ᠬᠦᠳᠡᠭᠡ ᠲᠤᠰᠬᠤᠨ ᠤ ᠬᠠᠮᠳᠤ ᠶᠢᠨ ᠡᠳ᠋ ᠬᠦᠷᠦᠩᠭᠡ ᠳᠤ ᠲᠠᠷᠢᠶᠠᠴᠢᠳ ᠤᠨ ᠬᠠᠮᠳᠤ ᠨᠡᠶᠢᠳᠡᠮ ᠳᠤ ᠥᠮᠴᠢᠯᠡᠭᠳᠡᠬᠦ | ᠭᠠᠵᠠᠷ ᠰᠢᠷᠤᠢ᠂ ᠣᠢ ᠰᠢᠭᠤᠢ᠂ ᠠᠭᠤᠯᠠ ᠲᠠᠪᠠᠭ᠎ᠠ᠂ ᠨᠤᠲᠤᠭ ᠪᠡᠯᠴᠢᠭᠡᠷ᠂ ᠠᠲᠠᠷ ᠭᠠᠵᠠᠷ᠂ ᠰᠠᠶᠢᠷ ᠲᠠᠩ ᠵᠡᠷᠭᠡ ᠡᠬᠢ | ᠪᠠᠶᠠᠯᠢᠭ ᠤᠨ ᠴᠢᠨᠠᠷᠲᠠᠢ ᠡᠳ᠋ ᠬᠦᠷᠦᠩᠬᠡ᠂ ᠡᠵᠡᠩᠨᠡᠬᠦ ᠳᠤ ᠬᠡᠷᠡᠭᠯᠡᠬᠦ ᠭᠡᠷ ᠪᠠᠶᠢᠰᠢᠩ᠂ ᠪᠠᠷᠢᠯᠭ᠎ᠠ᠂ ᠮᠠᠰᠢᠨ ᠲᠦᠬᠦᠭᠡᠷᠦᠮᠵᠢ᠂ | ᠪᠠᠭᠠᠵᠢ ᠬᠡᠷᠡᠭᠰᠡᠯ ᠵᠡᠷᠭᠡ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ᠂ ᠣᠯᠠᠨ ᠨᠡᠶᠢᠲᠡ ᠶᠢᠨ ᠦᠢᠯᠡᠴᠢᠯᠡᠭᠡ ᠳᠤ ᠬᠡᠷᠡᠭᠯᠡᠬᠦ | ᠰᠤᠷᠭᠠᠨ ᠬᠦᠮᠦᠵᠢᠯ᠂ ᠰᠢᠵᠢᠯᠡᠬᠦ ᠤᠬᠠᠭᠠᠨ ᠮᠡᠷᠭᠡᠵᠢᠯ᠂ ᠰᠤᠶᠤᠯ᠂ ᠡᠷᠡᠬᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ | ᠡᠵᠡᠩᠨᠡᠯᠲᠡ ᠶᠢᠨ ᠪᠤᠰᠤ ᠴᠢᠨᠠᠷᠲᠠᠢ ᠡᠳ᠋ ᠬᠦᠷᠦᠩᠬᠡ ᠪᠠᠭᠲᠠᠨ᠎ᠠ᠃ | ᠬᠠᠮᠲᠤ ᠶᠢᠨ ᠡᠳ᠋ ᠬᠦᠷᠦᠩᠬᠡ ᠶᠢ ᠲᠤᠳᠤᠷᠬᠠᠢ ᠪᠤᠯᠭᠠᠬᠤ ᠶᠢᠨ ᠲᠤᠯᠠᠳᠠ 2017 ᠣᠨ ᠠᠴᠠ ᠡᠬᠢᠯᠡᠨ ᠬᠦᠳᠡᠭᠡ | ᠠᠵᠤ ᠠᠬᠤᠢ ᠬᠦᠳᠡᠭᠡ ᠲᠤᠰᠬᠤᠨ ᠤ ᠶᠠᠮᠤᠨ ᠪᠦᠬᠦ ᠤᠯᠤᠰ ᠤᠨ ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠬᠡ ᠶᠢ | ᠢᠯᠭᠠᠷᠠᠭᠤᠯᠤᠨ ᠬᠠᠷᠭᠤᠭᠤᠯᠬᠤ ᠠᠵᠢᠯ ᠢ ᠲᠤᠯᠤᠭᠠᠶᠢᠯᠠᠨ ᠬᠠᠷᠢᠭᠤᠴᠠᠵᠤ᠂ 3 ᠵᠢᠯ ᠤᠨ ᠴᠠᠭ ᠢ ᠬᠡᠷᠡᠭᠰᠡᠨ | ᠦᠨᠳᠦᠰᠦᠨ ᠳᠡᠭᠡᠨ ᠪᠡᠶᠡᠯᠡᠬᠦᠯᠪᠡ᠃ ᠡᠬᠦᠨ ᠳᠤ 65.5 ᠳ᠋ᠦᠩᠰᠢᠭᠤᠷ ᠮᠦ ᠬᠠᠮᠳᠤ ᠶᠢᠨ ᠭᠠᠵᠠᠷ ᠰᠢᠷᠤᠢ ᠶᠢᠨ ᠡᠬᠢ | ᠪᠠᠶᠠᠯᠢᠭ ᠢ ᠪᠠᠶᠢᠴᠠᠭᠠᠨ ᠬᠠᠷᠭᠤᠭᠤᠯᠵᠠᠢ᠂ ᠡᠨᠡ ᠨᠢ ᠤᠯᠤᠰ ᠤᠨ ᠨᠤᠲᠤᠭ ᠲᠠᠪᠢᠰᠭᠡᠷ ᠤᠨ 45.5% ᠶᠢ ᠡᠵᠡᠯᠡᠨ᠎ᠡ᠃ | ᠬᠠᠮᠲᠤ ᠶᠢᠨ ᠳᠠᠩᠰᠠᠨ ᠲᠡᠭᠡᠷᠡᠬᠢ 6.5 ᠲᠦᠮᠡᠨ ᠳ᠋ᠦᠩᠰᠢᠭᠤᠷ ᠲᠦᠭᠦᠷᠢᠭ ᠤᠨ ᠡᠳ᠋ ᠬᠦᠷᠦᠩᠭᠡ ᠶᠢ ᠪᠠᠶᠢᠴᠠᠭᠠᠨ | ᠬᠠᠷᠭᠤᠭᠤᠯᠵᠠᠢ᠃ ᠡᠬᠦᠨ ᠳᠤ ᠡᠵᠡᠩᠨᠡᠯᠲᠡ ᠶᠢᠨ ᠴᠢᠨᠠᠷᠲᠠᠢ ᠡᠳ᠋ ᠬᠦᠷᠦᠩᠬᠡ 3.1 ᠲᠦᠮᠡᠨ ᠳ᠋ᠦᠩᠰᠢᠭᠤᠷ ᠲᠦᠭᠦᠷᠢᠭ ᠪᠤᠢ᠃ | ᠡᠳᠡᠭᠡᠷ ᠡᠳ᠋ ᠬᠦᠷᠦᠩᠭᠡ ᠪᠣᠯ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ | ᠪᠦᠷᠢᠯᠳᠦᠬᠦᠨ ᠤ ᠭᠤᠣᠯ ᠡᠳ᠋ ᠬᠦᠷᠦᠩᠭᠡ ᠪᠣᠯᠬᠤ ᠪᠦᠬᠡᠳ ᠬᠦᠳᠡᠭᠡ ᠠᠵᠤ ᠠᠬᠤᠢ ᠬᠦᠳᠡᠭᠡ ᠲᠤᠰᠬᠤᠨ ᠤ | ᠬᠦᠭᠵᠢᠯᠲᠡ ᠶᠢᠨ ᠴᠢᠬᠤᠯᠠ ᠪᠤᠳᠠᠰ ᠤᠨ ᠰᠠᠭᠤᠷᠢ ᠪᠤᠯᠤᠨ᠎ᠠ᠃ ᠡᠶᠢᠮᠦ ᠠᠴᠠ ᠡᠳᠡᠭᠡᠷ ᠡᠳ᠋ ᠬᠦᠷᠦᠩᠭᠡ ᠶᠢᠨ ᠬᠡᠨ ᠳᠤ | ᠥᠮᠴᠢᠯᠡᠭᠳᠡᠬᠦ᠂ ᠥᠮᠴᠢᠯᠡᠯ ᠤᠨ ᠡᠷᠭᠡ ᠶᠢ ᠬᠡᠨ ᠬᠠᠤᠯᠢ ᠶᠤᠰᠤᠭᠠᠷ ᠬᠡᠷᠡᠭᠵᠢᠬᠦᠯᠬᠦ ᠶᠢ ᠲᠤᠳᠤᠷᠬᠠᠢ ᠪᠤᠯᠭᠠᠬᠤ ᠨᠢ ᠮᠠᠰᠢ | ᠴᠢᠬᠤᠯᠠ ᠶᠤᠮ᠃ | ︵ᠨᠢᠭᠡ︶ ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠬᠦ ᠡᠷᠬᠡ ᠨᠢ ᠬᠡᠨ ᠳᠤ | ᠬᠠᠷᠢᠶᠠᠯᠠᠭᠳᠠᠬᠤ ᠪᠤᠢ︖ | ︽ᠪᠤᠳᠠᠰ ᠤᠨ ᠡᠷᠬᠡ ᠶᠢᠨ ᠬᠠᠤᠯᠢ︾ ᠶᠢᠨ 59 ᠳ᠋ᠦ᠋ᠭᠡᠷ ᠵᠦᠢᠯ ᠤᠨ ᠨᠢᠭᠡᠳᠦᠭᠡᠷ ᠪᠠᠳᠠᠭ ᠲᠤ ︽ᠲᠠᠷᠢᠶᠠᠴᠢᠳ ᠤᠨ | ᠬᠠᠮᠲᠤ ᠨᠠᠶᠢᠲᠡ ᠳᠤ ᠥᠮᠴᠢᠯᠡᠭᠳᠡᠬᠦ ᠥᠯᠦ ᠬᠥᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠲᠤᠰ ᠬᠠᠮᠲᠤ ᠨᠡᠶᠢᠲᠡ ᠶᠢᠨ | ᠪᠦᠷᠢᠯᠳᠦᠬᠦᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ︾ ᠬᠡᠵᠤ ᠲᠤᠭᠳᠠᠭᠠᠵᠠᠢ᠃ 2016 ᠣᠨ ᠳᠤ ᠨᠠᠮ ᠤᠨ | ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠳᠠᠷᠤᠮᠠᠯᠯᠠᠨ ᠲᠠᠷᠬᠠᠭᠠᠭᠰᠠᠨ ︽ᠬᠦᠳᠡᠭᠡ ᠲᠤᠰᠬᠤᠨ ᠤ ᠬᠠᠮᠲᠤ ᠶᠢᠨ | ᠥᠮᠴᠢᠯᠠᠯ ᠤᠨ ᠡᠷᠬᠡ ᠶᠢᠨ ᠲᠥᠷᠢᠮ ᠤᠨ ᠦᠭᠡᠷᠡᠴᠢᠯᠡᠯᠡᠲᠡ ᠶᠢ ᠯᠠᠪᠳᠠᠭᠤᠨ ᠢᠶᠠᠷ ᠠᠬᠢᠭᠤᠯᠬᠤ ᠲᠤᠬᠠᠢ ᠰᠠᠨᠠᠯ︾ ︵ | ᠳᠤᠷᠤᠭᠰᠢ ︽ᠰᠠᠨᠠᠯ︾ ᠭᠡᠵᠤ ᠲᠦᠬᠦᠮᠴᠢᠯᠡᠨ᠎ᠡ︶ ᠳᠤ ︽ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠭᠡ ᠶᠢᠨ | ᠥᠮᠴᠢᠯᠡᠯ ᠤᠨ ᠡᠷᠬᠡ ᠶᠢ ᠠᠳᠠᠯᠢ ᠪᠤᠰᠤ ᠱᠠᠳᠤ ᠲᠠᠪᠬᠤᠷᠭ᠎ᠠ ᠶᠢᠨ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ | ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠬᠠᠮᠲᠤ ᠳᠤ ᠬᠦᠷᠲᠡᠯ᠎ᠡ ᠨᠤᠲᠠᠯᠠᠨ ᠲᠤᠭᠳᠠᠭᠠᠬᠤ ᠬᠡᠷᠡᠭᠳᠡᠢ︾ ᠬᠡᠵᠦ ᠤᠯᠠᠮ | ᠨᠢᠭᠡ ᠠᠯᠬᠤᠮ ᠲᠤᠳᠤᠷᠬᠠᠢ ᠲᠤᠭᠳᠠᠭᠠᠭᠠᠳ ᠬᠠᠮᠲᠤ ᠶᠢᠨ ᠥᠮᠴᠢᠯᠡᠯ ᠤᠨ ᠡᠷᠬᠡ ᠶᠢ ᠲᠡᠬᠦᠯᠳᠡᠷᠵᠢᠬᠦᠯᠬᠦ ᠰᠢᠨ᠎ᠡ ᠠᠷᠭ᠎ᠠ ᠵᠠᠮ ᠢ | ᠨᠡᠭᠡᠭᠡᠭᠰᠡᠨ ᠶᠤᠮ᠃ ᠡᠨᠡ ᠨᠢ ᠲᠠᠷᠤᠢ ᠪᠦᠷᠢᠯᠳᠦᠬᠦᠨ ᠬᠠᠮᠲᠤ ᠪᠣᠯ ᠬᠠᠮᠲᠤ ᠶᠢᠨ ᠡᠳ᠋ ᠬᠦᠷᠦᠩᠭᠡ ᠶᠢᠨ ᠦᠮᠴᠢᠯᠡᠯ ᠤᠨ | ᠡᠷᠬᠡ ᠶᠢᠨ ᠬᠠᠤᠯᠢ ᠶᠤᠰᠤᠨ ᠤ ᠪᠡᠶᠡᠴᠢ ᠴᠣᠭᠴᠠ ᠪᠣᠯᠬᠤ ᠶᠢ ᠬᠠᠷᠠᠭᠤᠯᠵᠠᠢ᠃ | ᠮᠠᠨ ᠤ ᠤᠯᠤᠰ ᠤᠨ ᠬᠦᠳᠡᠭᠡ ᠲᠤᠰᠬᠤᠨ ᠤ ᠯᠤᠲᠤ ᠶᠡᠭᠡ ᠬᠠᠮᠲᠤ ᠶᠢᠨ ᠡᠳ᠋ ᠬᠦᠷᠦᠩᠭᠡ ᠢᠯᠡᠩᠭᠤᠶ᠎ᠠ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠶᠠᠪᠤᠴᠠ ᠳᠤ ᠵᠠᠰᠠᠭ ᠤᠨ ᠣᠷᠳᠤᠨ ᠠᠴᠠ ᠵᠤᠭᠤᠰ ᠰᠠᠯᠭᠠᠨ ᠥᠭᠬᠦ᠂ | ᠭᠠᠶᠢᠯᠢ ᠬᠦᠩᠭᠡᠯᠡᠵᠦ ᠬᠡᠯᠳᠦᠷᠢᠬᠦᠯᠬᠦ ᠵᠡᠷᠭᠡ ᠠᠴᠠ ᠪᠤᠢ ᠪᠤᠯᠤᠭᠰᠠᠨ ᠬᠠᠮᠲᠤ ᠶᠢᠨ ᠡᠳ᠋ ᠬᠦᠷᠦᠩᠭᠡ ᠨᠢ ᠡᠯ᠎ᠡ ᠰᠢᠶᠠᠩ | ᠪᠠᠯᠭᠠᠰᠤ᠂ ᠲᠤᠰᠬᠤᠨ᠂ ᠲᠤᠭᠤᠶᠢᠯᠠᠩ ᠤᠨ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠬᠦᠨ | ᠬᠠᠮᠲᠤ ᠳᠤ ᠬᠠᠤᠯᠢ ᠶᠤᠰᠤᠭᠠᠷ ᠥᠮᠴᠢᠯᠡᠭᠳᠡᠬᠦ ᠠᠴᠠ ᠪᠢᠰᠢ᠂ ᠬᠠᠷᠢᠨ ᠶᠡᠮᠠᠷ ᠨᠢᠭᠡᠨ ᠦᠨᠳᠦᠰᠦᠨ ᠱᠠᠳᠤᠨ ᠤ ᠵᠤᠬᠢᠶᠠᠨ | ᠪᠠᠶᠢᠭᠤᠯᠤᠯᠲᠠ ᠳᠤ ᠥᠮᠴᠢᠯᠡᠭᠳᠡᠬᠦ ᠪᠢᠰᠢ᠂ ᠲᠠᠷᠢᠶᠠᠴᠢᠨ ᠤ ᠬᠤᠪᠢ ᠪᠡᠶ᠎ᠡ ᠳᠤ ᠥᠮᠴᠢᠯᠡᠭᠳᠡᠬᠦ ᠴᠤ ᠪᠢᠰᠢ᠂ ᠨᠡᠩ ᠴᠤ | ᠲᠤᠰᠬᠤᠨ ᠤ ᠺᠠᠲᠠᠷ ᠲᠤ ᠥᠮᠴᠢᠯᠡᠭᠳᠡᠬᠦ ᠪᠢᠰᠢ ᠶᠤᠮ᠃ | ︵ᠬᠤᠶᠠᠷ︶ ᠬᠡᠨ ᠪᠦᠷᠢᠯᠳᠦᠬᠦᠨ ᠬᠠᠮᠲᠤ ᠶᠢ ᠲᠦᠯᠦᠭᠡᠯᠡᠨ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ | ᠡᠷᠭᠡ ᠶᠢ ᠬᠡᠷᠡᠭᠵᠢᠬᠦᠯᠵᠦ ᠪᠤᠯᠬᠤ ᠪᠤᠢ︖ | ︽ᠪᠤᠳᠠᠰ ᠤᠨ ᠡᠷᠬᠡ ᠶᠢᠨ ᠬᠠᠤᠯᠢ︾ ᠪᠠ ︽ᠰᠠᠨᠠᠯ︾ ᠲᠤ ᠴᠦᠮ᠄ ᠲᠤᠰᠬᠤᠨ ᠤ ᠲᠠᠷᠢᠶᠠᠴᠢᠳ ᠤᠨ ᠬᠠᠮᠲᠤ ᠶᠢᠨ | ᠥᠮᠴᠢᠯᠡᠯ ᠳᠤ ᠬᠠᠷᠢᠶᠠᠯᠠᠭᠳᠠᠪᠠᠯ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠠᠴᠠ ᠬᠠᠮᠲᠤ | ᠨᠠᠶᠢᠲᠡ ᠶᠢ ᠲᠦᠯᠦᠭᠡᠯᠡᠨ ᠥᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠃ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ ᠪᠠᠶᠢᠭᠤᠯᠤᠭᠠᠳᠤᠢ ᠪᠣᠯ ᠲᠤᠰᠬᠤᠨ ᠤ ᠠᠷᠠᠳ ᠤᠨ ᠵᠥᠪᠯᠡᠯ ᠠᠴᠠ ᠬᠠᠮᠲᠤ ᠨᠠᠶᠢᠲᠡ ᠶᠢ ᠲᠦᠯᠦᠭᠡᠯᠡᠨ | ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠃ ᠲᠤᠰᠬᠤᠨ ᠤ ᠲᠤᠳᠤᠷᠠᠬᠢ ᠬᠤᠶᠠᠷ ᠠᠴᠠ ᠲᠡᠭᠡᠭᠰᠢᠬᠢ | ᠲᠠᠷᠢᠶᠠᠴᠢᠳ ᠤᠨ ᠬᠠᠮᠲᠤ ᠶᠢᠨ ᠥᠮᠴᠢᠯᠡᠯ ᠳᠤ ᠲᠤᠰ ᠲᠤᠰ ᠬᠠᠷᠢᠶᠠᠯᠠᠭᠳᠠᠪᠠᠯ᠂ ᠲᠤᠰᠬᠤᠨ ᠤ ᠲᠤᠳᠤᠷᠠᠬᠢ ᠲᠤᠰ ᠬᠠᠮᠲᠤ ᠶᠢᠨ | ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠨᠤᠭᠤᠳ ᠨᠢ ᠬᠠᠮᠲᠤ ᠨᠡᠶᠢᠲᠡ ᠪᠠᠨ ᠲᠦᠯᠦᠭᠡᠯᠡᠨ ᠥᠮᠴᠢᠯᠡᠯ ᠤᠨ ᠡᠷᠬᠡ ᠶᠢ | ᠬᠡᠷᠡᠭᠵᠢᠬᠦᠯᠦᠨ᠎ᠡ᠃ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠤᠭᠠᠳᠤᠢ ᠪᠣᠯ ᠲᠤᠰᠬᠤᠨ ᠤ | ᠠᠷᠠᠳ ᠤᠨ ᠲᠤᠭᠤᠶᠢᠯᠠᠩ ᠠᠴᠠ ᠬᠠᠮᠲᠤ ᠨᠡᠶᠢᠲᠡ ᠶᠢ ᠲᠦᠯᠦᠭᠡᠯᠡᠨ ᠥᠮᠴᠢᠯᠡᠯ ᠤᠨ ᠡᠷᠬᠡ ᠶᠢ ᠭᠡᠷᠡᠭᠵᠢᠬᠦᠯᠦᠨ᠎ᠡ ᠬᠡᠵᠦ | ᠳᠤᠷᠠᠳᠴᠠᠢ᠃ ᠡᠬᠦᠨ ᠠᠴᠠ ᠦᠵᠡᠬᠦ ᠳᠤ᠂ ᠲᠤᠰᠬᠤᠨ ᠤ ᠲᠤᠭᠤᠶᠢᠯᠠᠩ ᠤᠨ ᠬᠤᠶᠠᠷ ᠱᠠᠳᠤᠨ ᠳᠤ ᠬᠦᠳᠡᠭᠡ ᠲᠤᠰᠬᠤᠨ ᠤ | ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠬᠠᠤᠯᠢ ᠶᠤᠰᠤᠭᠠᠷ ᠪᠦᠷᠢᠯᠳᠦᠬᠦᠨ ᠬᠠᠮᠲᠤ ᠶᠢ ᠲᠦᠯᠦᠭᠡᠯᠡᠨ | ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠂ ᠬᠦᠳᠡᠭᠡ ᠲᠤᠰᠬᠤᠨ ᠤ ᠬᠠᠮᠲᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠤᠭᠠᠳᠤᠢ ᠪᠣᠯ᠂ ᠲᠤᠰᠬᠤᠨ ᠤ ᠠᠷᠠᠳ ᠤᠨ ᠵᠦᠪᠯᠡᠯ ᠪᠤᠶᠤ ᠲᠤᠰᠬᠤᠨ ᠤ | ᠠᠷᠠᠳ ᠤᠨ ᠲᠤᠭᠤᠶᠢᠯᠠᠩ ᠠᠴᠠ ᠡᠬᠦᠷᠭᠡ ᠴᠢᠳᠠᠪᠦᠷᠢ ᠶᠢ ᠨᠢ ᠤᠷᠤᠭᠯᠠᠨ ᠬᠦᠢᠴᠡᠳᠭᠡᠵᠦ ᠪᠤᠯᠤᠨ᠎ᠠ ᠭᠡᠵᠦ ᠭᠡᠳᠡᠭ ᠨᠢ | ᠢᠯᠡᠷᠬᠡᠢ ᠪᠠᠶᠢᠨ᠎ᠠ᠃ | ᠲᠡᠭᠡᠪᠡᠯ᠂ ᠰᠢᠶᠠᠩ ᠪᠠᠯᠭᠠᠰᠤᠨ ᠤ ᠱᠠᠳᠤ ᠪᠤᠯᠤᠨ ᠬᠦᠳᠡᠭᠡ ᠲᠤᠰᠬᠤᠨ ᠤ ᠡᠷᠦᠬᠡ ᠠᠮᠠ ᠶᠢ ᠰᠠᠭᠤᠭᠠᠯᠢ ᠠᠷᠠᠳ ᠤᠨ | ᠡᠷᠦᠬᠡ ᠠᠮᠠ ᠪᠤᠯᠭᠠᠭᠰᠠᠨ ᠤ ᠲᠠᠷᠠᠭᠠᠬᠢ ᠬᠠᠮᠲᠤ ᠶᠢᠨ ᠠᠵᠤ ᠠᠬᠤᠢ ᠶᠢᠨ ᠥᠮᠴᠢᠯᠡᠯ ᠤᠨ ᠡᠷᠬᠡ ᠶᠢ ᠬᠡᠨ ᠬᠠᠮᠲᠤ ᠨᠡᠶᠢᠲᠡ ᠶᠢ | ᠲᠦᠯᠦᠭᠡᠯᠡᠨ ᠬᠡᠷᠡᠭᠵᠢᠬᠦᠯᠬᠦ ᠪᠤᠢ ᠭᠡᠳᠡᠭ ᠲᠤ ᠬᠤᠶᠠᠷ ᠲᠠᠯ᠎ᠠ ᠶᠢ ᠠᠩᠬᠠᠷᠬᠤ ᠬᠡᠷᠡᠭᠳᠡᠢ᠄ ᠨᠢᠭᠡ ᠳᠤ᠂ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠤᠨ ᠳᠤ ᠰᠢᠶᠠᠩ ᠪᠠᠯᠭᠠᠰᠤᠨ ᠤ ᠱᠠᠳᠤᠨ ᠤ ᠡᠬᠦᠷᠭᠡ ᠴᠢᠳᠠᠪᠦᠷᠢ ᠪᠠᠶᠢᠬᠤ ᠦᠭᠡᠢ᠃ | ᠡᠶᠢᠮᠦ ᠠᠴᠠ ᠬᠦᠳᠡᠭᠡ ᠲᠤᠰᠬᠤᠨ ᠤ ᠬᠠᠮᠲᠤ ᠶᠢᠨ ᠡᠳ᠋ ᠬᠦᠷᠦᠩᠭᠡ ᠲᠠᠢ ᠰᠢᠶᠠᠩ ᠪᠠᠯᠭᠠᠰᠤ ᠨᠢ ᠬᠠᠮᠲᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠬᠤ ᠬᠡᠷᠡᠭᠳᠡᠢ ᠪᠦᠭᠡᠳ ᠰᠢᠶᠠᠩ ᠪᠠᠯᠭᠠᠰᠤᠨ ᠤ ᠬᠠᠮᠲᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠨᠢ ᠬᠠᠮᠲᠤ ᠨᠠᠶᠢᠲᠡ ᠶᠢ ᠲᠦᠯᠦᠭᠡᠯᠡᠨ ᠥᠮᠴᠢᠯᠡᠯ ᠤᠨ ᠡᠷᠬᠡ ᠪᠠᠨ ᠬᠡᠷᠡᠭᠵᠢᠬᠦᠯᠬᠦ | ᠬᠡᠷᠡᠭᠳᠡᠢ᠃ ᠬᠤᠶᠠᠷ ᠲᠤ᠂ ᠬᠦᠳᠡᠭᠡ ᠲᠤᠰᠬᠤᠨ ᠤ ᠡᠷᠦᠬᠡ ᠠᠮᠠ ᠶᠢ ᠰᠠᠭᠤᠭᠠᠯᠢ ᠠᠷᠠᠳ ᠤᠨ ᠡᠷᠦᠬᠡ ᠠᠮᠠ ᠪᠤᠯᠭᠠᠭᠰᠠᠨ ᠤ | ᠲᠠᠷᠠᠭᠠᠬᠢ ᠰᠠᠭᠤᠭᠠᠯᠢ ᠠᠷᠠᠳ ᠤᠨ ᠵᠥᠪᠯᠡᠯ ᠨᠢ ᠴᠤ ᠬᠠᠮᠲᠤ ᠶᠢᠨ ᠡᠳ᠋ ᠬᠦᠷᠦᠩᠭᠡ ᠶᠢᠨ ᠥᠮᠴᠢᠯᠡᠯ ᠤᠨ ᠡᠷᠬᠡ ᠶᠢ | ᠤᠷᠤᠭᠯᠠᠨ ᠬᠦᠢᠴᠡᠳᠬᠡᠬᠦ ᠡᠬᠦᠷᠭᠡ ᠴᠢᠳᠠᠪᠦᠷᠢ ᠦᠬᠡᠢ᠂ ᠡᠶᠢᠮᠦ ᠠᠴᠠ ᠬᠦᠳᠡᠭᠡ ᠲᠤᠰᠬᠤᠨ ᠤ ᠡᠷᠦᠬᠡ ᠠᠮᠠ ᠶᠢ ᠰᠠᠭᠤᠭᠠᠯᠢ | ᠠᠷᠠᠳ ᠤᠨ ᠡᠷᠦᠬᠡ ᠠᠮᠠ ᠪᠤᠯᠭᠠᠬᠤ ᠤᠷᠢᠳᠠᠯ ᠨᠦᠭᠦᠴᠡᠯ ᠪᠣᠯ ᠬᠦᠳᠡᠭᠡ ᠲᠤᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠲᠥᠷᠢᠮ ᠤᠨ ᠦᠭᠡᠷᠡᠴᠢᠯᠡᠯᠲᠡ ᠬᠢᠵᠤ᠂ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ | ᠪᠠᠶᠢᠭᠤᠯᠬᠤ ᠶᠠᠪᠤᠳᠠᠯ ᠪᠤᠯᠤᠨ᠎ᠠ᠃ | |