᠭᠤᠯᠪᠠ᠃ ᠵᠢᠯ ᠤᠨ ᠡᠬᠢᠨ ᠳᠤ ᠳᠤᠭᠳᠠᠭᠠᠭᠰᠠᠨ 38 ᠵᠦᠢᠯ ᠤᠨ ᠭᠤᠣᠯᠳᠠᠯᠭ᠎ᠠ ᠲᠠᠢ ᠲᠥᠷᠦᠯ ᠵᠦᠢᠯ ᠢ ᠪᠦᠬᠦᠨ ᠢ ᠠᠵᠢᠯ ᠡᠬᠢᠯᠡᠬᠦᠯᠵᠦ᠂ 14.4 ᠳ᠋ᠦᠩᠰᠢᠭᠤᠷ ᠲᠦᠬᠦᠷᠢᠭ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠪᠡᠶᠡᠯᠡᠬᠦᠯᠪᠡ᠃ ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠨᠢ ᠬᠡᠷᠡᠭᠯᠡᠬᠦ ᠶᠢ ᠵᠦᠪᠰᠢᠶᠡᠷᠡᠬᠦ ᠬᠢᠨᠠᠨ ᠦᠨᠡᠯᠡᠯᠲᠡ ᠳᠤ ᠬᠢᠷᠢ ᠲᠡᠩᠴᠡᠵᠦ᠂ ᠨᠢᠰᠴᠤ ᠪᠣᠯᠬᠤ ᠨᠦᠭᠦᠴᠡᠯ ᠢ ᠪᠦᠷᠢᠯᠳᠦᠬᠦᠯᠪᠡ᠃ ᠰᠦᠨᠢᠳ ᠪᠠᠷᠠᠭᠤᠨ ᠬᠤᠰᠢᠭᠤᠨ ᠠᠴᠠ ᠬᠤᠸᠠᠳᠧ ᠰᠢᠶᠠᠨ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠰᠢᠯᠢ ᠶᠢᠨ ᠭᠤᠣᠯ ᠠᠶᠢᠮᠠᠭ ᠳᠠᠬᠢ ᠬᠡᠰᠡᠭ ᠪᠠ S313 ᠮᠤᠵᠢ ᠶᠢᠨ ᠲᠡᠰ ᠤᠨ ᠮᠢᠩᠭᠠᠨᠲᠤ ᠪᠠᠯᠭᠠᠰᠤᠨ ᠠᠴᠠ ᠰᠢᠨᠡᠪᠤᠯᠠᠭ ᠪᠠᠯᠭᠠᠰᠤ ᠬᠦᠷᠬᠦ ᠵᠠᠰᠠᠮᠠᠯ ᠵᠠᠮ ᠨᠢ ᠲᠤᠰᠪᠦᠷᠢ ᠪᠦᠬᠦ ᠢᠨᠵᠧᠨᠧᠷᠢᠩ ᠤᠨ ᠢᠶᠠᠨ 83% ᠪᠠ 65%᠎ ᠶᠢ ᠪᠡᠶᠡᠯᠡᠬᠦᠯᠪᠡ᠃ ᠡᠷᠢᠶᠡᠨ ᠭᠤᠸᠠᠩᠵᠸᠦ ᠶᠢᠨ ᠦᠨᠳᠦᠷ ᠬᠤᠷᠳᠤᠴᠠᠳᠤ ᠵᠠᠰᠠᠮᠠᠯ ᠵᠠᠮ ᠤᠨ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠪᠠᠶᠠᠨᠴᠠᠭᠠᠨ ᠪᠠᠯᠭᠠᠰᠤᠨ ᠠᠴᠠ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠨ ᠶᠧ ᠬᠦᠷᠬᠦ ᠬᠡᠰᠡᠭ ᠤᠨ ᠭᠠᠵᠠᠷ ᠲᠠᠳᠠᠪᠦᠷᠢᠯᠠᠬᠤ ᠠᠵᠢᠯ ᠪᠦᠬᠦ ᠲᠠᠯ᠎ᠠ ᠪᠠᠷ ᠡᠬᠢᠯᠡᠪᠠ᠃ ᠠᠵᠤ ᠦᠢᠯᠡᠳᠪᠦᠷᠢ‌‍ᠶᠢᠨ ᠲᠤᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠲᠤᠤᠷᠵᠢᠭᠤᠯᠤᠯᠳᠠ ᠶᠢᠨ ᠠᠵᠢᠯ ᠢ ᠡᠬᠢᠯᠡᠨ ᠪᠦᠳᠦᠭᠡᠨ ᠪᠠᠶᠢᠭᠤᠯᠪᠠ᠃ ᠰᠢᠨᠡᠪᠤᠯᠠᠭ ᠪᠠᠯᠭᠠᠰᠤᠨ ᠤ ᠬᠤᠲᠠ ᠶᠢᠨ ᠰᠠᠭᠤᠷᠢ ᠳᠦᠬᠦᠭᠡᠷᠤᠮᠵᠢ ᠶᠢ ᠦᠭᠡᠷᠡᠴᠢᠯᠡᠨ ᠦᠷᠭᠡᠳᠬᠡᠬᠦ PPP ᠲᠦᠷᠦᠯ ᠵᠦᠢᠯ ᠤᠨ S208 ᠵᠠᠮ ᠤᠨ ᠰᠢᠨᠡᠪᠦᠯᠠᠭ ᠪᠠᠯᠭᠠᠰᠤᠨ ᠳᠠᠬᠢ ᠬᠡᠰᠡᠭ᠂ ᠰᠢᠨᠡᠪᠤᠯᠠᠭ ᠬᠦᠭᠦᠷᠭᠡ᠂ ᠠᠮᠤᠭᠤᠯᠠᠩ ᠬᠦᠭᠦᠷᠭᠡ᠂ ᠶᠠᠪᠠᠭᠠᠨ ᠵᠠᠮ ᠳᠡᠪᠢᠰᠬᠦ ᠪᠠ ᠵᠡᠭᠦᠨ ᠭᠤᠤᠯ ᠤᠨ ᠦᠵᠡᠮᠵᠢ ᠶᠢᠨ ᠤᠷᠤᠨ ᠤ ᠢᠨᠵᠧᠨᠧᠷᠢᠩ ᠤᠨ ᠲᠥᠷᠦᠯ ᠵᠦᠢᠯ ᠨᠢ ᠠᠵᠢᠯ ᠳᠠᠭᠤᠰᠬᠠᠭᠰᠠᠨ ᠬᠢᠨᠠᠯᠲᠠ ᠶᠢ ᠪᠡᠶᠡᠯᠡᠭᠦᠯᠵᠤ᠂ ᠬᠦᠷᠢᠶᠡᠯᠡᠩ ᠤᠨ ᠦᠵᠡᠮᠵᠢ ᠶᠢᠨ ᠤᠷᠤᠨ ᠤ ᠨᠤᠭᠤᠭᠠᠷᠠᠭᠤᠯᠤᠯᠳᠠ ᠶᠢᠨ ᠢᠨᠵᠧᠨᠧᠷᠢᠩ ᠤᠨ PPP ᠲᠦᠷᠦᠯ ᠵᠦᠢᠯ ᠨᠢ ᠠᠵᠢᠯ ᠢᠶᠠᠨ ᠲᠠᠭᠤᠰᠬᠠᠪᠠ᠃ 3.4 ᠺᠢᠯᠤᠮᠧᠲᠷ ᠢᠯᠴᠢ ᠬᠠᠨᠭ᠍ᠭᠠᠯᠭ᠎ᠠ ᠎ ᠶᠢᠨ ᠬᠤᠭᠤᠯᠠᠢ ᠶᠢᠨ ᠲᠤᠤᠷ ᠢ ᠦᠭᠡᠷᠡᠴᠢᠯᠡᠵᠦ᠂ 30 ᠲᠦᠮᠡᠨ ᠳᠡᠭᠰᠢ ᠲᠦᠷᠪᠡᠯᠵᠢᠨ ᠮᠧᠲᠷ ᠢᠯᠴᠢ ᠬᠠᠩᠭᠠᠯᠭ᠎ᠠ ᠶᠢᠨ ᠲᠡᠩᠴᠡᠬᠦᠷᠢ ᠶᠢ ᠪᠠᠳᠤᠯᠠᠵᠤ᠂ ᠢᠯᠴᠢ ᠬᠠᠩᠭᠠᠬᠤ ᠶᠠᠰᠤ ᠴᠢᠨᠠᠷ ᠨᠢ ᠤᠯᠠᠮ ᠳᠡᠭᠡᠭᠰᠢᠯᠡᠪᠡ᠃ ᠰᠢᠨᠡᠪᠤᠯᠠᠭ ᠪᠠᠯᠭᠠᠰᠤᠨ ᠤ ᠤᠰᠤᠨ ᠤ ᠡᠬᠢ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠵᠢᠴᠢ ᠤᠰᠤ ᠳᠠᠮᠵᠢᠭᠤᠯᠬᠤ ᠬᠤᠭᠤᠯᠠᠢ ᠶᠢᠨ ᠲᠤᠤᠷ ᠢ ᠪᠦᠲᠦᠭᠡᠨ ᠪᠠᠶᠢᠭᠤᠯᠬᠤ ᠢᠨᠵᠧᠨᠧᠷᠢᠩ ᠠᠰᠢᠭᠯᠠᠯᠲᠠ ᠳᠤ ᠤᠷᠤᠪᠠ᠃ 220 ᠺᠢᠯᠤᠸᠠᠲ ᠎ ᠤᠨ ᠴᠠᠭᠢᠯᠭᠠᠨ ᠬᠦᠴᠤᠳᠠᠯ ᠬᠤᠪᠢᠰᠬᠠᠬᠤ ᠥᠷᠳᠡᠭᠡ ᠶᠢᠨ ᠲᠥᠷᠦᠯ ᠵᠦᠢᠯ ᠤᠨ ᠪᠠᠷᠢᠯᠭ᠎ᠠ ᠶᠢ ᠲᠠᠭᠤᠰᠬᠠᠪᠠ᠃ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠠᠮᠢᠵᠢᠷᠠᠯ ᠤᠨ ᠬᠦᠴᠦᠨ ᠤᠯᠠᠮ ᠴᠢᠩᠭᠠᠷᠠᠪᠠ᠃ ᠭᠠᠶᠢᠯᠢ ᠶᠢ ᠪᠠᠭᠠᠰᠬᠠᠵᠤ ᠰᠦᠢᠳᠬᠡᠯ ᠢ ᠳᠤᠷᠤᠭᠰᠢᠯᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠪᠦᠬᠦ ᠵᠢᠯ ᠎ ᠳᠤ 4237 ᠲᠦᠮᠡᠨ ᠲᠦᠭᠦᠷᠢᠭ ᠤᠨ ᠭᠠᠶᠢᠯᠢ ᠶᠢ ᠬᠦᠩᠭᠡᠷᠡᠬᠦᠯᠦᠨ ᠰᠦᠢᠳᠬᠡᠯ ᠢ ᠪᠠᠭᠠᠰᠬᠠᠪᠠ᠃ ︽ᠡᠷᠬᠡ ᠶᠢ ᠳᠤᠷᠤᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠳᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ 5893 ᠬᠤᠪᠢ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠪᠡ᠃ ︽ᠭᠤᠷᠪᠠ ᠶᠢ ᠲᠦᠪᠯᠡᠷᠡᠭᠦᠯᠦᠨ ᠭᠤᠷᠪᠠ ᠶᠢ ᠪᠡᠶᠡᠯᠡᠭᠦᠯᠬᠦ︾᠎ ᠶᠢ ᠤᠯᠠᠮ ᠨᠢᠭᠡ ᠠᠯᠬᠤᠮ ᠴᠢᠩᠭᠠᠳᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠯᠠᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡ ᠪᠠ ︽ᠲᠤᠤᠷ ᠰᠦᠯᠵᠢᠶ᠎ᠡ + ᠬᠢᠨᠠᠨ ᠬᠠᠮᠢᠶᠠᠷᠤᠯᠲᠠ︾᠎ ᠶᠢᠨ ᠳᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠰᠦᠯᠵᠢᠶᠡᠨ ᠲᠡᠭᠡᠷ᠎ᠡ ᠬᠦᠢᠴᠡᠳᠭᠡᠵᠦ ᠲᠡᠶᠢᠯᠬᠦ ᠵᠦᠢᠯᠡᠰ ᠢ 548 ᠬᠤᠪᠢ ᠪᠡᠶᠡᠯᠡᠬᠦᠯᠵᠦ᠂ ᠰᠦᠯᠵᠢᠶᠡᠨ ᠲᠡᠭᠡᠷ᠎ᠡ ᠬᠦᠢᠴᠡᠳᠭᠡᠭᠰᠡᠨ ᠨᠤᠷᠮ᠎ᠠ ᠎ ᠨᠢ 100%᠎ ᠳᠤ ᠬᠦᠷᠪᠡ᠃ ᠬᠢᠨᠠᠨ ᠵᠦᠪᠰᠢᠶᠡᠷᠡᠬᠦ ᠦᠢᠯᠡᠴᠢᠯᠡᠭᠡᠨ ᠤ ︽ᠲᠦᠷᠪᠡ ᠶᠢ ᠬᠦᠢᠴᠡᠳᠭᠡᠬᠦ︾ ᠨᠠᠷᠢᠨ ᠲᠠᠩᠰᠠ ᠶᠢ 645 ᠬᠤᠪᠢ ᠡᠮᠬᠢᠯᠡᠵᠦ ᠲᠠᠭᠤᠰᠬᠠᠪᠠ᠃ ᠠᠷᠠᠯᠵᠢᠶ᠎ᠠ ᠬᠤᠳᠠᠯᠳᠤᠭᠠᠨ ᠤ ᠶᠠᠪᠤᠳᠠᠯ ᠤᠨ ᠳᠠᠩᠰᠠᠯᠠᠬᠤ ᠠᠵᠢᠯ ᠢ ᠨᠡᠩ ᠲᠦᠭᠦᠮ ᠪᠤᠯᠭᠠᠵᠤ᠂ ︽ᠦᠨᠡᠮᠯᠡᠯ ᠤᠯᠭᠤᠭᠰᠠᠨ ᠤ ᠲᠠᠷᠠᠭ᠎ᠠ ᠪᠠᠷᠢᠮᠳᠠ ᠶᠢ ᠴᠤᠮᠬᠠᠳᠬᠠᠬᠤ︾᠎ ᠶᠢ ᠲᠦᠯᠬᠢᠨ ᠠᠬᠢᠭᠤᠯᠵᠤ᠂ ᠬᠡᠷᠡᠴᠢ ᠦᠨᠡᠮᠯᠡᠯ ᠬᠦᠢᠴᠡᠳᠬᠡᠬᠦ ᠴᠠᠭ ᠢ ᠭᠤᠷᠪᠠᠨ ᠠᠵᠢᠯᠯᠠᠬᠤ ᠡᠳᠦᠷ ᠪᠤᠯᠭᠠᠨ ᠪᠤᠭᠤᠨᠢᠰᠬᠠᠵᠤ᠂ ᠠᠵᠤ ᠠᠬᠤᠶᠢᠯᠠᠯ ᠤᠨ ᠨᠡᠷ᠎ᠡ ᠪᠠ ᠠᠵᠤ ᠠᠬᠤᠶᠢᠯᠠᠯ ᠳᠠᠩᠰᠠᠯᠠᠬᠤ ᠪᠦᠬᠦ ᠶᠠᠪᠤᠴᠠ ᠶᠢᠨ ᠡᠯᠧᠺᠲᠷᠤᠨᠴᠢᠯᠠᠯᠲᠠ ᠶᠢ ᠪᠡᠶᠡᠯᠡᠭᠦᠯᠪᠡ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠬᠢᠨᠠᠨ ᠵᠦᠪᠰᠢᠶᠡᠷᠡᠬᠦᠯᠬᠦ ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠪᠤᠯᠭᠠᠨ ᠪᠤᠭᠤᠨᠢᠰᠬᠠᠪᠠ᠃ 1556 ᠡᠷᠦᠬᠡ ᠶᠢᠨ ᠨᠤᠲᠤᠭ ᠪᠠᠯᠴᠢᠭᠡᠷ ᠢ ᠲᠦᠷᠢᠶᠡᠰᠦᠯᠡᠬᠦᠯᠦᠨ ᠰᠢᠯᠵᠢᠬᠦᠯᠦᠭᠰᠡᠨ ᠳᠠᠩᠰᠨ ᠶᠢ ᠪᠠᠶᠢᠭᠤᠯᠵᠤ᠂ 184 ᠲᠦᠮᠡᠨ ᠮᠤ᠋ ᠨᠤᠲᠤᠭ ᠪᠡᠯᠴᠢᠭᠡᠷ ᠢ ᠲᠦᠷᠢᠶᠡᠰᠦᠯᠡᠬᠦᠯᠦᠨ ᠰᠢᠯᠵᠢᠬᠦᠯᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠤᠢ ᠎ ᠶᠢᠨ ᠪᠠᠶᠢᠴᠠᠭᠠᠯᠲᠠ ᠶᠢᠨ ᠠᠵᠢᠯ ᠢ ᠲᠤᠭᠳᠠᠭᠤᠨ ᠢᠶᠠᠷ ᠠᠬᠢᠭᠤᠯᠪᠠ᠃ ᠬᠦᠳᠡᠭᠡ ᠲᠤᠰᠬᠤᠨ ᠮᠠᠯᠵᠢᠬᠤ ᠤᠷᠤᠨ ᠢ ᠴᠡᠴᠡᠭᠯᠡᠬᠦᠯᠦᠨ ᠬᠦᠭᠵᠢᠬᠦᠯᠬᠦ ᠶᠢ ᠪᠦᠬᠦ ᠲᠠᠯ᠎ᠠ ᠪᠠᠷ ᠠᠬᠢᠭᠤᠯᠪᠠ᠃ ︽ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠳᠤᠰᠬᠤᠨ ᠮᠠᠯᠵᠢᠬᠤ ᠤᠷᠤᠨ ᠢ ᠴᠡᠴᠡᠭᠯᠡᠬᠦᠯᠦᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠬᠡ(2018 —2022 ᠤᠨ)︾᠎ ᠶᠢ ᠦᠨᠳᠤᠰᠦᠯᠡᠵᠦ᠂ ︽ᠠᠵᠤ ᠦᠢᠯᠡᠰ ᠭᠦᠭᠵᠢᠩᠭᠦᠢ᠂ ᠠᠮᠢ ᠠᠬᠤᠢ ᠲᠠᠭᠠᠯᠠᠮᠵᠢᠲᠠᠢ᠂ ᠬᠡᠪ ᠰᠤᠷᠳᠠᠯ ᠪᠤᠯᠪᠠᠰᠤᠨ᠂ ᠵᠠᠰᠠᠨ ᠴᠡᠭᠴᠡᠯᠡᠯᠲᠡ ᠪᠦᠲᠦᠮᠵᠢᠲᠠᠢ᠂ ᠠᠵᠤ ᠠᠮᠢᠳᠤᠷᠠᠯ ᠴᠢᠨᠡᠭᠡᠯᠢᠭ︾ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠤᠯᠲᠠᠢ ᠲᠦᠯᠬᠢᠨ ᠠᠬᠢᠭᠤᠯᠪᠠ᠃ 8.7 ᠲᠦᠮᠡᠨ ᠳᠡᠭᠰᠢ ᠲᠦᠷᠪᠡᠯᠵᠢᠨ ᠮᠧᠲᠷ ᠪᠠᠷᠢᠮᠵᠢᠶᠠᠵᠢᠭᠰᠠᠨ ᠳᠤᠯᠠᠭᠠᠨ ᠫᠧᠩ᠂ 2.2 ᠲᠦᠮᠡᠨ ᠲᠡᠭᠰᠢ ᠲᠦᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ᠂ 0.4 ᠲᠦᠮᠡᠨ ᠪᠤᠰᠤᠭ᠎ᠠ ᠲᠦᠷᠪᠡᠯᠵᠢᠨ ᠮᠧᠲᠷ ᠨᠤᠭᠤᠭᠠᠨ ᠳᠠᠷᠤᠰᠢ ᠶᠢᠨ ᠵᠤᠭᠤᠷᠢ ᠶᠢ ᠰᠢᠨ᠎ᠡ ᠎ ᠪᠠᠷ ᠪᠠᠶᠢᠭᠤᠯᠪᠠ᠃ 206 ᠬᠤᠳᠲᠤᠭ ᠢ ᠰᠢᠨ᠎ᠡ ᠪᠠᠷ ᠮᠠᠯᠳᠠᠵᠤ᠂ 1904 ᠢᠵᠢ ᠤᠰᠤ ᠴᠡᠪᠡᠷᠰᠢᠭᠦᠯᠬᠦ ᠳᠦᠬᠦᠭᠡᠷᠤᠮᠵᠢ ᠤᠭᠰᠠᠷᠠᠪᠠ᠃ ᠬᠦᠳᠡᠭᠡ ᠲᠤᠰᠬᠤᠨ ᠤ 150 ᠺᠢᠯᠤᠮᠧᠲᠷ ᠴᠠᠬᠢᠯᠭᠠᠨ ᠲᠤᠤᠷ ᠢ ᠦᠭᠡᠷᠡᠴᠢᠯᠡᠨ ᠰᠠᠶᠢᠵᠢᠷᠠᠭᠤᠯᠪᠠ᠃ ᠴᠠᠬᠢᠯᠭᠠᠨ ᠬᠤᠯᠪᠤᠭ᠎ᠠ ᠶᠢᠨ ᠲᠦᠭᠡᠮᠡᠯᠵᠢᠭᠰᠡᠨ ᠦᠢᠯᠡᠴᠢᠯᠡᠭᠡᠨ ᠤ ᠲᠦᠷᠦᠯ ᠵᠦᠢᠯ ᠢ ᠬᠡᠷᠡᠭᠵᠢᠭᠦᠯᠵᠦ᠂ 21 ᠭᠠᠴᠠᠭᠠᠨ ᠳᠤ ᠰᠢᠨ᠎ᠡ ᠪᠠᠷ 4G ᠲᠤᠤᠷ ᠰᠦᠯᠵᠢᠶ᠎ᠡ ᠶᠢ ᠪᠦᠷᠬᠦᠭᠦᠯᠪᠠ᠃ ᠪᠠᠶᠠᠨᠲᠠᠯ᠎ᠠ  ᠪᠠᠯᠭᠠᠰᠤ᠂ ᠤᠩᠭᠤᠨ ᠠᠭᠤᠯᠠ ᠰᠤᠮᠦ᠂ ᠪᠤᠭᠳᠠ ᠶᠢᠨ ᠭᠤᠤᠯ ᠰᠤᠮᠤᠨ ᠤ ᠠᠮᠢᠳᠤᠷᠠᠯ ᠤᠨ ᠬᠤᠭ ᠨᠤᠪᠰᠢ ᠶᠢ ᠰᠶᠢᠳᠪᠤᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠠ᠃ 764 ᠡᠷᠦᠬᠡ ᠶᠢᠨ ᠵᠤᠷᠯᠤᠩ ᠢ ᠦᠭᠡᠷᠡᠴᠢᠯᠡᠵᠦ᠂ ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠠᠷᠢᠭᠤᠨ ᠴᠡᠪᠡᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡᠳᠦᠯᠳᠡᠢ ᠦᠷᠨᠢᠭᠦᠯᠵᠦ᠂ 1920 ᠳᠤᠨ ᠬᠤᠭ ᠨᠤᠪᠰᠢ ᠶᠢ ᠴᠡᠪᠡᠷᠯᠡᠪᠡ᠃ ᠪᠦᠬᠦ ᠬᠤᠰᠢᠭᠤᠨ ᠤ 60 ᠭᠠᠴᠠᠭᠠᠨ ᠤ ᠬᠠᠮᠲᠦ ᠶᠢᠨ ᠦᠮᠴᠢᠯᠠᠯ ᠤᠨ ᠡᠷᠬᠡ ᠶᠢᠨ ᠲᠥᠷᠢᠮ ᠤᠨ ᠦᠭᠡᠷᠡᠴᠢᠯᠠᠯᠳᠠ ᠶᠢ ᠪᠡᠶᠡᠯᠡᠭᠦᠯᠪᠠ᠃ ᠲᠦᠷᠢᠮᠵᠢᠭᠰᠡᠨ ᠬᠤᠷᠰᠢᠶᠠᠵᠢᠯ 8᠂ ᠭᠡᠷ ᠪᠦᠯᠢ ᠶᠢᠨ ᠮᠠᠯᠵᠢᠯ ᠤᠨ ᠲᠠᠯᠠᠪᠠᠢ 109 ᠡᠷᠦᠬᠡ ᠪᠣᠯᠪᠠ᠃ ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠤᠬᠢᠷᠠᠭᠤᠯᠤᠯᠲᠠ ᠶᠢ ᠪᠡᠶᠡᠯᠡᠬᠦᠯᠵᠦ᠂ ︽ᠭᠤᠷᠪᠠᠨ ᠲᠤᠭᠤᠷᠢᠭ ᠬᠤᠶᠠᠷ ᠱᠤᠭᠤᠮ︾ ᠪᠠ 67 ᠮᠦ ᠬᠠᠶᠠᠭᠳᠠᠮᠠᠯ ᠠᠭᠤᠷᠬᠠᠢ ᠶᠢᠨ ᠲᠠᠯᠠᠪᠤᠷ ᠵᠢᠴᠢ ᠨᠡᠬᠦᠷᠡᠰᠦᠨ ᠤ ᠪᠤᠰᠤ ᠠᠭᠤᠷᠬᠠᠢ ᠶᠢᠨ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠬᠦᠯᠪᠡ᠃ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠬᠠᠰᠢᠶᠠᠯᠠᠨ ᠮᠠᠯᠵᠢᠵᠤ ᠪᠡᠯᠴᠢᠭᠡᠷ ᠰᠡᠷᠭᠦᠭᠡᠬᠦ ᠠᠵᠢᠯ ᠢ ᠠᠮᠵᠢᠯᠲᠠ ᠲᠠᠢ ᠶᠠᠪᠤᠭᠳᠠᠭᠤᠯᠪᠠ᠃ 72.34 ᠲᠦᠮᠡᠨ ᠮᠤ᠋ ᠤᠯᠤᠰ ᠤᠨ ᠳᠡᠰ ᠤᠨ ᠨᠡᠶᠢᠲᠠ ᠶᠢᠨ ᠠᠰᠢᠭᠲᠤ ᠤᠢ ᠰᠢᠭᠤᠢ ᠶᠢᠨ ᠨᠦᠬᠦᠪᠦᠷᠢ ᠤᠯᠭᠤᠬᠤ ᠲᠠᠯᠠᠪᠠᠢ ᠰᠢᠨ᠎ᠡ ᠪᠠᠷ ᠨᠡᠮᠡᠭᠳᠡᠪᠡ᠃ ᠤᠢ ᠰᠢᠭᠤᠢ ᠲᠠᠯ᠎ᠠ ᠨᠤᠲᠤᠭ ᠤᠨ ᠠᠮᠢ ᠠᠬᠤᠢ ᠶᠢᠨ ᠬᠠᠤᠯᠢ ᠬᠡᠷᠡᠭᠵᠢᠬᠦᠯᠦᠯᠲᠡ ᠎ ᠶᠢ ᠴᠢᠩᠭᠠᠳᠬᠠᠨ᠂ ᠠᠮᠢ ᠠᠬᠤᠢ ᠶᠢ ᠡᠪᠳᠡᠭᠰᠡᠨ ᠬᠠᠤᠯᠢ ᠵᠦᠷᠢᠴᠡᠭᠰᠡᠨ ᠠᠵᠢᠯᠯᠠᠭ᠎ᠠ ᠳᠤ ᠬᠦᠨᠳᠦ ᠴᠤᠬᠢᠯᠲᠠ ᠦᠭᠴᠤ᠂ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠠᠩᠨᠠᠬᠤ ᠪᠠ ᠬᠡᠭᠡᠷ᠎ᠡ ᠶᠢᠨ ᠤᠷᠭᠤᠮᠠᠯ ᠲᠡᠭᠦᠬᠦ ᠶᠢ ᠬᠤᠷᠢᠭᠯᠠᠬᠤ ᠳᠤᠰᠬᠠᠢ ᠰᠡᠳᠤᠪᠲᠦ ᠠᠵᠢᠯᠯᠠᠭ᠎ᠠ ᠦᠷᠨᠢᠭᠦᠯᠵᠦ᠂ ᠬᠠᠤᠯᠢ ᠵᠦᠷᠢᠴᠡᠭᠰᠡᠨ 156 ᠠᠵᠢᠯᠯᠠᠭ᠎ᠠ ᠳᠤ ᠰᠢᠢᠳᠭᠡᠯ ᠤᠯᠭᠤᠪᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠭᠤᠤᠯᠳᠠᠯᠭᠠᠲᠤ ᠤᠷᠤᠨ ᠲᠤᠭᠤᠷᠢᠭ ᠤᠨ ᠨᠤᠭᠤᠭᠠᠷᠠᠭᠤᠯᠤᠯᠲᠠ᠂ ᠬᠦᠳᠡᠭᠡ ᠳᠤᠰᠬᠤᠨ ᠤ ᠭᠤᠸᠠᠯᠢᠭᠵᠢᠭᠤᠯᠤᠯᠲᠠ ᠨᠤᠭᠤᠭᠠᠷᠠᠭᠤᠯᠤᠯᠲᠠ᠂ ᠨᠦᠬᠦᠪᠦᠷᠢ ᠤᠯᠭᠤᠨ ᠤᠶᠢᠵᠢᠭᠤᠯᠬᠤ ᠵᠡᠷᠭᠡ ᠲᠦᠷᠦᠯ ᠵᠦᠢᠯ ᠢ ᠨᠡᠶᠢᠯᠡᠭᠦᠯᠵᠦ᠂ 3.48 ᠲᠦᠮᠡᠨ ᠮᠤ᠋ ᠤᠶᠢᠵᠢᠭᠤᠯᠤᠯᠲᠠ ᠶᠢ ᠪᠡᠶᠠᠯᠡᠭᠦᠯᠵᠤ᠂ 40 ᠲᠦᠮᠡᠨ ᠰᠠᠭᠤᠷᠢ ᠮᠤᠳᠤ ᠲᠠᠷᠢᠪᠠ᠃ 2 ᠲᠦᠮᠡᠨ ᠮᠦ ᠨᠤᠲᠤᠭ ᠪᠡᠯᠴᠢᠭᠡᠷ ᠲᠤ ᠬᠦᠮᠦᠨ ᠤ ᠬᠦᠴᠦ ᠪᠠᠷ ᠡᠪᠡᠰᠦ ᠲᠠᠷᠢᠵᠤ᠂ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠢᠨᠵᠧᠨᠧᠷᠢᠩ ᠢ 20.96 ᠡᠾᠧᠺᠲ᠋ᠠᠷ ᠲᠠᠯᠠᠪᠠᠢ ᠬᠡᠷᠡᠭᠵᠢᠭᠦᠯᠪᠡ᠃ ᠤᠢ ᠰᠢᠭᠤᠢ ᠶᠢᠨ ᠬᠤᠤᠷᠳᠤ ᠠᠮᠢᠳᠤ ᠪᠤᠳᠠᠰ ᠪᠠ ᠲᠠᠯ᠎ᠠ ᠨᠤᠲᠤᠭ ᠤᠨ ᠬᠤᠯᠤᠭᠠᠨ᠎ᠠ᠂ ᠬᠤᠷᠤᠬᠠᠢ ᠰᠢᠪᠠᠵᠢ ᠶᠢᠨ ᠭᠠᠮᠰᠢᠭ ᠠᠴᠠ ᠰᠡᠷᠭᠡᠶᠢᠯᠡᠨ ᠵᠠᠰᠠᠭᠰᠠᠨ ᠲᠠᠯᠠᠪᠠᠢ ᠨᠢ 131.4 ᠲᠦᠮᠡᠨ ᠮᠦ ᠪᠠᠶᠢᠵᠤ᠂ 5.6 ᠲᠦᠮᠡᠨ ᠮᠤ᠋ ᠨᠤᠳᠤᠭ ᠪᠡᠯᠴᠢᠭᠡᠷ ᠢ ᠬᠦᠷᠢᠶᠡᠯᠡᠵᠤ ᠪᠢᠲᠡᠭᠦᠮᠵᠢᠯᠡᠪᠡ᠃ ᠤᠷᠤᠰᠬᠠᠯ ᠤᠨ ᠡᠪᠳᠡᠭᠳᠡᠯ ᠢ 20 ᠳᠡᠭᠰᠢ ᠳᠦᠷᠪᠡᠯᠵᠢᠨ ᠺᠢᠯᠤᠮᠧᠲᠷ᠂ ᠬᠥᠷᠦᠰᠦ ᠰᠢᠷᠦᠢ ᠶᠢᠨ ᠢᠳᠡᠭᠳᠡᠯ ᠢ 15 ᠳᠡᠭᠰᠢ ᠳᠦᠷᠪᠡᠯᠵᠢᠨ ᠺᠢᠯᠤᠮᠧᠲᠷ ᠵᠠᠰᠠᠪᠠ᠃ ᠭᠤᠤᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠎ ᠪᠠᠷ ᠨᠠᠶᠢᠳᠠᠪᠤᠷᠵᠢᠭᠤᠯᠪᠠ᠃ ᠤᠰᠤᠨ ᠠᠰᠢᠭᠯᠠᠯᠲᠠ ᠶᠢᠨ ᠶᠠᠮᠤᠨ ᠠᠴᠠ ᠮᠠᠨ ᠤ ᠬᠤᠰᠢᠭᠤ ᠶᠢ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠡᠩᠴᠡᠭᠰᠡᠨ ᠬᠤᠰᠢᠭᠤ ᠪᠠᠷ ᠦᠨᠡᠯᠡᠪᠡ᠃      ︵ᠲᠦᠷᠪᠡ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠯᠠᠮ ᠰᠠᠶᠢᠵᠢᠷᠠᠭᠤᠯᠪᠠ᠃ ᠠᠷᠠᠳ ᠤᠨ ᠠᠮᠢᠲᠤᠷᠠᠯ ᠤᠨ ᠬᠦᠷᠢᠶ᠎ᠡ ᠴᠠᠷ᠎ᠠ ᠳᠤ 5.6 ᠳ᠋ᠦᠡᠭᠰᠢᠭᠤᠷ ᠲᠦᠭᠦᠷᠢᠭ ᠵᠠᠷᠤᠴᠠᠭᠤᠯᠵᠤ᠂ ᠡᠩ ᠤᠨ ᠨᠡᠶᠢᠳᠠ ᠶᠢᠨ ᠡᠳ᠋ ᠎ ᠤᠨ ᠵᠠᠰᠠᠭ ᠤᠨ ᠲᠦᠰᠦᠪ ᠤᠨ ᠵᠠᠷᠤᠳᠠᠯ ᠤᠨ 65.9%᠎ ᠶᠢ ᠡᠵᠡᠯᠡᠪᠡ᠃ ᠪᠦᠬᠦ ᠵᠢᠯ ᠳᠤ ᠨᠡᠶᠢᠲᠡ 1326 ᠠᠵᠢᠯ ᠎ ᠤᠨ ᠪᠠᠶᠢᠷᠢ ᠶᠢ ᠴᠤᠭᠯᠠᠭᠤᠯᠵᠤ᠂ ᠬᠤᠳᠠ ᠪᠠᠯᠭᠠᠰᠤᠨ ᠤ 770 ᠬᠦᠮᠦᠨ ᠳᠤ ᠰᠢᠨ᠎ᠡ ᠪᠠᠷ ᠠᠵᠢᠯ ᠤᠯᠭᠤᠪᠠ᠃ ᠤᠶᠢᠯᠡᠰ ᠪᠤᠰᠬᠠᠬᠤ ᠵᠢᠭᠡᠯᠡᠯᠭᠡ ᠶᠢ 920 ᠲᠦᠮᠡᠨ ᠲᠦᠭᠦᠷᠢᠭ ᠲᠠᠯᠪᠢᠵᠤ᠂ 350 ᠬᠦᠮᠦᠨ ᠢ ᠲᠠᠭᠠᠭᠤᠯᠤᠨ ᠠᠵᠢᠯ ᠤᠯᠭᠤᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.44 %᠎ ᠶᠢᠨ ᠳᠤᠳᠤᠷ᠎ᠠ ᠬᠢᠵᠠᠭᠠᠷᠯᠠᠪᠠ᠃ ︽ᠬᠤᠶᠠᠷ ᠰᠠᠭᠤᠷᠢ ᠮᠦᠩᠬᠦ᠂ ᠭᠤᠷᠪᠠᠨ ᠲᠦᠷᠢᠮ︾ ᠵᠡᠷᠭᠡ ᠨᠠᠢᠮᠠᠨ ᠲᠦᠷᠦᠯ ᠤᠨ ᠲᠦᠷᠢᠮ ᠲᠤᠭᠳᠠᠭᠠᠯ ᠢ ᠰᠠᠶᠢᠳᠤᠷ ᠨᠠᠶᠢᠳᠠᠪᠤᠷᠢᠵᠢᠭᠤᠯᠵᠤ᠂ ᠬᠦᠯᠤᠰᠤᠨ ᠠᠵᠢᠯᠴᠢᠨ ᠤ ᠬᠦᠯᠤᠰᠤ ᠤᠯᠭᠤᠮᠵᠢ ᠶᠢ ᠴᠠᠭ ᠲᠤᠬᠠᠢ ᠳᠤᠨᠢ ᠪᠦᠬᠦᠨ ᠢ ᠤᠯᠭᠤᠪᠠ᠃ ᠰᠠᠭᠤᠷᠢ ᠰᠤᠷᠭᠠᠨ ᠬᠦᠮᠤᠵᠢᠯ ᠤᠨ ᠶᠠᠰᠤ ᠴᠢᠨᠠᠷ ᠢ ᠲᠠᠬᠡᠭᠰᠢᠯᠡᠬᠦᠯᠬᠦ ᠬᠤᠶᠠᠲᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠤᠪᠯᠡᠭᠡ ᠶᠢ ᠬᠡᠷᠡᠭᠵᠢᠬᠦᠯᠪᠠ᠃ ᠮᠤᠩᠭᠤᠯ ᠢᠶᠠᠷ ᠬᠢᠴᠢᠶᠡᠯᠯᠡᠬᠦ ᠲᠡᠭᠡᠳᠦ ᠲᠤᠮᠳᠠᠳᠤ ᠳᠤ ᠲᠠᠪᠰᠢᠬᠤ ᠰᠢᠯᠭᠠᠯᠲᠠ ᠶᠢᠨ ᠬᠢᠷᠢ ᠪᠦᠳᠦᠮᠵᠢ ᠨᠢ ᠪᠦᠬᠦ ᠠᠶᠢᠮᠠᠭ ᠤᠨ ᠲᠡᠷᠢᠬᠦᠨ ᠡᠩᠨᠡᠭᠡᠨ ᠎ ᠳᠤ ᠵᠢᠭᠰᠠᠭᠠᠭᠳᠠᠵᠤ᠂ ᠶᠡᠭᠡ ᠰᠤᠷᠭᠠᠭᠤᠯᠢ ᠳᠤ ᠲᠠᠪᠰᠢᠭᠰᠠᠨ ᠨᠤᠷᠮ᠎ᠠ ᠨᠢ 75%᠎ ᠳᠤ ᠬᠦᠷᠪᠡ᠃ ᠪᠤᠭᠲᠠ ᠶᠢᠨ ᠭᠤᠤᠯ ᠴᠡᠴᠡᠷᠯᠢᠭ ᠤᠨ ᠪᠠᠷᠢᠯᠭ᠎ᠠ ᠲᠠᠭᠤᠰᠴᠤ᠂ ᠤᠶᠢᠷ᠎ᠠ ᠬᠠᠪᠢ ᠶᠢᠨ ᠵᠠᠮ ᠱᠣᠭᠤᠮ ᠪᠠ ᠲᠡᠷᠭᠡᠨ ᠵᠤᠭᠰᠤᠭᠠᠯ ᠵᠡᠷᠭᠡ ᠎ ᠶᠢ ᠪᠠᠶᠢᠭᠤᠯᠵᠤ ᠲᠠᠭᠤᠰᠬᠠᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 54 ᠨᠡᠷ᠎ᠡ ᠪᠠᠭᠰᠢ ᠠᠵᠢᠯᠲᠠᠨ ᠢ ᠡᠯᠰᠡᠨ ᠭᠡᠷᠡᠭᠯᠡᠪᠡ᠃ ᠴᠠᠭᠠᠨ ᠰᠠᠷ᠎ᠠ ᠶᠢᠨ ᠦᠲᠡᠰᠢᠯᠡᠯᠬᠡ᠂ ︽ᠰᠢᠨ᠎ᠡ ᠲᠤᠮᠲᠠᠲᠤ ᠤᠯᠤᠰ ᠢᠶᠠᠨ ᠮᠠᠭᠲᠠᠵᠤ᠂ ᠰᠢᠨ᠎ᠡ ᠴᠠᠭ ᠡᠷᠠᠨ ᠢᠶᠠᠨ ᠲᠠᠭᠤᠯᠠᠶ᠎ᠡ︾ ᠵᠡᠷᠬᠡ ᠤᠳᠬ᠎ᠠ ᠤᠷᠠᠯᠢᠭ ᠤᠨ ᠲᠤᠭᠯᠠᠯᠲᠠ ᠶᠢ 80 ᠭᠠᠷᠤᠢ ᠲᠠᠯᠠᠪᠤᠷ ᠵᠤᠬᠢᠶᠠᠨ ᠪᠠᠶᠢᠭᠤᠯᠤᠨ ᠶᠠᠪᠤᠭᠲᠠᠭᠤᠯᠪᠠ᠃ ︽ᠨᠣᠮ ᠤᠩᠰᠢᠬᠤ ᠡᠳᠦᠷ᠂ ᠪᠡᠶ᠎ᠡ ᠴᠢᠬᠢᠷᠠᠭᠵᠢᠭᠤᠯᠬᠤ ᠡᠳᠦᠷ᠂ ᠠᠷᠢᠭᠤᠨ ᠴᠡᠪᠡᠷᠯᠡᠭᠡ ᠶᠢᠨ ᠡᠳᠦᠷ︾ ᠵᠡᠷᠬᠡ ᠬᠦᠳᠡᠯᠭᠡᠭᠡᠨ ᠢ ᠥᠷᠨᠢᠬᠦᠯᠪᠡ᠃ ᠰᠢᠯᠢ ᠶᠢᠨ ᠭᠤᠤᠯ ᠠᠶᠢᠮᠠᠭ ᠤᠨ ᠠᠷᠪᠠᠨ ᠲᠦᠷᠪᠡᠲᠤᠬᠡᠷ ᠤᠲᠠᠭᠠᠨ ᠤ ᠪᠦᠬᠡ ᠶᠢᠨ ᠴᠤᠯᠨ ᠤᠯᠭᠤᠬᠤ ᠤᠷᠤᠯᠲᠤᠭᠠᠨ᠂ ᠬᠤᠰᠢᠭᠤ ᠠᠷᠪᠠᠨ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠪᠠ ᠤᠯᠠᠭᠠᠨᠮᠦ᠋ᠴᠢᠷ ᠤᠨ ᠰᠠᠭᠤᠳᠠᠯ ᠤᠨ ᠬᠤᠷᠠᠯ ᠵᠡᠷᠭᠡ ᠰᠢᠷᠢᠰ ᠬᠦᠳᠡᠯᠭᠡᠭᠡᠨ ᠵᠢᠴᠢ ᠪᠦᠬᠦ ᠬᠤᠰᠢᠭᠤᠨ ᠤ ᠬᠡᠶᠢᠲᠤ ᠠᠯᠠᠭᠠᠲᠠᠬᠤ ᠪᠦᠮᠪᠤᠬᠡᠨ ᠤ ᠤᠷᠤᠯᠲᠤᠭᠠᠨ ᠵᠡᠷᠬᠡ ᠲᠠᠮᠢᠷ ᠤᠨ ᠬᠦᠲᠡᠯᠬᠡᠬᠡᠨ ᠢ ᠡᠷᠬᠢᠯᠡᠨ ᠶᠠᠪᠤᠭᠳᠠᠭᠤᠯᠵᠤ᠂ 2019 ᠣᠨ ᠤ ︽ᠵᠢᠷᠭᠠᠯᠠᠩᠲᠤ ᠲᠠᠯ᠎ᠠ ᠨᠤᠲᠤᠭ᠂ ᠰᠢᠯᠢ ᠶᠢᠨ ᠭᠤᠣᠯ ︾ ᠨᠠᠭᠠᠳᠤᠮ ᠤᠨ ᠶᠡᠭᠡ ᠬᠤᠷᠠᠯ ᠳᠤ ᠤᠷᠤᠯᠴᠠᠪᠠ᠃ ᠬᠤᠰᠢᠭᠤ ᠰᠤᠶᠤᠯ ᠤᠨ ᠤᠷᠲᠤᠨ ᠨᠢ ᠪᠦᠬᠦ ᠤᠷᠤᠨ ᠤ ᠠᠷᠪᠠᠨ ᠰᠢᠯᠢᠲᠡᠭ ᠰᠤᠶᠤᠯ ᠤᠨ ᠤᠷᠲᠤᠨ᠂ ᠬᠤᠰᠢᠭᠤ ᠤᠯᠠᠭᠠᠨᠮᠦ᠋ᠴᠢᠷ ᠨᠢ ᠪᠦᠬᠦ ᠤᠷᠤᠨ ᠤ ᠠᠷᠪᠠᠨ ᠰᠢᠯᠢᠲᠡᠭ ᠤᠯᠠᠭᠠᠨᠮᠦ᠋ᠴᠢᠷ ᠢᠶᠠᠷ ᠦᠨᠡᠯᠡᠭᠳᠡᠵᠦ᠂ ᠤᠯᠠᠭᠠᠨᠮᠦ᠋ᠴᠢᠷ ᠤᠨ ᠠᠯᠪᠠᠯᠠᠬᠤ ᠠᠰᠠᠷ ᠨᠢ ᠠᠰᠢᠭᠯᠠᠯᠲᠠ ᠳᠤ ᠤᠷᠤᠪᠠ᠃ ᠲᠦᠭᠦᠮ ᠪᠦᠲᠦᠴᠡᠲᠤ ᠤᠷᠤᠨ ᠰᠠᠭᠤᠴᠠ ᠶᠢᠨ ᠦᠬᠡᠷᠡᠴᠢᠯᠡᠯᠲᠠ ᠶᠢ 240 ᠡᠷᠤᠬᠡ᠂ ᠬᠦᠳᠡᠭᠡ ᠲᠤᠰᠬᠤᠨ ᠤ ᠠᠶᠤᠯᠲᠠᠢ ᠭᠡᠷ ᠪᠠᠶᠢᠰᠢᠩ ᠢ ᠵᠠᠰᠠᠨ ᠦᠭᠡᠷᠡᠴᠢᠯᠡᠬᠦ ᠲᠦᠷᠦᠯ ᠵᠦᠢᠯ ᠢ 35 ᠡᠷᠦᠬᠡ ᠳᠤ ᠬᠢᠵᠤ᠂ 6 ᠰᠠᠭᠤᠭᠠᠯᠢ ᠠᠷᠠᠳ ᠤᠨ ᠲᠤᠭᠤᠷᠢᠭ ᠤᠨ ᠲᠦᠭᠦᠮ ᠪᠦᠲᠤᠴᠡᠲᠤ ᠤᠷᠤᠨ ᠰᠠᠭᠤᠴᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠦᠭᠡᠷᠡᠴᠢᠯᠡᠯᠲᠡ ᠶᠢᠨ ᠲᠦᠷᠦᠯ ᠵᠦᠢᠯ ᠢ ᠰᠠᠶᠢᠲᠤᠷ ᠪᠡᠶᠡᠯᠡᠭᠦᠯᠵᠤ᠂ 1113 ᠡᠷᠤᠬᠡ ᠶᠢᠨ ᠬᠡᠷ ᠬᠦᠷᠤᠩᠬᠡ ᠶᠢᠨ ᠦᠮᠴᠢᠯᠡᠯ ᠤᠨ ᠡᠷᠬᠡ ᠶᠢᠨ ᠦᠨᠡᠮᠯᠡᠯ ᠤᠨ ᠦᠯᠡᠲᠡᠭᠲᠠᠯ ᠠᠰᠠᠭᠤᠲᠠᠯ ᠢ ᠰᠢᠢᠳᠪᠦᠷᠢᠯᠡᠵᠦ᠂ 578 ᠡᠷᠤᠬᠡ ᠳᠤ ᠤᠷᠤᠨ ᠰᠠᠭᠤᠴᠠ ᠶᠢᠨ ᠲᠦᠷᠢᠶᠡᠰᠦᠨ ᠮᠦᠩᠬᠦ ᠶᠢᠨ ᠪᠠᠳᠤᠯᠠᠭ᠎ᠠ ᠶᠢᠨ ᠨᠦᠬᠦᠪᠦᠷᠢ ᠶᠢ ᠤᠯᠭᠤᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠬᠡᠨ ᠤ ᠬᠤᠯᠪᠤᠭᠠᠯᠠᠭᠰᠠᠨ ᠴᠤᠭᠴᠠ᠂ ᠡᠮᠴᠢᠯᠡᠭᠡᠨ ᠤ ᠬᠠᠮᠳᠤᠷᠠᠭᠰᠠᠨ ᠴᠣᠭᠴᠠ ᠪᠠ ᠬᠤᠶᠠᠷ ᠢ ᠬᠦᠷᠢᠶᠡᠯᠡᠬᠦ ᠡᠮᠴᠢᠯᠡᠭᠡᠨ ᠤ ᠬᠤᠯᠪᠤᠭᠠᠯᠠᠭᠰᠠᠨ ᠴᠣᠭᠴᠠ ᠶᠢ ᠦᠷᠬᠦᠯᠵᠢᠯᠠᠨ‌‍ᠪᠠᠬᠢᠵᠢᠬᠦᠯᠵᠦ᠂ ᠡᠬᠡ ᠨᠢᠯᠬᠠᠰ ᠲᠦᠯᠤᠪᠯᠡᠬᠡᠲᠤ ᠦᠷᠡᠵᠢᠯ ᠤᠨ ᠶᠡᠷᠤᠩᠬᠡᠶᠢᠯᠡᠭᠰᠡᠨ ᠤᠶᠢᠯᠡᠴᠢᠯᠡᠬᠡᠨ ᠤ ᠠᠰᠠᠷ ᠢ ᠠᠰᠢᠭᠯᠠᠯᠲᠠ ᠳᠤ ᠤᠷᠤᠭᠤᠯᠵᠤ᠂ ᠮᠤᠩᠭᠤᠯ ᠡᠮᠨᠡᠯᠬᠡ ᠶᠢᠨ ᠬᠤᠷᠢᠶ᠎ᠠ ᠎ ᠨᠢ ᠦᠪᠡᠷᠳᠡᠭᠡᠨ ᠵᠠᠰᠠᠬᠤ ᠤᠷᠤᠨ ᠤ ᠡᠷᠡᠭᠦᠯ ᠮᠡᠨᠳᠦ ᠶᠢᠨ ᠵᠦᠪᠯᠡᠯ ᠤᠨ ︽ᠬᠤᠶᠠᠳᠤᠭᠠᠷ ᠵᠡᠷᠭᠡ ᠶᠢᠨ ᠬᠦᠬᠡ ᠳᠠᠰ︾ ᠎ ᠤᠨ ᠦᠨᠳᠤᠰᠤᠳᠠᠨ ᠤ ᠡᠮᠨᠡᠯᠭᠡ ᠶᠢᠨ ᠬᠤᠷᠢᠶ᠎ᠠ ᠶᠢᠨ ᠬᠢᠨᠠᠨ ᠰᠢᠯᠭᠠᠯᠲᠠ ᠳᠤ ᠬᠢᠷᠢ ᠳᠡᠩᠴᠡᠵᠤ᠂ ᠡᠮᠴᠢᠯᠡᠭᠡᠨ ᠤ ᠮᠠᠷᠬᠡᠵᠢᠯ ᠤᠨ ᠠᠰᠠᠷ ᠢ ᠡᠬᠢᠯᠠᠨ ᠪᠠᠶᠢᠭᠤᠯᠵᠤ᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠡ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠲᠦᠪ ᠤᠨ ︽ᠮᠤᠩᠭᠤᠯ ᠡᠮᠨᠡᠯᠬᠡ ᠶᠢᠨ ᠥᠷᠬᠦᠭᠡ︾᠎ ᠶᠢ ᠪᠦᠬᠦ ᠲᠠᠯ᠎ᠠ ᠪᠠᠷ ᠡᠬᠢᠯᠠᠨ ᠪᠠᠶᠢᠭᠤᠯᠪᠠ᠃ ᠦᠪᠡᠷᠲᠡᠭᠡᠨ ᠵᠠᠰᠠᠬᠤ ᠣᠷᠤᠨ ᠤ ᠡᠷᠡᠬᠦᠯ ᠮᠡᠨᠳᠦ ᠶᠢᠨ ᠲᠠᠪᠰᠢᠭᠰᠠᠨ ᠬᠤᠰᠢᠭᠤ ᠪᠠᠷ ᠦᠨᠡᠯᠡᠭᠲᠠᠵᠤ᠂ ᠪᠦᠬᠦ ᠤᠯᠤᠰ ᠤᠨ ᠠᠷᠢᠭᠤᠨ ᠴᠡᠪᠠᠷ ᠬᠤᠰᠢᠭᠤ ᠰᠢᠶᠠᠨ ᠤ ᠬᠢᠨᠠᠨ ᠰᠢᠯᠭᠠᠯᠲᠠ ᠶᠢ ᠠᠮᠵᠢᠯᠳᠠ ᠲᠠᠢ ᠦᠩᠭᠡᠷᠡᠬᠦᠯᠪᠡ᠃ ᠠᠷᠠᠳ ᠲᠤ ᠠᠰᠢᠭᠲᠠᠢ ᠲᠦᠯᠤᠪᠯᠡᠬᠡᠲᠤ ᠦᠷᠡᠵᠢᠯ ᠤᠨ ᠲᠦᠷᠦ ᠶᠢᠨ ᠪᠤᠳᠤᠯᠭ᠎ᠠ ᠎ ᠶᠢ ᠬᠢᠨᠠᠮᠠᠭᠠᠢ ᠨᠠᠶᠢᠳᠠᠪᠤᠷᠢᠵᠢᠭᠤᠯᠪᠠ᠃ ᠬᠤᠯᠤᠭᠠᠨ᠎ᠠ ᠬᠢᠵᠢᠭ ᠤᠨ ᠪᠠᠶᠢᠲᠠᠯ ᠳᠤ ᠴᠢᠭᠯᠡᠬᠦᠯᠤᠨ᠂ ᠵᠢᠯᠤᠭᠤᠳᠬᠤ ᠺᠤᠮᠢᠰ ᠪᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠨᠢ ᠡᠷᠬᠡ ᠴᠢᠳᠠᠪᠬᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠨ᠂ ᠪᠦᠬᠦ ᠠᠷᠠᠳ ᠢᠶᠠᠷ ᠢᠶᠠᠨ ᠤᠷᠤᠯᠴᠠᠬᠤ ᠶᠢ ᠰᠠᠨᠠᠭᠠᠴᠢᠯᠠᠵᠤ᠂ ᠪᠠᠴᠢᠮ ᠪᠠᠶᠢᠲᠠᠯ ᠢ ᠬᠢᠨᠠᠨ ᠪᠠᠶᠢᠴᠠᠭᠠᠬᠤ᠂ ᠬᠤᠯᠤᠭᠠᠨ᠎ᠠ ᠪᠠ ᠬᠤᠯᠤᠭᠠᠨ᠎ᠠ ᠶᠢᠨ ᠪᠦᠬᠡᠰᠤ ᠶᠢ ᠤᠰᠠᠳᠬᠠᠬᠤ᠂ ᠡᠷᠡᠬᠦᠯ ᠮᠠᠨᠲᠤ ᠶᠢᠨ ᠬᠦᠮᠤᠵᠢᠯ᠂ ᠡᠮᠴᠢᠯᠡᠬᠡᠨ ᠤ ᠪᠠᠶᠢᠭᠤᠯᠤᠮᠵᠢ ᠶᠢᠨ ᠬᠠᠯᠲᠠᠪᠤᠷᠢᠲᠤ ᠡᠪᠡᠳᠴᠢᠨ ᠤ ᠬᠠᠮᠢᠶᠠᠷᠤᠯᠲᠠ᠂ ᠠᠮᠢᠲᠠᠨ ᠎ ᠤ ᠬᠤᠭᠤᠷᠤᠨᠳᠤ ᠬᠠᠯᠳᠠᠪᠦᠷᠢᠯᠠᠬᠤ ᠬᠢᠵᠢᠭ ᠢ ᠰᠡᠷᠭᠡᠶᠢᠯᠡᠬᠦ᠂ ᠲᠤᠷᠰᠢᠯᠲᠠ ᠶᠢᠨ ᠲᠠᠰᠤᠭ ᠤᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠᠨ ᠬᠠᠮᠠᠭᠠᠯᠠᠯᠲᠠ︾᠎ ᠶᠢᠨ ᠠᠵᠢᠯ ᠢ ᠰᠠᠶᠢᠲᠤᠷ ᠬᠢᠵᠤ᠂ ᠲᠠᠪᠢᠭᠠᠳ ᠡᠳᠦᠷ ᠬᠠᠳᠠᠭᠤᠵᠢᠯᠲᠠᠢ ᠲᠡᠮᠡᠴᠡᠬᠦ ᠪᠠᠷ ᠳᠠᠮᠵᠢᠨ ᠳᠤᠪᠤᠶᠢᠮ᠎ᠠ ᠠᠮᠵᠢᠯᠲᠠ ᠶᠢ ᠣᠯᠪᠠ᠃ ᠨᠠᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠵᠤ᠂ ᠬᠤᠲᠠ ᠬᠦᠲᠡᠭᠡ ᠶᠢᠨ ᠨᠠᠰᠤᠵᠢᠯ᠂ ᠦᠨᠲᠤᠰᠤᠨ ᠡᠮ ᠡᠮᠨᠡᠯᠬᠡ ᠵᠡᠷᠬᠡ ᠨᠡᠶᠢᠬᠡᠮ ᠤᠨ ᠲᠠᠭᠠᠳᠬᠠᠯ ᠤᠨ ᠪᠦᠷᠬᠦᠴᠨ ᠶᠢ ᠦᠷᠬᠦᠯᠵᠢᠯᠡᠨ ᠦᠷᠬᠡᠳᠬᠡᠪᠠ᠃ ᠬᠦᠴᠢᠷᠳᠡᠯᠲᠠᠢ ᠤᠯᠠᠨ ᠲᠦᠮᠡᠨ ᠤ ᠠᠮᠢᠳᠤᠷᠠᠯ ᠤᠨ ᠨᠦᠬᠦᠪᠤᠷᠢ ᠶᠢᠨ ᠪᠠᠷᠢᠮᠵᠢᠶ᠎ᠠ ᠶᠢ ᠤᠯᠠᠮ ᠲᠡᠭᠡᠭᠰᠢᠯᠡᠬᠦᠯᠵᠦ᠂ ᠬᠤᠲᠠ ᠬᠦᠳᠡᠭᠡ ᠶᠢᠨ ᠳᠤᠤᠷ᠎ᠠ ᠪᠠᠳᠤᠯᠠᠭ᠎ᠠ᠂ ᠭᠤᠷᠪᠠᠨ ᠦᠬᠡᠢ ᠲᠠᠪᠤᠨ ᠪᠠᠳᠤᠯᠠᠭᠠᠲᠤ ᠬᠦᠮᠤᠰ ᠤᠨ ᠠᠮᠢᠲᠤᠷᠠᠯ ᠤᠨ ᠨᠦᠬᠦᠪᠤᠷᠢ᠂ ᠵᠡᠮᠳᠡᠭᠴᠦᠳ ᠤᠨ ᠬᠤᠶᠠᠷ ᠲᠦᠷᠦᠯ ᠤᠨ ᠨᠦᠬᠦᠪᠦᠷᠢ᠂ ᠦᠨᠤᠴᠢᠨ ᠬᠡᠤᠬᠡᠳ᠂ ᠦᠨᠲᠤᠷ ᠨᠠᠰᠤᠨ ᠤ ᠨᠦᠬᠦᠪᠤᠷᠢ᠂ ᠲᠦᠷ ᠴᠠᠭ ᠤᠨ ᠠᠪᠤᠷᠠᠨ ᠳᠤᠰᠠᠯᠠᠬᠤ᠂ ᠡᠮ ᠡᠮᠨᠡᠯᠬᠡ ᠶᠢᠨ ᠠᠪᠤᠷᠠᠨ ᠲᠤᠰᠠᠯᠠᠬᠤ ᠵᠡᠷᠬᠡ ᠨᠦᠬᠦᠪᠤᠷᠢ ᠮᠦᠩᠬᠦ ᠶᠢ 1663.8 ᠲᠦᠮᠠᠨ ᠲᠦᠬᠦᠷᠢᠭ ᠲᠠᠷᠬᠠᠭᠠᠪᠠ᠃ ᠴᠡᠷᠢᠭ ᠠᠴᠠ ᠬᠠᠯᠠᠭᠲᠠᠭᠰᠠᠳ ᠤᠨ ᠲᠡᠳᠬᠦᠨ ᠬᠠᠷᠠᠭᠠᠯᠵᠠᠬᠤ ᠪᠠ ᠠᠵᠢᠯ ᠤᠯᠭᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠤ᠂ ᠴᠡᠷᠢᠭ ᠠᠴᠠ ᠬᠠᠯᠠᠭᠲᠠᠭᠰᠠᠳ ᠲᠤ ᠤᠨᠴᠠᠭᠠᠢ ᠠᠵᠢᠯ ᠤᠨ ᠪᠠᠶᠢᠷᠢ ᠬᠠᠩᠭᠠᠬᠤ ᠵᠡᠷᠭᠡ ᠡᠯ᠎ᠡ ᠵᠦᠢᠯ ᠤᠨ ᠠᠰᠢᠭᠲᠠᠢ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠳᠡᠳᠬᠦᠮᠵᠢ ᠶᠢᠨ ᠮᠦᠩᠬᠦ ᠶᠢ 283.9 ᠲᠦᠮᠡᠨ ᠲᠦᠭᠦᠷᠢᠭ ᠳᠠᠷᠬᠠᠭᠠᠪᠠ᠃ ᠮᠠᠯᠵᠢᠬᠤ ᠣᠷᠤᠨ ᠤ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠠᠩ ᠪᠠ ᠬᠠᠷᠢᠯᠴᠠᠨ ᠲᠤᠰᠠᠯᠠᠯᠴᠠᠬᠤ ᠵᠣᠯ ᠵᠢᠷᠭᠠᠯᠲᠤ ᠬᠦᠷᠢᠶᠡᠯᠡᠩ ᠤᠨ ᠦᠢᠯᠡᠴᠢᠯᠡᠭᠡᠨ ᠤ ᠳᠦᠪᠰᠢᠨ ᠢ ᠳᠡᠭᠡᠭᠰᠢᠯᠡᠭᠦᠯᠪᠡ᠃      ︵ᠲᠠᠪᠤ︶ ᠨᠡᠶᠢᠭᠡᠮ ᠤᠨ ᠪᠠᠶᠢᠳᠠᠯ ᠡᠶ᠎ᠡ ᠨᠠᠶᠢᠷᠠᠮᠳᠠᠭᠤ ᠠᠮᠤᠷ ᠲᠤᠭᠳᠠᠭᠤᠨ ᠪᠣᠯᠪᠠ᠃ ᠭᠠᠵᠠᠷ ᠤᠨ ᠲᠡᠰ ᠤᠨ ᠣᠳᠣᠷᠢᠳᠣᠯᠭ᠎ᠠ ᠶᠢᠨ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠪᠠ ︽1328︾ ᠵᠠᠬᠢᠳᠠᠯ ᠰᠣᠷᠪᠣᠯᠵᠢᠯᠠᠭ᠎ᠠ ᠶᠢᠨ ᠬᠤᠯᠪᠣᠭᠠᠲᠣ ᠬᠤᠷᠠᠯ ᠤᠨ ᠲᠦᠷᠢᠮ ᠢ ᠴᠢᠩᠭ᠎ᠠ ᠨᠢᠮᠪᠠᠢ ᠬᠡᠷᠡᠭᠵᠢᠭᠦᠯᠵᠦ᠂ 168 ᠬᠤᠪᠢ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠣᠬᠠᠢ ᠳᠤᠨᠢ ᠪᠦᠲᠥᠮᠵᠢᠲᠠᠢ ᠰᠢᠢᠳᠪᠦᠷᠢᠯᠡᠪᠡ᠃ ᠠᠶᠥᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠤ᠂ 2829 ᠵᠣᠷᠪᠣᠰ ᠠᠮᠦᠷ ᠲᠥᠪᠰᠢᠨ ᠤ ᠭᠡᠮ ᠰᠣᠭᠤᠭ ᠢ ᠢᠯᠡᠷᠡᠭᠦᠯᠦᠨ᠂ 2819᠎  ᠵᠣᠷᠪᠣᠰ ᠢ ᠵᠠᠰᠠᠨ ᠴᠡᠭᠴᠡᠯᠡᠵᠦ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠰᠢᠨ᠎ᠡ ᠪᠠᠷ ᠨᠠᠶᠢᠷᠠᠭᠤᠯᠤᠨ ᠵᠤᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠲᠡ ᠶᠢ 7 ᠤᠳᠠᠭ᠎ᠠ ᠶᠠᠪᠤᠭᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠭᠤᠯᠵᠤ᠂ ᠠᠶᠥᠯᠭᠦᠢ ᠦᠢᠯᠡᠳᠪᠦᠷᠢᠯᠡᠯ ᠤᠨ ᠲᠤᠬᠠᠢ ᠢᠯᠡᠴᠢᠯᠡᠨ ᠮᠡᠳᠡᠭᠦᠯᠬᠦ ᠶᠢ ᠱᠠᠩᠨᠠᠨ ᠬᠦᠬᠢᠭᠦᠯᠬᠦ ᠲᠥᠷᠢᠮ ᠲᠣᠭᠳᠠᠭᠠᠯ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠨ ᠬᠢᠨᠠᠨ ᠪᠠᠶᠢᠴᠠᠭᠠᠵᠤ ᠰᠢᠢᠳᠬᠡᠬᠦ ᠬᠦᠴᠦᠯᠡᠴᠡ ᠪᠠᠨ ᠴᠢᠩᠭᠠᠳᠬᠠᠨᠰᠠᠨ ᠠᠴᠠ ᠠᠶᠥᠯᠭᠦᠢ ᠦᠢᠯᠡᠳᠪᠦᠷᠢᠯᠡᠯ ᠤᠨ ᠬᠡᠷᠡᠭ ᠣᠴᠢᠷ ᠭᠠᠷᠤᠭᠰᠠᠨ ᠦᠭᠡᠢ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠢ ᠣᠯᠠᠮ ᠴᠢᠩᠭᠠᠳᠬᠠᠪᠠ᠃ ᠪᠦᠲᠦᠭᠡᠭᠲᠡᠬᠦᠨ ᠤ ᠶᠠᠰᠣ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠦᠨ᠂ ᠶᠠᠰᠣ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠭᠦᠯᠬᠦ ᠪᠠᠶᠢᠯᠳᠣᠬᠤ ᠪᠣᠳᠣᠯᠭ᠎ᠠ ᠶᠢ ᠲᠦᠯᠬᠢᠨ ᠠᠬᠢᠭᠤᠯᠵᠤ᠂ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠥᠷ ᠲᠥᠪᠰᠢᠨ ᠤ ᠬᠡᠷᠡᠭ ᠣᠴᠢᠷ ᠭᠠᠷᠤᠭᠰᠠᠠ ᠦᠭᠡᠢ᠃ ᠡᠮᠨᠡᠯᠭᠡ ᠶᠢᠨ ᠲᠠᠭᠠᠳᠬᠠᠯ ᠪᠠ ᠡᠮᠨᠡᠯᠭᠡ ᠶᠢᠨ ᠰᠠᠭᠤᠷᠢ ᠮᠥᠩᠭᠦ ᠶᠢ ᠬᠢᠬᠠᠨ ᠮᠡᠬᠡᠯᠡᠬᠦ ᠦᠢᠯᠡ ᠠᠵᠢᠯᠯᠠᠭ᠎ᠠ ᠶᠢ ᠲᠣᠰᠬᠠᠢ ᠲᠥᠷᠦᠯ ᠢᠶᠠᠷ ᠴᠡᠭᠴᠡᠯᠡᠪᠡ᠃ ︽ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ︾ ᠲᠣᠰᠬᠠᠢ ᠲᠡᠮᠡᠴᠡᠯ ᠢ ᠭᠦᠨᠵᠡᠭᠡᠢ ᠥᠷᠨᠢᠬᠦᠯᠪᠡ᠃ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢ ᠶᠢᠨ ᠴᠢᠨᠠᠷᠲᠠᠢ ᠲᠦᠯᠬᠢᠨ ᠠᠬᠢᠭᠤᠯᠵᠤ᠂ ︽ᠤᠶᠤᠨᠴᠢ ᠲᠣᠲᠣᠭᠠᠳᠣ ᠶᠢ ᠬᠠᠮᠠᠭᠠᠯᠠᠬᠤ︾ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ 44 ᠵᠣᠷᠪᠣᠰ ᠡᠷᠡᠭᠦᠦ ᠶᠢᠨ ᠬᠡᠷᠡᠭ ᠣᠴᠢᠷ ᠢ ᠮᠦᠷᠳᠡᠨ ᠢᠯᠡᠷᠡᠭᠦᠯᠵᠤ᠂ 141 ᠬᠦᠮᠦᠨ ᠳᠤ ᠵᠠᠰᠠᠭ ᠵᠠᠬᠢᠷᠭᠠᠨ ᠤ ᠰᠢᠳᠭᠡᠯ ᠤᠯᠭᠤᠪᠠ᠃ 38 ᠨᠡᠷ᠎ᠡ ᠲᠣᠰᠠᠯᠠᠭᠴᠢ ᠴᠠᠭᠳᠠᠭ᠎ᠠ  ᠡᠯᠰᠡᠪᠡ᠃ ᠦᠨᠳᠦᠰᠦᠲᠡᠨ ᠤ ᠪᠦᠯᠬᠦᠮᠳᠠᠯ ᠲᠠᠪᠰᠢᠯᠲᠠ ᠶᠢᠨ ᠡᠭᠦᠳᠦᠨ ᠪᠠᠶᠢᠭᠤᠯᠥᠯᠲᠠ ᠶᠢᠨ ᠠᠵᠢᠯ ᠢ ᠯᠠᠪᠳᠠᠭᠤᠨ ᠪᠠᠲᠣᠲᠠᠢ ᠥᠷᠨᠢᠭᠦᠯᠵᠤ᠂ ᠬᠢᠯᠢ ᠬᠢᠵᠠᠭᠠᠷ ᠤᠨ ᠠᠮᠥᠷ ᠲᠣᠭᠲᠠᠭᠤᠨ ᠢ ᠤᠯᠠᠮ ᠨᠢᠭᠡ ᠠᠯᠬᠤᠮ ᠪᠠᠲᠣᠳᠬᠠᠪᠠ᠃ ᠨᠠᠮ ᠤᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠬᠤᠶᠠᠷ ᠢ ᠬᠦᠷᠢᠶᠡᠯᠡᠨ ᠤᠨᠴᠠᠯᠠᠨ ᠬᠠᠷᠠᠭᠠᠯᠵᠠᠬᠤ᠂ ᠲᠤᠭ᠎ᠠ ᠪᠦᠷᠢᠳᠬᠡᠯ᠂ ᠭᠠᠵᠠᠷ ᠬᠦᠳᠡᠯᠦᠯᠲᠡ᠂ ᠴᠠᠭ ᠠᠭᠤᠷ᠂ ᠳᠠᠩᠰᠠ ᠡᠪᠬᠡᠮᠡᠯ᠂ ᠲᠡᠤᠬᠡ ᠥᠢᠯᠠᠯᠭ᠎ᠠ᠂ ᠭᠠᠳᠠᠭᠠᠲᠣ ᠶᠠᠪᠣᠳᠠᠯ᠂ ᠬᠠᠷᠢᠶᠠᠲᠣ ᠶᠢᠨ ᠶᠠᠪᠣᠳᠠᠯ ᠵᠡᠷᠭᠡ ᠠᠵᠢᠯ ᠢ ᠤᠯᠠᠮ ᠴᠢᠩᠭᠠᠳᠬᠠᠵᠤ᠂ ᠣᠯᠠᠭᠠᠨ ᠵᠠᠭᠠᠯᠮᠠᠶᠢᠲᠠᠨ᠂ ᠡᠮᠡᠭᠳᠡᠶᠢᠴᠦᠳ ᠬᠡᠦᠬᠡᠳ᠂ ᠨᠠᠰᠥᠲᠠᠶᠢᠴᠥᠳ ᠪᠠ ᠵᠡᠮᠳᠡᠭᠴᠥᠳ ᠤᠨ ᠦᠢᠯᠡᠰ ᠨᠢ ᠰᠢᠨ᠎ᠡ ᠠᠬᠢᠴᠠ ᠲᠠᠢ ᠪᠣᠯᠪᠠ᠃      ︵ᠵᠢᠷᠭᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠪᠠ᠃ ᠲᠥᠪ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠣᠬᠤ ᠪᠣᠳᠣᠯᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠤ᠂ ᠨᠠᠮ ᠤᠨ ᠰᠣᠷᠲᠠᠯ᠂ ᠴᠢᠬᠡᠴᠢ ᠵᠠᠰᠠᠭ ᠤᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠪᠠ᠃ ᠰᠤᠷᠤᠯᠴᠠᠯᠭ᠎ᠠ ᠬᠥᠮᠥᠵᠢᠯ᠂ ᠪᠠᠶᠢᠴᠠᠭᠠᠨ ᠰᠤᠳᠤᠯᠬᠤ᠂ ᠠᠰᠠᠭᠤᠳᠠᠯ ᠢᠶᠠᠨ ᠪᠠᠶᠢᠴᠠᠭᠠᠬᠤ᠂ ᠵᠠᠰᠠᠨ ᠴᠡᠭᠴᠡᠯᠡᠵᠦ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠣᠣᠱᠯᠠᠭᠤᠯᠵᠤ᠂ ︽ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠲᠤᠰᠬᠠᠢ ᠰᠡᠲᠥᠪᠲᠦ ᠬᠥᠮᠥᠵᠢᠯ ᠢ ᠭᠦᠨᠵᠡᠭᠡᠢ ᠥᠷᠨᠢᠭᠦᠯᠪᠡ᠃ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠳᠠᠭᠠᠯᠲᠠ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠵᠣ᠂ ᠡᠯ᠎ᠡ ᠵᠦᠢᠯ ᠤᠨ ᠳᠦᠷᠢᠮ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠲᠥᠪ ᠴᠢᠩᠭ᠎ᠠ ᠪᠠᠷ ᠰᠢᠢᠳᠪᠦᠷᠢᠯᠡᠪᠡ᠃ ᠬᠢᠨᠠᠨ ᠪᠤᠳᠤᠯᠲᠠ ᠪᠠᠷ ᠬᠢᠨᠠᠯᠲᠠ ᠲᠠᠯᠪᠢᠬᠤ ᠶᠢ ᠲᠠᠰᠦᠷᠠᠯᠲᠠ ᠦᠭᠡᠢ ᠴᠢᠩᠭᠠᠳᠬᠠᠵᠤ᠂ 50 ᠲᠦᠷᠦᠯ ᠤᠨ ᠬᠢᠨᠠᠨ ᠪᠣᠲᠣᠯᠲᠠ ᠶᠢᠨ ᠲᠥᠷᠥᠯ ᠵᠦᠢᠯ ᠢ ᠭᠦᠢᠴᠡᠳᠬᠡᠪᠡ᠃ ᠬᠠᠣᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠲᠥᠷᠥᠯ ᠤᠨ ᠲᠦᠷᠢᠮ︾᠎ ᠤᠨ ᠥᠭᠡᠷᠡᠴᠢᠯᠡᠯᠲᠡ ᠶᠢ ᠨᠢᠭᠡᠳᠤᠯᠲᠠᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ︽ᠲᠤᠯᠤᠳᠤᠭᠠᠷ ᠲᠠᠪᠤᠨ ᠵᠢᠯ︾᠎ ᠤᠨ ᠬᠠᠣᠯᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ︽ᠲᠦᠷᠪᠠ ᠶᠢ ᠨᠢᠭᠡ ᠴᠤᠭᠴᠠᠵᠢᠭᠤᠯᠬᠤ︾ ᠦᠨᠳᠦᠰᠦᠨ ᠱᠠᠲᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠰᠢᠰᠲ᠋ᠧᠮ ᠪᠠ ᠵᠦᠷᠢᠴᠡᠯ ᠮᠦᠷᠭᠦᠯᠳᠦᠭᠡᠨ ᠢ ᠰᠢᠢᠳᠪᠦᠷᠢᠯᠡᠬᠦ ᠣᠯᠠᠨ ᠡᠰᠢᠴᠢᠯᠡᠭᠰᠡᠨ ᠲᠣᠭᠲᠠᠴᠠ ᠶᠢ ᠲᠠᠰᠦᠷᠠᠯᠲᠠ ᠦᠭᠡᠢ ᠪᠦᠷᠢᠨᠰᠢᠬᠦᠯᠪᠡ᠃ ᠪᠦᠬᠦ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠣᠯᠣᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠣᠯᠣᠰ ᠲᠥᠷᠥ ᠶᠢᠨ ᠬᠡᠰᠢᠭᠦᠳ ᠤᠨ ᠰᠠᠨᠠᠯ ᠲᠣᠷᠠᠳᠣᠯᠭ᠎ᠠ ᠶᠢ ᠪᠦᠬᠦᠨ ᠢ ᠪᠡᠶᠡᠯᠡᠬᠦᠯᠵᠦ᠂ ᠬᠠᠨᠤᠮᠵᠢ ᠶᠢᠨ ᠨᠣᠷᠮ᠎ᠠ ᠨᠢ ᠲᠤᠰᠪᠦᠷᠢ 91% ᠪᠠ 98%᠎ ᠳᠤ ᠬᠦᠷᠪᠡ᠃      ᠲᠥᠯᠥᠭᠡᠯᠡᠭᠴᠢᠳ ᠡ᠄ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠪᠢᠳᠡ ᠬᠤᠯᠣᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠡᠷᠭᠡ ᠴᠢᠩᠭ᠎ᠠ ᠬᠠᠲᠠᠭᠤ ᠪᠡᠷᠬᠡᠰᠢᠶᠡᠯ ᠪᠠ ᠠᠶᠥᠯ ᠲᠦᠭᠰᠢᠭᠦᠷᠢᠲᠦ ᠦᠷᠢᠰᠦᠯᠳᠦᠭᠡᠨ ᠢ ᠥᠩᠭᠡᠷᠡᠭᠡᠵᠣ᠂ ᠬᠢᠯᠪᠠᠷ ᠪᠤᠰᠤ ᠦᠷ᠎ᠡ ᠪᠦᠲᠦᠮᠵᠢ ᠶᠢ ᠣᠯᠣᠭᠰᠠᠨ ᠶᠤᠮ᠃ ᠡᠳᠡᠭᠡᠷ ᠦᠷ᠎ᠡ ᠪᠦᠲᠦᠮᠵᠢ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠢ ᠣᠳᠣᠷᠢᠳᠣᠯᠭ᠎ᠠ ᠵᠢᠴᠢ ᠥᠷᠭᠡᠨ ᠣᠯᠠᠨ ᠨᠠᠮ ᠤᠨ ᠬᠡᠰᠢᠭᠦᠨ ᠺᠠᠳ᠋ᠷᠴᠤᠳ ᠤᠨ ︽ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ ︾ ᠰᠢᠷᠭᠠᠭᠤ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠂ ᠮᠦᠨᠴᠤ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠪᠦᠯᠬᠦᠮᠳᠡᠨ ᠲᠡᠮᠡᠴᠡᠵᠣ᠂ ᠪᠣᠭᠤᠮᠲᠠ ᠰᠢᠪᠲᠤᠯᠤᠨ᠂ ᠪᠡᠷᠬᠡᠰᠢᠶᠡᠯ ᠢ ᠢᠯᠠᠨ ᠲᠠᠪᠠᠭᠰᠠᠨ ᠤ ᠦᠷ᠎ᠡ ᠳ᠋ᠦᠩ ᠪᠣᠯᠣᠨ᠎ᠠ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠤ᠂ ᠪᠦᠬᠦ ᠬᠤᠰᠢᠭᠤᠨ ᠎ ᠤ ᠡᠯ᠎ᠡ ᠦᠨᠳᠦᠰᠦᠲᠡᠨ ᠤ ᠠᠷᠠᠳ ᠲᠦᠮᠡᠨ᠂ ᠬᠦᠪᠡᠭᠡᠲᠦ ᠰᠢᠷ᠎ᠠ ᠬᠤᠰᠢᠭᠤᠨ ᠤ ᠠᠵᠣ ᠠᠬᠤᠢ ᠶᠢᠨ ᠬᠦᠭᠵᠢᠯᠲᠡ ᠳᠤ ᠠᠩᠬᠠᠷᠤᠯ ᠲᠠᠯᠪᠢᠵᠣ᠂ ᠬᠠᠯᠠᠮᠵᠢ ᠲᠡᠮᠵᠢᠯᠭᠡ ᠦᠵᠡᠭᠦᠯᠦᠭᠰᠡᠨ ᠪᠦᠬᠦᠶᠢᠯᠡ ᠨᠠᠶᠢᠵᠠ ᠨᠦᠬᠦᠳ ᠲᠤ ᠬᠠᠮᠤᠭ ᠤᠨ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕      ᠪᠢᠳᠡ ᠤᠯᠤᠭᠰᠠᠨ ᠠᠮᠵᠢᠯᠲᠠ ᠪᠠᠨ ᠦᠨᠡᠯᠡᠬᠦ ᠶᠢᠨ ᠬᠠᠮᠲᠤ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠳᠤ ᠣᠷᠣᠰᠢᠵᠣ ᠪᠠᠶᠢᠭ᠎ᠠ ᠮᠠᠰᠢ ᠠᠷᠪᠢᠨ ᠬᠦᠴᠢᠷᠳᠡᠯ ᠪᠠ ᠠᠰᠠᠭᠤᠳᠠᠯ ᠢᠶᠠᠨ ᠲᠣᠲᠣᠷᠬᠠᠢ ᠲᠠᠨᠢᠬᠤ ᠬᠡᠷᠡᠭᠲᠡᠢ᠃ ᠣᠳᠣᠬᠢ ᠠᠵᠣ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂ ᠪᠦᠲᠦᠴᠡ ᠰᠢᠯᠢᠳᠡᠭᠵᠢᠭᠡ ᠦᠭᠡᠢ᠂ ᠲᠡᠰ ᠲᠠᠪᠬᠤᠷᠭ᠎ᠠ ᠥᠨᠳᠥᠷ ᠪᠠᠶᠢᠷᠢᠨ ᠳᠤ ᠬᠦᠷᠦᠭᠡ ᠦᠭᠡᠢ ᠵᠡᠷᠭᠡ ᠪᠠᠶᠢᠳᠠᠯ ᠨᠢ ᠮᠥᠨᠴᠦ ᠪᠢᠳᠡᠨ ᠤ ᠭᠤᠣᠯ ᠪᠣᠯᠬᠤ ᠪᠠᠭᠤᠷᠠᠢ ᠲᠠᠯ᠎ᠠ ᠪᠠᠶᠢᠭᠰᠠᠭᠠᠷ ᠪᠠᠶᠢᠨ᠎ᠠ᠂ ᠠᠵᠣ ᠦᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠴᠡ ᠭᠤᠣᠯᠳᠠᠭᠤ ᠡᠬᠢ ᠪᠠᠶᠠᠯᠢᠭ ᠤᠨ ᠠᠵᠤ ᠦᠢᠯᠡᠰ ᠲᠤ ᠲᠦᠰᠢᠭᠯᠡᠨ᠂ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠵᠥᠪᠬᠡᠨ 6 ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠨᠡᠯᠢᠶᠡᠳ ᠲᠣᠪᠣᠶᠢᠮ᠎ᠠ᠂ ᠥᠷᠢ ᠥᠭᠴᠡᠭᠡ ᠶᠢ ᠰᠢᠢᠳᠪᠦᠷᠢᠯᠡᠬᠦ ᠪᠠ ︽ᠭᠤᠷᠪᠠᠨ ᠪᠠᠳᠤᠯᠠᠭ᠎ᠠ︾᠎ ᠶᠢᠨ ᠲᠠᠷᠦᠭᠠᠰᠣ᠂ ᠠᠶᠥᠯᠭᠦᠢ ᠦᠢᠯᠡᠳᠪᠦᠷᠢᠯᠡᠯ ᠪᠠ ᠣᠯᠠᠨ ᠨᠡᠶᠢᠲᠡ ᠎ ᠶᠢᠨ ᠠᠷᠢᠭᠤᠨ ᠴᠡᠪᠡᠷ᠂ ᠠᠮᠥᠷ ᠲᠥᠪᠰᠢᠨ ᠤ ᠳᠠᠷᠣᠭᠠᠰᠣ ᠲᠣᠩ ᠬᠦᠨᠳᠦ ᠪᠠᠶᠢᠨ᠎ᠠ᠃ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠬᠦᠭᠵᠢᠯᠲᠡ ᠶᠢᠨ ᠬᠢᠷᠢ ᠲᠦᠪᠰᠢᠨ ᠨᠢ ᠬᠦᠭᠵᠢᠭᠰᠡᠨ ᠭᠠᠵᠠᠷ ᠤᠷᠤᠨ ᠎ ᠲᠠᠢ ᠠᠳᠠᠯᠢᠳᠬᠠᠪᠠᠯ ᠨᠡᠯᠢᠶᠡᠳ ᠵᠦᠷᠢᠶ᠎ᠠ ᠲᠠᠢ ᠪᠠᠶᠢᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠲᠠᠢ ᠬᠠᠷᠢᠴᠠᠭᠤᠯᠪᠠᠯ᠂ ᠪᠠᠰᠠ ᠨᠡᠯᠢᠶᠡᠳ ᠣᠯᠠᠨ ᠪᠠᠭᠤᠷᠠᠢ ᠲᠠᠯ᠎ᠠ ᠣᠷᠣᠰᠢᠵᠣ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠭ᠎ᠠ ᠤᠴᠢᠷ ᠠᠴᠠ᠂ ᠵᠠᠰᠠᠭ ᠵᠠᠬᠢᠷᠭᠠᠨ ᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠲᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠵᠠᠷᠢᠮ ᠺᠠᠳ᠋ᠷ ᠤᠨ ᠦᠢᠯᠡᠴᠢᠯᠡᠬᠦ ᠣᠬᠠᠮᠰᠠᠷ᠂ ᠬᠠᠤᠯᠢ ᠪᠠᠷ ᠵᠠᠰᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠰᠤᠯᠠ ᠳᠤᠷᠤᠢ ᠪᠠᠶᠢᠬᠤ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠲᠡᠬᠦᠯᠳᠡᠷ ᠪᠤᠰᠤ ᠪᠠᠶᠢᠵᠤ᠂ ᠠᠷᠠᠯᠵᠢᠶ᠎ᠠ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠤᠯᠠᠮ ᠰᠢᠯᠢᠳᠡᠭᠵᠢᠬᠦᠯᠬᠦ ᠴᠢᠬᠤᠯᠠᠲᠠᠢ ᠵᠡᠷᠭᠡ᠃ ᠪᠢᠳᠡ ᠵᠠᠪᠠᠯ ᠠᠰᠠᠭᠤᠳᠠᠯ ᠪᠠ ᠥᠷᠢᠰᠦᠯᠳᠦᠭᠡᠨ ᠳᠤ ᠵᠥᠪ ᠬᠠᠨᠳᠤᠵᠤ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠤ᠂ ᠡᠭᠦᠷᠭᠡ ᠲᠣᠰᠢᠶᠠᠯ ᠢᠶᠠᠨ ᠬᠢᠴᠢᠶᠠᠩᠭᠦᠶᠢᠯᠡᠨ ᠪᠡᠶᠡᠯᠡᠭᠦᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠡᠯ᠎ᠡ ᠲᠥᠷᠥᠯ ᠤᠨ ᠠᠵᠢᠯ ᠳᠠᠭᠠᠨ ᠰᠢᠮᠳᠠᠵᠣ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠦᠰᠡᠷᠳᠡᠭᠦᠯᠬᠦ ᠦᠭᠡᠢ ᠪᠠᠷ ᠴᠢᠷᠮᠠᠶᠢᠵᠠᠭᠠᠶ᠎ᠠ︕      ᠬᠤᠶᠠᠷ᠂ 2020 ᠣᠨ ᠤ ᠭᠤᠣᠯ ᠠᠵᠢᠯ ᠤᠨ ᠪᠠᠶᠢᠷᠢᠯᠠᠭᠤᠯᠤᠯᠲᠠ      2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠰᠢᠪᠳᠤᠷᠭᠠᠨ ᠤ ᠵᠢᠯ ᠪᠤᠯᠤᠨ᠎ᠠ᠂ ᠡᠨᠡ ᠵᠢᠯ ᠤᠨ ᠠᠵᠤ ᠠᠬᠤᠢ ᠨᠡᠶᠢᠭᠡᠮ ᠤᠨ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠣᠭᠤᠮ᠂ ᠦᠨᠳᠦᠰᠦᠨ ᠠᠷᠭ᠎ᠠ ᠪᠤᠳᠣᠯᠭ᠎ᠠ ᠶᠢ ᠡᠷᠡᠰ ᠲᠤᠤᠱᠯᠠᠭᠤᠯᠤᠨ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠬᠦᠷᠭᠡ ᠲᠠᠢ ᠨᠢᠭᠲᠠ ᠤᠶᠠᠯᠳᠤᠭᠤᠯᠵᠤ᠂ ᠲᠤᠭᠳᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠥᠭ ᠠᠶᠢᠵᠢᠮ ᠢ ᠪᠠᠷᠢᠮᠳᠠᠯᠠᠵᠤ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠣᠯ ᠰᠢᠵᠢᠮ ᠪᠤᠯᠭᠠᠵᠤ᠂ ᠦᠭᠡᠷᠡᠴᠢᠯᠠᠯᠳᠠ ᠨᠡᠭᠡᠭᠡᠯᠲᠡ ᠪᠠᠷ ᠬᠦᠳᠡᠯᠭᠡᠭᠴᠢ ᠬᠦᠴᠦᠨ ᠪᠤᠯᠭᠠᠬᠤ ᠶᠢ ᠪᠠᠷᠢᠮᠳᠠᠯᠠᠨ᠂ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠵᠤ᠂ ᠭᠤᠷᠪᠠᠨ ᠶᠡᠭᠡ ᠪᠤᠭᠤᠮᠲᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠣᠯᠵᠤ᠂ ︽ᠵᠢᠷᠭᠤᠭᠠᠨ ᠲᠤᠭᠳᠠᠭᠤᠨ︾᠎ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠤ᠂ ︽ᠵᠢᠷᠭᠤᠭ᠎ᠠ ᠶᠢ ᠪᠠᠳᠤᠯᠠᠬᠤ︾᠎ ᠶᠢᠨ ᠡᠬᠦᠷᠭᠡ ᠶᠢ ᠨᠠᠶᠢᠳᠠᠪᠦᠷᠢᠵᠢᠭᠤᠯᠵᠤ᠂ ᠨᠡᠮᠡᠭᠳᠡᠯ ᠢ ᠲᠤᠭᠳᠠᠪᠦᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠰᠢᠯᠢᠳᠡᠭᠵᠢᠬᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠬᠦᠷᠢ ᠶᠢ ᠰᠡᠷᠭᠡᠶᠢᠯᠡᠬᠦ᠂ ᠲᠤᠭᠳᠠᠭᠤᠨ ᠢ ᠪᠠᠳᠤᠯᠠᠬᠤ ᠡᠯ᠎ᠡ ᠲᠥᠷᠦᠯ ᠤᠨ ᠡᠬᠦᠷᠭᠡ ᠶᠢ ᠨᠠᠶᠢᠳᠠᠪᠦᠷᠢᠵᠢᠭᠤᠯᠵᠤ᠂ ᠠᠵᠤ ᠠᠬᠤᠢ ᠶᠢᠨ ᠡᠷᠬᠢᠯᠲᠡ ᠶᠢ ᠵᠤᠬᠢᠰᠲᠠᠢ ᠤᠷᠤᠨ ᠵᠠᠢ ᠳᠤ ᠪᠠᠶᠢᠯᠭᠠᠬᠤ ᠶᠢ ᠪᠠᠳᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠳᠤᠯᠠᠵᠤ᠂ ᠠᠷᠠᠳ ᠲᠦᠮᠡᠨ ᠳᠤ ᠮᠡᠳᠡᠷᠡᠭᠳᠡᠨ᠂ ᠲᠡᠦᠬᠡ ᠶᠢᠨ ᠰᠢᠯᠭᠠᠯᠲᠠ ᠶᠢ ᠬᠦᠯᠢᠶᠡᠵᠦ ᠴᠢᠳᠠᠬᠤ ᠶᠠᠪᠤᠳᠠᠯ ᠪᠤᠯᠤᠨ᠎ᠠ᠃ ᠭᠤᠣᠯ ᠲᠡᠮᠡᠴᠡᠬᠦ ᠬᠠᠷᠠᠯᠲᠠ ᠪᠣᠯ᠄ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠤᠷᠴᠢᠮ ᠨᠡᠮᠡᠭᠳᠡᠬᠦᠯᠦᠨ᠎ᠡ᠂ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠎ ᠶᠢ 0.5% ᠣᠷᠴᠢᠮ ᠨᠡᠮᠡᠭᠳᠡᠬᠦᠯᠦᠨ᠎ᠡ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 15% ᠤᠷᠴᠢᠮ ᠨᠡᠮᠡᠭᠳᠡᠬᠦᠯᠦᠨ᠎ᠡ᠂ ᠪᠦᠬᠦ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ 2% ᠣᠷᠴᠢᠮ ᠨᠡᠮᠡᠭᠳᠡᠬᠦᠯᠦᠨ᠎ᠡ᠂ ᠬᠤᠲᠠ ᠪᠠᠯᠭᠠᠰᠤ ᠪᠠ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠣᠬᠢᠷᠠᠭᠤᠯᠵᠤ ᠪᠤᠯᠬᠤᠶᠢᠴᠠ ᠣᠷᠤᠯᠭ᠎ᠠ ᠶᠢ ᠲᠤᠰᠪᠦᠷᠢ 6.2% ᠪᠠ 7.2% ᠎ ᠪᠠᠷ ᠨᠡᠮᠡᠭᠳᠡᠬᠦᠯᠦᠨ᠎ᠡ᠃      ᠥᠨᠦ ᠵᠢᠯ ᠤᠨ ᠠᠵᠢᠯ ᠢ ᠬᠢᠬᠦ ᠳᠤ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠬᠡᠢ ᠲᠤᠤᠱᠯᠠᠭᠤᠯᠵᠤ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠭᠰᠠᠨ᠂ ᠪᠣᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ᠂ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠳᠠᠯᠠᠨ᠎ᠠ᠃ ᠲᠤᠭᠳᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠢᠵᠢᠮ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠬᠦᠨᠵᠡᠭᠡᠶᠢᠷᠡᠬᠦᠯᠵᠦ᠂ ᠠᠵᠤ ᠠᠬᠤᠢ ᠎ ᠶᠢᠨ ᠵᠤᠬᠢᠰᠲᠠᠢ ᠨᠡᠮᠡᠭᠳᠡᠯ ᠪᠠ ᠴᠢᠨᠠᠷ ᠤᠨ ᠲᠤᠭᠳᠠᠭᠤᠨ ᠲᠡᠭᠡᠭᠰᠢᠯᠡᠯᠲᠡ ᠶᠢ ᠪᠠᠳᠤᠯᠠᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠬᠦᠷᠭᠡ ᠲᠠᠢ ᠨᠢᠭᠲᠠ ᠤᠶᠠᠯᠳᠤᠨ᠂ ᠠᠰᠠᠭᠤᠳᠠᠯ ᠳᠤ ᠬᠠᠨᠳᠤᠭᠤᠯᠤᠨ᠂ ᠬᠠᠷᠠᠯᠲᠠ ᠪᠠ ᠦᠷ᠎ᠡ ᠪᠦᠳᠦᠮᠵᠢ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠭᠤᠣᠯᠳᠠᠯᠭ᠎ᠠ ᠶᠢ ᠠᠳᠬᠤᠨ᠂ ᠳᠤᠳᠠᠭᠳᠠᠯ ᠢᠶᠠᠨ ᠨᠦᠭᠦᠪᠦᠷᠢᠯᠡᠵᠦ᠂ ᠪᠦᠬᠦ ᠠᠶᠢᠮᠠᠭ ᠲᠠᠢ ᠠᠯᠬᠤᠭ᠎ᠠ ᠨᠢᠭᠡᠳᠡᠢ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠪᠠᠳᠤᠯᠠᠨ᠎ᠠ᠃ ᠲᠤᠤᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠃      ︵ᠨᠢᠬᠡ︶ ︽ᠠᠰᠠᠭᠤᠳᠠᠯ ᠳᠤ ᠴᠢᠭᠯᠡᠬᠦᠯᠦᠨ᠂ ᠤᠨᠤᠪᠴᠢᠳᠠᠢ ᠪᠠᠷ ᠬᠦᠴᠦᠯᠡᠬᠦ︾᠎ ᠶᠢ ᠪᠠᠷᠢᠮᠳᠠᠯᠠᠵᠦ᠂ ᠭᠤᠷᠪᠡᠨ ᠶᠡᠭᠡ ᠳᠠᠶᠢᠯᠠᠯᠳᠤᠭᠠᠨ ᠤ ᠢᠯᠠᠯᠳᠡ ᠶᠢ ᠲᠡᠮᠡᠴᠡᠨ ᠤᠯᠤᠨ᠎ᠠ᠃      ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠡ ᠶᠢᠨ ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠦᠨ᠎ᠡ᠃ ︽ᠭᠤᠷᠪᠡᠨ ᠤᠨᠤᠪᠴᠢᠳᠠᠢ︾᠂ ︽ᠭᠤᠷᠪᠡᠨ ᠨᠠᠶᠢᠳᠠᠪᠦᠷᠢᠵᠢᠯᠲᠠ︾ ᠪᠠ ᠤᠤᠭᠤᠬᠤ ᠤᠰᠤᠨ ᠤ ᠠᠮᠤᠷ ᠲᠦᠪᠰᠢᠨ ᠬᠢᠭᠡᠳ ︽ᠭᠤᠷᠪᠠ ᠶᠢ ᠪᠠᠳᠤᠯᠠᠬᠤ︾ ᠠᠵᠢᠯ ᠤᠨ ᠲᠤᠭᠤᠷᠢᠨ ᠳᠤ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠤᠰᠤᠭᠠᠷ᠂ ᠳᠠᠬᠢᠨ ᠶᠠᠳᠠᠭᠤᠷᠠᠬᠤ ᠶᠢ ᠬᠢᠨᠠᠨ ᠪᠠᠶᠢᠴᠠᠭᠠᠵᠤ ᠤᠷᠢᠳᠴᠢᠯᠡᠨ ᠰᠡᠷᠬᠡᠶᠢᠯᠡᠬᠦ ᠪᠠ ᠬᠠᠪᠰᠤᠷᠤᠨ ᠳᠡᠳᠬᠦᠬᠦ ᠳᠤᠭᠳᠠᠴᠠ ᠶᠢ ᠲᠡᠭᠦᠯᠳᠡᠷᠵᠢᠬᠦᠯᠵᠦ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ ᠠᠷᠭ᠎ᠠ ᠠᠪᠴᠢᠯ ᠢ ᠤᠨᠤᠪᠴᠢᠳᠠᠢ ᠨᠠᠶᠢᠳᠠᠪᠦᠷᠢᠵᠢᠭᠤᠯᠵᠤ᠂ 603 ᠡᠷᠦᠬᠡ 1539 ᠬᠦᠮᠦᠨ ᠤ ᠶᠠᠳᠠᠭᠤ ᠠᠴᠠ ᠠᠩᠭᠢᠵᠢᠷᠠᠭᠰᠠᠨ ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠦᠨ᠎ᠡ᠃ ᠬᠦᠳᠡᠭᠡ ᠳᠤᠰᠬᠤᠨ ᠮᠠᠯᠵᠢᠬᠤ ᠤᠷᠤᠨ ᠢ ᠴᠡᠴᠡᠭᠯᠡᠬᠦᠯᠦᠨ ᠬᠦᠭᠵᠢᠬᠦᠯᠬᠦ ᠬᠢᠭᠡᠳ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠢ ᠪᠦᠳᠦᠮᠵᠢᠳᠠᠢ ᠪᠠᠷ ᠤᠶᠠᠯᠳᠤᠭᠤᠯᠵᠤ᠂ ᠭᠠᠴᠠᠭᠠᠨ ᠤ ᠬᠠᠮᠳᠦ ᠶᠢᠨ ᠠᠵᠦ ᠠᠬᠤᠢ ᠶᠢ ᠬᠦᠭᠵᠢᠬᠦᠯᠬᠦ ᠠᠷᠭ᠎ᠠ ᠬᠡᠮᠵᠢᠶ᠎ᠡ ᠎ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠶᠠᠳᠠᠭᠤᠷᠠᠯ ᠢ ᠪᠠᠭᠠᠰᠬᠠᠨ᠂ ᠠᠷᠠᠳ ᠢᠶᠠᠨ ᠴᠢᠨᠡᠭᠡᠯᠢᠭᠵᠢᠬᠦᠯᠬᠦ ᠳᠤ ᠠᠵᠤ ᠦᠢᠯᠡᠰ ᠤᠨ ᠵᠠᠩᠭᠢᠯᠠᠭ᠎ᠠ ᠶᠢᠨ ᠦᠢᠯᠡᠳᠦᠯ ᠢ ᠦᠷᠬᠦᠯᠵᠢᠯᠡᠨ ᠴᠢᠩᠭᠠᠳᠬᠠᠨ᠎ᠠ᠃ ᠲᠤᠬᠢᠲᠠᠢ ᠭᠠᠵᠠᠷ ᠰᠢᠯᠵᠢᠬᠦᠯᠦᠭᠰᠡᠨ ᠡᠷᠦᠬᠡ ᠶᠢ ᠠᠵᠦ ᠦᠢᠯᠡᠰ ᠢᠶᠠᠷ ᠦᠷᠬᠦᠯᠵᠢᠯᠡᠨ ᠳᠡᠳᠬᠦᠬᠦ ᠶᠢ ᠰᠠᠶᠢᠳᠦᠷ ᠠᠳᠬᠤᠵᠦ᠂ ᠬᠤᠲᠠ ᠣᠷᠤᠭᠰᠠᠨ ᠮᠠᠯᠴᠢᠳ ᠎ ᠤᠨ ᠲᠤᠬᠳᠠᠪᠦᠷᠢᠳᠠᠢ ᠰᠠᠭᠤᠷᠢᠰᠢᠵᠦ᠂ ᠠᠵᠦ ᠦᠢᠯᠡᠰᠵᠢᠵᠦ᠂ ᠪᠠᠶᠠᠵᠢᠨ ᠴᠢᠨᠡᠭᠡᠯᠢᠭᠵᠢᠬᠦ ᠶᠢ ᠪᠠᠳᠤᠯᠠᠨ᠎ᠠ᠃ ᠡᠷᠡᠬᠦᠯᠵᠢᠯ ᠎ ᠢᠶᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠮᠦᠩᠭᠦᠨ ᠬᠦᠢᠯᠬᠡᠬᠡ ᠪᠠᠷ ᠶᠠᠳᠠᠭᠤ ᠎ ᠶᠢ ᠳᠡᠳᠬᠦᠬᠦ ᠪᠠ ᠦᠨᠳᠦᠰᠦᠨ ᠠᠴᠠ ᠨᠢ ᠪᠠᠳᠤᠯᠠᠬᠤ ᠵᠡᠷᠭᠡ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠪᠦᠬᠦ ᠳᠠᠯ᠎ᠠ ᠎ ᠪᠠᠷ ᠨᠠᠶᠢᠳᠠᠪᠦᠷᠢᠵᠢᠭᠤᠯᠤᠨ᠎ᠠ᠃ ᠶᠠᠳᠠᠭᠤ ᠶᠢ ᠳᠡᠳᠬᠦᠬᠦ ᠡᠳ᠋ ᠬᠦᠷᠦᠩᠭᠡ ᠶᠢᠨ ᠬᠠᠮᠢᠶᠠᠷᠤᠯᠳᠡ ᠶᠢ ᠴᠢᠩᠭᠠᠳᠬᠠᠨ᠂ ᠬᠡᠷᠡᠭᠯᠡᠯᠳᠡ ᠶᠢᠨ ᠦᠷ᠎ᠡ ᠠᠰᠢᠭ ᠢ ᠳᠡᠭᠡᠭᠰᠢᠯᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠳᠠᠶᠢᠯᠠᠯᠲᠤᠭᠠᠨ ᠢ ᠬᠦᠨᠵᠡᠭᠡᠢ ᠦᠷᠨᠢᠭᠦᠯᠦᠨ᠂ ᠡᠯ᠎ᠡ ᠲᠦᠷᠦᠯ ᠤᠨ ᠡᠭᠦᠷᠭᠡ ᠶᠢ ᠬᠦᠢᠴᠡᠳ ᠪᠡᠶᠡᠯᠡᠭᠦᠯᠵᠤ᠂ ᠲᠦᠪ ᠤᠨ ᠲᠤᠰᠬᠠᠢ ᠲᠦᠷᠦᠯ ᠢᠶᠠᠷ ︽ᠡᠷᠬᠢᠨ ᠬᠠᠷᠠᠬᠤ︾ ᠲᠤᠭᠤᠷᠢᠨ ᠪᠠᠶᠢᠴᠠᠭᠠᠯᠲᠠ ᠪᠠ 2019 ᠤᠨ ᠤ ᠦᠷ᠎ᠡ ᠪᠦᠲᠦᠮᠵᠢ ᠎ ᠶᠢᠨ ᠬᠢᠨᠠᠨ ᠦᠨᠡᠯᠡᠯᠲᠡ ᠵᠡᠷᠭᠡ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ 6 ᠳ᠋ᠤᠭᠠᠷ ᠰᠠᠷ᠎ᠠ ᠶᠢᠨ ᠰᠡᠭᠦᠯᠴᠢ ᠎ ᠠᠴᠠ ᠡᠮᠤᠨ᠎ᠠ ᠪᠦᠬᠦᠨ ᠢ ᠵᠠᠰᠠᠨ ᠴᠡᠭᠴᠡᠯᠡᠨ᠎ᠡ᠃ ᠶᠠᠳᠠᠭᠤ ᠶᠢ ᠳᠡᠳᠬᠦᠬᠦ ᠬᠢᠭᠡᠳ ᠤᠶᠤᠨ ᠤᠬᠠᠭᠠᠨ᠂ ᠤᠷᠮ᠎ᠡ ᠵᠤᠷᠢᠭ ᠢᠶᠠᠷ ᠳᠡᠳᠬᠦᠬᠦ ᠶᠢ ᠤᠶᠠᠯᠳᠤᠭᠤᠯᠬᠤ ᠵᠠᠷᠴᠢᠮ ᠢ ᠦᠷᠬᠦᠯᠵᠢᠯᠡᠨ ᠪᠠᠷᠢᠮᠳᠠᠯᠠᠵᠦ᠂ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠢᠳᠡᠪᠬᠢᠳᠡᠢ ᠤᠷᠤᠭᠰᠢᠯᠠᠨ ᠲᠠᠪᠰᠢᠬᠤ ᠠᠭᠤᠷ ᠠᠮᠢᠰᠬᠤᠯ ᠢ ᠤᠯᠠᠮ ᠪᠠᠳᠤᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠰᠢᠢᠳᠪᠦᠷᠢᠲᠦ ᠳᠠᠶᠢᠯᠠᠯᠳᠤᠭᠠᠨ ᠤ ᠢᠯᠡᠯᠳᠡ ᠶᠢ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃      ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠡ ᠶᠢᠨ ᠲᠠᠶᠢᠯᠠᠯᠳᠤᠭᠠᠨ ᠢ ᠪᠦᠬᠦ ᠳᠠᠯ᠎ᠠ ᠪᠠᠷ ᠰᠠᠶᠢᠳᠦᠷ ᠬᠢᠨ᠎ᠡ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠡᠨ ᠵᠢᠯ ᠤᠨ ᠠᠵᠢᠯ ᠤᠨ ᠲᠦᠯᠦᠪᠵᠢᠬᠦᠯᠬᠡ ᠶᠢᠨ ᠱᠠᠭᠠᠷᠳᠠᠯᠭ᠎ᠠ ᠶᠤᠰᠤᠭᠠᠷ᠂ ᠡᠬᠢ ᠰᠤᠷᠪᠤᠯᠵᠢ ᠠᠴᠠ ᠨᠢ ᠡᠵᠡᠮᠳᠡᠬᠦ᠂ ᠬᠠᠤᠯᠢ ᠶᠢ ᠴᠢᠩᠭ᠎ᠠ ᠬᠡᠷᠡᠭᠵᠢᠬᠦᠯᠬᠦ᠂ ᠶᠡᠷᠦᠩᠬᠡᠶᠢᠯᠡᠨ ᠵᠠᠰᠠᠨ ᠴᠡᠭᠴᠡᠯᠡᠬᠦ ᠶᠢ ᠪᠠᠷᠢᠮᠳᠠᠯᠠᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠤᠨ ᠤ ᠡᠭᠦᠷᠭᠡ ᠪᠠᠨ ᠪᠦᠬᠦ ᠳᠠᠯ᠎ᠠ ᠪᠠᠷ ᠪᠡᠶᠡᠯᠡᠬᠦᠯᠦᠨ᠎ᠡ᠃ ᠪᠤᠬᠢᠷᠳᠤᠯ ᠶᠡᠭᠡ ᠲᠦᠯᠡᠰᠢᠨ ᠮᠠᠲ᠋ᠧᠷᠢᠶᠠᠯ ᠤᠨ ᠰᠢᠳᠠᠭᠠᠯᠭ᠎ᠠ ᠶᠢ ᠴᠠᠭᠠᠵᠠᠯᠠᠬᠤ ᠲᠤᠭᠤᠷᠢᠭ᠂ ᠪᠤᠬᠢᠷᠳᠤᠯ ᠶᠡᠭᠡ ᠭᠠᠳᠠᠬᠰᠢᠯᠠᠭᠤᠯᠤᠯᠳᠡ ᠲᠠᠢ ᠮᠠᠰᠢᠨ ᠮᠧᠬᠠᠨᠢᠭ ᠤᠨ ᠲᠤᠭᠤᠷᠢᠭ᠂ ᠼᠠᠶᠢᠶ᠋ᠢᠦ ᠲᠤᠰᠤᠨ ᠤ ᠠᠴᠢᠶᠠᠨ ᠤ ᠮᠠᠰᠢᠨ ᠤ ᠬᠢᠵᠠᠭᠠᠷᠯᠠᠯᠲᠠ ᠶᠢᠨ ᠲᠤᠭᠤᠷᠢᠭ᠂ ᠲᠠᠭᠤ ᠴᠢᠮᠡᠭᠡᠨ ᠤ ᠤᠷᠴᠢᠨ ᠤ ᠴᠢᠳᠠᠮᠵᠢ ᠶᠢᠨ ᠲᠤᠭᠤᠷᠢᠭ ᠢ ᠠᠩᠭᠢᠯᠠᠨ ᠲᠤᠬᠳᠠᠭᠠᠬᠤ ᠠᠵᠢᠯ ᠢ ᠰᠠᠶᠢᠲᠤᠷ ᠪᠠᠶᠠᠯᠠᠬᠦᠯᠦᠨ᠎ᠡ᠃ ᠬᠦᠯᠡᠮᠵᠢ ᠎ ᠶᠢᠨ ᠬᠡᠢ ᠶᠢᠨ ᠭᠠᠳᠠᠭᠰᠢᠯᠠᠭᠤᠯᠤᠯᠲᠠ ᠶᠢ ᠴᠢᠩᠭ᠎ᠠ ᠡᠵᠡᠮᠳᠡᠨ᠎ᠡ᠃ ᠬᠤᠳᠠ ᠪᠠᠯᠭᠠᠰᠤᠨ ᠳᠤ ᠬᠠᠩᠭᠠᠬᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠳᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠲᠤᠭᠤᠷᠢᠭ ᠤᠨ ᠠᠵᠦ ᠠᠬᠤᠶᠢᠯᠠᠯ ᠤᠨ ᠨᠡᠭᠦᠷᠡᠰᠦᠨ ᠲᠦᠯᠡᠰᠢᠨ ᠤ ᠪᠣᠬᠢᠷᠳᠤᠯ ᠢ ᠴᠢᠩᠭ᠎ᠠ ᠬᠤᠷᠢᠭᠯᠠᠵᠤ᠂ ︽ᠰᠤᠯᠡ᠂ ᠪᠤᠵᠠᠷ᠂ ᠪᠤᠬᠢᠷ︾ ᠠᠵᠦ ᠠᠬᠤᠶᠢᠯᠠᠯ ᠢ ᠵᠠᠰᠠᠨ ᠴᠡᠭᠴᠡᠯᠡᠬᠦ ᠶᠢ ᠰᠠᠶᠢᠳᠦᠷ ᠠᠳᠬᠤᠨ᠎ᠠ᠃ ᠮᠠᠯ ᠎ ᠤᠨ ᠢᠯᠭᠠᠳᠠᠰᠤ ᠪᠠ ᠠᠵᠦ ᠦᠢᠯᠡᠳᠪᠦᠷᠢ ᠶᠢᠨ ᠬᠠᠳᠠᠭᠤ ᠲᠦᠯᠦᠪᠳᠦ ᠬᠠᠶᠠᠬᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠶᠢ ᠰᠠᠶᠢᠲᠤᠷ ᠠᠳᠬᠤᠵᠤ᠂ ᠡᠬᠢ ᠪᠠᠶᠠᠯᠢᠭ ᠢ ᠪᠦᠬᠦ ᠳᠠᠯ᠎ᠠ ᠪᠠᠷ ᠠᠷᠪᠢᠯᠠᠬᠤ ᠪᠠ ᠣᠷᠴᠢᠯᠲᠠ ᠲᠠᠢ ᠪᠠᠷ ᠠᠰᠢᠬᠯᠠᠬᠤ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠠᠷᠭ᠎ᠠ ᠠᠪᠴᠢᠯ ᠢ ᠠᠪᠴᠤ᠂ ᠭᠤᠤᠯᠳᠠᠯᠭᠠᠳᠤ ᠲᠥᠷᠦᠯ ᠵᠦᠢᠯ ᠪᠠ ᠢᠨᠵᠧᠨᠧᠷᠢᠩ ᠤᠨ ᠶᠠᠪᠤᠴᠠ ᠳᠤ ᠡᠬᠦᠰᠦᠭᠰᠡᠨ ᠱᠣᠣᠬᠢᠶᠠᠨ᠂ ᠲᠤᠭᠤᠰᠤ ᠰᠢᠷᠤᠢ ᠵᠡᠷᠭᠡ ᠪᠤᠬᠢᠷᠳᠤᠯ ᠢ ᠦᠨᠡᠨᠬᠦ ᠪᠠᠭᠠᠰᠬᠠᠨ᠎ᠠ᠃ ᠬᠠᠤᠯᠢ ᠬᠡᠷᠡᠭᠵᠢᠬᠦᠯᠬᠦ ᠲᠤᠤᠷᠴᠢᠯᠠᠬᠰᠠᠨ ᠬᠠᠮᠢᠶᠠᠷᠤᠯᠳᠡ ᠶᠢ ᠴᠢᠩᠭᠠᠳᠬᠠᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ ᠡᠷᠴᠢᠮ ᠢ ᠴᠢᠩᠭᠠᠷᠠᠭᠤᠯᠤᠨ᠎ᠠ᠃ ᠤᠷᠴᠢᠮ ᠤᠨ ᠵᠢᠯ ᠤᠳ ᠠᠴᠠ ᠨᠠᠰᠢ ᠡᠯ᠎ᠡ ᠱᠠᠳᠤᠨ ᠤ ᠡᠯ᠎ᠡ ᠲᠦᠷᠦᠯ ᠤᠨ ᠰᠢᠯᠭᠠᠨ ᠪᠠᠶᠢᠴᠠᠭᠠᠯᠳᠡ᠂ ︽ᠡᠷᠬᠢᠵᠤ ᠬᠠᠷᠠᠬᠤ︾ ᠪᠠᠶᠢᠴᠠᠭᠠᠯᠲᠠ ᠵᠡᠷᠭᠡ ᠠᠵᠢᠯ ᠎ ᠤᠨ ᠳᠤᠮᠳᠡ ᠢᠯᠡᠷᠡᠬᠦᠯᠦᠭᠰᠡᠨ ᠬᠠᠷᠠᠬᠠᠨ ᠵᠠᠰᠠᠨ ᠴᠡᠭᠴᠡᠯᠡᠵᠦ ᠲᠠᠭᠤᠰᠤᠭ᠎ᠠ ᠦᠭᠡᠢ 9 ᠠᠰᠠᠭᠤᠳᠠᠯ ᠢ 6 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠦᠨ᠎ᠡ ᠪᠦᠬᠦᠨ ᠢ ᠵᠠᠰᠠᠨ ᠴᠡᠭᠴᠡᠯᠡᠬᠦ ᠶᠢ ᠪᠠᠳᠤᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠦᠷᠢᠶ᠎ᠠ ᠴᠡᠷ᠎ᠡ ᠳᠠᠬᠢ ᠠᠰᠠᠭᠤᠳᠠᠯ᠂ ᠭᠡᠮ ᠰᠤᠭᠤᠭ ᠢ ᠦᠪᠡᠷᠲᠡᠭᠡᠨ ᠪᠠᠶᠢᠴᠠᠭᠠᠨ ᠵᠠᠯᠠᠷᠠᠭᠤᠯᠬᠤ ᠠᠵᠢᠯ ᠎ ᠢ ᠬᠦᠨᠵᠡᠭᠡᠢ ᠦᠷᠨᠢᠬᠦᠯᠦᠨ᠎ᠡ᠃      ᠬᠦᠨᠳᠦ ᠶᠡᠭᠡ ᠠᠶᠤᠯ ᠲᠦᠭᠰᠢᠬᠦᠷᠢ ᠶᠢ ᠢᠳᠡᠪᠬᠢᠳᠠᠢ ᠰᠡᠷᠭᠡᠶᠢᠯᠡᠨ ᠡᠵᠡᠮᠳᠡᠨ᠎ᠡ᠃ ᠤᠯᠠᠨ ᠵᠦᠢᠯ ᠤᠨ ᠠᠷᠭ᠎ᠠ ᠵᠠᠮ ᠢᠶᠠᠷ ᠪᠡᠯᠡ ᠮᠦᠩᠭᠦ ᠶᠢ ᠨᠦᠬᠦᠪᠦᠷᠢᠯᠡᠵᠦ᠂ ᠪᠦᠬᠦ ᠵᠢᠯ ᠳᠤ 1.23 ᠳ᠋ᠦᠩᠰᠢᠭᠤᠷ ᠲᠦᠭᠦᠷᠢᠭ ᠤᠨ ᠦᠷᠢ ᠦᠭᠴᠡᠭᠡ ᠶᠢ ᠴᠠᠶᠢᠷᠠᠭᠤᠯᠬᠤ ᠡᠭᠦᠷᠭᠡ ᠶᠢ ᠪᠡᠶᠡᠯᠡᠬᠦᠯᠦᠨ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ᠂ ᠳᠤᠮᠳᠡ ᠵᠢᠵᠢᠭ ᠠᠵᠦ ᠠᠬᠤᠶᠢᠯᠠᠯ ᠳᠤ ᠦᠷᠢᠳᠦᠭᠰᠡᠨ ᠮᠠᠷᠭᠤᠭᠠᠨ ᠦᠬᠡᠢ ᠳᠠᠩᠰᠡ ᠶᠢ ᠪᠦᠬᠦᠨ ᠢ ᠴᠠᠶᠢᠷᠠᠭᠤᠯᠤᠨ᠎ᠠ᠃ ᠭᠤᠤᠯᠳᠠᠯᠭ᠎ᠠ ᠲᠠᠢ ᠲᠦᠷᠦᠯ ᠵᠦᠢᠯ ᠪᠠ ᠬᠦᠷᠢᠶ᠎ᠠ ᠴᠠᠷ᠎ᠠ ᠶᠢ ᠴᠢᠩᠭ᠎ᠠ ᠬᠢᠨᠠᠵᠦ᠂ ᠭᠠᠶᠢᠯᠢ ᠶᠢᠨ ᠤᠷᠤᠯᠭ᠎ᠠ ᠶᠢᠨ ᠳᠠᠯᠲᠠ ᠴᠢᠳᠠᠪᠬᠢ ᠶᠢ ᠤᠯᠠᠮ ᠨᠢᠬᠡ ᠠᠯᠬᠤᠮ ᠳᠠᠶᠢᠴᠢᠯᠠᠵᠤ᠂ ᠪᠦᠬᠦ ᠵᠢᠯ ᠳᠤ 1.93 ᠳ᠋ᠦᠩᠰᠢᠭᠤᠷ ᠲᠦᠭᠦᠷᠢᠭ ᠤᠨ ᠡᠩ ᠤᠨ ᠨᠡᠶᠢᠳᠡ ᠶᠢᠨ ᠲᠦᠰᠦᠪ ᠤᠨ ᠤᠷᠤᠯᠭ᠎ᠠ ᠶᠢᠨ ᠡᠭᠦᠷᠭᠡ ᠶᠢ ᠪᠡᠶᠡᠯᠡᠬᠦᠯᠦᠨ᠎ᠡ᠃ ︽ᠤᠷᠤᠯᠭ᠎ᠠ ᠶᠢᠨ ᠬᠡᠮᠵᠢᠶ᠎ᠠ ᠪᠠᠷ ᠵᠠᠷᠤᠯᠭ᠎ᠠ ᠪᠠᠨ ᠲᠤᠬᠳᠠᠭᠠᠬᠤ︾ ᠵᠠᠷᠴᠢᠮ ᠢ ᠲᠤᠤᠱᠯᠠᠭᠤᠯᠵᠦ᠂ ᠡᠩ ᠤᠨ ᠵᠠᠷᠤᠯᠭ᠎ᠠ ᠶᠢ ᠤᠯᠠᠮ ᠪᠠᠭᠠᠰᠬᠠᠨ᠎ᠠ᠃ ᠵᠠᠰᠠᠭ ᠎ ᠤᠨ ᠤᠷᠳᠤᠨ ᠤ ᠪᠡᠯᠡ ᠤᠷᠤᠭᠤᠯᠤᠯᠳᠡ ᠶᠢᠨ ᠲᠦᠷᠦᠯ ᠵᠦᠢᠯ ᠤᠨ ᠦᠷᠢ ᠭᠠᠷᠭᠠᠬᠤ ᠲᠦᠭᠰᠢᠬᠦᠷᠢ ᠶᠢᠨ ᠦᠨᠡᠯᠡᠯᠲᠡ ᠶᠢ ᠴᠢᠩᠭᠠᠳᠬᠠᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠡ ᠶᠢᠨ ᠲᠦᠷᠦᠯ ᠵᠦᠢᠯ ᠢ ᠬᠠᠤᠯᠢ ᠲᠦᠷᠢᠮ ᠶᠤᠰᠤᠭᠠᠷ ᠴᠢᠩᠭ᠎ᠠ ᠲᠦᠷᠢᠮᠵᠢᠬᠦᠯᠦᠨ᠎ᠡ᠃ ᠬᠠᠤᠯᠢ ᠪᠤᠰᠤ ᠪᠠᠷ ᠪᠡᠯᠡ ᠬᠤᠷᠠᠮᠳᠤᠭᠤᠯᠬᠤ᠂ ᠠᠷᠠᠳ ᠤᠨ ᠳᠤᠮᠳᠠᠬᠢ ᠪᠡᠯᠡ ᠨᠡᠶᠢᠯᠡᠬᠦᠯᠦᠯᠳᠡ᠂ P2P ᠵᠡᠷᠭᠡ ᠠᠶᠤᠯ ᠲᠦᠭᠰᠢᠬᠦᠷᠢ ᠶᠢ ᠰᠡᠷᠭᠡᠶᠢᠯᠡᠬᠦ ᠪᠠ ᠰᠢᠢᠳᠬᠡᠬᠦ ᠬᠦᠴᠦᠯᠡᠴᠡ ᠎ ᠪᠠᠨ ᠴᠢᠩᠭᠠᠳᠬᠠᠵᠤ᠂ ᠮᠠᠯᠴᠢᠳ ᠤᠨ ᠬᠤᠭᠤᠷᠤᠨᠳᠤᠬᠢ ᠵᠢᠬᠡᠯᠡᠯᠬᠡ ᠶᠢ ᠶᠡᠷᠦᠩᠭᠡᠶᠢᠯᠡᠨ ᠵᠠᠰᠠᠬᠤ ᠤᠷᠳᠦ ᠬᠤᠭᠤᠴᠠᠭᠠᠨ ᠎ ᠤ ᠳᠤᠭᠳᠠᠴᠨ ᠶᠢ ᠦᠷᠬᠦᠯᠵᠢᠯᠡᠨ ᠲᠡᠬᠦᠯᠳᠡᠷᠵᠢᠬᠦᠯᠦᠨ᠎ᠡ᠃ ᠢᠳᠡᠭᠡᠮᠵᠢ ᠶᠢᠨ ᠬᠤᠷᠰᠢᠶ᠎ᠠ ᠶᠢ ᠠᠷᠠᠯᠵᠢᠶᠠᠨ ᠤ ᠪᠠᠩᠬᠢ ᠪᠤᠯᠭᠠᠨ ᠦᠭᠡᠷᠡᠴᠢᠯᠡᠬᠦ ᠠᠵᠢᠯ ᠢ ᠳᠡᠮᠵᠢᠨ᠎ᠡ᠃ ᠡᠳ᠋ ᠤᠨ ᠵᠠᠰᠠᠭ ᠤᠨ ᠮᠦᠩᠭᠦᠨ ᠬᠦᠢᠯᠭᠡᠭᠡᠨ ᠤ ᠲᠦᠭᠰᠢᠬᠦᠷᠢ ᠶᠢ ᠦᠨᠡᠯᠡᠬᠦ ᠪᠠ ᠨᠡᠶᠢᠭᠡᠮ ᠤᠨ ᠲᠤᠬᠳᠠᠭᠤᠨ ᠤ ᠲᠦᠭᠰᠢᠬᠦᠷᠢ ᠶᠢ ᠦᠨᠡᠯᠡᠬᠦ ᠲᠦᠷᠢᠮ ᠢ ᠳᠠᠰᠤᠷᠠᠯᠳᠡ ᠦᠬᠡᠢ ᠲᠡᠭᠦᠯᠳᠡᠷᠵᠢᠬᠦᠯᠦᠨ᠂ ᠮᠦᠩᠭᠦᠨ ᠬᠦᠢᠯᠬᠡᠬᠡᠨ ᠤ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠡ ᠶᠢ ᠴᠢᠩᠭᠠᠳᠬᠠᠵᠦ᠂ ᠮᠦᠩᠭᠦᠨ ᠬᠦᠢᠯᠬᠡᠬᠡᠨ ᠤ ᠬᠠᠤᠯᠢ ᠪᠤᠰᠤ ᠠᠵᠢᠯᠯᠠᠭ᠎ᠠ ᠳᠤ ᠬᠦᠨᠳᠦ ᠴᠤᠬᠢᠯᠳᠡ ᠦᠭᠭᠦᠨ᠎ᠡ᠃      ︵ᠬᠤᠶᠠᠷ︶ ︽ᠠᠶᠤᠯ ᠲᠦᠭᠰᠢᠬᠦᠷᠢ ᠶᠢᠨ ᠰᠡᠷᠡᠮᠵᠢ ᠪᠠᠨ ᠳᠡᠭᠡᠭᠰᠢᠯᠡᠬᠦᠯᠵᠦ᠂ ᠦᠷᠬᠦᠯᠵᠢᠯᠡᠨ ᠬᠦᠴᠦᠯᠡᠨ ᠴᠢᠷᠮᠠᠶᠢᠬᠤ︾᠎ ᠶᠢ ᠪᠠᠷᠢᠮᠳᠠᠯᠠᠵᠦ᠂ ᠠᠮᠤᠷ ᠲᠤᠬᠳᠠᠭᠤᠨ ᠤᠷᠴᠢᠨ ᠲᠤᠭᠤᠷᠢᠨ ᠢ  ᠪᠠᠬᠢᠵᠢᠬᠦᠯᠦᠨ᠎ᠡ᠃      ᠠᠷᠠᠳ ᠤᠯᠠᠨ ᠤ ᠠᠮᠢ ᠨᠠᠰᠤ ᠡᠷᠡᠬᠦᠯ ᠮᠡᠡᠳᠦ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠴᠢᠩᠭᠠᠳᠬᠠᠨ᠎ᠠ᠃ ᠬᠠᠯᠳᠠᠪᠦᠷᠢᠳᠦ ᠡᠪᠡᠳᠴᠢᠨ᠂ ᠭᠠᠵᠠᠷ ᠤᠷᠤᠨ ᠤ ᠴᠢᠨᠠᠷᠳᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠤᠯᠠᠮ ᠲᠡᠭᠦᠯᠳᠡᠷᠵᠢᠬᠦᠯᠵᠦ᠂ ᠬᠦᠮᠦᠨ ᠠᠴᠠ ᠬᠦᠮᠦᠨ ᠳᠤ ᠬᠠᠯᠳᠠᠪᠤᠷᠢᠯᠠᠬᠤ ᠬᠢᠵᠢᠭ ᠡᠪᠡᠳᠴᠢᠨ ᠪᠠ ᠠᠮᠢᠳᠠᠨ ᠤ ᠬᠢᠵᠢᠭ ᠡᠪᠡᠳᠴᠢᠨ ᠢ ᠬᠢᠨᠠᠨ ᠰᠢᠯᠭᠠᠬᠤ ᠵᠢᠴᠢ ᠡᠷᠡᠬᠦᠯ ᠮᠡᠡᠳᠦ ᠶᠢᠨ ᠬᠦᠮᠦᠵᠢᠯ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠪᠠᠶᠢᠩᠭᠤ ᠶᠢᠨ ᠴᠢᠨᠠᠷᠲᠠᠢ ᠥᠷᠨᠢᠬᠦᠯᠵᠦ᠂ ᠰᠡᠷᠭᠡᠶᠢᠯᠡᠨ ᠡᠵᠡᠮᠳᠡᠬᠦ ᠲᠤᠰᠬᠠᠶᠢᠵᠢᠬᠰᠠᠨ ᠡᠩᠨᠡᠭᠡᠨ ᠤ ᠴᠢᠳᠠᠪᠦᠷᠢ᠂ ᠡᠮᠴᠢᠯᠡᠭᠡᠨ ᠤ ᠠᠵᠢᠯᠲᠠᠨ ᠤ ᠡᠮᠴᠢᠯᠡᠨ ᠵᠠᠰᠠᠬᠤ ᠴᠢᠳᠠᠪᠦᠷᠢ᠂ ᠲᠤᠷᠰᠢᠯᠳᠡ ᠎ ᠶᠢᠨ ᠲᠠᠰᠤᠭ ᠤᠨ ᠰᠢᠯᠭᠠᠨ ᠪᠠᠶᠢᠴᠠᠭᠠᠬᠤ ᠴᠢᠳᠠᠪᠦᠷᠢ᠂ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠦᠷᠢ ᠶᠢ ᠳᠡᠭᠡᠭᠰᠢᠯᠡᠬᠦᠯᠦᠨ᠎ᠡ᠃ ᠡᠮ ᠡᠮᠨᠡᠯᠭᠡ᠂ ᠡᠮᠨᠡᠯᠬᠡ ᠶᠢᠨ ᠳᠠᠭᠠᠳᠬᠠᠯ᠂ ᠡᠮ ᠤᠨ ᠵᠦᠢᠯᠡᠰ ᠢ ᠨᠢᠭᠲᠠ ᠤᠶᠠᠯᠳᠤᠭᠤᠯᠵᠤ᠂ ︽︿ᠡᠷᠡᠬᠦᠯ ᠴᠢᠬᠢᠷᠠᠭ ᠬᠦᠪᠡᠬᠡᠳᠦ ᠰᠢᠷ᠎ᠡ ᠬᠤᠰᠢᠭᠤ 2030﹀᠎ ᠶᠢᠨ ᠬᠡᠷᠡᠭᠵᠢᠬᠦᠯᠬᠦ ᠲᠦᠰᠦᠯ︾ ᠎ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠬᠦᠨᠳᠦ ᠶᠡᠭᠡ ᠡᠪᠡᠳᠴᠢᠨ ᠡᠮᠬᠡᠭ ᠢ ᠰᠡᠷᠭᠡᠶᠢᠯᠡᠨ ᠵᠠᠰᠠᠬᠤ᠂ ᠡᠮᠴᠢᠯᠡᠭᠡᠨ ᠤ  ᠦᠢᠯᠡᠴᠢᠯᠡᠭᠡ ᠶᠢᠨ ᠴᠢᠳᠠᠪᠦᠷᠢ ᠶᠢ ᠲᠡᠭᠡᠭᠰᠢᠯᠡᠬᠦᠯᠬᠦ᠂ ᠮᠤᠩᠭᠤᠯ ᠡᠮ ᠡᠮᠨᠡᠯᠬᠡ ᠶᠢ ᠬᠦᠭᠵᠢᠬᠦᠯᠬᠦ᠂ ᠡᠮᠴᠢᠯᠡᠭᠡᠨ ᠤ ᠲᠦᠷᠭᠡᠨ ᠠᠪᠤᠷᠠᠯᠲᠠ ᠶᠢᠨ ᠲᠤᠤᠷ ᠰᠦᠯᠵᠢᠶᠡᠨ ᠤ ᠪᠦᠳᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠲᠤᠪᠤᠶᠢᠯᠭᠠᠨ ᠠᠳᠬᠤᠵᠦ᠂ ︽ᠤᠯᠤᠰ ᠤᠨ ᠲᠡᠰ ᠤᠨ ᠡᠷᠡᠬᠦᠯ ᠮᠡᠡᠳᠦ ᠶᠢᠨ ᠳᠠᠪᠰᠢᠬᠰᠠᠨ ᠬᠤᠰᠢᠭᠤ︾᠎ ᠶᠢ ᠡᠭᠦᠳᠤᠨ ᠪᠠᠶᠢᠭᠤᠯᠬᠤ ᠠᠵᠢᠯ ᠢ ᠪᠦᠬᠦ ᠳᠠᠯ᠎ᠠ ᠪᠠᠷ ᠠᠬᠢᠭᠤᠯᠤᠨ᠎ᠠ᠃ ᠮᠤᠩᠭᠤᠯ ᠡᠮᠨᠡᠯᠬᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ ᠠᠰᠠᠷ ᠪᠠ ᠡᠷᠡᠬᠦᠯᠵᠢᠯ ᠰᠤᠪᠢᠯᠠᠯᠳᠡ ᠶᠢᠨ ᠲᠦᠪ ᠤᠨ ᠪᠦᠲᠦᠭᠡᠨ ᠪᠠᠶᠢᠭᠤᠯᠤᠯᠳᠡ ᠶᠢ ᠠᠬᠢᠭᠤᠯᠤᠨ᠎ᠠ᠃ ᠪᠦᠭᠡᠮᠨᠡᠳᠠᠨ ᠬᠤᠳᠠᠯᠳᠤᠨ ᠠᠪᠬᠤ ᠶᠢ ᠲᠦᠯᠬᠢᠨ ᠠᠬᠢᠭᠤᠯᠵᠤ᠂ ᠡᠮ ᠤᠨ ᠵᠦᠢᠯᠡᠰ ᠪᠠ ᠡᠮᠴᠢᠯᠡᠭᠡᠨ ᠤ ᠲᠦᠭᠦᠭᠡᠢ ᠮᠠᠲ᠋ᠧᠷᠢᠶᠠᠯ ᠤᠨ ᠬᠤᠳᠠᠯᠳᠤᠨ ᠣᠷᠤᠭᠤᠯᠬᠤ ᠦᠨ᠎ᠡ ᠬᠠᠩᠰᠢ ᠶᠢ ᠤᠯᠠᠮ ᠪᠠᠭᠤᠷᠠᠭᠤᠯᠤᠨ᠎ᠠ᠃ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠎ ᠢᠶᠠᠨ ᠰᠢᠨᠡᠴᠢᠯᠡᠨ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠮᠦᠷᠳᠡᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠡᠷᠴᠢᠮ ᠎ ᠢ ᠴᠢᠩᠭᠠᠷᠠᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠪᠠᠳᠤᠯᠠᠨ᠎ᠠ᠃      ᠠᠶᠤᠯᠬᠦᠢ ᠦᠢᠯᠡᠳᠪᠦᠷᠢᠯᠡᠯ ᠤᠨ ᠲᠤᠭᠳᠠᠭᠤᠨ ᠪᠠᠶᠢᠬᠤ ᠶᠢ ᠦᠷᠬᠦᠯᠵᠢᠯᠡᠨ ᠪᠠᠳᠤᠯᠠᠨ᠎ᠠ᠃ ᠡᠯ᠎ᠡ ᠠᠵᠢᠯ ᠲᠥᠷᠦᠯ ᠤᠨ ᠠᠶᠤᠯᠬᠦᠢ ᠦᠢᠯᠡᠳᠪᠦᠷᠢᠯᠡᠯ ᠤᠨ ᠲᠥᠷᠢᠮ ᠲᠤᠭᠳᠠᠭᠠᠯ ᠪᠠ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠳᠠᠯᠳᠠ ᠬᠡᠮ ᠰᠤᠭᠤᠭ ᠢ ᠪᠠᠶᠢᠴᠠᠭᠠᠨ ᠢᠯᠡᠷᠡᠬᠦᠯᠦᠨ ᠵᠠᠰᠠᠬᠤ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ᠂ ᠬᠠᠤᠯᠢ ᠬᠡᠷᠡᠭᠵᠢᠬᠦᠯᠵᠦ ᠬᠢᠨᠡᠨ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠠᠮᠢᠶᠠᠷᠤᠯᠳᠠ ᠬᠢᠭᠡᠳ ᠤᠬᠠᠭᠤᠯᠭ᠎ᠠ ᠬᠦᠮᠦᠵᠢᠯ ᠤᠨ ︽ᠲᠠᠪᠤ︾᠎ ᠶᠢ ᠪᠠᠶᠢᠩᠭᠤᠵᠢᠭᠤᠯᠬᠤ ᠠᠵᠢᠯ ᠢ ᠨᠢᠭᠡᠳᠦᠯᠳᠡᠢ ᠲᠦᠯᠦᠪᠵᠢᠭᠦᠯᠦᠨ ᠴᠢᠩᠭ᠎ᠠ ᠠᠳᠬᠤᠨ᠎ᠠ᠃ ︽ᠬᠦᠪᠡᠭᠡᠲᠦ ᠰᠢᠷ᠎ᠠ ᠬᠤᠰᠢᠭᠤᠨ ᠤ ᠰᠠᠯᠠᠭ᠎ᠠ ᠮᠦᠴᠢᠷ ᠪᠤᠯᠤᠨ ᠪᠠᠶᠢᠭᠤᠯᠭ᠎ᠠ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠥᠷᠢᠮ︾᠎ ᠳᠤ ᠵᠠᠰᠠᠪᠦᠷᠢ ᠤᠷᠤᠭᠤᠯᠵᠤ᠂ ᠡᠯ᠎ᠡ ᠰᠠᠯᠠᠭ᠎ᠠ ᠮᠦᠴᠢᠷ ᠤᠨ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠠᠪᠴᠠᠩ ᠬᠢᠭᠡᠳ ᠳ᠋ᠦᠩ ᠯᠢᠨ ᠨᠡᠭᠦᠷᠡᠰᠦᠨ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠬᠢᠷᠢ ᠲᠥᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃      ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠬᠡᠢ ᠲᠡᠬᠦᠯᠳᠡᠷᠵᠢᠬᠦᠯᠦᠨ᠎ᠡ᠃ ᠣᠯᠠᠨ ᠲᠥᠮᠡᠨᠴᠢ ᠪᠦᠯᠬᠦᠮ ᠤᠨ ᠵᠤᠬᠢᠶᠠᠨ ᠪᠠᠶᠢᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠦᠨᠳᠦᠰᠦᠨ ᠱᠠᠳᠤᠨ ᠳᠤ ᠪᠠᠭᠤᠯᠭᠠᠵᠤ᠂ ᠵᠠᠰᠠᠭ ᠤᠨ ᠣᠷᠳᠤᠨ ᠤ ᠴᠡᠭᠴᠡᠯᠡᠯᠲᠡ᠂ ᠨᠡᠶᠢᠭᠡᠮ ᠤᠨ ᠵᠤᠬᠢᠴᠠᠭᠤᠯᠤᠯᠲᠠ ᠬᠢᠭᠡᠳ ᠰᠠᠭᠤᠭᠠᠯᠢ ᠠᠷᠠᠳ ᠤᠨ ᠦᠪᠡᠷᠲᠡᠭᠡᠨ ᠵᠠᠰᠠᠯᠲᠠ ᠶᠢᠨ ᠨᠢᠭᠲᠠ ᠤᠶᠠᠯᠳᠤᠯ ᠢ ᠪᠡᠶᠡᠯᠡᠬᠦᠯᠦᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠬᠦᠮᠦᠡᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠬᠢᠭᠡᠳ ᠨᠡᠶᠢᠲᠡ ᠶᠢᠨ ᠠᠰᠠᠷᠠᠮᠵᠢ ᠶᠢᠨ ᠨᠢᠬᠦᠯᠡᠰᠦᠩᠭᠦᠢ ᠦᠢᠯᠡᠰ ᠤᠨ ᠡᠷᠡᠬᠦᠯ ᠬᠦᠭᠵᠢᠯᠲᠡ ᠶᠢ ᠲᠠᠮᠵᠢᠨ᠎ᠡ᠃ ᠴᠢᠨᠠᠷ ᠢ ᠲᠡᠭᠡᠭᠰᠢᠯᠡᠬᠦᠯᠬᠦ ᠠᠵᠢᠯᠯᠠᠭ᠎ᠠ ᠶᠢ ᠦᠷᠭᠡᠨ ᠢᠶᠠᠷ ᠦᠷᠨᠢᠬᠦᠯᠦᠨ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠡᠳᠡᠷᠡᠭᠤᠯᠤᠨ᠎ᠠ᠃ ᠭᠠᠵᠠᠷ ᠤᠨ ᠲᠡᠰ ᠤᠨ ᠤᠳᠤᠷᠢᠳᠤᠯᠭ᠎ᠠ ᠡᠳᠦᠷ ᠪᠣᠯᠭᠠᠨ ᠵᠠᠬᠢᠳᠠᠯ ᠰᠤᠷᠪᠤᠯᠵᠢᠯᠠᠭ᠎ᠠ ᠬᠦᠯᠢᠶᠡᠬᠦ᠂ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠲᠥᠷᠢᠮ ᠢ ᠨᠠᠶᠢᠳᠠᠪᠦᠷᠢᠵᠢᠭᠤᠯᠤᠨ᠂ ᠵᠦᠷᠢᠴᠡᠯ ᠵᠢᠭᠤᠷᠭᠠᠨ ᠢ ᠪᠠᠶᠢᠴᠠᠭᠠᠨ ᠢᠯᠡᠷᠡᠬᠦᠯᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠠᠯᠲᠠ ᠶᠢ ᠠᠬᠢᠭᠤᠯᠤᠨ᠂ ᠣᠯᠠᠨ ᠲᠦᠮᠡᠨ ᠤ ᠵᠦᠢ ᠶᠤᠰᠤᠨ ᠤ ᠭᠤᠶᠤᠴᠢᠯᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠳᠤᠯᠠᠭ᠎ᠠ ᠶᠢᠨ ᠰᠢᠰᠲ᠋ᠧᠮ ᠎ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠰᠤᠷᠠᠭ ᠵᠠᠩᠭᠢᠴᠢᠯᠠᠭᠰᠠᠨ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠳᠦᠭᠡᠯ ᠢ ᠪᠠᠬᠢᠵᠢᠬᠦᠯᠦᠨ᠂ ᠤᠷᠲᠤ ᠬᠤᠭᠤᠴᠠᠭ᠎ᠠ ᠪᠠᠷ ᠴᠡᠭᠴᠡᠯᠡᠨ ᠵᠠᠰᠬᠠᠤ ᠲᠤᠭᠳᠠᠴᠠ ᠶᠢ ᠪᠦᠷᠢᠨᠰᠢᠬᠦᠯᠵᠦ᠂ ︽ᠤᠶᠤᠨᠴᠢ ᠲᠤᠳᠤᠭᠠᠳᠤ ᠶᠢ ᠬᠠᠮᠠᠭᠠᠯᠠᠬᠤ︾᠂ ︽ᠠᠮᠤᠭᠤᠯᠠᠩ ᠬᠦᠪᠡᠭᠡᠲᠦ ᠰᠢᠷ᠎ᠠ ᠬᠤᠰᠢᠭᠤ︾᠎ ᠶᠢᠨ ᠪᠦᠳᠦᠭᠡᠨ ᠪᠠᠶᠢᠭᠤᠯᠤᠯᠲᠠ ᠶᠢ ᠬᠦᠨᠵᠡᠭᠡᠢ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠢ ᠬᠦᠨᠵᠡᠭᠡᠢ ᠦᠷᠨᠢᠬᠦᠯᠦᠨ᠂ ᠴᠡᠷᠢᠭ ᠠᠷᠠᠳ ᠤᠨ ᠬᠠᠮᠳᠤᠪᠡᠷ ᠪᠦᠳᠦᠭᠡᠨ ᠪᠠᠶᠢᠭᠤᠯᠬᠤ ᠶᠢ ᠠᠬᠢᠭᠤᠯᠤᠨ᠂ ᠬᠤᠶᠠᠷ ᠢ ᠬᠦᠷᠢᠶᠡᠯᠡᠬᠦ ᠪᠠᠶᠢᠭᠤᠯᠤᠯᠲᠠ ᠶᠢᠨ ᠦᠷ᠎ᠡ ᠪᠦᠳᠦᠭᠡᠯ ᠢ ᠦᠷᠬᠦᠯᠵᠢᠯᠡᠨ ᠪᠠᠬᠢᠵᠢᠬᠦᠯᠵᠦ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾᠎ ᠶᠢ ᠡᠬᠦᠳᠦᠨ ᠪᠠᠶᠢᠭᠤᠯᠤᠨ᠎ᠠ᠃ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃      ︵ᠭᠤᠷᠪᠠ︶ ︽ᠦᠢᠯᠡᠴᠢᠯᠡᠭᠡ ᠪᠠᠨ ᠰᠠᠶᠢᠵᠢᠷᠠᠭᠤᠯᠵᠤ᠂ ᠠᠮᠢᠵᠢᠷᠠᠯ ᠤᠨ ᠬᠦᠴᠦᠨ ᠢ ᠳᠡᠭᠡᠭᠰᠢᠯᠡᠬᠦᠯᠬᠦ︾᠎ ᠶᠢ ᠪᠠᠷᠢᠮᠳᠠᠯᠠᠨ᠂ ᠠᠷᠠᠯᠵᠢᠶ᠎ᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠦᠨ᠎ᠡ᠃      ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ︽ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ︾᠎ ᠤᠨ ᠬᠠᠷᠢᠭᠤᠴᠠᠯᠭ᠎ᠠ ᠶᠢᠨ ᠲᠥᠷᠢᠮ ᠢ ᠲᠦᠯᠬᠢᠨ ᠠᠬᠢᠭᠤᠯᠬᠤ ᠪᠠ ᠪᠠᠶᠢᠩᠭᠤ ᠶᠢᠨ ᠵᠤᠬᠢᠴᠠᠭᠤᠯᠬᠤ ᠲᠤᠭᠳᠠᠴᠠ ᠶᠢ ᠴᠢᠩᠭ᠎ᠠ ᠨᠠᠶᠢᠳᠠᠪᠦᠷᠢᠵᠢᠭᠤᠯᠤᠨ᠂ ᠠᠵᠢᠯ ᠡᠬᠢᠯᠡᠬᠦ ᠨᠦᠭᠦᠴᠡᠯ ᠵᠢᠴᠢ ᠪᠠᠳᠤᠯᠠᠭ᠎ᠠ ᠶᠢᠨ ᠬᠦᠴᠦᠨ ᠵᠦᠢᠯ ᠢ ᠨᠠᠶᠢᠳᠠᠪᠦᠷᠢᠵᠢᠭᠤᠯᠵᠤ᠂ ᠪᠦᠳᠦᠭᠡᠨ ᠪᠠᠶᠢᠭᠤᠯᠤᠯᠲᠠ ᠎ ᠶᠢᠨ ᠳᠤᠮᠳᠠ ᠲᠣᠯᠭᠠᠷᠠᠭᠰᠠᠨ ᠪᠤᠳᠠᠳᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠲᠥᠷᠦᠯ ᠵᠦᠢᠯ ᠤᠨ ᠪᠠᠶᠢᠭᠤᠯᠤᠯᠲᠠ᠂ ᠦᠢᠯᠡᠳᠪᠦᠷᠢᠯᠡᠯ᠂ ᠦᠷ᠎ᠡ ᠪᠦᠳᠦᠮᠵᠢ ᠵᠡᠷᠭᠡ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠤ᠂ 38 ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 1.67 ᠳ᠋ᠦᠩᠰᠢᠭᠤᠷ ᠲᠦᠬᠦᠷᠢᠭ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ ᠪᠡᠶᠡᠯᠡᠬᠦᠯᠬᠦ ᠶᠢ ᠪᠠᠳᠤᠯᠠᠨ᠎ᠠ᠃ 7 ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠤᠯᠤᠰ ᠠᠴᠠ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠲᠦᠷᠦᠯ ᠵᠦᠢᠯ ᠳᠤ ᠪᠡᠯᠡ ᠤᠷᠤᠭᠤᠯᠬᠤ ᠡᠷᠴᠢᠮ ᠢᠶᠠᠨ ᠨᠡᠮᠡᠭᠳᠡᠬᠦᠯᠬᠦ ᠲᠤᠬᠢᠶᠠᠯ ᠢ ᠴᠢᠩᠭ᠎ᠠ ᠠᠳᠬᠤᠵᠦ᠂ ᠳᠡᠭᠡᠷ᠎ᠡ ᠱᠠᠳᠤᠨ ᠠᠴᠠ ᠲᠦᠷᠦᠯ ᠵᠦᠢᠯ ᠪᠠ ᠪᠡᠯᠡ ᠮᠦᠩᠭᠦ ᠡᠷᠡᠮᠡᠯᠵᠢᠯᠡᠨ ᠤᠯᠬᠤ ᠡᠷᠴᠢᠮ ᠢᠶᠠᠨ ᠴᠢᠩᠭᠠᠳᠬᠠᠵᠤ᠂ ᠡᠳ᠋ ᠤᠨ ᠵᠠᠰᠠᠭ ᠠᠴᠠ ᠲᠦᠷᠦᠯ ᠵᠦᠢᠯ ᠤᠨ ᠪᠠᠶᠢᠭᠤᠯᠤᠯᠳᠡ ᠶᠢ ᠪᠠᠳᠤᠯᠠᠬᠤ ᠠᠵᠢᠯ ᠢ ᠴᠢᠩᠭᠠᠳᠬᠠᠵᠦ᠂ ᠪᠦᠬᠦ ᠵᠢᠯ ᠤᠨ ᠡᠳ᠋ ᠤᠨ ᠵᠠᠰᠠᠭ ᠤᠨ ᠵᠠᠷᠤᠯᠭ᠎ᠠ ᠶᠢ 10 ᠳ᠋ᠦᠩᠰᠢᠭᠤᠷ ᠲᠦᠭᠦᠷᠢᠭ ᠠᠴᠠ ᠲᠠᠪᠠᠭᠤᠯᠬᠤ ᠪᠠᠷ ᠴᠢᠷᠮᠠᠶᠢᠨ᠎ᠠ᠃ ︽ᠠᠷᠪᠠᠨ ᠲᠦᠷᠪᠡᠳᠦᠭᠡᠷ ᠲᠠᠪᠤᠨ ᠵᠢᠯ︾᠎ ᠤᠨ ᠬᠦᠭᠵᠢᠯᠲᠡ ᠶᠢᠨ ᠲᠦᠯᠦᠪᠵᠢᠬᠦᠯᠭᠡ ᠶᠢ ᠬᠢᠨᠠᠮᠠᠭᠠᠢ ᠨᠠᠶᠢᠷᠠᠭᠤᠯᠤᠨ ᠲᠦᠯᠦᠪᠵᠢᠭᠦᠯᠦᠨ᠎ᠡ᠃      ᠠᠷᠠᠯᠵᠢᠶ᠎ᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠦᠨ᠎ᠡ᠃ ︽ᠡᠷᠬᠡ ᠶᠢ ᠳᠤᠷᠤᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠠᠷᠠᠳ ᠲᠤ ᠲᠦᠭᠦᠮ ᠦᠵᠡᠬᠦᠯᠬᠦ ᠲᠢᠩᠭᠢᠮ ᠤᠨ ᠪᠦᠳᠦᠭᠡᠨ ᠪᠠᠶᠢᠭᠤᠯᠤᠯᠳᠡ ᠶᠢ ᠠᠬᠢᠭᠤᠯᠵᠦ᠂ ᠬᠢᠨᠠᠨ ᠵᠥᠪᠰᠢᠶᠡᠷᠡᠬᠦ ᠠᠯᠬᠤᠮ ᠲᠠᠷᠠᠭᠠᠯᠠᠯ ᠢ ᠰᠢᠯᠢᠳᠡᠭᠵᠢᠬᠦᠯᠬᠦ ᠪᠠ ᠡᠯ᠎ᠡ ᠰᠠᠯᠠᠭ᠎ᠠ ᠮᠦᠴᠢᠷ ᠤᠨ ᠵᠡᠷᠭᠡᠪᠡᠷ ᠬᠢᠨᠠᠨ ᠵᠦᠪᠰᠢᠶᠡᠷᠡᠬᠦ ᠠᠵᠢᠯ ᠢ ᠰᠠᠶᠢᠳᠦᠷ ᠠᠳᠬᠤᠵᠦ᠂ ᠬᠢᠨᠠᠨ ᠵᠥᠪᠰᠢᠶᠡᠷᠡᠬᠦ ᠴᠢᠬᠤᠯᠠᠲᠠᠢ ᠨᠡᠩ ᠤᠯᠠᠨ ᠬᠡᠷᠡᠭ ᠶᠠᠪᠤᠳᠠᠯ ᠳᠤ ᠲᠥᠬᠦᠮ ᠳᠦᠲᠡ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠳᠠᠪᠴᠠᠩ ᠤᠨ ᠪᠠᠷᠢᠮᠵᠢᠶᠠᠵᠢᠬᠰᠠᠨ ᠪᠠᠶᠢᠭᠤᠯᠤᠯᠳᠡ ᠶᠢ ᠲᠦᠷᠭᠡᠳᠭᠡᠵᠦ᠂ ᠭᠠᠵᠠᠷ ᠰᠢᠷᠤᠢ ᠶᠢᠨ ᠬᠡᠷᠡᠭᠯᠡᠯᠳᠡ ᠶᠢᠨ ᠡᠷᠭᠡ ᠬᠢᠭᠡᠳ ᠠᠭᠤᠷᠬᠠᠢ ᠶᠢᠨ ᠦᠢᠯᠡᠰ ᠤᠨ ᠡᠷᠬᠡ ᠶᠢ ᠰᠤᠯᠢᠯᠴᠠᠭᠠᠨ ᠤ ᠳᠠᠪᠴᠠᠩ ᠎ ᠳᠤ ᠤᠷᠤᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠡ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢᠨ ᠦᠷ᠎ᠡ ᠪᠦᠳᠦᠬᠡᠯ ᠢ ᠪᠠᠳᠤᠵᠢᠭᠤᠯᠤᠨ᠎ᠠ᠃ ᠬᠤᠳᠠᠯᠳᠤᠭ᠎ᠠ ᠡᠷᠬᠢᠯᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠡᠯ᠎ᠡ ᠲᠥᠷᠦᠯ ᠤᠨ ᠳᠠᠩᠰᠠᠯᠠᠯᠲᠠ ᠶᠢ ᠲᠦᠬᠦᠮᠴᠢᠯᠡᠬᠦ ᠠᠷᠭ᠎ᠠ ᠠᠪᠴᠢᠯ ᠢ ᠨᠠᠶᠢᠳᠠᠪᠦᠷᠢᠵᠢᠭᠤᠯᠤᠨ᠎ᠠ᠃ ᠭᠠᠶᠢᠯᠢ ᠶᠢ ᠬᠦᠩᠭᠡᠷᠡᠬᠦᠯᠦᠨ ᠰᠦᠢᠳᠭᠡᠯ ᠢ  ᠪᠠᠭᠠᠰᠬᠠᠬᠤ ᠦᠷ᠎ᠡ ᠪᠦᠳᠦᠮᠵᠢ ᠶᠢ ᠤᠯᠠᠮ ᠪᠠᠬᠢᠵᠢᠬᠦᠯᠦᠨ᠎ᠡ᠃ ᠬᠠᠤᠯᠢᠵᠢᠭᠰᠠᠨ ᠵᠠᠰᠠᠭ ᠤᠨ ᠣᠷᠳᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠬᠠᠤᠯᠢ ᠴᠠᠭᠠᠵᠡ ᠶᠢᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠵᠦ᠂ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠰᠤᠷᠳᠠᠯᠴᠢᠯᠠᠭ᠎ᠠ ᠶᠢ ᠬᠦᠨᠵᠡᠭᠡᠶᠢᠷᠡᠬᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠠᠪᠴᠢᠯ ᠢᠶᠠᠷ ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ᠂ ᠬᠦᠭᠵᠢᠯᠳᠡ ᠶᠢ ᠠᠬᠢᠭᠤᠯᠬᠤ᠂ ᠵᠦᠷᠢᠴᠡᠯ ᠢ ᠰᠢᠢᠳᠪᠦᠷᠢᠯᠡᠬᠦ᠂ ᠲᠤᠬᠳᠠᠭᠤᠨ ᠎ ᠢ ᠬᠠᠮᠠᠭᠠᠯᠠᠬᠤ᠂ ᠠᠶᠤᠯ ᠲᠦᠭᠰᠢᠬᠦᠷᠢ ᠶᠢ ᠠᠷᠭᠠᠴᠠᠭᠠᠬᠤ ᠴᠢᠳᠠᠪᠦᠷᠢ ᠶᠢ ᠳᠡᠭᠡᠭᠰᠢᠯᠡᠬᠦᠯᠵᠦ᠂ ᠡᠭᠦᠷᠭᠡ ᠬᠠᠷᠢᠭᠤᠴᠠᠯᠭ᠎ᠠ ᠲᠤᠳᠤᠷᠬᠠᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠵᠠᠰᠠᠭ ᠤᠨ ᠤᠷᠳᠤᠨ ᠤ ᠵᠠᠰᠠᠨ ᠴᠡᠭᠴᠡᠯᠡᠯᠲᠡ ᠶᠢᠨ ᠰᠢᠰᠲ᠋ᠧᠮ ᠎ ᠤᠨ ᠪᠠᠶᠢᠭᠤᠯᠤᠯᠳᠡ ᠶᠢ ᠲᠦᠷᠭᠡᠳᠭᠡᠨ᠎ᠡ᠃ ︽ᠬᠦᠪᠡᠭᠡᠲᠦ ᠰᠢᠷ᠎ᠠ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢ ᠲᠡᠮᠵᠢᠬᠦ ᠬᠡᠷᠡᠭᠵᠢᠬᠦᠯᠬᠦ ᠰᠠᠨᠠᠯ︾᠎ ᠢ ᠲᠡᠬᠦᠯᠳᠡᠷᠵᠢᠬᠦᠯᠵᠦ᠂ ᠬᠤᠰᠢᠭᠤ ᠡᠳ᠋ ᠤᠨ ᠵᠠᠰᠠᠭ ᠠᠴᠠ 300 ᠲᠦᠮᠡᠨ ᠲᠦᠬᠦᠷᠢᠭ ᠭᠠᠷᠭᠠᠵᠤ᠂ ᠤᠯᠤᠰ ᠤᠨ ᠦᠮᠴᠢᠯᠡᠯᠲᠦ ᠪᠤᠰᠤ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠳᠤ ᠲᠡᠮᠵᠢᠯᠭᠡ ᠦᠵᠡᠬᠦᠯᠦᠨ᠎ᠡ᠃ ᠪᠠᠷᠢᠮᠵᠢᠶᠠᠵᠢᠭᠰᠠᠨ ᠠᠵᠢᠯ ᠢ ᠴᠢᠩᠭᠠᠳᠬᠠᠵᠤ᠂ ᠲᠠᠸᠠᠷ ᠤᠨ ᠨᠡᠷᠡᠲᠦ ᠲᠡᠮᠳᠡᠭ ᠢ ᠡᠬᠦᠳᠬᠦ ᠎ ᠶᠢ ᠴᠢᠩᠭᠠᠳᠬᠠᠨ᠎ᠠ᠃ ᠭᠠᠶᠢᠯᠢ ᠶᠢ ᠬᠦᠩᠭᠡᠷᠡᠬᠦᠯᠦᠨ ᠰᠦᠢᠳᠭᠡᠯ ᠢ ᠪᠠᠭᠠᠰᠬᠠᠬᠤ ᠵᠢᠴᠢ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠢ ᠲᠡᠮᠵᠢᠬᠦ ᠲᠦᠷᠥ ᠶᠢᠨ ᠪᠤᠳᠤᠯᠭ᠎ᠠ ᠶᠢ ᠬᠦᠨᠵᠡᠭᠡᠢ ᠨᠠᠶᠢᠳᠠᠪᠦᠷᠢᠵᠢᠭᠤᠯᠤᠨ᠎ᠠ᠃ ᠬᠢᠨᠠᠨ ᠬᠠᠮᠢᠶᠠᠷᠬᠤ ᠪᠠᠶᠢᠭᠤᠯᠤᠮᠵᠢ ᠶᠢ ᠲᠡᠬᠦᠯᠳᠡᠷᠵᠢᠬᠦᠯᠵᠦ᠂ ᠬᠠᠷᠢᠯᠴᠠᠨ ᠬᠤᠯᠪᠤᠯᠳᠤᠬᠤ ᠲᠤᠭᠳᠠᠴᠠ ᠶᠢ ᠪᠦᠷᠢᠨᠰᠢᠬᠦᠯᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠦᠴᠢᠷᠳᠡᠯ ᠢ ᠪᠦᠳᠦᠮᠵᠢᠳᠡᠢ ᠰᠢᠢᠳᠪᠦᠷᠢᠯᠡᠨ᠎ᠡ᠃ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠦᠢᠯᠡᠴᠢᠯᠡᠬᠡᠨ ᠤ ᠴᠢᠳᠠᠪᠦᠷᠢ ᠶᠢᠨ ᠪᠠᠶᠢᠭᠤᠯᠤᠯᠳᠡ ᠶᠢ ᠴᠢᠩᠭᠠᠳᠬᠠᠨ᠎ᠠ᠃      ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠪᠦᠬᠦ ᠳᠠᠯ᠎ᠠ ᠪᠠᠷ ᠴᠢᠩᠭᠠᠳᠬᠠᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ ᠤ ᠠᠵᠦ ᠦᠢᠯᠡᠰ ᠤᠨ ᠲᠦᠷᠦ ᠶᠢᠨ ᠪᠤᠳᠤᠯᠭ᠎ᠠ ᠪᠠ ᠪᠡᠯᠡ ᠤᠷᠤᠭᠤᠯᠬᠤ ᠴᠢᠭᠯᠡᠯ ᠢ ᠰᠠᠶᠢᠲᠤᠷ ᠠᠩᠬᠠᠷᠴᠤ᠂ ᠬᠦᠭᠵᠢᠯᠳᠡ ᠶᠢᠨ ᠤᠷᠤᠨ ᠪᠠᠶᠢᠷᠢ᠂ ᠬᠠᠷᠢᠴᠠᠩᠭᠤᠢ ᠳᠠᠪᠠᠭᠤᠯᠢᠭ ᠳᠠᠯ᠎ᠠ ᠪᠠ ᠠᠵᠦ ᠦᠢᠯᠡᠰ ᠤᠨ ᠪᠠᠭᠤᠷᠠᠢ ᠭᠤᠬᠴᠤᠭ᠎ᠠ ᠶᠢ ᠦᠨᠳᠤᠰᠤᠯᠡᠵᠦ᠂ ᠦᠨᠳᠤᠷ ᠴᠢᠨᠰᠠᠭ᠎ᠠ ᠪᠦᠬᠦᠢ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠭᠰᠡᠨ ᠴᠢᠯᠠᠭᠤᠨ ᠮᠠᠲ᠋ᠧᠷᠢᠶᠠᠯ᠂ ᠴᠢᠯᠠᠭᠤᠨ ᠲᠤᠰᠤ᠂ ᠨᠡᠭᠦᠷᠡᠰᠦ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠤᠷᠠᠭᠤᠯᠬᠤ ᠪᠠ ᠰᠤᠶᠤᠯ ᠵᠢᠭᠤᠯᠴᠢᠯᠡᠯ᠂ ᠬᠠᠳᠠᠭᠤ ᠪᠡᠶᠡᠳᠦ ᠬᠠᠶᠠᠬᠳᠠᠮᠠᠯ ᠪᠤᠳᠠᠰ ᠤᠨ ᠶᠡᠷᠦᠩᠭᠡᠶᠢᠯᠡᠭᠰᠡᠨ ᠠᠰᠢᠬᠯᠠᠯᠳᠡ᠂ ᠶᠡᠭᠡ ᠳ᠋ᠠᠶᠢᠲ᠋ᠠ ᠶᠢᠨ ᠬᠠᠳᠠᠭᠠᠯᠠᠯᠳᠡ ᠵᠢᠴᠢ ᠴᠠᠬᠢᠯᠭᠠᠨ ᠬᠦᠴᠦᠨ ᠤ ᠠᠵᠦ ᠦᠢᠯᠡᠰ ᠎ ᠤᠨ ᠲᠦᠷᠦᠯ ᠵᠦᠢᠯ ᠢ ᠤᠷᠢᠵᠦ ᠤᠷᠤᠭᠤᠯᠤᠨ᠎ᠠ᠃ ᠮᠤᠩᠭᠤᠯ᠂ ᠤᠷᠤᠰ ᠵᠡᠷᠭᠡ ᠤᠯᠤᠰ ᠤᠷᠤᠨ ᠯᠤᠭ᠎ᠠ ᠠᠷᠠᠯᠵᠢᠶ᠎ᠠ ᠬᠤᠳᠠᠯᠳᠤᠭᠠᠨ ᠤ ᠬᠠᠮᠳᠤᠷᠠᠯᠴᠠᠭ᠎ᠠ ᠶᠢ ᠦᠷᠬᠦᠯᠵᠢᠯᠡᠨ ᠦᠷᠭᠡᠳᠭᠡᠵᠦ᠂ ᠤᠯᠤᠰ ᠤᠨ ᠭᠤᠤᠯᠳᠠᠯᠭ᠎ᠠ ᠲᠠᠢ ᠨᠡᠬᠡᠬᠡᠨ ᠬᠦᠭᠵᠢᠬᠦᠯᠬᠦ ᠲᠤᠷᠰᠢᠯᠳᠡ ᠶᠢᠨ ᠣᠷᠤᠨ ᠡᠷᠢᠶᠡᠨ ᠬᠤᠲᠠ ᠯᠤᠭ᠎ᠠ ᠢᠳᠡᠪᠬᠢᠳᠠᠢ ᠬᠠᠮᠳᠤᠷᠠᠯᠴᠠᠨ᠎ᠠ᠃      ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠡ ᠶᠢᠨ ᠬᠠᠮᠢᠶᠠᠷᠤᠯᠳᠡ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ︽ᠭᠤᠷᠪᠠ ᠶᠢ ᠨᠢᠭᠡ ᠴᠤᠭᠴᠠᠵᠢᠭᠤᠯᠬᠤ︾ ᠪᠦᠳᠦᠭᠡᠨ ᠪᠠᠶᠢᠭᠤᠯᠤᠯᠳᠡ ᠶᠢᠨ ᠤᠬᠠᠭᠳᠠᠬᠤᠨ ᠢ ᠲᠤᠪᠤᠶᠢᠯᠭᠠᠵᠦ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠡ ᠶᠢᠨ ᠬᠠᠮᠢᠶᠠᠷᠤᠯᠳᠡ ᠶᠢ ᠳᠡᠰ ᠳᠡᠪᠰᠢᠬᠦᠯᠦᠨ ᠴᠢᠩᠭᠠᠳᠬᠠᠬᠤ ᠭᠤᠷᠪᠡᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠬᠡᠷᠡᠭᠵᠢᠬᠦᠯᠵᠦ᠂ ︽ᠨᠢᠬᠡ ᠬᠦᠷᠢᠶᠡᠯᠡᠩ᠂ ᠬᠤᠶᠠᠷ ᠪᠦᠰᠡ᠂ ᠭᠤᠷᠪᠡᠨ ᠭᠤᠯᠳᠦ᠂ ᠲᠠᠪᠤᠨ ᠬᠦᠨᠳᠡᠯᠡᠨ︾᠎ ᠤ ᠪᠠᠶᠢᠭᠤᠯᠤᠯᠳᠡ ᠶᠢ ᠳᠡᠬᠦᠯᠳᠡᠷᠵᠢᠬᠦᠯᠦᠨ᠎ᠡ᠃ ᠭᠤᠷᠪᠠᠳᠤᠭᠠᠷ ᠤᠰᠤᠨ ᠰᠤᠷᠪᠤᠯᠵᠢ ᠶᠢᠨ ᠤᠷᠤᠨ ᠤ ᠤᠰᠤ ᠶᠢ ᠴᠡᠪᠡᠷᠰᠢᠬᠦᠯᠬᠦ ᠦᠢᠯᠡᠳᠪᠦᠷᠢ ᠵᠢᠴᠢ ᠳᠠᠮᠵᠢᠭᠤᠯᠬᠤ ᠬᠤᠭᠤᠯᠠᠢ ᠶᠢᠨ ᠲᠤᠤᠷ ᠢ ᠦᠭᠡᠷᠡᠴᠢᠯᠡᠬᠦ᠂ ᠪᠣᠬᠢᠷᠳᠤᠯ ᠤᠰᠤᠨ ᠤ ᠭᠠᠳᠠᠬᠰᠢᠯᠠᠭᠤᠯᠤᠯᠳᠡ ᠶᠢ ᠶᠡᠷᠦᠩᠭᠡᠶᠢᠯᠡᠨ ᠠᠰᠢᠬᠯᠠᠬᠤ ᠪᠠ ᠪᠤᠵᠠᠷ ᠤᠰᠤᠨ ᠤ ᠦᠢᠯᠡᠳᠪᠦᠷᠢ ᠶᠢᠨ ᠮᠡᠷᠭᠡᠵᠢᠯ ᠤᠨ ᠦᠭᠡᠷᠡᠴᠢᠯᠡᠯᠳᠡ ᠶᠢᠨ ᠢᠨᠵᠧᠨᠧᠷᠢᠩ ᠢ ᠬᠡᠷᠡᠭᠵᠢᠬᠦᠯᠵᠦ᠂ PPP ᠲᠦᠷᠦᠯ ᠵᠦᠢᠯ ᠤᠨ ᠡᠵᠡᠩᠨᠡᠨ ᠬᠠᠮᠢᠶᠠᠷᠤᠯᠲᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠭᠤᠷᠪᠡᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠰᠠᠶᠢᠳᠦᠷ ᠨᠠᠶᠢᠳᠠᠪᠦᠷᠢᠵᠢᠭᠤᠯᠵᠦ᠂ ᠠᠵᠦ ᠦᠢᠯᠡᠳᠪᠦᠷᠢ ᠶᠢᠨ ᠲᠤᠭᠤᠷᠢᠭ ᠤᠨ ᠡᠷᠬᠢᠯᠳᠡᠳᠦ ᠠᠰᠢᠭᠯᠠᠯᠳᠠ ᠶᠢᠨ ᠦᠬᠡᠷᠡᠴᠢᠯᠡᠯᠳᠡ ᠶᠢ ᠠᠬᠢᠭᠤᠯᠤᠨ᠂ ᠠᠵᠦ ᠦᠢᠯᠡᠳᠪᠦᠷᠢ ᠶᠢᠨ ᠲᠤᠭᠤᠷᠢᠭ ᠤᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠡ ᠶᠢ ᠳᠡᠬᠦᠯᠳᠡᠷᠵᠢᠬᠦᠯᠵᠦ᠂ ᠬᠦᠷᠢᠶᠡᠯᠡᠩ ᠲᠤᠭᠤᠷᠢᠭ ᠤᠨ ᠲᠠᠭᠠᠭᠠᠴᠠ ᠪᠠ ᠪᠠᠭᠳᠠᠭᠠᠮᠵᠢ ᠶᠢᠨ ᠴᠢᠳᠠᠪᠦᠷᠢ ᠶᠢ ᠳᠡᠭᠡᠭᠰᠢᠯᠡᠬᠦᠯᠦᠨ᠎ᠡ᠃ ᠬᠤᠳᠠ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠦᠯᠳᠡ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠡ ᠶᠢ ᠴᠢᠩᠭᠠᠳᠬᠠᠵᠦ᠂ ᠬᠤᠲᠠ ᠪᠠᠯᠭᠠᠰᠤᠨ ᠤ ᠣᠷᠴᠢᠨ ᠲᠤᠭᠤᠷᠢᠨ ᠤ ᠮᠠᠰᠢᠨᠴᠢᠯᠠᠭᠰᠠᠨ ᠴᠡᠪᠡᠷᠯᠡᠭᠡᠨ ᠤ ᠨᠣᠷᠮ᠎ᠠ ᠶᠢ ᠯᠠᠪᠳᠠᠭᠤᠨ ᠲᠡᠭᠡᠭᠰᠢᠯᠡᠬᠦᠯᠵᠦ᠂ ᠰᠢᠯᠢ ᠶᠢᠨ ᠭᠤᠤᠯ ᠠᠶᠢᠮᠠᠭ ᠤᠨ ᠠᠳᠠᠯ ᠦᠢᠯᠡᠰ ᠤᠨ ᠤᠶᠤᠨᠴᠢ ᠬᠢᠨᠠᠨ ᠬᠠᠮᠢᠶᠠᠷᠤᠯᠳᠡ ᠶᠢᠨ ᠳᠠᠪᠴᠠᠩ ᠢ ᠪᠦᠬᠦ ᠲᠠᠯ᠎ᠠ ᠪᠠᠷ ᠲᠦᠭᠡᠮᠡᠯᠵᠢᠬᠦᠯᠦᠨ ᠠᠰᠢᠭᠯᠠᠵᠤ᠂ ᠬᠤᠳᠠ ᠪᠠᠯᠭᠠᠰᠤᠨ ᠤ ᠨᠠᠷᠢᠯᠢᠬᠵᠢᠬᠰᠠᠨ ᠬᠠᠮᠢᠶᠠᠷᠤᠯᠳᠡ ᠶᠢᠨ ᠲᠦᠪᠰᠢᠨ ᠎ ᠢ ᠳᠠᠰᠤᠷᠠᠯᠳᠡ ᠦᠬᠡᠢ ᠲᠡᠭᠡᠭᠰᠢᠯᠡᠬᠦᠯᠦᠨ᠎ᠡ᠃      ︵ᠲᠥᠷᠪᠡ︶ ︽ᠰᠠᠭᠤᠷᠢ ᠶᠢ ᠪᠠᠲᠤᠳᠬᠠᠨ᠂ ᠬᠦᠭᠵᠢᠯᠲᠡ ᠶᠢ ᠨᠢᠭᠡᠳᠦᠯᠲᠡᠢ ᠲᠦᠯᠦᠪᠵᠢᠬᠦᠯᠬᠦ︾᠎ ᠶᠢ ᠪᠠᠷᠢᠮᠳᠠᠯᠠᠵᠤ᠂ ᠬᠥᠳᠡᠭᠡ ᠲᠤᠰᠬᠤᠨ ᠮᠠᠯᠵᠢᠬᠤ ᠤᠷᠤᠨ ᠢ ᠴᠡᠴᠡᠭᠯᠡᠬᠦᠯᠦᠨ ᠬᠦᠭᠵᠢᠬᠦᠯᠬᠦ ᠶᠢ ᠠᠬᠢᠭᠤᠯᠤᠨ᠎ᠠ᠃      ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠬᠤᠨᠢ ᠶᠢ ᠴᠦᠭᠡᠴᠢᠯᠡᠨ ᠦᠬᠡᠷ ᠢ ᠨᠡᠮᠡᠭᠳᠡᠬᠦᠯᠵᠦ᠂ ᠴᠢᠨᠠᠷ ᠶᠢ ᠳᠡᠭᠡᠭᠰᠢᠯᠡᠭᠦᠯᠵᠤ ᠤᠷᠤᠯᠭ᠎ᠠ ᠎ ᠶᠢ ᠨᠡᠮᠡᠭᠳᠡᠬᠦᠯᠬᠦ︾᠎ ᠶᠢ ᠭᠦᠨᠵᠡᠭᠡᠢ ᠨᠠᠶᠢᠳᠠᠪᠤᠷᠢᠵᠢᠭᠤᠯᠵᠤ᠂ ᠴᠠᠬᠠᠷ ᠬᠤᠨᠢ᠂ ᠴᠠᠭᠠᠨ ᠢᠳᠡᠭᠡᠨ ᠤ ᠦᠢᠯᠡᠰ ᠤᠨ ᠨᠡᠷ᠎ᠡ ᠲᠡᠮᠳᠡᠭ ᠢ ᠡᠬᠦᠳᠬᠦ ᠶᠢ ᠲᠦᠯᠬᠢᠨ ᠠᠬᠢᠭᠤᠯᠵᠤ᠂ ᠮᠠᠯ ᠲᠡᠵᠢᠭᠡᠪᠦᠷᠢ ᠶᠢᠨ ᠪᠥᠲᠦᠴᠡ ᠶᠢ ᠰᠢᠯᠢᠳᠡᠭᠵᠢᠬᠦᠯᠵᠦ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠤᠶᠤᠨᠴᠢᠯᠠᠭᠰᠠᠨ ᠠᠮᠢ ᠠᠬᠤᠢ ᠶᠢᠨ ᠬᠥᠭᠵᠢᠯᠲᠡ ᠶᠢᠨ ᠬᠡᠪ ᠵᠠᠭᠪᠤᠷ ᠢ ᠪᠠᠳᠤᠳᠬᠠᠨ᠎ᠠ᠃ ᠮᠠᠯᠵᠢᠬᠤ ᠤᠷᠤᠨ ᠤ ᠬᠤᠷᠰᠢᠶᠠᠵᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ ᠳᠡᠳᠬᠦᠨ ᠬᠥᠭᠵᠢᠭᠦᠯᠵᠦ᠂ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ ᠶᠢ ᠨᠡᠮᠡᠭᠳᠡᠭᠦᠯᠦᠨ᠂ ᠮᠢᠬᠠᠨ ᠤ ᠦᠬᠡᠷ ᠤᠨ ᠮᠠᠯᠵᠢᠯ ᠎ ᠤᠨ ᠬᠡᠪᠴᠢᠶ᠎ᠡ ᠶᠢ ᠥᠷᠭᠡᠳᠬᠡᠵᠦ᠂ ᠴᠠᠬᠠᠷ ᠬᠤᠨᠢᠨ ᠤ ᠦᠢᠯᠡᠰ ᠢ ᠲᠤᠭᠲᠠᠭᠤᠨ ᠢᠶᠠᠷ ᠬᠥᠭᠵᠢᠭᠦᠯᠦᠨ᠎ᠡ᠃ ᠪᠠᠷᠢᠮᠵᠢᠶᠠᠨ ᠳᠤ ᠨᠠᠶᠢᠴᠡᠭᠰᠡᠨ ᠬᠡᠪᠴᠢᠶᠡᠵᠢᠭᠰᠡᠨ ᠮᠠᠯᠵᠢᠯ ᠤᠨ ᠲᠠᠯᠠᠪᠠᠢ᠂ ᠭᠡᠷ ᠪᠥᠯᠢ ᠶᠢᠨ ᠮᠠᠯᠵᠢᠯ ᠤᠨ ᠲᠠᠯᠠᠪᠠᠢ ᠪᠠ ᠰᠢᠯᠢᠳᠡᠭ ᠡᠭᠦᠯᠳᠡᠷ ᠢ ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠵᠣ᠂ ᠮᠢᠬᠠᠨ ᠤ ᠦᠬᠡᠷ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠮᠡᠷᠭᠡᠵᠢᠯ ᠢ ᠲᠦᠭᠡᠮᠡᠯᠵᠢᠬᠦᠯᠵᠦ᠂ ᠭᠤᠣᠯᠳᠠᠯᠭᠠᠲᠤ ᠰᠦᠷᠦᠭ ᠤᠨ ᠪᠠᠶᠢᠭᠤᠯᠤᠯᠲᠠ ᠪᠠ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠷᠤᠭᠤᠯᠬᠤ ᠠᠵᠢᠯ ᠢ ᠰᠠᠶᠢᠲᠤᠷ ᠠᠳᠬᠤᠨ᠂ ᠲᠤᠭ᠎ᠠ ᠲᠤᠯᠤᠭᠠᠢ ᠶᠢ 3.5 ᠲᠦᠮᠡ ᠳᠤ ᠬᠦᠷᠭᠡᠵᠦ᠂ ᠪᠤᠷᠳᠤᠨ ᠲᠠᠷᠭᠤᠯᠠᠭᠤᠯᠬᠤ ᠶᠢ ᠵᠤᠷᠢᠭᠵᠢᠭᠤᠯᠤᠨ᠎ᠠ᠃ ︽ᠰᠢᠯᠢ ᠶᠢᠨ ᠭᠤᠤᠯ ᠤᠨ ᠬᠤᠨᠢ — ᠳᠤᠮᠳᠠᠳᠤ ᠤᠯᠤᠰ ᠤᠨ ᠤᠨᠴᠠᠯᠢᠭᠲᠤ ᠲᠠᠷᠢᠶᠠᠯᠠᠩ ᠤᠨ ᠪᠥᠲᠦᠭᠡᠭᠳᠡᠭᠦᠨ ᠤ ᠳᠠᠪᠠᠭᠤᠯᠢᠭ ᠪᠥᠰᠡ︾᠎ ᠶᠢ ᠪᠥᠲᠦᠭᠡᠨ ᠪᠠᠶᠢᠭᠤᠯᠬᠤ ᠱᠠᠭᠠᠷᠳᠠᠯᠭ᠎ᠠ ᠎ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠴᠠᠬᠠᠷ ᠬᠤᠨᠢᠨ ᠤ ᠤᠯᠤᠰ ᠤᠨ ᠳᠡᠰ ᠤᠨ ᠦᠷ᠎ᠡ ᠶᠢᠨ ᠮᠠᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭᠠᠲᠤ ᠰᠦᠷᠦᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠴᠠᠬᠠᠷ ᠬᠤᠨᠢ ᠶᠢ 20 ᠲᠥᠮᠡᠨ ᠲᠤᠯᠤᠭᠠᠢ ᠳᠤ ᠬᠦᠷᠭᠡᠵᠦ᠂ ︽ᠴᠠᠬᠠᠷ ᠬᠤᠨᠢᠨ ᠤ ᠮᠢᠬ᠎ᠠ︾᠎ ᠶᠢᠨ ᠤᠯᠤᠰ ᠤᠨ ᠳᠡᠰ ᠤᠨ ᠭᠠᠵᠠᠷ ᠤᠷᠤᠨ ᠤ ᠬᠠᠮᠠᠭᠠᠯᠠᠯᠲᠠ ᠶᠢᠨ ᠪᠥᠲᠦᠭᠡᠭᠳᠡᠭᠦᠨ ᠤ ᠨᠡᠷᠡᠲᠦ ᠲᠡᠮᠳᠡᠭ ᠤᠨ ᠴᠢᠳᠠᠪᠬᠢ ᠶᠢ ᠭᠦᠢᠴᠡᠳ ᠪᠠᠳᠠᠷᠠᠭᠤᠯᠤᠨ᠎ᠠ᠃ ︽ᠪᠡᠯᠴᠢᠭᠡᠷᠯᠡᠭᠦᠯᠬᠦ + ᠲᠡᠵᠢᠭᠡᠯ ᠨᠦᠭᠦᠪᠦᠷᠢᠯᠡᠬᠦ︾᠎ ᠪᠠᠷ ᠳᠠᠮᠵᠢᠨ ᠤᠷᠢᠳᠴᠢᠯᠠᠨ ᠵᠠᠷᠤᠴᠠᠭᠤᠯᠬᠤ ᠠᠵᠢᠯ ᠢ ᠠᠬᠢᠭᠤᠯᠵᠤ᠂ ᠮᠠᠯᠴᠢᠨ ᠡᠷᠦᠬᠡ ᠪᠠ ᠠᠵᠤ ᠠᠬᠤᠶᠢᠯᠠᠯ ᠤᠨ ᠠᠰᠢᠭ ᠳᠤᠰᠠ ᠶᠢᠨ ᠬᠤᠯᠪᠤᠭᠠᠯᠠᠯ ᠤᠨ ᠳᠤᠭᠲᠠᠴᠠ ᠶᠢ ᠪᠠᠲᠤᠳᠬᠠᠨ᠂ ︽ᠲᠡᠵᠢᠭᠡᠨ ᠦᠷᠡᠵᠢᠭᠦᠯᠬᠦ︾ ᠪᠠ ︽ᠡᠳ᠋ᠰᠢᠭᠦᠯᠬᠦ︾᠎ ᠶᠢᠨ ᠬᠤᠭᠤᠷᠤᠨᠳᠦᠬᠢ ᠵᠦᠷᠢᠴᠡᠯ ᠎ ᠢ ᠰᠢᠢᠳᠪᠦᠷᠢᠯᠡᠵᠦ᠂ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠬᠦᠪᠡᠭᠡᠲᠦ ᠰᠢᠷ᠎ᠠ ᠬᠤᠰᠢᠭᠤᠨ ᠤ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠲᠠᠪᠤᠨ ᠵᠢᠯ ᠤᠨ ᠬᠦᠭᠵᠢᠯᠲᠡ ᠶᠢᠨ ᠲᠦᠯᠦᠪᠵᠢᠬᠦᠯᠭᠡ︾᠎ ᠶᠢ ᠨᠠᠶᠢᠷᠠᠭᠤᠯᠤᠨ ᠲᠦᠯᠦᠪᠵᠢᠬᠦᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠨᠢᠭᠡᠳᠦᠯᠲᠠᠢ ᠲᠦᠯᠦᠪᠵᠢᠬᠦᠯᠬᠦ ᠬᠦᠭᠵᠢᠯᠲᠡ ᠶᠢ ᠪᠠᠷᠢᠮᠲᠠᠯᠠᠨ᠂ ᠭᠡᠷ ᠪᠦᠯᠢ ᠶᠢᠨ ᠦᠢᠯᠡᠳᠬᠡᠯ ᠤᠨ ᠬᠤᠯᠪᠤᠭᠠᠯᠠᠨ ᠡᠵᠡᠩᠨᠡᠬᠦ ᠵᠠᠭᠪᠤᠷ ᠢ ᠬᠡᠷᠡᠭᠵᠢᠬᠦᠯᠦᠨ᠂ ︽ᠲᠦᠷᠪᠡᠨ ᠨᠢᠭᠡᠳᠦᠯᠳᠡᠢ︾ ᠪᠠᠶᠢᠬᠤ ᠶᠢ ᠪᠡᠶᠡᠯᠡᠬᠦᠯᠵᠦ᠂ ᠰᠢᠯᠢᠳᠡᠭ ᠡᠬᠦᠯᠳᠡᠷ ᠤᠨ ᠰᠠᠭᠠᠯᠢ ᠶᠢᠨ ᠦᠨᠢᠶ᠎ᠡ ᠶᠢ ᠭᠠᠳᠠᠨ᠎ᠠ ᠠᠴᠠ ᠤᠷᠤᠭᠤᠯᠬᠤ ᠪᠠ ᠲᠡᠵᠢᠭᠡᠨ ᠦᠷᠡᠵᠢᠬᠦᠯᠬᠦ ᠬᠦᠴᠦᠯᠡᠴᠡ ᠪᠠᠨ ᠨᠡᠮᠡᠭᠳᠡᠬᠦᠯᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ 8 ᠳ᠋ᠤᠭᠠᠷ ᠰᠠᠷ᠎ᠠ ᠳᠤ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠲᠡᠸᠠᠷ ᠤᠨ ᠲᠡᠮᠳᠡᠭ ᠤᠨ ᠳᠠᠩᠰᠠᠯᠠᠬᠤ ᠠᠬᠢᠴᠠ ᠶᠢ ᠲᠦᠷᠭᠡᠳᠬᠡᠨ᠂ ᠡᠯᠧᠺᠲᠷᠤᠨ ᠬᠤᠳᠠᠯᠳᠤᠭ᠎ᠠ᠂ ᠪᠤᠳᠠᠰ ᠤᠨ ᠬᠦᠢᠯᠭᠡᠭᠡᠨ ᠤ ᠬᠤᠯᠪᠤᠭᠠᠰᠤ ᠶᠢ ᠶᠡᠬᠡᠪᠡᠷ ᠬᠦᠭᠵᠢᠬᠦᠯᠵᠦ᠂ ᠰᠢᠯᠢ ᠶᠢᠨ ᠭᠤᠣᠯ ᠠᠶᠢᠮᠠᠭ ᠤᠨ ᠴᠠᠭᠠᠨ ᠢᠳᠡᠭᠡᠨ ᠤ ᠨᠡᠷ᠎ᠡ ᠲᠡᠮᠳᠡᠭ ᠢ ᠡᠬᠦᠳᠴᠤ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠡᠷᠡᠬᠦᠯ ᠬᠦᠭᠵᠢᠯᠲᠡ ᠶᠢ ᠠᠬᠢᠭᠤᠯᠤᠨ᠎ᠠ᠃      ᠵᠤᠬᠢᠮᠵᠢᠲᠠᠢ ᠬᠡᠪᠴᠢᠶᠡᠵᠢᠭᠰᠡᠨ ᠡᠵᠡᠩᠨᠡᠯᠲᠡ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠲᠠᠭᠠᠭᠠᠴᠢᠯᠠᠯᠲᠠ ᠎ ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ᠂ ᠨᠤᠲᠤᠭ ᠪᠡᠯᠴᠢᠭᠡᠷ ᠢ ᠰᠢᠯᠵᠢᠬᠦᠯᠬᠦ ᠳᠠᠪᠴᠠᠩ ᠤᠨ ᠪᠥᠲᠦᠭᠡᠨ ᠪᠠᠶᠢᠭᠤᠯᠤᠯᠲᠠ ᠵᠡᠷᠭᠡ ᠲᠤᠷᠰᠢᠯᠲᠠ ᠶᠢᠨ ᠴᠢᠭ ᠤᠨ ᠦᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠵᠠᠬᠢᠶᠠᠯᠠᠭ᠎ᠠ ᠶᠢᠨ ᠬᠠᠮᠲᠤᠷᠠᠯᠴᠠᠭ᠎ᠠ᠂ ᠨᠤᠲᠤᠭ ᠪᠡᠯᠴᠢᠭᠡᠷ ᠢ ᠰᠢᠯᠵᠢᠭᠦᠯᠦᠨ ᠡᠵᠡᠩᠨᠡᠬᠦ᠂ ᠬᠤᠪᠢ ᠤᠷᠤᠭᠤᠯᠤᠨ ᠠᠰᠢᠭ ᠤᠷᠤᠯᠭ᠎ᠠ ᠬᠤᠪᠢᠶᠠᠯᠴᠠᠬᠤ ᠵᠡᠷᠭᠡ ᠤᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠶᠢ ᠲᠥᠭᠡᠮᠡᠯᠵᠢᠭᠦᠯᠦᠨ᠂ ᠵᠤᠬᠢᠮᠵᠢᠲᠠᠢ ᠬᠡᠪᠴᠢᠶᠡᠵᠢᠭᠰᠡᠨ ᠡᠵᠡᠩᠨᠡᠯᠲᠡ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠭᠠᠮᠰᠢᠭ ᠢ ᠰᠡᠷᠭᠡᠶᠢᠯᠡᠨ ᠬᠤᠷᠢᠭᠯᠠᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠮᠠᠯᠵᠢᠬᠤ ᠦᠢᠯᠡᠳᠪᠦᠷᠢᠯᠡᠯ ᠤᠨ ᠪᠠᠲᠤᠯᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠴᠢᠩᠭᠠᠳᠬᠠᠨ᠎ᠠ᠃      ᠰᠠᠭᠤᠷᠢ ᠪᠥᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 3 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠠᠨ ᠲᠤᠯᠠᠭᠠᠨ ᠫᠧᠩ᠂ 3 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠫᠧᠩ᠂ 1000 ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠡ ᠪᠠᠷ ᠪᠠᠶᠢᠭᠤᠯᠤᠨ᠎ᠠ᠃ 100 ᠲᠥᠮᠡᠨ ᠮᠦ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢᠨ ᠭᠠᠷᠤᠯᠲᠠ ᠶᠢ ᠨᠡᠮᠡᠭᠳᠡᠬᠦᠯᠵᠦ᠂ ᠰᠤᠩᠭᠤᠨ ᠪᠤᠶᠢᠵᠢᠭᠤᠯᠤᠭᠰᠠᠨ ᠦᠷ᠎ᠡ ᠪᠥᠲᠦᠭᠡᠯ ᠢ ᠬᠠᠮᠠᠭᠠᠯᠠᠨ᠎ᠠ᠃ ᠮᠠᠯᠵᠢᠬᠤ ᠤᠷᠤᠨ ᠤ ᠤᠤᠭᠤᠬᠤ ᠤᠰᠤ ᠶᠢ ᠪᠠᠲᠤᠯᠠᠬᠤ ᠢᠨᠵᠧᠨᠧᠷᠢᠩ ᠢ ᠬᠡᠷᠡᠭᠵᠢᠭᠦᠯᠵᠦ᠂ 80 ᠬᠤᠳᠳᠤᠭ ᠢ ᠰᠢᠨ᠎ᠡ ᠪᠠᠷ ᠮᠠᠯᠳᠠᠵᠤ᠂ ᠲᠦᠬᠡᠭᠡᠯ ᠤᠰᠤᠨ ᠤ ᠢᠨᠵᠧᠨᠧᠷᠢᠩ ᠢ 9᠎ ᠶᠢ ᠰᠢᠨ᠎ᠡ ᠪᠠᠷ ᠪᠠᠶᠢᠭᠤᠯᠵᠤ᠂ 300 ᠢᠵᠢ ᠤᠰᠤ ᠴᠡᠪᠡᠷᠰᠢᠬᠦᠯᠬᠦ ᠮᠠᠰᠢᠨ ᠤᠭᠰᠠᠷᠠᠵᠤ᠂ 956 ᠬᠦᠮᠦᠨ ᠤ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠃ 84 ᠺᠢᠯᠤᠮᠧᠲᠷ ᠲᠠᠷᠢᠶᠠᠯᠠᠩ ᠤᠨ ᠴᠠᠬᠢᠯᠭᠠᠨ ᠬᠦᠴᠦᠨ ᠤ ᠲᠤᠤᠷᠵᠢᠭᠤᠯᠤᠯᠲᠠ ᠶᠢᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠮᠠᠯᠵᠢᠬᠤ ᠤᠷᠤᠨ ᠳᠤ 72 ᠺᠢᠯᠤᠮᠧᠲᠷ ᠵᠠᠰᠠᠮᠠᠯ ᠵᠠᠮ ᠵᠠᠰᠠᠵᠤ᠂ ᠬᠠᠮᠢᠶᠠᠷᠤᠨ ᠠᠷᠠᠴᠢᠯᠠᠬᠤ ᠬᠦᠴᠦᠯᠡᠴᠡ ᠪᠠᠨ ᠨᠡᠮᠡᠭᠳᠡᠬᠦᠯᠵᠦ᠂ ︽ᠲᠦᠷᠪᠡᠨ ᠰᠠᠶᠢᠨᠲᠠᠢ ᠬᠦᠳᠡᠭᠡ ᠲᠤᠰᠬᠤᠨ ᠤ ᠵᠠᠮ︾᠎ ᠤᠨ ᠵᠢᠱᠢᠶ᠎ᠡ ᠦᠵᠡᠬᠦᠯᠬᠦ ᠬᠤᠰᠢᠭᠤ ᠰᠢᠶᠠᠨ ᠪᠣᠯᠬᠤ ᠪᠠᠷ ᠴᠢᠷᠮᠠᠶᠢᠨ᠎ᠠ᠃ ᠮᠠᠯᠵᠢᠬᠤ ᠤᠷᠤᠨ ᠤ 98 ᠡᠷᠦᠬᠡ ᠶᠢᠨ ᠪᠠᠷᠢᠮᠵᠢᠶᠠᠨ ᠳᠤ ᠬᠦᠷᠬᠦ ᠦᠬᠡᠢ ᠭᠡᠷ ᠪᠠᠶᠢᠰᠢᠩ ᠢ ᠦᠭᠡᠷᠡᠴᠢᠯᠡᠨ ᠵᠠᠰᠠᠨ᠎ᠠ᠃      ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠭᠠᠨ᠎ᠠ᠃ ᠮᠠᠯᠵᠢᠬᠤ ᠤᠷᠤᠨ ᠤ ᠡᠷᠡᠬᠦᠯ ᠬᠠᠮᠠᠭᠠᠯᠠᠯ᠂ ᠰᠤᠶᠤᠯ᠂ ᠲᠠᠮᠢᠷ᠂ ᠨᠡᠶᠢᠭᠡᠮ ᠤᠨ ᠠᠰᠠᠷᠠᠮᠵᠢ ᠶᠢᠨ ᠦᠢᠯᠡᠰ ᠢ ᠨᠢᠭᠡᠳᠦᠯᠲᠠᠢ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠮᠠᠯᠵᠢᠬᠤ ᠤᠷᠤᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠬᠢᠭᠡᠳ ᠡᠮᠴᠢᠯᠡᠭᠡᠨ ᠤ ᠲᠠᠭᠠᠳᠬᠠᠯ ᠤᠨ ᠬᠠᠮᠤᠷᠬᠤ ᠨᠤᠷᠮ᠎ᠠ ᠶᠢ ᠦᠷᠬᠦᠯᠵᠢᠯᠡᠨ ᠲᠡᠭᠡᠭᠰᠢᠯᠡᠬᠦᠯᠵᠦ᠂ ᠮᠠᠯᠴᠢᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠤᠯᠠᠮ ᠨᠡᠮᠡᠭᠳᠡᠬᠦᠯᠦᠨ᠎ᠡ᠃      ︵ᠲᠠᠪᠤ︶ ︽ᠭᠤᠤᠯᠳᠠᠯᠭ᠎ᠠ ᠶᠢ ᠠᠳᠬᠤᠨ᠂ ᠳᠤᠲᠠᠭᠳᠠᠯ ᠢᠶᠠᠨ ᠨᠥᠬᠦᠪᠦᠷᠢᠯᠡᠬᠦ︾᠎ ᠶᠢ ᠪᠠᠷᠢᠮᠲᠠᠯᠠᠵᠤ᠂ ᠠᠵᠤ ᠦᠢᠯᠡᠰ ᠤᠨ ᠳᠡᠰ ᠳᠡᠪᠰᠢᠭᠦ ᠶᠢ ᠠᠬᠢᠭᠤᠯᠤᠨ᠎ᠠ᠃      ᠠᠵᠤ ᠦᠢᠯᠡᠳᠪᠦᠷᠢ ᠶᠢ ᠰᠢᠯᠢᠳᠡᠭᠵᠢᠬᠦᠯᠦᠨ ᠳᠡᠰ ᠳᠡᠪᠰᠢᠬᠦ ᠶᠢ ᠠᠬᠢᠭᠤᠯᠤᠨ᠎ᠠ᠃ ᠱᠧᠨ ᠨᠧᠩ᠂ ᠳ᠋ᠠ ᠲᠠᠩ᠂ ᠱᠧᠩ ᠱᠢ ᠰᠢᠨ ᠶᠤᠸᠠᠨ᠂ ᠰᠢᠶᠧ ᠰᠢᠨ ᠵᠡᠷᠭᠡ ᠲᠦᠷᠪᠡᠨ ᠦᠨᠳᠦᠷ ᠬᠦᠴᠦᠳᠡᠯᠲᠦ ᠢᠵᠢ ᠪᠦᠷᠢᠳᠦᠭᠰᠡᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠦᠯ ᠵᠦᠢᠯ ᠤᠨ ᠲᠤᠤᠷ ᠳᠤ ᠨᠠᠶᠢᠯᠡᠬᠦᠯᠦᠨ ᠴᠠᠬᠢᠯᠭᠠᠨ ᠭᠠᠷᠭᠠᠬᠤ ᠶᠢ ᠪᠠᠳᠤᠯᠠᠵᠤ᠂ ᠵᠠᠭᠤᠨ ᠲᠦᠮᠡᠨ ᠺᠢᠯᠤᠸᠠᠲ ᠶᠢᠨ ᠴᠡᠪᠡᠷ ᠡᠨᠧᠷᠬᠢ ᠶᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ 4.3 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠨ᠎ᠠ᠃ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠡᠰᠡᠭ ᠤᠨ ᠳᠠᠴᠢᠷᠰᠢᠭᠰᠠᠨ ᠤᠷᠤᠨ ᠤ ᠮᠢᠩᠭᠠᠨ ᠲᠥᠮᠡᠨ ᠺᠢᠯᠤᠸᠠᠲ ᠶᠢᠨ ᠳᠡᠰ ᠤᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠶᠢ ᠬᠠᠮᠲᠤ ᠪᠠᠷ ᠬᠥᠭᠵᠢᠭᠦᠯᠬᠦ ᠵᠢᠱᠢᠶ᠎ᠠ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ  ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠪᠡᠶᠡᠯᠡᠭᠦᠯᠦᠨ᠎ᠡ᠃ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢ ᠨᠢᠭᠡᠳᠬᠡᠵᠦ᠂ ᠨᠡᠭᠡᠭᠡᠨ ᠠᠰᠢᠭᠯᠠᠬᠤ ᠠᠭᠤᠷᠬᠠᠢ ᠶᠢᠨ ᠲᠤᠭ᠎ᠠ ᠶᠢ ᠪᠠᠭᠠᠰᠬᠠᠵᠤ᠂ ᠴᠢᠯᠠᠭᠤᠨ ᠨᠤᠨᠳᠠᠭ ᠢ ᠶᠡᠷᠦᠩᠬᠡᠶᠢᠯᠡᠨ ᠠᠰᠢᠭᠯᠠᠬᠤ ᠲᠦᠷᠥᠯ ᠵᠦᠢᠯ ᠢ ᠲᠦᠷᠭᠡᠳᠬᠡᠨ᠂ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠪᠤᠬᠢᠷᠳᠤᠯ ᠦᠬᠡᠢ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ︽ᠳᠤᠮᠳᠠᠳᠤ ᠤᠯᠤᠰ ᠤᠨ ᠤᠮᠠᠷᠠᠳᠤ ᠶᠢᠨ ᠴᠢᠯᠠᠭᠤᠨ ᠮᠠᠲ᠋ᠧᠷᠢᠶᠠᠯ ᠤᠨ ᠦᠯᠦᠭᠡᠢ︾᠎ ᠶᠢᠨ ᠨᠡᠷ᠎ᠡ ᠲᠡᠮᠳᠡᠭ ᠢ ᠤᠯᠠᠮ  ᠠᠯᠳᠠᠷᠰᠢᠭᠤᠯᠵᠤ᠂ 195 ᠲᠦᠮᠡᠨ ᠲᠡᠭᠰᠢ ᠲᠥᠷᠪᠡᠯᠵᠢᠨ ᠮᠧᠲᠷ ᠴᠢᠯᠠᠭᠤᠨ ᠬᠠᠪᠲᠠᠰᠤ ᠶᠢ ᠪᠤᠯᠪᠠᠰᠤᠷᠠᠭᠤᠯᠤᠨ᠎ᠠ᠃ ᠨᠡᠭᠦᠷᠡᠰᠦᠨ ᠤ ᠦᠢᠯᠡᠰ ᠤᠨ ᠦᠢᠯᠡᠳᠪᠦᠷᠢᠯᠡᠯ ᠤᠨ ᠳᠤᠭᠲᠠᠭᠤᠨ ᠢ ᠪᠠᠲᠤᠯᠠᠨ᠂ 60 ᠲᠥᠮᠡᠨ ᠲᠤᠨ ᠨᠡᠭᠦᠷᠡᠰᠦ ᠦᠢᠯᠡᠳᠪᠦᠷᠢᠯᠡᠵᠦ᠂ ᠨᠡᠭᠦᠷᠠᠰᠤᠨ ᠨᠤᠨᠳᠠᠭ ᠢ ᠬᠠᠳᠠᠭᠠᠬᠤ᠂ ᠨᠡᠭᠦᠷᠡᠰᠦᠨ ᠴᠢᠯᠠᠭᠤ ᠪᠠᠷ ᠲᠤᠭᠤᠰᠬ᠎ᠠ ᠰᠢᠳᠠᠭᠠᠬᠤ ᠵᠡᠷᠭᠡ ᠨᠡᠭᠦᠷᠡᠰᠦᠨ ᠤ ᠠᠵᠤ ᠦᠢᠯᠡᠰ ᠤᠨ ᠬᠡᠯᠬᠢᠶᠡᠰᠦ ᠶᠢ ᠤᠷᠳᠤᠳᠬᠠᠬᠤ ᠲᠥᠷᠥᠯ ᠵᠦᠢᠯ ᠢ ᠢᠳᠡᠪᠬᠢᠲᠠᠢ ᠠᠬᠢᠭᠤᠯᠤᠨ᠎ᠠ᠃ 2 ᠲᠦᠮᠡᠨ ᠲᠤᠨ ᠴᠢᠯᠠᠭᠤᠨ ᠲᠤᠰᠤ ᠦᠢᠯᠡᠳᠪᠦᠷᠢᠯᠡᠵᠤ᠂ ᠨᠢᠩ ᠮᠧᠩ ᠴᠢᠯᠠᠭᠤᠨ ᠲᠤᠰᠤ ᠬᠢᠮᠢ ᠶᠢᠨ ᠦᠢᠯᠡᠳᠪᠦᠷᠢ ᠎ ᠶᠢᠨ ᠦᠢᠯᠡᠳᠪᠦᠷᠢᠯᠡᠯ ᠢ ᠡᠬᠢᠯᠡᠬᠦᠯᠬᠦ ᠪᠠᠷ ᠴᠢᠷᠮᠠᠶᠢᠨ᠎ᠠ᠃ ᠮᠧᠩ ᠶᠢᠨ ᠠᠭᠤᠷᠬᠠᠢ ᠶᠢᠨ ᠦᠢᠯᠡᠰ ᠤᠨ ᠺᠤᠮᠫᠠᠨᠢ ᠶᠢᠨ ᠨᠢᠤᠪᠢ ᠲᠠᠨᠲ᠋ᠠᠯ ᠤᠨ ᠬᠦᠳᠡᠷ ᠢ ᠨᠡᠭᠡᠭᠡᠨ ᠠᠰᠢᠭᠯᠠᠬᠤ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠲᠡᠮᠦᠷᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠭᠦᠯᠬᠦ ᠠᠵᠢᠯ ᠢ ᠰᠠᠶᠢᠲᠤᠷ ᠬᠢᠨ᠎ᠡ᠃ ᠮᠢᠬᠠᠨ ᠤ ᠵᠦᠢᠯᠡᠰ ᠢ ᠬᠢᠨᠠᠨ ᠰᠢᠯᠭᠠᠬᠤ ᠦᠢᠯᠡᠴᠢᠯᠡᠭᠡᠨ ᠤ ᠲᠠᠪᠴᠠᠩ ᠤᠨ ᠲᠦᠷᠥᠯ ᠵᠦᠢᠯ ᠢ ᠬᠡᠷᠡᠭᠵᠢᠬᠦᠯᠦᠨ᠎ᠡ᠃ ᠵᠢᠯ ᠤᠨ ᠳᠤᠲᠤᠷ᠎ᠠ 2 ᠠᠵᠤ ᠠᠬᠤᠶᠢᠯᠠᠯ ᠤᠨ ᠳᠡᠰ ᠳᠡᠪᠰᠢᠬᠦ ᠶᠢ ᠪᠡᠶᠡᠯᠡᠬᠦᠯᠬᠦ ᠪᠠᠷ ᠴᠢᠷᠮᠠᠶᠢᠨ᠎ᠠ᠃      ᠰᠤᠶᠤᠯ ᠵᠢᠭᠤᠯᠴᠢᠯᠠᠯ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠵᠠᠩ ᠦᠢᠯᠡ ᠶᠢᠨ ᠵᠢᠭᠤᠯᠴᠢᠯᠠᠯ ᠤᠨ ᠪᠥᠲᠦᠭᠡᠭᠳᠡᠭᠦᠨ ᠤ ᠵᠡᠭᠡᠯᠢ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠶᠠᠩᠬᠢᠷᠸ᠎ᠠ ᠶᠢᠨ ᠦᠵᠡᠮᠵᠢ ᠶᠢᠨ ᠤᠷᠤᠨ᠂ ᠠᠰᠤᠷᠤ ᠠᠶᠠᠯᠭᠤ ᠵᠠᠩ ᠦᠢᠯᠡ ᠶᠢᠨ ᠬᠦᠷᠢᠶᠡᠯᠡᠩ᠂ ᠰᠤᠷᠤᠨ᠎ᠠ ᠵᠤᠰᠠᠯᠠᠩ ᠢ ᠳᠡᠰ ᠳᠡᠪᠰᠢᠭᠦᠯᠦᠨ᠂ ᠮᠤᠩᠭᠤᠯ ᠦᠨᠳᠤᠰᠤᠳᠠᠨ ᠤ ᠰᠤᠶᠤᠯ ᠪᠠ ᠴᠠᠬᠠᠷ ᠰᠤᠶᠤᠯ ᠤᠨ ᠤᠨᠴᠠᠯᠢᠭ ᠢ ᠳᠤᠪᠤᠶᠢᠯᠭᠠᠨ᠂ ︽ᠲᠦᠮᠡᠨ ᠭᠠᠵᠠᠷ ᠤᠨ ᠴᠠᠢ ᠶᠢᠨ ᠵᠠᠮ︾᠂ ︽ᠴᠢᠭᠤᠯᠤᠯᠲᠤ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾ ᠪᠠ ᠥᠷᠲᠡᠭᠡᠨ ᠰᠣᠶᠤᠯ ᠵᠡᠷᠭᠡ ᠲᠡᠦᠬᠡᠨ ᠰᠣᠶᠣᠯ ᠢ ᠬᠦᠨᠵᠡᠭᠡᠢ ᠠᠭᠤᠳᠠᠯᠯᠠᠵᠤ᠂ ᠴᠠᠬᠠᠷ ᠮᠦᠽᠸᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠳ᠋ᠤᠺᠲ᠋ᠤᠷ ᠤᠨ ᠥᠯᠦᠭᠡᠢ︾᠎ ᠶᠢᠨ ᠰᠠᠶᠢᠬᠠᠨ ᠠᠯᠳᠠᠷ ᠢ ᠠᠯᠳᠠᠷᠰᠢᠭᠤᠯᠵᠤ᠂ ᠰᠤᠶᠤᠯ ᠰᠤᠷᠭᠠᠨ ᠬᠦᠮᠦᠵᠢᠯ ᠵᠢᠭᠤᠯᠴᠢᠯᠠᠯ  ᠨᠢᠭᠲᠠ ᠤᠶᠠᠯᠳᠤᠭᠰᠠᠨ ᠬᠥᠭᠵᠢᠯᠲᠡ ᠶᠢ ᠠᠬᠢᠭᠤᠯᠤᠨ᠎ᠠ᠃ ᠵᠢᠭᠤᠯᠴᠢᠯᠠᠯ ᠤᠨ ᠵᠠᠮ ᠱᠤᠭᠤᠮ᠂ ᠦᠵᠡᠮᠵᠢ ᠶᠢᠨ ᠤᠷᠤᠨ ᠤ ᠲᠥᠬᠦᠭᠡᠷᠦᠮᠵᠢ᠂ ᠵᠢᠭᠤᠯᠴᠢᠯᠠᠭᠰᠠᠳ ᠎ ᠲᠤ ᠦᠢᠯᠡᠴᠢᠯᠡᠬᠦ ᠲᠥᠪ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠵᠠᠭᠤᠴᠢᠯᠠᠭᠤᠷ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠢᠭᠤᠯᠴᠢᠯᠠᠭᠰᠠᠳ ᠢ ᠬᠦᠯᠢᠶᠡᠨ ᠠᠪᠬᠤ ᠴᠢᠳᠠᠪᠬᠢ ᠶᠢ ᠳᠡᠭᠡᠭᠰᠢᠯᠡᠭᠦᠯᠵᠦ᠂ ︽ᠲᠤᠷᠭᠠᠨ ᠨᠤᠲᠤᠭ ᠬᠥᠪᠡᠭᠡᠲᠦ ᠰᠢᠷ᠎ᠠ ᠬᠤᠰᠢᠭᠤ — ᠠᠰᠤᠷᠤ ᠠᠶᠠᠯᠭᠤ ᠶᠢᠨ ᠥᠯᠦᠭᠡᠢ︾᠎ ᠶᠢᠨ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ ᠦᠷᠭᠦᠯᠵᠢᠯᠡᠨ ᠴᠤᠭᠴᠠᠯᠠᠨ ᠪᠠᠶᠢᠭᠤᠯᠤᠨ᠎ᠠ᠃      ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢᠨ ᠴᠢᠨᠠᠷ ᠴᠢᠨᠰᠠᠭᠠᠨ ᠤ ᠳᠡᠭᠡᠭᠰᠢᠯᠡᠯᠲᠡ ᠎ ᠶᠢ ᠲᠦᠯᠬᠢᠨ ᠠᠬᠢᠭᠤᠯᠤᠨ᠎ᠠ᠃ ᠪᠤᠳᠠᠰ ᠤᠨ ᠭᠦᠢᠯᠭᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠨᠡᠶᠢᠲᠡ ᠎ ᠶᠢᠨ ᠬᠡᠷᠡᠭᠯᠡᠭᠡᠨ ᠤ ᠨᠢᠰᠭᠡᠯ ᠤᠨ ᠪᠠᠭᠤᠲᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠭᠠᠳᠠᠭᠠᠳᠤ ᠬᠠᠷᠢᠯᠴᠠᠭᠠᠨ ᠎ ᠠᠴᠠ ᠰᠢᠯᠲᠠᠭᠠᠯᠠᠭᠳᠠᠭᠰᠠᠨ ᠬᠡᠷᠡᠭᠯᠡᠭᠡᠨ ᠤ ᠨᠡᠮᠡᠭᠳᠡᠯ ᠢ ᠠᠬᠢᠭᠤᠯᠤᠨ᠎ᠠ᠃ ᠲᠤᠭᠠᠴᠢᠯᠠᠭᠰᠠᠨ ᠠᠵᠤ ᠠᠬᠤᠢ ᠶᠢ ᠬᠦᠭᠵᠢᠬᠦᠯᠵᠦ᠂ ᠬᠦᠢᠲᠡᠨ ᠢᠶᠠᠷ ᠬᠦᠮᠦᠷᠭᠡᠯᠡᠨ ᠵᠥᠭᠡᠭᠡᠪᠦᠷᠢᠯᠡᠬᠦ ᠦᠢᠯᠡᠰ ᠪᠠ ᠴᠠᠭᠠᠨ ᠢᠳᠡᠭᠡᠨ᠂ ᠴᠠᠬᠠᠷ ᠬᠤᠨᠢᠨ ᠤ ᠮᠢᠬ᠎ᠠ ᠵᠡᠷᠭᠡ ᠨᠤᠲᠤᠭ ᠤᠨ ᠤᠨᠴᠠ ᠭᠠᠷᠤᠯᠲᠠ ᠶᠢᠨ ᠡᠯᠧᠺᠲᠷᠤᠨ ᠬᠤᠳᠠᠯᠳᠤᠭ᠎ᠠ ᠶᠢ ᠡᠭᠦᠳᠦᠨ ᠬᠥᠭᠵᠢᠭᠦᠯᠦᠨ᠎ᠡ᠃ ᠲᠠᠷᠢᠶᠠᠯᠠᠩ ᠤᠨ ᠪᠥᠲᠦᠭᠡᠭᠳᠡᠭᠦᠨ ᠤ ᠰᠤᠯᠢᠯᠴᠠᠭᠠᠨ ᠤ ᠵᠠᠬ᠎ᠠ ᠶᠢ ᠳᠦᠷᠢᠮᠵᠢᠭᠦᠯᠦᠨ ᠪᠠᠶᠢᠭᠤᠯᠵᠤ᠂ ᠬᠤᠳᠠᠯᠳᠤᠭᠠᠨ ᠤ ᠵᠡᠭᠡᠯᠢ ᠶᠢᠨ ᠬᠥᠭᠵᠢᠯᠲᠡ ᠶᠢ ᠲᠡᠳᠬᠦᠵᠦ᠂ ᠪᠤᠳᠠᠰ ᠤᠨ ᠬᠡᠷᠡᠭᠯᠡᠭᠡ ᠶᠢ ᠥᠷᠭᠡᠳᠬᠡᠨ᠎ᠡ᠃ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠬᠥᠭᠵᠢᠭᠦᠯᠵᠦ᠂ ᠨᠢᠰᠭᠡᠭᠴᠢ ᠶᠢᠨ ᠪᠤᠯᠪᠠᠰᠤᠷᠠᠯ᠂ ᠠᠰᠠᠭᠤᠨ ᠰᠤᠷᠪᠤᠯᠵᠢᠯᠠᠭ᠎ᠠ᠂ ᠴᠢᠨᠠᠷ ᠴᠢᠨᠰᠠᠭᠠᠨ ᠤ ᠬᠢᠨᠠᠨ ᠪᠠᠶᠢᠴᠠᠭᠠᠯᠲᠠ᠂ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠵᠡᠷᠭᠡ ᠥᠨᠳᠦᠷ ᠳᠡᠰ ᠤᠨ ᠦᠢᠯᠡᠴᠢᠯᠡᠭᠡᠨ ᠤ ᠦᠢᠯᠡᠰ ᠢ ᠢᠳᠡᠪᠬᠢᠲᠠᠢ ᠭᠥᠭᠵᠢᠭᠦᠯᠵᠦ᠂ ᠰᠠᠭᠤᠭᠠᠯᠢ ᠠᠷᠠᠳ ᠤᠨ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠪᠠ ᠤᠷᠤᠨ ᠰᠠᠭᠤᠴᠠ ᠎ ᠶᠢᠨ ᠦᠢᠯᠡᠴᠢᠯᠡᠭᠡᠨ ᠤ ᠳᠥᠪᠰᠢᠨ ᠢ ᠳᠡᠭᠡᠭᠰᠢᠯᠡᠭᠦᠯᠦᠨ᠎ᠡ᠃ ᠵᠤᠴᠢᠳ ᠤᠨ ᠪᠠᠭᠤᠳᠠᠯ᠂ ᠬᠤᠳᠠᠯᠳᠤᠭ᠎ᠠ ᠴᠢᠯᠦᠭᠡᠲᠤ ᠳᠡᠯᠭᠡᠭᠦᠷ᠂ ᠵᠢᠵᠢᠭᠯᠡᠨ ᠪᠤᠷᠤᠯᠠᠭᠤᠯᠬᠤ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠳᠡᠰ ᠳᠡᠪᠰᠢᠯᠲᠡ ᠶᠢ ᠦᠷᠭᠦᠯᠵᠢᠯᠡᠨ ᠠᠬᠢᠭᠤᠯᠤᠨ᠎ᠠ᠃      ︵ᠵᠢᠷᠭᠤᠭ᠎ᠠ︶ ︽ᠲᠥᠷᠢᠮ ᠢ ᠲᠡᠬᠦᠯᠳᠡᠷᠵᠢᠬᠦᠯᠵᠦ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ︾᠎ ᠶᠢ ᠪᠠᠷᠢᠮᠳᠠᠯᠠᠵᠤ  ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ᠲᠥᠷᠢᠮ ᠤᠨ ᠬᠢᠵᠠᠭᠠᠷᠯᠠᠯ ᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢᠨ ᠣᠷᠤᠨ ᠵᠠᠢ ᠶᠢᠨ ᠶᠡᠷᠦᠩᠬᠡᠢ ᠲᠦᠯᠦᠪᠵᠢᠬᠦᠯᠭᠡ ᠶᠢ ᠬᠢᠨᠠᠮᠠᠭᠠᠢ ᠨᠠᠶᠢᠷᠠᠭᠤᠯᠤᠨ ᠵᠤᠬᠢᠶᠠᠵᠤ᠂ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠨᠡᠭᠡᠭᠡᠨ ᠬᠠᠮᠠᠭᠠᠯᠠᠬᠤ ︽ᠵᠢᠷᠤᠭ︾᠎ ᠢ ᠵᠢᠯ ᠤᠨ ᠡᠴᠦᠰ ᠠᠴᠠ ᠡᠮᠦᠨ᠎ᠡ ᠲᠤᠭᠳᠠᠭᠠᠨ᠋᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢ ᠨᠡᠭᠡᠭᠡᠨ ᠬᠦᠭᠵᠢᠬᠦᠯᠬᠦ ᠵᠠᠭᠠᠭ ᠤᠨ ᠭᠤᠷᠪᠠᠨ ᠵᠤᠷᠪᠤᠰ ᠡᠵᠡᠮᠳᠡᠬᠦ ᠱᠤᠭᠤᠮ ᠢ ᠴᠢᠩᠭ᠎ᠠ ᠰᠠᠬᠢᠨ᠎ᠠ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠦᠬᠦᠪᠦᠷᠢᠯᠡᠬᠦ ᠲᠥᠷᠦ ᠶᠢᠨ ᠪᠤᠳᠤᠯᠭ᠎ᠠ ᠬᠢᠭᠡᠳ ᠱᠠᠳᠤᠴᠢ ᠴᠢᠨᠠᠷᠲᠠᠢ ᠪᠡᠯᠴᠢᠭᠡᠷᠯᠡᠬᠦᠯᠬᠦ ᠶᠢ ᠵᠤᠭᠰᠤᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠵᠡᠷᠭᠡ ᠲᠥᠷᠢᠮ ᠢ ᠪᠦᠬᠦ ᠲᠠᠯ᠎ᠠ ᠪᠠᠷ ᠰᠠᠶᠢᠲᠤᠷ ᠨᠠᠶᠢᠳᠠᠪᠦᠷᠢᠵᠢᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠬᠦ ᠠᠵᠢᠯ ᠢ ᠰᠠᠶᠢᠲᠤᠷ ᠪᠡᠶᠡᠯᠡᠬᠦᠯᠵᠦ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠪᠤᠯᠤᠨ ᠱᠠᠩᠨᠠᠵᠤ ᠨᠦᠭᠦᠪᠦᠷᠢᠯᠡᠬᠦ ᠪᠡᠯᠡ ᠮᠦᠩᠬᠦ ᠶᠢ ᠲᠠᠷᠬᠠᠭᠠᠬᠤ ᠠᠵᠢᠯ ᠢ ᠴᠢᠩᠭ᠎ᠠ ᠬᠡᠷᠡᠭᠵᠢᠬᠦᠯᠦᠨ᠎ᠡ᠃ ᠪᠦᠬᠦ ᠬᠤᠰᠢᠭᠤᠨ ᠤ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠎ ᠤᠨ ᠠᠮᠢ ᠠᠬᠤᠢ ᠶᠢᠨ ᠱᠠᠩᠨᠠᠵᠤ ᠨᠦᠭᠦᠪᠦᠷᠢᠯᠡᠬᠦ ᠲᠦᠷᠥ ᠶᠢᠨ ᠪᠤᠳᠤᠯᠭ᠎ᠠ ᠶᠢᠨ ᠬᠡᠷᠡᠭᠵᠢᠬᠦᠯᠬᠦ ᠲᠦᠰᠦᠯ ᠢ ᠰᠤᠳᠤᠯᠤᠨ ᠲᠤᠭᠳᠠᠭᠠᠨ᠎ᠠ᠃ ᠠᠮᠢ ᠠᠬᠤᠢ ᠤᠷᠴᠢᠨ ᠲᠤᠭᠤᠷᠢᠨ ᠤ ᠡᠪᠳᠡᠭᠳᠡᠯ ᠢ ᠢᠯᠡᠴᠢᠯᠡᠨ ᠮᠡᠳᠡᠬᠦᠯᠬᠦ ᠶᠢ ᠱᠠᠩᠨᠠᠵᠤ ᠬᠦᠬᠢᠬᠦᠯᠬᠦ ᠲᠥᠷᠢᠮ ᠲᠤᠭᠳᠠᠭᠠᠯ ᠢ ᠬᠡᠷᠡᠭᠵᠢᠬᠦᠯᠦᠨ᠂ ᠬᠤᠯᠪᠤᠭᠠᠯᠠᠭᠰᠠᠨ ᠬᠠᠤᠯᠢ ᠬᠡᠷᠡᠭᠵᠢᠬᠦᠯᠦᠯᠲᠡ ᠶᠢᠨ ᠬᠢᠨᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠤᠭᠤᠷᠢᠨ ᠢ ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠵᠤ ᠰᠢᠢᠳᠭᠡᠨ᠎ᠡ᠃      ᠰᠡᠷᠭᠦᠬᠡᠨ ᠵᠠᠰᠠᠬᠤ ᠠᠵᠢᠯ ᠢ ᠦᠷᠬᠦᠯᠵᠢᠯᠡᠨ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠡᠷᠢᠶᠠᠯᠠᠩ ᠤᠨ ᠦᠢᠯᠡᠰ ᠢ ᠶᠡᠷᠦᠩᠬᠡᠶᠢᠯᠡᠨ ᠨᠡᠭᠡᠭᠡᠨ ᠬᠦᠭᠵᠢᠬᠦᠯᠬᠦ᠂ ᠪᠠᠭ᠎ᠠ ᠤᠷᠤᠰᠬᠠᠯ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠵᠦ᠂ ᠡᠯᠡᠰᠦᠷᠭᠡᠭ ᠭᠠᠵᠠᠷ ᠤᠨ ᠭᠤᠣᠯᠳᠠᠯᠭ᠎ᠠ ᠲᠠᠢ ᠬᠦᠨᠦᠬᠡᠯᠲᠦ ᠤᠷᠤᠨ ᠢ ᠲᠤᠰᠬᠠᠢ ᠲᠥᠷᠦᠯ ᠢᠶᠠᠷ ᠵᠠᠰᠠᠬᠤ ᠶᠢ ᠲᠦᠷᠭᠡᠳᠭᠡᠨ ᠠᠬᠢᠭᠤᠯᠤᠨ᠎ᠠ᠃ ᠮᠠᠯᠵᠢᠬᠤ ᠤᠷᠤᠨ ᠤ ᠣᠷᠣᠰᠢᠨ ᠠᠮᠢᠳᠤᠷᠠᠬᠤ ᠣᠷᠴᠢᠨ ᠲᠤᠭᠤᠷᠢᠨ ᠢ ᠵᠠᠰᠠᠨ ᠴᠡᠭᠴᠡᠯᠡᠬᠦ ᠭᠤᠷᠪᠡᠨ ᠵᠢᠯ ᠤᠨ ᠠᠵᠢᠯᠯᠠᠭᠠᠨ ᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠦᠨ᠂ ᠮᠠᠯ ᠵᠢᠭᠦᠷᠲᠡᠨ ᠤ ᠢᠯᠭᠠᠳᠠᠰᠤᠨ ᠤ ᠪᠤᠬᠢᠷᠳᠤᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 75%᠎ ᠠᠴᠠ ᠲᠡᠭᠡᠭᠰᠢ ᠪᠤᠯᠭᠠᠵᠤ᠂ ᠮᠠᠯᠵᠢᠬᠤ ᠣᠷᠤᠨ ᠤ 265 ᠡᠷᠦᠬᠡ ᠶᠢᠨ ᠵᠤᠷᠯᠤᠩ ᠢ ᠵᠠᠰᠠᠵᠤ ᠦᠭᠡᠷᠡᠴᠢᠯᠡᠨ᠂ ᠪᠠᠶᠠᠨᠲᠠᠯ᠎ᠠ ᠪᠠᠯᠭᠠᠰᠤ᠂ ᠤᠩᠭᠤᠨ ᠠᠭᠤᠯᠠ ᠰᠤᠮᠤ᠂ ᠪᠤᠭᠳᠠ ᠶᠢᠨ ᠭᠤᠣᠯ ᠰᠣᠮᠤᠨ ᠤ ᠠᠮᠢᠳᠤᠷᠠᠯ ᠤᠨ ᠬᠤᠭ ᠨᠤᠪᠰᠢ ᠶᠢ ᠴᠡᠪᠡᠷᠯᠡᠬᠦ ᠲᠦᠭᠦᠬᠡᠷᠦᠮᠵᠢ ᠶᠢ ᠠᠰᠢᠭᠯᠠᠯᠲᠠ ᠳᠤ ᠤᠷᠤᠭᠤᠯᠬᠤ ᠶᠢ ᠪᠠᠳᠤᠯᠠᠵᠤ᠂ ᠠᠭᠤᠷᠬᠠᠢ ᠶᠢᠨ ᠣᠷᠴᠢᠨ ᠲᠤᠭᠤᠷᠢᠨ ᠤ ᠵᠠᠰᠠᠯᠲᠠ ᠪᠠ ᠪᠤᠬᠢᠷᠳᠤᠯ ᠦᠬᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      ︵ᠳᠤᠯᠤᠭ᠎ᠠ︶ ︽ᠴᠢᠳᠠᠯ ᠤᠨ ᠢᠶᠠᠨ ᠬᠢᠷᠢ ᠪᠠᠷ ᠬᠢᠵᠦ᠂ ᠳᠤᠲᠠᠭᠳᠠᠯ ᠢᠶᠠᠨ ᠨᠦᠬᠦᠪᠦᠷᠢᠯᠡᠬᠦ︾᠎ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠭᠦᠯᠦᠨ᠎ᠡ᠃ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠰᠠᠭᠤᠷᠢ ᠲᠦᠭᠦᠭᠡᠷᠦᠮᠵᠢ ᠶᠢ ᠨᠦᠬᠦᠪᠦᠷᠢᠯᠡᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠲᠤᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠣᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠲᠥᠷᠦᠯ ᠵᠦᠢᠯ ᠢ ᠪᠡᠶᠡᠯᠡᠬᠦᠯᠵᠦ᠂ ᠪᠤᠭᠳᠠ ᠶᠢᠨ ᠭᠤᠤᠯ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠤᠷᠤᠭᠤᠯᠤᠨ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠲᠦᠯᠬᠢᠨ ᠠᠬᠢᠭᠤᠯᠤᠨ᠎ᠠ᠃ ᠬᠤᠶᠠᠳᠤᠭᠠᠷ ᠤᠳᠠᠭᠠᠨ ᠤ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠦᠬᠦ ᠲᠠᠯ᠎ᠡ ᠪᠠᠷ ᠨᠡᠶᠢᠲᠡᠪᠦᠷᠢᠵᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠪᠠᠭᠰᠢ ᠶᠢᠨ ᠬᠡᠪ ᠰᠤᠷᠲᠠᠯ ᠢ ᠴᠢᠩᠭᠠᠳᠬᠠᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠦᠰᠦᠨ ᠡᠬᠦᠷᠭᠡ ᠶᠢ ᠨᠠᠶᠢᠳᠠᠪᠦᠷᠢᠵᠢᠭᠤᠯᠵᠤ᠂ ᠰᠤᠷᠤᠭᠴᠢᠳ ᠎ ᠤᠨ ᠶᠤᠰᠤ ᠮᠤᠷᠠᠯ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠦᠳᠡᠯᠮᠦᠷᠢ ᠵᠡᠷᠭᠡ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠤᠨ᠎ᠠ᠃      ᠠᠵᠢᠯ ᠤᠯᠭᠤᠯᠲᠠ ᠶᠢ ᠲᠤᠭᠳᠠᠭᠤᠨ ᠪᠠᠶᠢᠯᠭᠠᠬᠤ ᠪᠠ ᠦᠷᠭᠡᠳᠬᠡᠬᠦ ᠶᠢ ᠪᠠᠳᠤᠯᠠᠨ᠎ᠠ᠃ ᠠᠵᠢᠯ ᠤᠯᠭᠤᠯᠲᠠ ᠶᠢ ᠲᠤᠭᠳᠠᠭᠤᠨ ᠪᠠᠶᠢᠯᠭᠠᠬᠤ ᠶᠢ ᠴᠢᠬᠤᠯᠠᠴᠢᠯᠠᠵᠤ᠂ ︽ᠠᠵᠢᠯ ᠤᠯᠭᠤᠯᠲᠠ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠎ ᠳᠤ ᠦᠢᠯᠡᠴᠢᠯᠡᠬᠦ︾ ᠬᠠᠷᠠᠯᠲᠠ ᠶᠤᠰᠤᠭᠠᠷ᠂ ᠦᠢᠯᠡᠰ ᠪᠤᠰᠬᠠᠬᠤ ᠶᠢ ᠲᠡᠳᠭᠦᠨ ᠳᠡᠮᠵᠢᠬᠦ᠂ ᠮᠡᠷᠭᠡᠵᠢᠯ ᠤᠨ ᠴᠢᠳᠠᠪᠦᠷᠢ ᠎ ᠶᠢ ᠳᠡᠭᠡᠭᠰᠢᠯᠡᠭᠦᠯᠬᠦ᠂ ᠠᠵᠢᠯ ᠤᠨ ᠪᠠᠶᠢᠷᠢ ᠶᠢ ᠲᠣᠭᠳᠠᠪᠦᠷᠢᠵᠢᠭᠤᠯᠤᠨ ᠦᠷᠭᠡᠳᠭᠡᠬᠦ ᠵᠡᠷᠭᠡ ᠠᠷᠭ᠎ᠠ ᠬᠡᠮᠵᠢᠶ᠎ᠡ ᠶᠢ ᠨᠡᠶᠢᠲᠡᠪᠦᠷᠢᠵᠢᠭᠤᠯᠵᠦ᠂ ᠨᠠᠶᠢᠲᠠ ᠤᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ᠂ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ 1200 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ‌‍ᠲ᠋ᠠᠷᠬᠠᠭᠠᠨ᠂ 400 ᠬᠦᠮᠦᠨ ᠤᠳᠠᠭ᠎ᠠ ᠪᠤᠯᠪᠠᠰᠤᠷᠠᠭᠤᠯᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.2%᠎ ᠤᠨ ᠳᠤᠲᠤᠷ᠎ᠠ ᠬᠢᠵᠠᠭᠠᠷᠯᠠᠨ᠎ᠠ᠃ ᠬᠦᠯᠦᠰᠦᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃      ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠬᠦᠳᠡᠭᠡ ᠎ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠨᠤᠷᠮ᠎ᠠ ᠶᠢ ᠤᠯᠠᠮ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢ ᠲᠡᠭᠦᠯᠲᠡᠷᠵᠢᠭᠦᠯᠦᠨ᠎ᠡ᠃ ᠠᠪᠤᠷᠠᠨ ᠲᠤᠰᠠᠯᠠᠬᠤ ᠨᠡᠶᠢᠭᠡᠮ ᠤᠨ ᠡᠬᠢ ᠪᠠᠶᠠᠯᠢᠭ ᠢ ᠨᠢᠭᠡᠲᠤᠯᠲᠡᠢ ᠲᠦᠯᠦᠪᠯᠡᠬᠦ ᠶᠢ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠦᠷᠠᠯ ᠢ ᠪᠠᠲᠤᠯᠠᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠦᠯ ᠤᠨ ᠠᠰᠠᠷᠠᠨ ᠲᠡᠳᠬᠦᠬᠦ ᠪᠠᠷᠢᠮᠵᠢᠶ᠎ᠠ ᠶᠢ 5% ᠎ ᠪᠠᠷ ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠠ ᠶᠢᠨ ᠣᠩᠭᠤᠨ ᠪᠠ ᠤᠷᠤᠰᠢᠭᠤᠯᠭ᠎ᠠ ᠎ ᠶᠢᠨ ᠭᠠᠵᠠᠷ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠮᠡᠭᠲᠡᠶᠢᠴᠦᠳ᠂ ᠬᠡᠤᠭᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃  ᠨᠠᠰᠤᠳᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠵᠡᠷᠭᠡ ᠠᠵᠢᠯ ᠢ ᠳᠡᠮᠵᠢᠨ᠎ᠡ᠃ ᠨᠡᠰᠤᠵᠢᠯ ᠤᠨ ᠦᠢᠯᠡᠴᠢᠯᠡᠭᠡᠨ ᠤ 12349 ᠲᠡᠪᠴᠠᠩ ᠤᠨ ᠪᠦᠲᠤᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠪᠬᠢ ᠶᠢ ᠲᠡᠭᠡᠭᠰᠢᠯᠡᠬᠦᠯᠦᠨ᠎ᠡ᠃ ᠳᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠎ ᠶᠢᠨ ᠠᠵᠢᠯ ᠢ ᠰᠠᠶᠢᠲᠤᠷ ᠬᠢᠨ᠎ᠡ᠃      ᠤᠷᠤᠰᠢᠨ ᠰᠠᠭᠤᠬᠤ ᠤᠷᠴᠢᠨ ᠲᠤᠭᠤᠷᠢᠨ ᠢ ᠤᠯᠠᠮ ᠰᠠᠶᠢᠵᠢᠷᠠᠭᠤᠯᠤᠨ᠎ᠠ᠃ ᠬᠤᠳᠠ ᠪᠠᠯᠭᠠᠰᠤ ᠶᠢᠨ ᠨᠤᠭᠤᠭᠠᠷᠠᠭᠤᠯᠤᠯᠲᠠ᠂ ᠭᠤᠸᠠᠯᠢᠭᠵᠢᠭᠤᠯᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠰᠦᠷᠴᠢᠨ ᠴᠡᠪᠡᠷᠯᠡᠬᠦ ᠬᠡᠯᠪᠡᠷᠢ ᠶᠢᠨ ᠵᠤᠷᠯᠥᠩ ᠤᠨ ᠪᠦᠲᠦᠭᠡᠨ ᠪᠠᠶᠢᠭᠤᠯᠤᠯᠲᠠ ᠪᠠ ᠠᠭᠤᠯᠵᠠᠭᠤᠷ ᠵᠠᠮ ᠢ ᠦᠭᠡᠷᠡᠴᠢᠯᠡᠬᠦ ᠲᠦᠷᠦᠯ ᠵᠦᠢᠯ ᠢ ᠬᠦᠴᠦᠯᠡᠨ ᠬᠡᠷᠡᠭᠵᠢᠬᠦᠯᠦᠨ᠎ᠡ᠃ ᠭᠡᠷ ᠪᠠᠶᠢᠰᠢᠩ ᠤᠨ ᠦᠯᠦ ᠬᠦᠳᠡᠯᠬᠦ ᠬᠦᠷᠦᠩᠭᠡ ᠶᠢᠨ ᠦᠨᠡᠮᠯᠡᠯ ᠢ ᠣᠯᠭᠤᠬᠤ᠂ ᠳᠦᠭᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠬᠦ ᠬᠤᠭᠤᠴᠠᠭ᠎ᠠ ᠨᠢ ᠬᠡᠳᠦᠷᠡᠭᠰᠡᠨ ᠴᠤ ᠲᠥᠪᠬᠢᠨᠡᠬᠦᠯᠦᠭᠡᠳᠦᠢ ᠵᠡᠷᠭᠡ ᠦᠯᠡᠳᠡᠭᠳᠡᠯ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠳᠦᠭᠦᠮ ᠪᠦᠳᠦᠴᠡᠳᠦ ᠤᠷᠤᠨ ᠰᠠᠭᠤᠴᠡ ᠶᠢᠨ ᠲᠤᠭᠤᠷᠢᠭ ᠢ ᠦᠭᠡᠷᠡᠴᠢᠯᠡᠬᠦ ᠪᠠ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠬᠦ ᠲᠦᠷᠦᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠢᠯᠴᠢ ᠬᠠᠩᠭᠠᠬᠤ ᠬᠠᠭᠤᠴᠢᠨ ᠬᠤᠭᠤᠯᠠᠢ ᠲᠤᠤᠷ ᠢ 14.5 ᠺᠢᠯᠥᠮᠧᠲᠷ ᠦᠭᠡᠷᠡᠴᠢᠯᠡᠵᠦ᠂ 50 ᠲᠦᠮᠡᠨ ᠲᠡᠭᠰᠢ ᠳᠦᠷᠪᠡᠯᠵᠢᠨ ᠮᠧᠲᠷ ᠤᠨ ᠢᠯᠴᠢ ᠬᠠᠩᠭᠠᠯᠭ᠎ᠠ ᠶᠢᠨ ᠲᠡᠩᠴᠡᠭᠦᠷᠢ ᠶᠢ ᠪᠡᠶᠡᠯᠡᠭᠦᠯᠦᠨ᠎ᠡ᠃ᠣᠶᠤᠨ ᠤ ᠪᠤᠯᠪᠠᠰᠤᠨ ᠤ ᠪᠠᠶᠢᠭᠤᠯᠤᠯᠲᠠ ᠶᠢ ᠨᠢᠭᠡᠳᠦᠯᠲᠠᠢ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠵᠥᠪ ᠤᠳᠤᠷᠢᠳᠤᠮᠵᠢ ᠶᠢ ᠪᠠᠷᠢᠮᠲᠠᠯᠠᠵᠤ᠂ ᠵᠥᠪ ᠡᠨᠧᠷᠬᠢ ᠶᠢ ᠶᠡᠬᠡᠪᠡᠷ ᠳᠠᠮᠵᠢᠭᠤᠯᠤᠨ ᠲᠠᠷᠬᠠᠭᠠᠨ᠎ᠠ᠃ ᠨᠡᠶᠢᠭᠡᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠢᠳᠡᠪᠬᠢᠳᠡᠢ ᠦᠢᠯᠡᠳᠦᠯᠭᠡᠵᠢᠬᠦᠯᠵᠦ᠂ ᠠᠷᠠᠳ ᠢᠷᠭᠡᠳ ᠤᠨ ᠶᠤᠰᠤ ᠮᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨᠴᠢ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠢᠨᠵᠧᠨᠧᠷᠢᠩ ᠢ ᠦᠷᠭᠡᠨ ᠳᠡᠯᠭᠡᠷ ᠦᠷᠨᠢᠭᠦᠯᠵᠦ᠂ ᠪᠦᠬᠦ ᠨᠡᠶᠢᠭᠡᠮ ᠤᠨ ᠶᠤᠰᠤ ᠮᠤᠷᠠᠯ ᠪᠠ ᠣᠶᠣᠨ ᠤ ᠪᠤᠯᠪᠠᠰᠤᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠵᠠᠭᠤᠴᠢᠯᠠᠭᠤᠷ ᠤᠨ ᠲᠦᠷᠢᠮᠵᠢᠭᠰᠡᠨ ᠡᠷᠡᠬᠦᠯ ᠬᠦᠭᠵᠢᠯᠲᠠ ᠶᠢ ᠲᠡᠮᠵᠢᠨ᠎ᠡ᠃ ᠲᠣᠣᠷ ᠰᠦᠯᠵᠢᠶᠡᠨ ᠤ ᠠᠮᠤᠷ ᠲᠦᠪᠰᠢᠨ ᠎ ᠤ ᠪᠠᠶᠢᠭᠤᠯᠤᠯᠲᠡ ᠶᠢ ᠴᠢᠩᠭᠠᠳᠬᠠᠨ᠎ᠠ᠃ ᠡᠷᠡᠬᠦᠯ ᠰᠠᠶᠢᠬᠠᠨ ᠲᠤᠤᠷ ᠰᠦᠯᠵᠢᠶᠡᠨ ᠤ ᠤᠷᠤᠨ ᠠᠬᠤᠢ ᠶᠢ ᠪᠣᠢ ᠪᠤᠯᠭᠠᠨ᠎ᠠ᠃      ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠤᠯᠠᠭᠠᠨᠮᠦ᠋ᠴᠢᠷ ᠤᠨ ᠪᠤᠯᠪᠠᠰᠤᠷᠠᠯ ᠤᠨ ᠲᠢᠩᠬᠢᠮ ᠪᠠ ᠰᠢᠨᠡᠪᠤᠯᠠᠭ ᠪᠠᠯᠭᠠᠰᠤᠨ ᠤ ᠣᠯᠠᠨ ᠨᠡᠶᠢᠲᠡ ᠶᠢᠨ ᠪᠡᠶ᠎ᠡ ᠲᠠᠮᠢᠷ ᠤᠨ ᠬᠦᠳᠡᠯᠭᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠤᠯᠠᠨ ᠨᠡᠶᠢᠲᠡ ᠶᠢᠨ ᠲᠠᠮᠢᠷ ᠤᠨ ᠲᠠᠯᠠᠪᠤᠷ᠂ ᠪᠠᠷᠢᠮᠵᠢᠶᠠᠵᠢᠭᠰᠠᠨ ᠬᠦᠯ ᠪᠦᠮᠪᠦᠭᠡᠨ ᠤ ᠲᠠᠯᠠᠪᠤᠷ ᠤᠨ ᠲᠤᠨᠤᠭ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠰᠤᠶᠤᠯ ᠤᠨ ᠤᠷᠳᠤᠨ᠂ ᠨᠤᠮ ᠤᠨ ᠰᠠᠩ ᠤᠨ ᠤᠷᠳᠤᠨ ᠤ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠲᠡᠭᠡ᠂ ᠲᠠᠯ᠎ᠠ ᠨᠤᠲᠤᠭ ᠤᠨ ᠨᠤᠮ ᠤᠨ ᠦᠷᠦᠭᠡ ᠵᠡᠷᠭᠡ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠣᠶᠤᠯᠵᠢᠭᠰᠠᠨ ᠡᠷᠦᠬᠡ ᠶᠢ ᠬᠦᠮᠦᠵᠢᠭᠦᠯᠵᠦ᠂ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠳᠬ᠎ᠠ ᠤᠷᠠᠯᠢᠭ ᠤᠨ ᠵᠤᠬᠢᠶᠠᠨ ᠪᠦᠲᠦᠭᠡᠬᠦ ᠰᠤᠯᠢᠯᠴᠠᠭ᠎ᠠ ᠶᠢ ᠴᠢᠩᠭᠠᠳᠬᠠᠵᠤ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠪᠠ ᠪᠤᠳᠠᠰ ᠤᠨ ᠪᠤᠰᠤ ᠰᠤᠶᠤᠯ ᠤᠨ ᠦᠪ ᠢ ᠥᠪᠯᠡᠨ ᠵᠠᠯᠭᠠᠮᠵᠢᠯᠠᠬᠤ ᠶᠢ ᠴᠢᠩᠭᠠᠳᠬᠠᠨ᠎ᠠ᠃ ᠪᠦᠬᠦ ᠤᠷᠤᠨ᠂ ᠠᠶᠢᠮᠠᠭ ᠤᠨ ᠰᠤᠶᠤᠯ ᠲᠠᠮᠢᠷ ᠤᠨ ᠤᠷᠤᠯᠳᠤᠭᠠᠨ ᠢ ᠢᠳᠡᠪᠬᠢᠲᠡᠢ ᠲᠠᠭᠠᠭᠠᠴᠢᠯᠠᠨ ᠡᠷᠬᠢᠯᠡᠨ᠎ᠡ᠃  ᠪᠦᠬᠦ ᠠᠷᠠᠳ ᠤᠨ ᠨᠣᠮ ᠣᠩᠰᠢᠬᠤ ᠡᠳᠦᠷ᠂ ᠪᠡᠶ᠎ᠡ ᠴᠢᠬᠢᠷᠠᠭᠵᠢᠭᠤᠯᠬᠤ ᠡᠳᠦᠷ᠂ ᠠᠷᠢᠭᠤᠨ ᠴᠡᠪᠡᠷᠯᠡᠭᠡ ᠶᠢᠨ ᠡᠳᠦᠷ ᠤᠨ ᠲᠥᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ᠂ ᠪᠦᠬᠦ ᠠᠷᠠᠳ ᠢᠶᠠᠷ ᠢᠶᠠᠨ ᠨᠣᠮ ᠣᠩᠰᠢᠬᠤ᠂ ᠤᠳᠬ᠎ᠠ ᠤᠷᠠᠯᠢᠭ ᠤᠨ ᠲᠤᠭᠯᠠᠯᠲᠠ ᠵᠡᠷᠭᠡ ᠣᠯᠠᠨ ᠲᠦᠮᠡᠨᠴᠢ ᠰᠤᠶᠤᠯ ᠲᠠᠮᠢᠷ ᠎ ᠤᠨ ᠬᠦᠳᠡᠯᠭᠡᠭᠡᠨ ᠢ ᠥᠷᠨᠢᠬᠦᠯᠦᠨ᠎ᠡ᠃                                ︵ᠨᠠᠢᠮᠠ︶ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ︾᠎ ᠶᠢ ᠪᠠᠷᠢᠮᠲᠠᠯᠠᠵᠤ᠂ ᠵᠠᠰᠠᠭ ᠤᠨ ᠤᠷᠳᠤᠨ ᠤ ᠴᠡᠭᠴᠡᠯᠡᠨ ᠵᠠᠰᠠᠬᠤ ᠴᠢᠳᠠᠪᠬᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ᠵᠠᠰᠠᠭ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠠᠮ ᠠᠴᠠ ᠨᠠᠮ ᠢ ᠬᠠᠮᠢᠶᠠᠷᠬᠤ᠂ ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠢ ᠴᠢᠩᠭ᠎ᠠ ᠵᠠᠰᠠᠬᠤ ᠪᠦᠬᠦ ᠶᠠᠪᠤᠴᠠ ᠳᠤ ᠨᠡᠶᠢᠲᠡᠪᠦᠷᠢᠵᠢᠭᠤᠯᠵᠦ᠂ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠬᠦᠢᠴᠡᠳᠭᠡᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠲᠡᠭᠡᠷ᠎ᠡ ᠪᠠᠨ ᠰᠢ ᠎ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠢᠮᠠᠭᠲᠠ ᠳᠡᠭᠡᠲᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ᠂ ᠵᠠᠰᠠᠭ ᠤᠨ ᠰᠢᠢᠳᠪᠦᠷᠢ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃     ᠡᠬᠦᠷᠭᠡ ᠬᠠᠷᠢᠭᠤᠴᠠᠯᠭ᠎ᠠ ᠪᠠᠨ ᠵᠤᠷᠢᠭᠲᠠᠢ ᠡᠬᠦᠷᠭᠡᠯᠡᠬᠦ ᠶᠢ ᠲᠠᠰᠤᠷᠠᠯᠲᠠ ᠦᠬᠡᠢ ᠴᠢᠩᠭᠠᠳᠬᠠᠨ᠎ᠠ᠃ ᠬᠡᠯᠪᠡᠷᠢᠴᠢ ᠦᠵᠡᠯ᠂ ᠨᠤᠶᠠᠨᠴᠢ ᠰᠤᠷᠲᠠᠯ ᠢ ᠡᠷᠡᠰ ᠡᠰᠡᠷᠭᠦᠴᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ︽ᠲᠠᠷᠤᠶᠢᠬᠠᠨ ᠬᠦᠢᠴᠡᠳᠭᠡᠬᠦ︾᠎ ᠶᠢ ᠰᠠᠨᠠᠭᠠᠴᠢᠯᠠᠵᠤ᠂ ᠠᠵᠢᠯ ᠪᠡᠶᠡᠯᠡᠬᠦᠯᠬᠦ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠢᠶᠠᠨ ᠯᠠᠪᠳᠠᠭᠤᠨ ᠪᠠᠳᠤᠳᠠᠢ ᠶᠠᠪᠤᠭᠳᠠᠭᠤᠯᠤᠨ᠎ᠠ᠃     ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠬᠦ ᠲᠠᠯ᠎ᠠ ᠪᠠᠷ ᠪᠠᠶᠢᠭᠤᠯᠤᠨ᠎ᠠ᠃ ᠳᠦᠷᠢᠮ ᠤᠨ ᠬᠢᠵᠠᠭᠠᠷᠯᠠᠯ ᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠪᠠ ᠲᠦᠷᠦ ᠶᠢᠨ ᠪᠤᠲᠤᠯᠭ᠎ᠠ ᠶᠢᠨ ᠤᠯᠠᠭᠠᠨ ᠱᠤᠭᠤᠮ ᠢ ᠴᠢᠩᠭᠠᠳᠬᠠᠵᠤ᠂ ᠺᠠᠳ᠋ᠷᠴᠤᠳ ᠲᠦᠪ ᠴᠢᠭᠡᠴᠢ᠂ ᠵᠠᠰᠠᠭ ᠤᠨ ᠤᠷᠳᠤᠨ ᠠᠷᠢᠭᠤᠨ ᠴᠢᠭᠡᠴᠢ᠂ ᠤᠯᠤᠰ ᠲᠦᠷᠦ ᠰᠢᠳᠤᠷᠭᠤ ᠭᠤᠤᠯᠴᠢ ᠪᠠᠶᠢᠬᠤ ᠶᠢ ᠡᠷᠬᠢᠮᠯᠡᠨ᠎ᠡ᠃ ᠲᠦᠪ ᠬᠤᠷᠢᠶᠠᠨ ᠤ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ︽ᠳᠦᠷᠪᠡᠨ ᠰᠤᠷᠲᠠᠯ︾᠎ ᠢ ᠦᠨᠡᠨᠬᠦ ᠵᠠᠯᠠᠷᠠᠭᠤᠯᠤᠨ᠎ᠠ᠃ ᠠᠷᠪᠢᠯᠠᠨ ᠭᠠᠮᠨᠠᠬᠤ᠂ ᠠᠵᠢᠯᠴᠢ ᠠᠷᠪᠢᠴᠢ ᠪᠠᠷ ᠠᠵᠢᠯ ᠦᠢᠯᠡᠰ ᠡᠷᠬᠢᠯᠡᠬᠦ ᠶᠢ ᠪᠠᠷᠢᠮᠲᠠᠯᠠᠵᠤ᠂ ᠳᠦᠭᠦᠮ ᠲᠤᠬᠢᠷᠠᠮᠵᠢᠲᠠᠢ᠂ ᠪᠤᠬᠢᠷᠳᠤᠯ ᠦᠭᠡᠢ ᠠᠮᠢᠳᠤᠷᠠᠬᠤ ᠠᠷᠭ᠎ᠠ ᠤᠬᠠᠭᠠᠨ ᠢ ᠪᠡᠶᠡᠴᠢᠯᠡᠨ ᠰᠠᠨᠠᠭᠠᠴᠢᠯᠠᠨ᠎ᠠ᠃      ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠦᠯᠢᠶᠡᠨ᠂ ᠬᠤᠰᠢᠭᠤ ᠤᠯᠤᠰ ᠲᠥᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ ᠎ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠡᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ ᠪᠤᠲᠤᠯᠳᠠ ᠪᠠᠷ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠠᠷᠠᠳ ᠤᠨ ᠲᠦᠯᠦᠭᠡᠯᠡᠭᠴᠢᠳ᠂ ᠤᠯᠤᠰ ᠲᠥᠷᠦ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠪᠠ ᠨᠠᠮ ᠪᠦᠯᠦᠭ ᠤᠨ ᠪᠤᠰᠤ ᠬᠦᠮᠦᠰ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠬᠢᠨᠠᠮᠠᠭᠠᠢ ᠬᠦᠯᠢᠶᠡᠨ ᠰᠤᠨᠤᠰᠴᠤ᠂ ᠠᠷᠠᠳ ᠤᠨ ᠲᠦᠯᠦᠭᠡᠯᠡᠭᠴᠢᠳ ᠤᠨ ᠰᠠᠨᠠᠯ᠂ ᠰᠠᠨᠠᠭᠤᠯᠭ᠎ᠠ ᠪᠠ ᠤᠯᠤᠰ ᠲᠦᠷᠥ ᠶᠢᠨ ᠵᠦᠪᠯᠡᠯᠭᠡᠨ ᠤ ᠬᠡᠰᠢᠬᠦᠳ ᠤᠨ ᠲᠤᠷᠠᠳᠤᠯᠭ᠎ᠠ ᠶᠢ ᠴᠠᠭ ᠲᠤᠬᠠᠢ ᠳᠤᠨᠢ ᠰᠠᠶᠢᠲᠤᠷ ᠪᠡᠶᠡᠯᠡᠬᠦᠯᠦᠨ᠎ᠡ᠃ ᠪᠤᠭᠳᠠ ᠶᠢᠨ ᠭᠤᠣᠯ ᠰᠤᠮᠤᠨ ᠤ ᠳᠤᠷᠰᠢᠯᠲᠠ ᠶᠢᠨ ᠴᠢᠭ ᠤᠨ ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠠᠷᠠᠳ ᠤᠨ ᠠᠮᠢᠳᠤᠷᠠᠯ ᠤᠨ ᠪᠤᠳᠠᠳᠤ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠠᠴᠠ ᠪᠢᠯᠧᠲ ᠦᠭᠴᠦ ᠰᠤᠩᠭᠤᠨ ᠲᠤᠭᠳᠠᠭᠠᠬᠤ ᠲᠥᠷᠢᠮ ᠢ ᠲᠦᠷᠪᠡᠨ ᠰᠤᠮᠤ ᠪᠠᠯᠭᠠᠰᠤᠨ ᠳᠤ ᠪᠦᠬᠦ ᠲᠠᠯ᠎ᠠ ᠪᠠᠷ ᠲᠦᠭᠡᠮᠡᠯᠵᠢᠬᠦᠯᠦᠨ᠎ᠡ᠃ᠲᠦᠯᠦᠭᠡᠯᠡᠭᠴᠢᠳ ᠡ︕ 2019 ᠤᠨ ᠳᠤ᠂ ᠪᠢᠳᠡ ᠤᠷᠭᠢᠯᠤᠮ᠎ᠠ ᠬᠠᠯᠠᠭᠤᠨ ᠰᠡᠳᠭᠢᠯᠭᠡ ᠪᠠᠷ ᠪᠦᠭᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠰᠢᠨ᠎ᠡ ᠲᠤᠮᠲᠠᠲᠤ ᠤᠯᠤᠰ ᠤᠨ ᠤᠯᠤᠭᠰᠠᠨ ᠠᠤᠭ᠎ᠠ ᠶᠡᠭᠡ ᠠᠮᠵᠢᠯᠲᠠ ᠶᠢ ᠪᠢᠴᠢᠭᠯᠡᠪᠡ᠃ ᠦᠩᠭᠡᠷᠡᠭᠰᠡᠨ ᠨᠢᠭᠡ ᠵᠢᠯ ᠳᠤ ᠪᠢᠳᠡ ᠪᠦᠭᠦᠳᠡᠭᠡᠷ ᠰᠡᠳᠭᠢᠯ ᠨᠢᠭᠡᠳᠴᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠤᠶᠠᠷ ᠤᠳᠠᠭᠠᠨ ᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠯᠭᠠᠪᠠᠷ ᠤᠯᠤᠭᠰᠠᠨ ᠪᠠᠶᠢᠨ᠎ᠠ᠃ 2020 ᠤᠨ ᠳ᠋᠊᠂ ᠪᠢᠳᠡ ᠪᠦᠬᠦ ᠠᠶᠢᠮᠠᠭ ᠲᠠᠢ ᠠᠯᠬᠤᠭ᠎ᠠ ᠨᠢᠭᠡᠲᠡᠢ ᠎ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠢᠳᠡ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠴᠠᠭ ᠮᠦᠴᠡ ᠲᠠᠢ ᠤᠷᠤᠯᠳᠤᠨ ᠰᠢᠨᠳᠠᠷᠠᠰᠢ ᠦᠬᠡᠢ ᠴᠢᠷᠮᠠᠶᠢᠵᠤ᠂ ᠡᠯ᠎ᠡ ᠵᠦᠢᠯ ᠤᠨ ᠠᠶᠤᠯ ᠲᠦᠭᠰᠢᠭᠦᠷᠢ ᠦᠷᠢᠰᠦᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠵᠤ᠂ ᠰᠢᠯᠢᠳᠡᠭ ᠬᠢᠷᠢ ᠪᠦᠲᠦᠮᠵᠢ ᠪᠠᠷ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠶᠠᠨ ᠴᠢᠨᠡᠭᠡᠯᠢᠭ ᠪᠤᠯᠪᠠᠰᠤᠨ ᠦᠵᠡᠰᠭᠦᠯᠡᠩᠲᠦ ᠰᠠᠶᠢᠬᠠᠨ ᠬᠦᠪᠡᠭᠡᠲᠦ ᠰᠢᠷ᠎ᠠ ᠬᠤᠰᠢᠭᠤ ᠶᠢ ᠴᠤᠭᠴᠠᠯᠠᠨ ᠪᠠᠶᠢᠭᠤᠯᠬᠤ ᠪᠠᠷ ᠴᠢᠷᠮᠠᠶᠢᠵᠠᠭᠠᠶ᠎ᠠ︕ᠨᠡᠷᠡᠰ ᠤᠨ ᠲᠠᠶᠢᠯᠪᠦᠷᠢ᠄ᠲᠦᠷᠪᠡᠨ ᠤᠬᠠᠮᠰᠠᠷ᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ᠃ᠲᠦᠷᠪᠡᠨ ᠢᠳᠡᠭᠡᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠃ᠬᠤᠶᠠᠷ ᠢ ᠬᠠᠮᠠᠭᠠᠯᠠᠬᠤ᠄ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾᠄ ᠠᠵᠢᠯ ᠣᠯᠭᠤᠯᠲᠠ ᠶᠢ ᠲᠤᠭᠳᠠᠭᠤᠨ ᠪᠠᠶᠢᠯᠭᠠᠬᠤ᠂ ᠮᠥᠩᠭᠦᠨ ᠬᠦᠢᠯᠬᠡᠭᠡ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠪᠠᠯᠠ ᠶᠢ ᠲᠤᠭᠳᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠤᠭᠳᠠᠭᠤᠨ ᠪᠠᠶᠢᠯᠭᠠᠬᠤ᠂ ᠵᠢᠱᠢᠯᠲᠡ ᠶᠢ ᠲᠤᠭᠳᠠᠭᠤᠨ ᠪᠠᠶᠢᠯᠭᠠᠬᠤ᠃ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠰᠦ ᠪᠠ ᠬᠠᠩᠭᠠᠯᠭ᠎ᠠ ᠶᠢᠨ ᠬᠡᠯᠬᠢᠶᠡᠰᠦ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠬᠤ ᠶᠢ ᠪᠠᠲᠤᠯᠠᠨ᠎ᠠ ᠭᠤᠷᠪᠠ ᠶᠢ ᠨᠠᠶᠢᠳᠠᠪᠤᠷᠢᠵᠢᠭᠤᠯᠬᠤ᠂ ᠭᠤᠷᠪᠠᠨ ᠨᠠᠷᠢᠯᠢᠭ ᠤᠨᠤᠪᠴᠢᠳᠠᠢ᠂ ᠭᠤᠷᠪᠠᠨ ᠪᠠᠳᠤᠯᠠᠭ᠎ᠠ᠄ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠃ ᠨᠠᠷᠢᠯᠢᠭ ᠤᠨᠤᠪᠴᠢᠳᠠᠢ ᠪᠠᠷ ᠢᠯᠭᠠᠨ ᠲᠠᠨᠢᠬᠤ᠂ ᠨᠠᠷᠢᠯᠢᠭ ᠤᠨᠤᠪᠴᠢᠳᠠᠢ ᠪᠠᠷ ᠬᠠᠪᠰᠤᠷᠤᠨ ᠲᠡᠳᠬᠦᠬᠦ᠂ ᠨᠠᠷᠢᠯᠢᠭ ᠤᠨᠤᠪᠴᠢᠲᠠᠢ ᠪᠠᠷ ᠤᠬᠤᠷᠢᠨ ᠭᠠᠷᠬᠤ᠃ ᠠᠯᠪᠠᠨ ᠵᠢᠷᠤᠮ ᠤᠨ ᠰᠤᠷᠭᠠᠨ ᠬᠥᠮᠦᠵᠢᠯ ᠶᠢᠨ ᠪᠠᠳᠤᠯᠠᠭ᠎ᠠ᠂ ᠦᠨᠳᠦᠰᠦᠨ ᠡᠮᠴᠢᠯᠡᠭᠡᠨ ᠤ ᠪᠠᠳᠤᠯᠠᠭ᠎ᠠ᠂ ᠠᠶᠤᠯᠬᠦᠢ ᠣᠷᠣᠨ ᠰᠠᠭᠤᠴᠠ ᠶᠢᠨ ᠪᠠᠳᠤᠯᠠᠭ᠎ᠠ ᠶᠢ ᠰᠢᠢᠳᠪᠦᠷᠢᠯᠡᠨ᠎ᠡ ︽ᠳᠥᠷᠪᠡ ᠬᠤᠪᠢᠷᠠᠬᠤ ᠥᠬᠡᠶ︾ ᠲᠥᠷᠥ ᠶᠢᠨ ᠪᠣᠳᠣᠯᠭ᠎ᠠ᠄ ᠶᠠᠳᠠᠭᠤ ᠶᠢᠨ ᠮᠠᠯᠠᠭᠠᠢ ᠪᠠᠨ ᠲᠠᠶᠠᠭᠳᠠᠭᠰᠠᠨ ᠪᠤᠯᠪᠠᠴᠤ ᠬᠠᠷᠢᠭᠤᠴᠠᠯᠭ᠎ᠠ ᠬᠤᠪᠢᠷᠠᠬᠤ ᠦᠬᠡᠢ᠂ ᠲᠥᠷᠥ ᠶᠢᠨ ᠪᠣᠳᠣᠯᠭ᠎ᠠ ᠬᠤᠪᠢᠷᠠᠬᠤ ᠦᠬᠡᠢ᠂ ᠬᠠᠪᠰᠤᠷᠤᠨ ᠲᠡᠳᠬᠦᠬᠦ ᠬᠤᠪᠢᠷᠠᠬᠤ ᠦᠬᠡᠢ᠂ ᠬᠢᠨᠠᠨ ᠬᠠᠮᠢᠶᠠᠷᠤᠯᠲᠠ ᠬᠤᠪᠢᠷᠠᠬᠤ ᠦᠬᠡᠢ᠃ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾᠎ ᠤᠨ ᠥᠭᠡᠷᠡᠴᠢᠯᠡᠯᠲᠡ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ᠃︽ᠬᠤᠣᠰ ᠴᠠᠬᠠᠷ︾ ᠠᠵᠤ ᠦᠢᠯᠡᠰ᠄  ᠴᠠᠬᠠᠷ ᠬᠤᠨᠢ᠂ ᠴᠠᠬᠠᠷ ᠴᠠᠭᠠᠨ ᠢᠳᠡᠭᠡ᠃ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠲᠠᠪᠤ ᠶᠢ ᠨᠢᠭᠡ ᠴᠤᠭᠴᠠᠵᠢᠭᠤᠯᠬᠤ︾᠄ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠵᠠᠬ᠎ᠠ ᠳᠡᠯᠭᠡᠭᠦᠷ ᠵᠢᠴᠢ ᠨᠠᠷᠠᠲᠤ ᠲᠡᠮᠳᠡᠭ᠂ ᠡᠵᠡᠩᠨᠡᠨ ᠪᠣᠷᠣᠯᠠᠭᠤᠯᠬᠤ᠂ ᠰᠣᠶᠣᠯ ᠵᠢᠭᠤᠯᠴᠢᠯᠠᠯ᠃ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠳᠥᠷᠪᠡ ᠶᠢ ᠨᠢᠭᠡᠳᠬᠡᠬᠦ᠄ ᠲᠠᠸᠠᠷ ᠤᠨ ᠲᠡᠮᠳᠡᠭᠲᠦ ᠶᠢ ᠨᠢᠭᠡᠳᠦᠯᠲᠡᠶ ᠪᠠᠶᠢᠯᠭᠠᠬᠤ᠂ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ᠂ ᠴᠢᠮᠡᠭᠯᠡᠨ ᠪᠤᠭᠤᠳᠠᠯᠯᠠᠬᠤ᠂ ᠨᠢᠭᠡᠳᠦᠯᠲᠡᠶ ᠡᠵᠡᠩᠨᠡᠨ ᠪᠤᠷᠤᠯᠠᠭᠤᠯᠬᠤ᠃ᠲᠦᠷᠪᠡᠨ ᠣᠯᠠᠷᠢᠯ ᠤᠨ ᠨᠠᠶᠢᠷ᠄ ᠬᠠᠪᠤᠷ ᠤᠨ ᠤᠯᠠᠷᠢᠯ ᠤᠨ ᠪᠡᠶ᠎ᠡ ᠴᠢᠬᠢᠷᠠᠭᠵᠢᠭᠤᠯᠬᠤ ᠨᠠᠶᠢᠷ᠂ ᠵᠤᠨ ᠤ ᠣᠯᠠᠷᠢᠯ ᠤᠨ ᠣᠷᠠᠯᠢᠭ ᠤᠨ ᠨᠠᠶᠢᠷ᠂ ᠠᠯᠲᠠᠨ ᠨᠠᠮᠣᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠨᠠᠶᠢ᠊᠂ ᠡᠪᠦᠯ ᠤᠨ ᠣᠯᠠᠷᠢᠯ ᠤᠨ ᠴᠠᠭᠠᠨ ᠰᠦᠯᠲᠡ ᠶᠢᠨ ᠨᠠᠶᠢᠷ᠃︽ᠵᠢᠷᠭᠤᠭᠠᠨ ᠨᠢᠭᠡ︾᠎ ᠶᠢᠨ ᠢᠨᠵᠧᠨᠧᠷᠢᠩ᠄ ᠨᠢᠭᠡ ᠨᠠᠶᠢᠷ — ᠲᠠᠯ᠎ᠠ ᠨᠤᠳᠤᠭ ᠤᠨ ᠠᠰᠣᠷᠣ ᠳᠠᠭᠤᠣ ᠬᠦᠭᠵᠢᠮ ᠤᠨ ᠨᠠᠶᠢᠷ᠃ ᠨᠢᠭᠡ ᠬᠦᠷᠢᠶᠡᠯᠡᠩ — ᠠᠰᠣᠷᠣ ᠠᠮᠢ ᠠᠬᠤᠢ ᠵᠠᠩ ᠦᠢᠯᠡ ᠶᠢᠨ ᠬᠦᠷᠢᠶᠡᠯᠡᠩ᠃ ᠨᠢᠭᠡ ᠵᠡᠭᠡᠯᠢ — ᠦᠨᠳᠦᠰᠦᠳᠡᠨ ᠤ ᠵᠠᠩ ᠦᠢᠯᠡ ᠵᠢᠭᠤᠯᠴᠢᠯᠠᠯ ᠤᠨ ᠲᠠᠸᠠᠷ ᠤᠨ ᠵᠠᠭᠡᠯᠢ᠃ ᠨᠢᠭᠡ ᠤᠷᠤᠯᠳᠣᠭᠠᠨ — ᠠᠰᠣᠷᠣ ᠬᠤᠨᠳᠠᠭᠠᠳᠣ ᠳᠠᠭᠤᠣ ᠬᠦᠭᠵᠢᠮ ᠤᠨ ᠤᠷᠤᠯᠳᠤᠭᠠᠨ᠃ ᠨᠢᠭᠡ ᠮᠥᠽᠸᠢ — ᠴᠠᠬᠠᠷ ᠰᠤᠶᠤᠯ ᠤᠨ ᠮᠦᠽᠸᠢ᠃ ᠨᠢᠭᠡ ᠳᠡᠮᠳᠡᠭ — ᠳᠣᠮᠣ ᠬᠡᠯᠪᠡᠷᠢ ᠶᠢᠨ ᠣᠷᠳᠣᠨ ᠤ ᠨᠠᠶᠢᠷᠠᠯ ᠳᠠᠭᠤᠯᠠᠯᠳᠤ ᠪᠦᠵᠢᠭ ᠤᠨ ᠬᠦᠭᠵᠢᠮ ᠤᠨ ᠠᠰᠣᠷᠣ ᠰᠣᠶᠣᠯ ᠎ ᠤᠨ ᠨᠡᠷᠡᠲᠤ ᠳᠡᠮᠳᠡᠭ᠃ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠪᠦᠲᠦᠭᠡᠨ ᠪᠠᠶᠢᠭᠤᠯᠤᠯᠲᠠ ᠶᠢᠨ ᠤᠶᠢᠯᠠᠭᠠᠭᠳᠠᠬᠤᠨ᠄ ᠰᠤᠶᠤᠯ᠂ ᠵᠢᠭᠤᠯᠴᠢᠯᠠᠯ᠂ ᠠᠷᠠᠳ ᠤᠨ ᠠᠮᠢᠳᠤᠷᠠᠯ᠃︽ᠨᠢᠭᠡ ᠬᠦᠷᠢᠶᠡᠯᠡᠩ᠂ ᠬᠤᠶᠠᠷ ᠪᠦᠰᠨ᠂ ᠭᠤᠷᠪᠠᠨ ᠭᠤᠯᠳᠣ᠂ ᠲᠠᠪᠤᠨ ᠬᠦᠨᠳᠠᠯᠡᠨ︾᠄ ᠨᠢᠭᠡ ᠬᠦᠷᠢᠶᠡᠯᠡᠩ ᠨᠢ ᠠᠰᠣᠷᠤ ᠠᠮᠢ ᠠᠬᠤᠢ ᠵᠠᠩ ᠦᠢᠯᠡ ᠶᠢᠨ ᠬᠦᠷᠢᠶᠡᠯᠡᠩ᠃ ᠬᠤᠶᠠᠷ ᠪᠦᠰᠡ ᠨᠢ S208 ᠵᠠᠮ ᠤᠨ ᠰᠢᠨᠡᠪᠤᠯᠠᠭ ᠪᠠᠯᠭᠠᠰᠤ ᠪᠠᠷ ᠦᠩᠭᠡᠷᠡᠬᠦ ᠬᠡᠰᠡᠭ ᠤᠨ ᠦᠵᠡᠮᠵᠢ ᠶᠢᠨ ᠪᠦᠰᠨ ᠪᠠ ᠵᠡᠭᠦᠨ ᠭᠤᠤᠯ ᠤᠨ ᠦᠵᠡᠮᠵᠢ ᠶᠢᠨ ᠪᠦᠰᠨ᠃ ᠭᠤᠷᠪᠠᠨ ᠭᠤᠯᠳᠣ ᠨᠢ ᠪᠤᠭᠳᠠ ᠵᠠᠮ᠂ ᠬᠦᠭᠵᠢᠯ ᠵᠠᠮ᠂ ᠡᠩᠬᠡ ᠵᠠᠮ᠃ ᠲᠠᠪᠤᠨ ᠬᠦᠨᠳᠡᠯᠡᠨ ᠨᠢ ᠨᠠᠷᠠᠨ ᠵᠡᠭᠡᠯᠢ᠂ ᠪᠠᠶᠠᠨ ᠵᠡᠭᠡᠯᠢ᠂ ᠰᠢᠨᠡᠪᠤᠯᠠᠭ ᠵᠡᠭᠡᠯᠢ᠂ ᠣᠩᠭᠤᠨ ᠵᠡᠭᠡᠯᠢ᠂ ᠬᠤᠩᠭᠤᠷ ᠵᠡᠭᠡᠯᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号