| ᠵᠠᠰᠠᠭ ᠤᠨ ᠣᠷᠳᠣᠨ ᠤ ᠠᠵᠢᠯ ᠤᠨ ᠢᠯᠡᠳᠬᠡᠯ | — — ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠣᠭᠠᠨ ᠳᠡᠭᠡᠷ᠎ᠡ | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠬᠤᠪᠢᠰᠬᠠᠯᠲᠤ | ( 2020 ᠤᠨ ᠤ 5 ᠰᠠᠷ᠎ᠠ ᠶᠢᠨ 16 ᠤ ᠡᠳᠤᠷ) | ᠲᠦᠯᠦᠭᠡᠯᠡᠭᠴᠢᠳ ᠡ᠄ | ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠣ︕ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ | ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕ | ᠨᠢᠭᠡ᠂ 2019 ᠤᠨ ᠤ ᠠᠵᠢᠯ ᠤᠨ ᠡᠷᠬᠢᠴᠡᠭᠦᠯᠦᠯ | ᠦᠩᠭᠡᠷᠡᠭᠰᠡᠨ ᠨᠢᠭᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ | ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ | ᠲᠦᠷᠦ ᠶᠢᠨ ᠵᠦᠪᠯᠡᠯᠭᠡᠨ ᠤ ᠭᠢᠨᠠᠯᠳᠠ ᠲᠠᠮᠵᠢᠯᠭᠡ ᠳᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ᠰᠢ | ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠰᠢᠭᠤᠨ ᠤ ᠡᠯ᠎ᠡ | ᠦᠨᠲᠤᠰᠤᠲᠠᠨ ᠤ ᠺᠠᠳ᠋ᠷ ᠤᠯᠠᠨ ᠲᠦᠮᠠᠨ ᠢ ᠪᠦᠯᠬᠦᠮᠲᠡᠬᠦᠯᠤᠨ ᠲᠠᠶᠢᠴᠢᠯᠠᠵᠤ᠂ ᠰᠢᠨ᠎ᠡ ᠬᠦᠭᠵᠢᠯᠳᠡ ᠶᠢᠨ | ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ | ᠠᠵᠢᠯ ᠢ ᠯᠠᠪᠳᠠᠭᠤᠨ ᠬᠢᠵᠦ᠂ ᠨᠡᠮᠡᠭᠳᠡᠯ ᠢ ᠳᠤᠭᠳᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠨ ᠶᠢ | ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠳᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠦᠷᠦᠯ | ᠤᠨ ᠠᠵᠢᠯ ᠢ ᠨᠢᠭᠡᠳᠤᠯᠲᠠᠢ ᠲᠦᠯᠦᠪᠵᠢᠭᠦᠯᠦᠨ ᠠᠬᠢᠭᠤᠯᠤᠭᠰᠠᠨ ᠠᠴᠠ ᠪᠦᠬᠦ ᠬᠤᠰᠢᠭᠤᠨ ᠤ ᠠᠵᠤ ᠠᠬᠤᠢ ᠨᠡᠶᠢᠭᠡᠮ | ᠦᠷᠭᠦᠯᠵᠢᠯᠡᠨ ᠡᠷᠡᠭᠦᠯ ᠢᠶᠠᠷ ᠬᠦᠭᠵᠢᠪᠡ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 22.09 | ᠳ᠋ᠦᠩᠰᠢᠭᠤᠷ ᠲᠤ ᠬᠦᠷᠴᠦ᠂ 4.3% ᠪᠠᠷ ᠨᠡᠮᠡᠭᠳᠡᠵᠦ᠂ ᠡᠩ ᠤᠨ ᠨᠡᠶᠢᠳᠡ ᠶᠢᠨ ᠲᠦᠰᠦᠪ ᠤᠨ ᠤᠷᠤᠯᠭ᠎ᠠ 1.92 | ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ 5% ᠪᠠᠷ ᠨᠡᠮᠡᠭᠳᠡᠵᠦ᠂ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠶᠢ 14.4 ᠳ᠋ᠦᠩᠰᠢᠭᠤᠷ ᠲᠦᠬᠦᠷᠢᠭ ᠪᠡᠶᠡᠯᠡᠬᠦᠯᠵᠦ᠂ 33.3% ᠪᠠᠷ ᠨᠡᠮᠡᠭᠳᠡᠵᠦ᠂ ᠪᠦᠬᠦ ᠨᠡᠶᠢᠭᠡᠮ | ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ 7.2 ᠳ᠋ᠦᠩᠰᠢᠭᠤᠷ ᠲᠦᠬᠦᠷᠢᠭ ᠢ | ᠪᠡᠶᠡᠯᠡᠬᠦᠯᠵᠦ᠂ 2.8% ᠪᠠᠷ ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ | ᠡᠵᠡᠮᠳᠡᠵᠦ ᠪᠤᠯᠬᠤ ᠤᠷᠤᠯᠭ᠎ᠠ ᠲᠤᠰᠪᠦᠷᠢ 41189 ᠲᠦᠬᠦᠷᠢᠭ ᠪᠠ 15856 ᠲᠦᠬᠦᠷᠢᠭ ᠲᠤ ᠬᠦᠷᠴᠦ᠂ 6. | 5% ᠪᠠ 9.3% ᠪᠠᠷ ᠨᠡᠮᠡᠭᠳᠡᠨ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠪᠤᠯᠪᠠ᠃ | ︵ᠨᠢᠬᠡ︶ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠲᠤᠭᠠᠨ ᠠᠬᠢᠴᠠ ᠲᠠᠢ ᠪᠣᠯᠪᠠ᠃ ᠦᠷᠢ ᠦᠭᠴᠡᠭᠡ | ᠶᠢ ᠴᠠᠶᠢᠷᠠᠭᠤᠯᠬᠤ ᠡᠬᠦᠷᠬᠡ ᠪᠠᠨ ᠲᠠᠪᠠᠭᠤᠯᠤᠨ ᠪᠡᠶᠡᠯᠡᠬᠦᠯᠪᠠ᠃ ᠵᠠᠰᠠᠭ ᠤᠨ ᠤᠷᠲᠤᠨ ᠤ ᠦᠷᠢ ᠦᠭᠴᠡᠭᠡ ᠶᠢ | ᠬᠠᠮᠢᠶᠠᠷᠬᠤ ᠲᠦᠷᠢᠮᠵᠢᠯ ᠢ ᠲᠡᠬᠦᠯᠲᠡᠷᠵᠢᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠤᠴᠡ ᠶᠢ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠵᠤ᠂ ᠲᠡᠬᠡᠲᠤ ᠱᠠᠲᠤᠨ ᠤ ᠲᠡᠮᠵᠢᠯᠬᠡ ᠶᠢ ᠢᠲᠡᠪᠬᠢᠲᠠᠢ ᠪᠠᠷ ᠡᠷᠡᠮᠡᠯᠵᠡᠯᠡᠨ ᠤᠯᠬᠤ ᠵᠡᠷᠬᠡ | ᠠᠷᠭ᠎ᠠ ᠮᠠᠶ᠋ᠢᠭ ᠢᠶᠠᠷ ᠪᠦᠬᠦ ᠵᠢᠯ ᠳᠤ 2.46 ᠳ᠋ᠦᠩᠰᠢᠭᠤᠷ ᠲᠦᠭᠦᠷᠢᠭ ᠤᠨ ᠳᠠᠯᠳᠡ ᠴᠢᠨᠠᠷᠳᠠᠢ ᠦᠷᠢ ᠥᠭᠴᠡᠭᠡ ᠶᠢ | ᠴᠡᠪᠡᠷᠯᠡᠵᠦ᠂ ᠡᠭᠦᠷᠭᠡ ᠪᠠᠨ ᠪᠡᠶᠡᠯᠡᠬᠦᠯᠦᠭᠰᠡᠨ ᠨᠣᠷᠮ᠎ᠠ ᠨᠢ 200% ᠳᠤ ᠬᠦᠷᠪᠡ᠃ ᠡᠬᠦᠨ ᠳᠤ ᠠᠷᠠᠳ ᠠᠴᠠ | ᠡᠷᠬᠢᠯᠡᠭᠰᠡᠨ ᠳᠤᠮᠳᠠ ᠵᠢᠵᠢᠭ ᠬᠡᠯᠪᠡᠷᠢ ᠶᠢᠨ ᠠᠵᠦ ᠠᠬᠤᠶᠢᠯᠠᠯ ᠤᠨ 8439.1 ᠲᠦᠮᠡᠨ ᠲᠦᠭᠦᠷᠢᠭ ᠤᠨ ᠦᠷᠢ | ᠦᠭᠴᠡᠭᠡ ᠶᠢ ᠴᠠᠶᠢᠷᠠᠭᠤᠯᠵᠤ᠂ ᠵᠢᠯ ᠤᠨ ᠡᠬᠢᠨ ᠤ ᠲᠦᠰᠦᠪᠯᠡᠭᠰᠡᠨ ᠡᠬᠦᠷᠭᠡ ᠪᠠᠨ ᠲᠠᠪᠠᠭᠤᠯᠤᠨ ᠪᠡᠶᠡᠯᠡᠬᠦᠯᠪᠡ᠃ 15 | ᠲᠦᠷᠦᠯ ᠤᠨ ᠢᠨᠵᠧᠨᠧᠷᠢᠩ ᠤᠨ ᠲᠦᠰᠦᠪᠯᠡᠨ ᠪᠤᠳᠤᠬᠰᠠᠨ ᠪᠠᠷᠢᠮᠵᠢᠶ᠎ᠠ ᠰᠠᠭᠤᠷᠢ ᠲᠤᠭ᠎ᠠ ᠪᠠ ᠦᠨᠡᠯᠡᠭᠰᠡᠨ ᠬᠢᠨᠠᠯᠲᠠ | ᠶᠢ ᠪᠡᠶᠡᠯᠡᠬᠦᠯᠵᠦ᠂ ᠰᠢᠨ᠎ᠡ ᠪᠠᠷ ᠨᠡᠮᠡᠭᠳᠡᠬᠦ ᠦᠷᠢ ᠦᠭᠴᠡᠭᠡᠨ ᠤ ᠲᠦᠭᠰᠢᠬᠦᠷᠢ ᠶᠢ ᠰᠡᠷᠭᠡᠶᠢᠯᠡᠪᠡ᠃ ᠮᠦᠩᠬᠦᠨ | ᠬᠦᠢᠯᠬᠡᠬᠡᠨ ᠤ ᠠᠶᠤᠯ ᠲᠦᠭᠰᠢᠬᠦᠷᠢ ᠶᠢ ᠪᠦᠬᠦ ᠲᠠᠯ᠎ᠠ ᠪᠠᠷ ᠡᠵᠡᠮᠲᠡᠵᠤ᠂ ᠮᠠᠯᠴᠢᠳ ᠤᠨ ᠳᠤᠮᠳᠠᠬᠢ ᠵᠢᠬᠡᠯᠡᠯᠭᠡ ᠶᠢᠨ | ᠶᠡᠷᠦᠩᠭᠡᠶᠢᠯᠡᠭᠰᠡᠨ ᠴᠡᠭᠴᠡᠯᠡᠯᠲᠡ᠂ ᠢᠨᠲ᠋ᠧᠷ ᠰᠦᠯᠵᠢᠶᠡᠨ ᠳᠠᠬᠢ ᠮᠦᠩᠭᠦᠨ ᠬᠦᠢᠯᠭᠡᠭᠡᠨ ᠤ ᠲᠦᠭᠰᠢᠬᠦᠷᠢ ᠶᠢ ᠵᠠᠰᠠᠨ | ᠴᠡᠭᠴᠡᠯᠡᠬᠦ ᠲᠤᠰᠬᠠᠢ ᠲᠥᠷᠦᠯ ᠤᠨ ᠠᠵᠢᠯ ᠢ ᠦᠷᠬᠦᠯᠵᠢᠯᠡᠨ ᠦᠷᠨᠢᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ | ᠤ ᠦᠨᠳᠤᠷ ᠬᠦᠦ ᠲᠠᠢ ᠵᠢᠬᠡᠯᠡᠯᠭᠡ ᠶᠢᠨ ᠲᠦᠭᠰᠢᠬᠦᠷᠢ ᠶᠢᠨ ᠨᠦᠬᠦᠪᠦᠷᠢ ᠮᠦᠩᠭᠦ 500 ᠲᠦᠮᠡᠨ ᠲᠦᠭᠦᠷᠢᠭ ᠢ | ᠡᠷᠡᠮᠡᠯᠵᠡᠯᠡᠨ ᠤᠯᠪᠠ᠃ ᠶᠠᠲᠠᠭᠤ ᠠᠴᠠ ᠠᠩᠬᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠤᠨ ᠦᠷ᠎ᠡ ᠪᠦᠲᠤᠮᠵᠢ | ᠦᠷᠬᠦᠯᠵᠢᠯᠠᠨ ᠪᠠᠬᠢᠵᠢᠪᠡ᠃ 2165.4 ᠲᠦᠮᠡᠨ ᠲᠦᠭᠦᠷᠢᠭ ᠤᠨ ᠪᠡᠯᠡ ᠤᠷᠤᠭᠤᠯᠵᠦ᠂ ︽ᠭᠤᠷᠪᠡᠨ ᠨᠠᠷᠢᠯᠢᠭ | ᠤᠨᠤᠪᠴᠢᠳᠠᠢ︾᠂ ︽ᠭᠤᠷᠪᠠ ᠶᠢ ᠨᠠᠶᠢᠳᠠᠪᠦᠷᠢᠵᠢᠭᠤᠯᠬᠤ︾ ᠪᠠ ᠤᠤᠭᠤᠬᠤ ᠤᠰᠤᠨ ᠤ ᠠᠮᠤᠷ ᠲᠦᠪᠰᠢᠨ ᠵᠢᠴᠢ ︽ | ᠭᠤᠷᠪᠠᠨ ᠪᠠᠳᠤᠯᠠᠭ᠎ᠠ︾ ᠳᠤ ᠬᠦᠴᠦᠨ ᠢᠶᠠᠨ ᠲᠦᠪᠯᠡᠷᠡᠬᠦᠯᠵᠦ᠂ ᠠᠷᠪᠠᠨ ᠲᠦᠷᠦᠯ ᠤᠨ ︽ᠵᠦᠷᠢᠶ᠎ᠡ ᠪᠠᠨ | ᠦᠬᠡᠶᠢᠰᠬᠡᠵᠦ᠂ ᠪᠠᠷᠢᠮᠵᠢᠶᠠᠨ ᠳᠤ ᠬᠦᠷᠭᠡᠬᠦ︾ ᠡᠭᠦᠷᠭᠡ ᠶᠢ ᠪᠡᠶᠡᠯᠡᠬᠦᠯᠵᠦ᠂ ᠴᠠᠬᠠᠷ ᠬᠤᠨᠢ᠂ ᠴᠠᠭᠠᠨ ᠢᠳᠡᠭᠡᠨ ᠤ ᠠᠵᠤ | ᠦᠢᠯᠡᠰ ᠢᠶᠠᠷ ᠶᠠᠳᠠᠭᠤ ᠶᠢ ᠳᠡᠳᠬᠦᠬᠦ ᠶᠢ ᠲᠦᠯᠬᠢᠨ ᠠᠬᠢᠭᠤᠯᠵᠤ᠂ ᠶᠠᠳᠠᠭᠤ ᠬᠦᠴᠢᠷᠳᠠᠯᠳᠠᠢ ᠡᠷᠦᠬᠡ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠬᠤ ᠬᠠᠷᠠᠯᠳᠡ ᠶᠢ ᠨᠢᠬᠡ ᠵᠢᠯ ᠤᠷᠢᠳᠴᠢᠯᠡᠨ ᠪᠡᠶᠡᠯᠡᠬᠦᠯᠵᠦ᠂ 2020 ᠤᠨ ᠳᠤ | ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠠᠲᠤ ᠪᠠᠬᠢ ᠰᠠᠭᠤᠷᠢ ᠲᠠᠯᠪᠢᠪᠡ᠃ ᠤᠶᠢᠷ᠎ᠠ ᠶᠢᠨ ᠬᠡᠳᠦᠨ | ᠵᠢᠯ ᠤᠨ ᠲᠡᠭᠡᠷ᠎ᠡ ᠱᠠᠲᠤᠨ ᠤ ᠡᠯ᠎ᠡ ᠲᠦᠷᠤᠯ ᠤᠨ ᠪᠠᠶᠢᠴᠠᠭᠠᠯᠲᠠ ᠪᠠ ︽ᠡᠷᠬᠢᠨ ᠬᠠᠷᠠᠬᠤ︾ ᠲᠤᠭᠤᠷᠢᠨ | ᠪᠠᠶᠢᠴᠠᠭᠠᠯᠲᠠ ᠶᠢᠨ ᠲᠤᠮᠲᠠ ᠢᠯᠡᠷᠡᠬᠦᠯᠦᠭᠰᠡᠨ 262 ᠵᠤᠷᠪᠤᠰ ᠠᠰᠠᠭᠤᠲᠠᠯ ᠢ ᠪᠦᠬᠦᠨ ᠢ ᠴᠡᠭᠴᠡᠯᠡᠨ ᠵᠠᠯᠠᠷᠠᠭᠤᠯᠪᠠ᠃ | ᠪᠣᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠦᠷ᠎ᠡ ᠪᠦᠲᠤᠮᠵᠢ ᠢᠯᠡᠷᠬᠡᠢ ᠪᠣᠯᠪᠠ᠃ ᠲᠦᠪ ᠤᠨ ᠠᠮᠢ ᠠᠬᠤᠢ ᠶᠢᠨ | ᠱᠠᠭᠠᠷᠳᠠᠨ ᠪᠠᠶᠢᠴᠠᠭᠠᠯᠳᠡ᠂ ︽ᠡᠷᠬᠢᠨ ᠬᠠᠷᠠᠬᠤ︾ ᠪᠠᠶᠢᠴᠠᠭᠠᠯᠲᠠ ᠵᠢᠴᠢ ᠳᠠᠯ᠎ᠠ ᠨᠤᠳᠤᠭ ᠤᠨ ᠠᠮᠢ ᠠᠬᠤᠢ ᠶᠢᠨ | ᠤᠷᠴᠢᠨ ᠲᠤᠭᠤᠷᠢᠨ ᠤ ᠠᠰᠠᠭᠤᠳᠠᠯ ᠤᠨ ᠲᠤᠰᠬᠠᠢ ᠲᠥᠷᠦᠯ ᠤᠨ ᠱᠠᠭᠠᠷᠳᠠᠨ ᠪᠠᠶᠢᠴᠠᠭᠠᠯᠳᠡ᠂ ᠪᠦᠬᠦ ᠤᠷᠤᠨ ᠬᠢᠭᠡᠳ | ᠠᠶᠢᠮᠠᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠶᠡᠭᠡ ᠪᠠᠶᠢᠴᠠᠭᠠᠯᠳᠡ ᠶᠢᠨ ᠲᠤᠰᠬᠠᠬᠰᠠᠨ ᠠᠰᠠᠭᠤᠳᠠᠯ ᠢ | ᠪᠦᠬᠦᠨ ᠢ ᠨᠠᠷᠢᠨ ᠬᠢᠨᠠᠮᠠᠭᠠᠢ ᠬᠠᠯᠠᠨ ᠰᠠᠶᠢᠵᠢᠷᠠᠭᠤᠯᠪᠠ᠃ ᠬᠤᠶᠠᠲᠤᠭᠠᠷ ᠤᠲᠠᠭᠠᠨ ᠤ ᠪᠦᠬᠦ ᠤᠯᠤᠰ ᠤᠨ ᠪᠤᠬᠢᠷᠳᠤᠯ | ᠤᠨ ᠡᠬᠢ ᠰᠣᠷᠪᠤᠯᠵᠢ ᠶᠢ ᠨᠡᠶᠢᠲᠠᠮ ᠪᠠᠶᠢᠴᠠᠭᠠᠬᠤ ᠠᠵᠢᠯ ᠢ ᠲᠦᠯᠬᠢᠨ ᠠᠬᠢᠭᠤᠯᠪᠠ᠃ ᠪᠤᠬᠢᠷᠳᠤᠯ ᠦᠬᠡᠢ ᠠᠭᠤᠷᠬᠠᠢ | ᠶᠢᠨ ᠪᠦᠲᠤᠬᠡᠨ ᠪᠠᠶᠢᠭᠤᠯᠤᠯᠲᠠ ᠶᠢ ᠯᠠᠪᠲᠡᠭᠤᠨ ᠢᠶᠠᠷ ᠠᠬᠢᠭᠤᠯᠪᠠ᠃ ᠠᠭᠠᠷ ᠮᠠᠨᠳᠠᠯ ᠤᠨ ᠪᠤᠬᠢᠷᠳᠤᠯ ᠦᠬᠡᠢ ᠡᠳᠦᠷ | ᠨᠢ 326 ᠡᠳᠦᠷ ᠲᠤ ᠬᠦᠷᠴᠦ᠂ ᠠᠭᠠᠷ ᠮᠠᠨᠳᠠᠯ ᠤᠨ ᠪᠤᠬᠢᠷᠳᠤᠯ ᠦᠬᠡᠢ ᠡᠳᠦᠷ ᠤᠨ ᠨᠣᠷᠮ᠎ᠠ ᠨᠢ 89.3% ᠳᠤ | ᠬᠦᠷᠴᠦ᠂ ᠪᠦᠬᠦ ᠤᠷᠤᠨ ᠳᠤ 18 ᠳ᠋ᠤᠭᠠᠷ ᠳᠤ ᠵᠢᠭᠰᠠᠭᠠᠭᠳᠠᠪᠠ᠃ ᠰᠢᠨᠡᠪᠤᠯᠠᠭ ᠪᠠᠯᠭᠠᠰᠤᠨ ᠤ ᠪᠤᠬᠢᠷ ᠤᠰᠤ ᠶᠢ | ᠰᠢᠢᠳᠪᠦᠷᠢᠯᠡᠬᠦ ᠲᠠᠯᠠᠪᠤᠷ ᠤᠨ ᠰᠢᠪᠳᠤᠷ᠂ ᠹᠤᠰᠹᠤᠷ ᠤᠨ ᠭᠠᠳᠠᠭᠰᠢᠯᠠᠭᠤᠯᠤᠯᠲᠠ ᠨᠢ ᠪᠠᠷᠢᠮᠵᠢᠶᠠᠨ ᠳᠤ ᠬᠦᠷᠴᠦ᠂ ᠪᠦᠬᠦ | ᠵᠢᠯ ᠤᠨ ᠰᠢᠢᠳᠪᠦᠷᠢᠯᠡᠭᠰᠡᠨ ᠪᠤᠬᠢᠷ ᠤᠰᠤ ᠨᠢ 103 ᠲᠦᠮᠡᠨ ᠲᠤᠨ ᠳᠤ ᠬᠦᠷᠪᠡ᠃ ᠭᠠᠳᠠᠬᠰᠢᠯᠠᠭᠤᠯᠤᠬᠰᠠᠨ ᠤᠰᠤ | ᠶᠢ ᠲᠠᠬᠢᠨ ᠠᠰᠢᠬᠯᠠᠬᠤ ᠶᠢ ᠠᠬᠢᠭᠤᠯᠵᠦ᠂ 58.5 ᠲᠦᠮᠡᠨ ᠲᠤᠨ ᠤᠰᠤ ᠶᠢ ᠳᠠᠬᠢᠨᠲᠠ ᠬᠡᠷᠡᠭᠯᠡᠬᠡᠨ ᠳᠤ ᠤᠷᠤᠭᠤᠯᠪᠠ᠃ | ᠤᠰᠤ ᠪᠠᠷ ᠰᠦᠷᠴᠢᠨ ᠴᠡᠪᠡᠷᠯᠡᠬᠦ ᠬᠡᠯᠪᠡᠷᠢ ᠶᠢᠨ ᠨᠡᠶᠢᠲᠡ ᠶᠢᠨ ᠵᠣᠷᠯᠤᠩ 2 ᠢ ᠪᠠᠶᠢᠭᠤᠯᠪᠠ᠃ ᠪᠦᠬᠦ ᠬᠤᠰᠢᠭᠤᠨ ᠤ | ᠲᠤᠰᠤ ᠨᠡᠮᠡᠬᠦ 9 ᠦᠷᠳᠡᠭᠡᠨ ᠤ ᠭᠠᠵᠠᠷ ᠲᠤᠤᠷᠡᠬᠢ ᠲᠤᠰᠤ ᠬᠠᠳᠠᠭᠠᠯᠠᠬᠤ 37 ᠬᠦᠮᠦᠷᠭᠡ ᠶᠢᠨ ᠨᠡᠪᠴᠢᠬᠦ ᠠᠴᠠ | ᠰᠡᠷᠭᠡᠶᠢᠯᠡᠬᠦ ᠦᠬᠡᠷᠡᠴᠢᠯᠡᠯᠳᠡ ᠶᠢᠨ ᠠᠵᠢᠯ ᠢ ᠨᠢᠭᠡ ᠵᠢᠯ ᠤᠷᠢᠳᠴᠢᠯᠠᠨ ᠪᠡᠶᠡᠯᠡᠬᠦᠯᠪᠡ᠃ 820 ᠺᠢᠯᠤᠭ᠍ᠷᠠᠮ ᠡᠮᠨᠡᠯᠬᠡ | ᠶᠢᠨ ᠬᠠᠶᠠᠬᠳᠠᠮᠠᠯ ᠪᠤᠳᠠᠰ ᠢ ᠲᠦᠷᠢᠮᠵᠢᠬᠦᠯᠦᠨ ᠬᠤᠷᠢᠶᠠᠵᠤ᠂ ᠴᠠᠭ ᠲᠤᠬᠠᠢ ᠳᠤᠨᠢ ᠵᠦᠭᠡᠭᠡᠪᠦᠷᠢᠯᠡᠨ᠂ ᠲᠥᠪᠯᠡᠷᠡᠬᠦᠯᠵᠦ | ᠰᠢᠢᠳᠪᠦᠷᠢᠯᠡᠪᠡ᠃ ᠬᠤᠲᠠ ᠶᠢᠨ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠬᠤᠲᠠ ᠪᠠᠯᠭᠠᠰᠤᠨ ᠤ ᠣᠷᠴᠢᠨ | ᠲᠤᠭᠤᠷᠢᠨ ᠤ ᠮᠠᠰᠢᠨᠴᠢᠯᠠᠭᠰᠠᠨ ᠴᠡᠪᠡᠷᠯᠡᠭᠡᠨ ᠤ ᠨᠣᠷᠮ᠎ᠠ 73% ᠳᠤ ᠬᠦᠷᠪᠡ᠃ | ︵ᠬᠤᠶᠠᠷ︶ ᠠᠵᠤ ᠠᠬᠤᠢ ᠶᠢᠨ ᠪᠦᠲᠤᠴᠠ ᠤᠯᠠᠮ ᠰᠢᠯᠢᠲᠡᠭᠵᠢᠪᠡ᠃ ᠮᠠᠯ ᠠᠵᠤ ᠠᠬᠤᠢ ᠶᠢᠨ ᠬᠠᠩᠭᠠᠯᠭ᠎ᠠ | ᠶᠢᠨ ᠲᠠᠯ᠎ᠠ ᠶᠢᠨ ᠪᠦᠲᠤᠴᠠ ᠶᠢᠨ ᠴᠢᠨᠠᠷᠲᠠᠢ ᠦᠬᠡᠷᠡᠴᠢᠯᠡᠯᠲᠠ ᠶᠢ ᠡᠮᠬᠢ ᠵᠢᠷᠤᠮ ᠲᠠᠢ ᠠᠬᠢᠭᠤᠯᠪᠠ᠃ ︽ᠬᠤᠨᠢ ᠶᠢ | ᠴᠦᠭᠡᠴᠢᠯᠡᠨ ᠦᠬᠡᠷ ᠢ ᠨᠡᠮᠡᠭᠳᠡᠬᠦᠯᠵᠦ᠂ ᠴᠢᠨᠠᠷ ᠶᠢ ᠳᠡᠭᠡᠭᠰᠢᠯᠡᠭᠦᠯᠵᠤ ᠤᠷᠤᠯᠭ᠎ᠠ ᠶᠢ ᠨᠡᠮᠡᠭᠳᠡᠬᠦᠯᠬᠦ︾ ᠰᠡᠳᠬᠢᠴᠡ ᠶᠢ | ᠪᠠᠷᠢᠮᠲᠠᠯᠠᠵᠤ᠂ 772 ᠲᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠤᠭᠤᠯᠵᠤ᠂ 2.36 ᠲᠦᠮᠡᠨ | ᠲᠤᠯᠤᠭᠠᠢ ᠦᠬᠡᠷ ᠢ ᠡᠬᠦᠯᠳᠡᠷ ᠰᠠᠶᠢᠵᠢᠷᠠᠭᠤᠯᠵᠤ᠂ ᠰᠢᠮᠧᠨ᠋ᠲᠷ ᠦᠬᠡᠷ ᠤᠨ ᠭᠤᠤᠯᠳᠠᠯᠭᠠᠳᠦ ᠰᠦᠷᠦᠭ 15 ᠪᠣᠯᠪᠠ᠃ | ᠲᠡᠵᠢᠭᠡᠨ ᠦᠷᠡᠵᠢᠬᠦᠯᠦᠯᠲᠡ᠂ ᠡᠳ᠋ᠰᠢᠬᠦᠯᠦᠨ ᠪᠣᠯᠪᠠᠰᠤᠷᠠᠭᠤᠯᠤᠯᠲᠠ᠂ ᠵᠠᠬ᠎ᠠ ᠲᠡᠯᠭᠡᠬᠦᠷ ᠵᠢᠴᠢ ᠨᠡᠷᠡᠲᠦ ᠲᠡᠮᠳᠡᠭ᠂ | ᠡᠵᠡᠩᠨᠡᠨ ᠪᠤᠷᠤᠯᠠᠭᠤᠯᠤᠯᠲᠠ᠂ ᠰᠤᠶᠤᠯ ᠵᠢᠭᠤᠯᠴᠢᠯᠠᠯ ᠵᠡᠷᠭᠡ ︽ᠲᠠᠪᠤ ᠶᠢ ᠨᠢᠭᠡ ᠴᠤᠭᠴᠠᠵᠢᠭᠤᠯᠤᠭᠰᠠᠨ︾ | ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠢ ᠢᠳᠡᠪᠬᠢᠳᠡᠢ ᠬᠦᠭᠵᠢᠬᠦᠯᠵᠦ᠂ ᠠᠵᠤ ᠦᠢᠯᠡᠰ ᠢᠶᠠᠷ | ᠶᠡᠳᠠᠭᠤ ᠶᠢ ᠳᠡᠳᠬᠦᠬᠦ ᠬᠦᠷᠢᠶᠡᠯᠡᠩ ᠤᠨ ᠪᠠᠶᠢᠭᠤᠯᠤᠯᠲᠠ ᠶᠢᠨ ᠠᠵᠢᠯ ᠢ ᠡᠬᠢᠯᠡᠬᠦᠯᠪᠡ᠃ ᠰᠠᠭᠠᠯᠢ ᠶᠢᠨ ᠦᠨᠢᠶᠡᠨ ᠤ | ᠲᠤᠭ᠎ᠠ 3000 ᠲᠤᠯᠤᠭᠠᠢ ᠶᠢ ᠳᠠᠪᠠᠵᠦ᠂ ᠪᠦᠬᠦ ᠵᠢᠯ ᠤᠨ ᠰᠦᠨ ᠤ ᠭᠠᠷᠤᠯᠳᠠ 6200 ᠲᠤᠨ ᠳᠤ ᠬᠦᠷᠴᠦ᠂ | ᠤᠯᠠᠮᠵᠢᠯᠠᠯᠳᠦ ᠴᠠᠭᠠᠨ ᠢᠳᠡᠭᠡ ᠪᠤᠯᠪᠠᠰᠤᠷᠠᠭᠤᠯᠬᠤ ᠠᠵᠦ ᠦᠢᠯᠡᠰ ᠲᠥᠷᠬᠡᠨ ᠬᠦᠭᠵᠢᠵᠦ᠂ ᠵᠢᠯ ᠤᠨ ᠦᠢᠯᠡᠳᠪᠦᠷᠢᠯᠡᠯ | ᠤᠨ ᠦᠷᠳᠡᠭ 7300 ᠲᠦᠮᠡᠨ ᠲᠦᠭᠦᠷᠢᠭ ᠲᠤ ᠬᠦᠷᠪᠡ᠃ ︽ᠴᠠᠬᠠᠷ ᠬᠤᠨᠢᠨ︾ ᠤ ᠡᠬᠦᠯᠳᠡᠷ ᠢ ᠦᠷᠡᠵᠢᠬᠦᠯᠦᠨ | ᠥᠰᠬᠡᠬᠦ ᠰᠢᠰᠲ᠋ᠧᠮ ᠤᠨ ᠪᠠᠶᠢᠭᠤᠯᠤᠯᠲᠠ ᠶᠢ ᠦᠷᠬᠦᠯᠵᠢᠯᠡᠨ ᠠᠬᠢᠭᠤᠯᠵᠤ᠂ ᠳᠡᠵᠢᠬᠡᠨ ᠦᠷᠡᠵᠢᠬᠦᠯᠬᠦ ᠬᠡᠪᠴᠢᠶ᠎ᠡ | ᠦᠷᠭᠡᠵᠢᠵᠦ᠂ ᠦᠷ᠎ᠡ ᠠᠰᠢᠭ ᠨᠢ ᠲᠠᠰᠤᠷᠠᠯᠳᠡ ᠦᠬᠡᠢ ᠳᠡᠭᠡᠭᠰᠢᠯᠡᠨ᠂ ᠪᠦᠬᠦ ᠲᠤᠭ᠎ᠠ ᠲᠤᠯᠤᠭᠠᠢ ᠨᠢ 19 ᠲᠦᠮᠡ ᠳᠤ | ᠬᠦᠷᠴᠦ᠂ ᠴᠠᠬᠠᠷ ᠬᠤᠨᠢᠨ ᠤ ᠭᠤᠤᠯᠳᠠᠯᠭᠠᠳᠦ ᠰᠦᠷᠦᠭ 195 ᠪᠣᠯᠪᠠ᠃ ᠡᠪᠦᠯᠵᠢᠯᠡᠬᠦᠯᠬᠦ ᠮᠠᠯ ᠤᠨ ᠲᠤᠭ᠎ᠠ ᠶᠢ 22. | 5 ᠲᠦᠮᠡᠨ ᠲᠣᠯᠤᠭᠠᠢ ᠳᠤ ᠬᠢᠵᠠᠭᠠᠷᠯᠠᠵᠤ᠂ 20.6 ᠲᠦᠮᠠᠨ ᠲᠦᠯ ᠲᠤᠰᠴᠤ᠂ ᠤᠨᠳᠤᠷᠤᠯᠲᠠ ᠶᠢᠨ ᠨᠤᠷᠮ᠎ᠠ ᠨᠢ 99. | 9% ᠳᠤ ᠬᠦᠷᠪᠡ᠃ ︽ᠪᠡᠯᠴᠢᠭᠡᠷᠯᠡᠬᠦᠯᠬᠦ + ᠳᠡᠵᠢᠬᠡᠯ ᠨᠦᠬᠦᠪᠦᠷᠢᠯᠡᠬᠦ︾ ᠪᠠᠷ ᠳᠠᠮᠵᠢᠨ ᠤᠷᠢᠳᠴᠢᠯᠡᠨ | ᠵᠠᠷᠤᠴᠠᠭᠤᠯᠬᠤ ᠵᠠᠬᠪᠤᠷ ᠢ ᠢᠳᠡᠪᠬᠢᠳᠠᠢ ᠲᠦᠭᠡᠮᠡᠯᠵᠢᠬᠦᠯᠵᠦ᠂ ᠠᠮᠢᠳᠤ ᠮᠠᠯ ᠤᠨ ᠰᠣᠯᠢᠯᠴᠠᠭᠠᠨ ᠤ ᠵᠠᠬ᠎ᠠ | ᠲᠡᠯᠭᠡᠬᠦᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ 24.1 ᠲᠦᠮᠡᠨ ᠲᠤᠯᠤᠭᠠᠢ ᠮᠠᠯ ᠤᠨ ᠭᠠᠷᠭᠠᠯᠳᠡ ᠶᠢ | ᠪᠡᠶᠡᠯᠡᠬᠦᠯᠪᠡ᠃ ᠠᠵᠤ ᠤᠶᠢᠯᠡᠳᠪᠤᠷᠢ ᠶᠢᠨ ᠠᠵᠤ ᠤᠶᠢᠯᠡᠰ ᠤᠨ ᠲᠡᠰ ᠲᠡᠪᠰᠢᠬᠦᠯᠬᠦ ᠠᠯᠬᠤᠴᠠ ᠶᠢ ᠲᠦᠷᠬᠡᠳᠬᠡᠪᠡ᠃ | ᠰᠢᠨ᠎ᠡ ᠡᠨᠧᠷᠬᠢ ᠤᠨ ᠠᠵᠤ ᠦᠢᠯᠡᠰ ᠢ ᠬᠦᠭᠵᠢᠬᠦᠯᠵᠦ᠂ ᠴᠢᠯᠠᠭᠤᠨ ᠮᠠᠲ᠋ᠧᠷᠢᠶᠠᠯ᠂ ᠴᠢᠯᠠᠭᠤᠨ ᠲᠤᠰᠤ᠂ ᠨᠡᠭᠦᠷᠡᠰᠦ ᠵᠡᠷᠭᠡ | ᠤᠯᠠᠮᠵᠢᠯᠠᠯᠳᠤ ᠠᠵᠤ ᠦᠢᠯᠡᠰ ᠤᠨ ᠬᠡᠯᠬᠢᠶᠡᠰᠦ ᠶᠢ ᠤᠷᠳᠤᠳᠬᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ | ᠡᠬᠦᠳᠦᠯᠳᠡ ᠲᠠᠢ ᠬᠦᠭᠵᠢᠬᠦᠯᠪᠡ᠃ ᠲᠦᠷᠪᠡᠨ ᠤᠨᠴᠠ ᠦᠨᠳᠦᠷ ᠬᠦᠴᠦᠳᠡᠯᠳᠦ ᠢᠵᠢ ᠪᠦᠷᠢᠳᠦᠭᠰᠡᠨ ᠰᠠᠯᠬᠢ ᠬᠦᠴᠦᠨ | ᠤ ᠴᠠᠬᠢᠯᠭᠠᠨ ᠤ ᠲᠥᠷᠦᠯ ᠵᠦᠢᠯ ᠢ ᠠᠬᠢᠭᠤᠯᠪᠠ᠃ ᠠᠰᠢᠭᠯᠠᠯᠲᠠ ᠳᠤ ᠤᠷᠤᠭᠰᠠᠨ ᠠᠵᠤ ᠠᠬᠤᠶᠢᠯᠠᠯ ᠨᠢ 3.8 | ᠳ᠋ᠦᠩᠰᠢᠭᠤᠷ ᠺᠢᠯᠤᠸᠠᠲ ᠴᠠᠬᠢᠯᠭᠠᠨ ᠭᠠᠷᠭᠠᠵᠤ᠂ 1.9 ᠳ᠋ᠦᠩᠰᠢᠭᠤᠷ ᠲᠦᠬᠦᠷᠢᠭ ᠤᠨ ᠤᠶᠢᠯᠡᠳᠬᠦᠨ ᠤ ᠦᠷᠲᠡᠭ ᠢ | ᠪᠡᠶᠡᠯᠡᠬᠦᠯᠪᠡ᠃ ᠨᠢᠤᠫᠢ ᠲᠠᠨᠲ᠋ᠠᠯ ᠤᠨ ᠠᠭᠤᠷᠬᠠᠢ ᠶᠢᠨ ᠮᠠᠯᠳᠠᠵᠦ ᠰᠤᠩᠭᠤᠬᠤ ᠲᠦᠷᠦᠯ ᠵᠦᠢᠯ ᠨᠢ ᠤᠷᠤᠭᠰᠢᠳᠠᠢ | ᠶᠠᠪᠤᠭᠲᠠᠪᠠ᠃ 65.5 ᠲᠦᠮᠠᠨ ᠲᠤᠨ ᠤᠲᠤᠭ᠎ᠠ ᠦᠬᠡᠢ ᠨᠡᠬᠦᠷᠡᠰᠤ ᠤᠶᠢᠯᠡᠳᠪᠤᠷᠢᠯᠡᠵᠤ᠂ 6.1 ᠳ᠋ᠦᠩᠰᠢᠭᠤᠷ | ᠲᠦᠬᠦᠷᠢᠭ ᠤᠨ ᠤᠶᠢᠯᠡᠳᠬᠦᠨ ᠤ ᠦᠷᠲᠡᠭ ᠢ ᠪᠡᠶᠡᠯᠡᠬᠦᠯᠵᠤ᠂ 20 ᠲᠦᠮᠡᠨ ᠲᠤᠨ ᠨᠡᠭᠦᠷᠡᠰᠦᠨ ᠨᠤᠨᠳᠠᠭ ᠢ | ᠬᠠᠳᠠᠭᠠᠬᠤ ᠲᠦᠷᠦᠯ ᠵᠦᠢᠯ ᠪᠠ ᠡᠳᠦᠷ ᠲᠤ 20 ᠲᠦᠮᠡᠨ ᠭᠡᠰᠡᠭ ᠨᠡᠭᠦᠷᠡᠰᠦᠨ ᠴᠢᠯᠠᠭᠤ ᠪᠠᠷ ᠲᠤᠭᠤᠰᠬ᠎ᠠ ᠰᠢᠳᠠᠭᠠᠨ | ᠦᠢᠯᠡᠳᠬᠦ ᠲᠦᠷᠦᠯ ᠵᠦᠢᠯ ᠢ ᠤᠷᠤᠭᠤᠯᠪᠠ᠃ ᠮᠧᠩ ᠱᠢ ᠺᠤᠮᠫᠠᠨᠢ ᠶᠢ ᠳᠠᠩᠰᠠᠯᠠᠨ ᠪᠠᠶᠢᠭᠤᠯᠵᠤ᠂ ᠰᠢᠶᠦ᠋ᠩ ᠠᠨ | ᠰᠢᠨ᠎ᠡ ᠲᠤᠭᠤᠷᠢᠭ ᠪᠤᠯᠤᠨ ᠪᠡᠭᠡᠵᠢᠩ ᠬᠤᠳᠠ ᠶᠢᠨ ᠳᠠᠭᠠᠯᠲᠠ ᠲᠥᠪ ᠤᠨ ᠪᠦᠳᠦᠭᠡᠨ ᠪᠠᠶᠢᠭᠤᠯᠤᠯᠳᠠ ᠶᠢᠨ ᠪᠦᠯᠦᠭᠯᠡᠯ | ᠲᠠᠢ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠴᠢᠯᠠᠭᠤᠨ ᠮᠡᠲ᠋ᠧᠷᠢᠶᠠᠯ ᠤᠨ ᠪᠦᠲᠤᠬᠡᠭᠲᠡᠬᠦᠨ ᠤ ᠪᠤᠷᠤᠯᠠᠭᠤᠯᠭ᠎ᠠ | ᠶᠢᠨ ᠵᠠᠬ᠎ᠠ ᠲᠡᠯᠬᠡᠬᠦᠷ ᠤᠯᠠᠮ ᠦᠷᠭᠡᠵᠢᠪᠡ᠃ 172 ᠲᠦᠮᠠᠨ ᠲᠡᠭᠰᠢ ᠲᠦᠷᠪᠡᠯᠵᠢᠨ ᠮᠧᠲᠷ ᠬᠠᠪᠲᠡᠰᠤᠨ ᠮᠡᠲ᠋ᠧᠷᠢᠶᠠᠯ | ᠢ ᠡᠳ᠋ᠰᠢᠬᠦᠯᠵᠤ᠂ 1.38 ᠳ᠋ᠦᠩᠰᠢᠭᠤᠷ ᠲᠦᠬᠦᠷᠢᠭ ᠤᠨ ᠤᠶᠢᠯᠡᠳᠬᠦᠨ ᠤ ᠦᠷᠲᠡᠭ ᠢ ᠪᠡᠶᠡᠯᠡᠬᠦᠯᠪᠡ᠃ ᠤᠯᠠᠨ ᠵᠢᠯ | ᠦᠢᠯᠡᠳᠪᠦᠷᠢᠯᠡᠯ ᠢᠶᠠᠨ ᠵᠤᠭᠰᠤᠭᠰᠠᠨ ᠴᠢᠯᠠᠭᠤᠨ ᠮᠠᠲ᠋ᠧᠷᠢᠶᠠᠯ ᠤᠨ 2 ᠠᠵᠤ ᠠᠬᠤᠶᠢᠯᠠᠯ ᠨᠢ ᠦᠢᠯᠡᠳᠪᠦᠷᠢᠯᠡᠯ ᠢᠶᠠᠨ | ᠰᠡᠷᠬᠦᠬᠡᠪᠡ᠃ ᠴᠢᠯᠠᠭᠤᠨ ᠳᠤᠰᠤ ᠰᠢᠳᠠᠮᠠᠬᠠᠢ ᠬᠡᠢ ᠶᠢᠨ ᠡᠨᠧᠷᠬᠢ ᠶᠢᠨ ᠨᠠᠭᠡᠭᠡᠨ ᠬᠦᠭᠵᠢᠬᠦᠯᠬᠦ ᠠᠵᠤ ᠦᠢᠯᠡᠰ ᠨᠢ ︽ | ᠠᠶᠤᠯᠬᠦᠢ ᠦᠢᠯᠡᠳᠪᠦᠷᠢᠯᠡᠯ ᠳᠤ ᠭᠤᠷᠪᠠ ᠶᠢ ᠵᠡᠷᠭᠡ ᠳᠤᠨᠢ ᠪᠠᠶᠢᠯᠭᠠᠬᠤ︾ ᠵᠦᠪᠰᠢᠶᠡᠷᠡᠯ ᠢ ᠤᠯᠤᠭᠰᠠᠨ ᠪᠠᠶᠢᠨ᠎ᠠ᠃ | ᠭᠤᠸᠠᠩ ᠯᠦᠩ ᠮᠠᠯ ᠠᠵᠤ ᠠᠬᠤᠢ ᠶᠢᠨ ᠺᠤᠮᠫᠠᠨᠢ ᠨᠢ 3 ᠲᠦᠮᠡᠨ ᠬᠤᠨᠢ ᠡᠳ᠋ᠰᠢᠭᠦᠯᠦᠨ ᠪᠤᠯᠪᠠᠰᠤᠷᠠᠭᠤᠯᠪᠠ᠃ | ᠤᠳᠤᠬᠢᠴᠢᠯᠠᠭᠰᠠᠨ ᠤᠶᠢᠯᠡᠴᠢᠯᠡᠬᠡᠨ ᠤ ᠤᠶᠢᠯᠡᠰ ᠡᠷᠡᠬᠦᠯ ᠢᠶᠠᠷ ᠬᠦᠭᠵᠢᠪᠡ᠃ ᠦᠨᠳᠦᠰᠦᠳᠡᠨ ᠤ ᠦᠪᠡᠷᠮᠢᠴᠡ | ᠤᠨᠴᠠᠯᠢᠭᠳᠤ ᠰᠤᠶᠤᠯ ᠪᠤᠯᠤᠨ ᠵᠢᠭᠤᠯᠴᠢᠯᠠᠯ ᠢ ᠨᠢᠭᠲᠠ ᠠᠭᠤᠰᠤᠯᠴᠠᠭᠤᠯᠤᠨ ᠬᠦᠭᠵᠢᠬᠦᠯᠵᠦ᠂ ︽ᠲᠦᠷᠪᠡᠨ | ᠤᠯᠠᠷᠢᠯ ᠤᠨ ᠨᠠᠶᠢᠷ︾ ᠢ ᠡᠷᠬᠢᠯᠡᠨ ᠶᠠᠪᠤᠭᠳᠠᠭᠤᠯᠵᠤ᠂ ︽ᠵᠢᠭᠤᠯᠴᠢᠯᠠᠯ ᠤᠨ ᠵᠤᠷᠯᠤᠩ ᠤᠨ ᠦᠭᠡᠷᠡᠴᠢᠯᠡᠯᠲᠡ︾ ᠶᠢ | ᠲᠦᠯᠬᠢᠨ ᠠᠬᠢᠭᠤᠯᠵᠤ᠂ ᠮᠠᠯᠴᠢᠨ ᠠᠶᠢᠯ ᠤᠨ ᠵᠢᠭᠤᠯᠴᠢᠯᠠᠯ᠂ ᠦᠵᠡᠮᠵᠢ ᠶᠢᠨ ᠤᠷᠤᠨ ᠤ ᠢᠵᠢ ᠪᠦᠷᠢᠳᠦᠭᠰᠡᠨ | ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠪᠡ᠃ ︽ᠲᠤᠷᠭᠠᠨ ᠨᠤᠳᠤᠭ ᠬᠦᠪᠡᠭᠡᠳᠦ ᠰᠢᠷ᠎ᠠ· ᠠᠰᠣᠷᠣ ᠠᠶᠠᠯᠭᠤ ᠶᠢᠨ | ᠦᠯᠦᠭᠡᠢ︾ ᠰᠣᠶᠣᠯ ᠵᠢᠭᠤᠯᠴᠢᠯᠠᠯ ᠤᠨ ᠨᠠᠷᠠᠲᠤ ᠳᠡᠮᠳᠡᠭ ᠢ ᠦᠷᠬᠦᠯᠵᠢᠯᠠᠨ ᠠᠯᠳᠠᠷᠰᠢᠭᠤᠯᠪᠠ᠃ ᠪᠤᠳᠠᠰ ᠤᠨ ᠪᠤᠰᠤ | ᠰᠤᠶᠤᠯ ᠤᠨ ᠥᠪ ︽ᠠᠰᠤᠷᠤ︾ ᠤᠷᠠᠯᠢᠭ ᠢ ᠪᠡᠭᠡᠵᠢᠩ ᠬᠤᠲᠠ ᠶᠢᠨ ᠤᠯᠤᠰ ᠤᠨ ᠶᠡᠭᠡ ᠵᠦᠴᠦᠭᠡ ᠶᠢᠨ | ᠬᠦᠷᠢᠶᠡᠯᠡᠩ ᠤᠨ ᠲᠠᠭᠤᠤ ᠬᠦᠭᠵᠢᠮ ᠤᠨ ᠲᠢᠩᠬᠢᠮ᠂ ᠠᠽᠢᠶ᠎ᠠ ᠶᠢᠨ ᠪᠤᠯᠪᠠᠰᠤᠨ ᠤ ᠲᠤᠭᠤᠷᠢᠨ ᠠᠶᠠᠯᠠᠯ ᠵᠢᠴᠢ ᠠᠽᠢᠶ᠎ᠠ | ᠶᠢᠨ ᠠᠮᠳᠠᠳᠤ ᠢᠳᠡᠭᠡᠨ ᠤ ᠪᠠᠶᠠᠷ ᠵᠡᠷᠭᠡ ᠬᠦᠳᠡᠯᠭᠡᠭᠡᠨ ᠲᠡᠭᠡᠷ᠎ᠡ ᠲᠤᠭᠯᠠᠨ ᠦᠵᠡᠭᠦᠯᠪᠡ᠃ ᠪᠦᠬᠦ ᠵᠢᠯ ᠤᠨ | ᠵᠢᠭᠤᠯᠴᠢᠯᠠᠭᠰᠠᠳ ᠤᠨ ᠲᠤᠭ᠎ᠠ ᠪᠤᠯᠤᠨ ᠵᠢᠭᠤᠯᠴᠢᠯᠠᠯ ᠤᠨ ᠣᠷᠤᠯᠭ᠎ᠠ ᠨᠢ ᠲᠤᠰᠪᠤᠷᠢ 8.5% ᠪᠣᠯᠤᠨ 11.3% | ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭ᠎ᠠ ᠢᠳᠡᠭᠡᠨ ᠤᠮᠳᠠᠭᠠᠨ᠂ ᠬᠤᠨᠤᠭ ᠪᠠᠭᠤᠳᠠᠯ᠂ ᠰᠢᠤᠳᠡᠨ ᠭᠤᠶᠢᠪᠢᠭᠤᠯᠭ᠎ᠠ᠂ | ᠲᠦᠷᠭᠡᠨ ᠬᠦᠷᠭᠡᠯᠳᠡ᠂ ᠡᠯᠧᠺᠲᠷᠦᠨ ᠬᠤᠳᠠᠯᠳᠤᠭ᠎ᠠ ᠵᠡᠷᠬᠡ ᠠᠵᠢᠯ ᠲᠥᠷᠦᠯ ᠦᠷᠬᠦᠯᠵᠢᠯᠡᠨ ᠡᠷᠡᠬᠦᠯ ᠢᠶᠠᠷ ᠬᠦᠭᠵᠢᠪᠠ᠃ | ︽ᠰᠢᠯᠢ ᠶᠢᠨ ᠭᠤᠤᠯ ᠠᠶᠢᠮᠠᠭ· ᠬᠦᠪᠡᠬᠡᠲᠤ ᠰᠢᠷ᠎ᠠ ᠬᠤᠰᠢᠭᠤᠨ ᠤ ᠲᠤᠮᠲᠠᠲᠤ ᠮᠤᠩᠭᠤᠯ ᠤᠷᠤᠰ ᠤᠨ ᠲᠠᠸᠠᠷ ᠢ | ᠲᠡᠯᠬᠡᠨ ᠪᠤᠷᠤᠯᠠᠭᠤᠯᠬᠤ ᠴᠤᠭᠯᠠᠭᠠᠨ ᠵᠢᠴᠢ ᠴᠢᠯᠠᠭᠤᠨ ᠮᠡᠲ᠋ᠧᠷᠢᠶᠠᠯ ᠤᠨ ᠲᠡᠯᠬᠡᠨ ᠦᠵᠡᠬᠦᠯᠬᠦ ᠵᠦᠪᠲᠡᠯᠴᠡᠬᠡᠷ ᠤᠨ | ᠬᠤᠷᠡᠯ︾ ᠢ ᠠᠮᠵᠢᠯᠲᠠ ᠲᠠᠢ ᠡᠷᠬᠢᠯᠡᠪᠡ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠲᠠᠭᠠᠯᠠᠮᠵᠢ ᠶᠢᠨ | ᠦᠯᠡᠲᠡᠪᠤᠷᠢ 17.9 ᠳ᠋ᠦᠩᠰᠢᠭᠤᠷ ᠲᠦᠬᠦᠷᠢᠭ ᠪᠠᠶᠢᠵᠤ᠂ 3% ᠪᠠᠷ ᠨᠠᠮᠡᠭᠳᠡᠵᠦ᠂ ᠵᠢᠬᠡᠯᠡᠯᠬᠡ ᠶᠢᠨ ᠦᠯᠡᠲᠡᠪᠤᠷᠢ 12. | 2 ᠳ᠋ᠦᠩᠰᠢᠭᠤᠷ ᠲᠦᠬᠦᠷᠢᠭ ᠪᠠᠶᠢᠵᠤ᠂ 20.5% ᠪᠠᠷ ᠨᠡᠮᠡᠭᠳᠡᠪᠡ᠃ ᠠᠶᠠᠨᠴᠢᠳ ᠪᠠ ᠪᠠᠷᠠᠭ᠎ᠠ ᠵᠦᠭᠡᠭᠡᠪᠦᠷᠢᠯᠡᠭᠰᠡᠨ | ᠶᠡᠷᠦᠩᠬᠡᠢ ᠬᠡᠮᠵᠢᠶ᠎ᠡ ᠲᠤᠰᠪᠦᠷᠢ 1.1% ᠪᠠ 4.3% ᠪᠠᠷ ᠨᠡᠮᠡᠭᠳᠡᠪᠡ᠃ 4678 ᠢᠵᠢ ETC ᠲᠤᠨᠤᠭ ᠢ | ᠤᠭᠰᠠᠷᠠᠵᠤ᠂ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠡᠭᠦᠷᠭᠡ ᠶᠢ 102.9% ᠪᠠᠷ ᠪᠡᠶᠡᠯᠡᠬᠦᠯᠵᠠᠢ᠃ | ︵ᠭᠤᠷᠪᠠ︶ ᠬᠦᠭᠵᠢᠯᠲᠡ ᠶᠢᠨ ᠰᠠᠭᠤᠷᠢ ᠤᠯᠠᠮ ᠪᠠᠬᠢᠵᠢᠪᠡ᠃ ᠭᠤᠤᠯᠳᠠᠯᠭᠠᠲᠤ ᠲᠦᠷᠦᠯ ᠵᠦᠢᠯ ᠢ | ᠤᠷᠤᠭᠰᠢᠲᠠᠢ ᠠᠬᠢᠭᠤᠯᠪᠠ᠃ ᠵᠢᠯ ᠤᠨ ᠡᠬᠢᠨ ᠳᠤ ᠳᠤᠭᠳᠠᠭᠠᠭᠰᠠᠨ 38 ᠵᠦᠢᠯ ᠤᠨ ᠭᠤᠣᠯᠳᠠᠯᠭ᠎ᠠ ᠲᠠᠢ ᠲᠥᠷᠦᠯ | ᠵᠦᠢᠯ ᠢ ᠪᠦᠬᠦᠨ ᠢ ᠠᠵᠢᠯ ᠡᠬᠢᠯᠡᠬᠦᠯᠵᠦ᠂ 14.4 ᠳ᠋ᠦᠩᠰᠢᠭᠤᠷ ᠲᠦᠬᠦᠷᠢᠭ ᠤᠨ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠶᠢ ᠪᠡᠶᠡᠯᠡᠬᠦᠯᠪᠡ᠃ ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠨᠢ ᠬᠡᠷᠡᠭᠯᠡᠬᠦ ᠶᠢ | ᠵᠦᠪᠰᠢᠶᠡᠷᠡᠬᠦ ᠬᠢᠨᠠᠨ ᠦᠨᠡᠯᠡᠯᠲᠡ ᠳᠤ ᠬᠢᠷᠢ ᠲᠡᠩᠴᠡᠵᠦ᠂ ᠨᠢᠰᠴᠤ ᠪᠣᠯᠬᠤ ᠨᠦᠭᠦᠴᠡᠯ ᠢ ᠪᠦᠷᠢᠯᠳᠦᠬᠦᠯᠪᠡ᠃ ᠰᠦᠨᠢᠳ | ᠪᠠᠷᠠᠭᠤᠨ ᠬᠤᠰᠢᠭᠤᠨ ᠠᠴᠠ ᠬᠤᠸᠠᠳᠧ ᠰᠢᠶᠠᠨ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠰᠢᠯᠢ ᠶᠢᠨ | ᠭᠤᠣᠯ ᠠᠶᠢᠮᠠᠭ ᠳᠠᠬᠢ ᠬᠡᠰᠡᠭ ᠪᠠ S313 ᠮᠤᠵᠢ ᠶᠢᠨ ᠲᠡᠰ ᠤᠨ ᠮᠢᠩᠭᠠᠨᠲᠤ ᠪᠠᠯᠭᠠᠰᠤᠨ ᠠᠴᠠ ᠰᠢᠨᠡᠪᠤᠯᠠᠭ | ᠪᠠᠯᠭᠠᠰᠤ ᠬᠦᠷᠬᠦ ᠵᠠᠰᠠᠮᠠᠯ ᠵᠠᠮ ᠨᠢ ᠲᠤᠰᠪᠦᠷᠢ ᠪᠦᠬᠦ ᠢᠨᠵᠧᠨᠧᠷᠢᠩ ᠤᠨ ᠢᠶᠠᠨ 83% ᠪᠠ 65% ᠶᠢ ᠪᠡᠶᠡᠯᠡᠬᠦᠯᠪᠡ᠃ | ᠡᠷᠢᠶᠡᠨ ᠭᠤᠸᠠᠩᠵᠸᠦ ᠶᠢᠨ ᠦᠨᠳᠦᠷ ᠬᠤᠷᠳᠤᠴᠠᠳᠤ ᠵᠠᠰᠠᠮᠠᠯ ᠵᠠᠮ ᠤᠨ ᠴᠠᠬᠠᠷ ᠪᠠᠷᠠᠭᠤᠨ ᠭᠠᠷᠤᠨ ᠬᠤᠶᠢᠳᠤ | ᠬᠤᠰᠢᠭᠤᠨ ᠤ ᠪᠠᠶᠠᠨᠴᠠᠭᠠᠨ ᠪᠠᠯᠭᠠᠰᠤᠨ ᠠᠴᠠ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠨ ᠶᠧ ᠬᠦᠷᠬᠦ | ᠬᠡᠰᠡᠭ ᠤᠨ ᠭᠠᠵᠠᠷ ᠲᠠᠳᠠᠪᠦᠷᠢᠯᠠᠬᠤ ᠠᠵᠢᠯ ᠪᠦᠬᠦ ᠲᠠᠯ᠎ᠠ ᠪᠠᠷ ᠡᠬᠢᠯᠡᠪᠠ᠃ ᠠᠵᠤ ᠦᠢᠯᠡᠳᠪᠦᠷᠢᠶᠢᠨ ᠲᠤᠭᠤᠷᠢᠭ ᠤᠨ | ᠢᠯᠴᠢ ᠬᠠᠩᠭᠠᠬᠤ ᠬᠤᠭᠤᠯᠠᠢ ᠶᠢᠨ ᠲᠤᠤᠷᠵᠢᠭᠤᠯᠤᠯᠳᠠ ᠶᠢᠨ ᠠᠵᠢᠯ ᠢ ᠡᠬᠢᠯᠡᠨ ᠪᠦᠳᠦᠭᠡᠨ ᠪᠠᠶᠢᠭᠤᠯᠪᠠ᠃ ᠰᠢᠨᠡᠪᠤᠯᠠᠭ | ᠪᠠᠯᠭᠠᠰᠤᠨ ᠤ ᠬᠤᠲᠠ ᠶᠢᠨ ᠰᠠᠭᠤᠷᠢ ᠳᠦᠬᠦᠭᠡᠷᠤᠮᠵᠢ ᠶᠢ ᠦᠭᠡᠷᠡᠴᠢᠯᠡᠨ ᠦᠷᠭᠡᠳᠬᠡᠬᠦ PPP ᠲᠦᠷᠦᠯ ᠵᠦᠢᠯ ᠤᠨ | S208 ᠵᠠᠮ ᠤᠨ ᠰᠢᠨᠡᠪᠦᠯᠠᠭ ᠪᠠᠯᠭᠠᠰᠤᠨ ᠳᠠᠬᠢ ᠬᠡᠰᠡᠭ᠂ ᠰᠢᠨᠡᠪᠤᠯᠠᠭ ᠬᠦᠭᠦᠷᠭᠡ᠂ ᠠᠮᠤᠭᠤᠯᠠᠩ ᠬᠦᠭᠦᠷᠭᠡ᠂ ᠶᠠᠪᠠᠭᠠᠨ | ᠵᠠᠮ ᠳᠡᠪᠢᠰᠬᠦ ᠪᠠ ᠵᠡᠭᠦᠨ ᠭᠤᠤᠯ ᠤᠨ ᠦᠵᠡᠮᠵᠢ ᠶᠢᠨ ᠤᠷᠤᠨ ᠤ ᠢᠨᠵᠧᠨᠧᠷᠢᠩ ᠤᠨ ᠲᠥᠷᠦᠯ ᠵᠦᠢᠯ ᠨᠢ ᠠᠵᠢᠯ | ᠳᠠᠭᠤᠰᠬᠠᠭᠰᠠᠨ ᠬᠢᠨᠠᠯᠲᠠ ᠶᠢ ᠪᠡᠶᠡᠯᠡᠭᠦᠯᠵᠤ᠂ ᠬᠦᠷᠢᠶᠡᠯᠡᠩ ᠤᠨ ᠦᠵᠡᠮᠵᠢ ᠶᠢᠨ ᠤᠷᠤᠨ ᠤ ᠨᠤᠭᠤᠭᠠᠷᠠᠭᠤᠯᠤᠯᠳᠠ ᠶᠢᠨ | ᠢᠨᠵᠧᠨᠧᠷᠢᠩ ᠤᠨ PPP ᠲᠦᠷᠦᠯ ᠵᠦᠢᠯ ᠨᠢ ᠠᠵᠢᠯ ᠢᠶᠠᠨ ᠲᠠᠭᠤᠰᠬᠠᠪᠠ᠃ 3.4 ᠺᠢᠯᠤᠮᠧᠲᠷ ᠢᠯᠴᠢ ᠬᠠᠨᠭ᠍ᠭᠠᠯᠭ᠎ᠠ | ᠶᠢᠨ ᠬᠤᠭᠤᠯᠠᠢ ᠶᠢᠨ ᠲᠤᠤᠷ ᠢ ᠦᠭᠡᠷᠡᠴᠢᠯᠡᠵᠦ᠂ 30 ᠲᠦᠮᠡᠨ ᠳᠡᠭᠰᠢ ᠲᠦᠷᠪᠡᠯᠵᠢᠨ ᠮᠧᠲᠷ ᠢᠯᠴᠢ | ᠬᠠᠩᠭᠠᠯᠭ᠎ᠠ ᠶᠢᠨ ᠲᠡᠩᠴᠡᠬᠦᠷᠢ ᠶᠢ ᠪᠠᠳᠤᠯᠠᠵᠤ᠂ ᠢᠯᠴᠢ ᠬᠠᠩᠭᠠᠬᠤ ᠶᠠᠰᠤ ᠴᠢᠨᠠᠷ ᠨᠢ ᠤᠯᠠᠮ ᠳᠡᠭᠡᠭᠰᠢᠯᠡᠪᠡ᠃ | ᠰᠢᠨᠡᠪᠤᠯᠠᠭ ᠪᠠᠯᠭᠠᠰᠤᠨ ᠤ ᠤᠰᠤᠨ ᠤ ᠡᠬᠢ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠵᠢᠴᠢ ᠤᠰᠤ ᠳᠠᠮᠵᠢᠭᠤᠯᠬᠤ | ᠬᠤᠭᠤᠯᠠᠢ ᠶᠢᠨ ᠲᠤᠤᠷ ᠢ ᠪᠦᠲᠦᠭᠡᠨ ᠪᠠᠶᠢᠭᠤᠯᠬᠤ ᠢᠨᠵᠧᠨᠧᠷᠢᠩ ᠠᠰᠢᠭᠯᠠᠯᠲᠠ ᠳᠤ ᠤᠷᠤᠪᠠ᠃ 220 ᠺᠢᠯᠤᠸᠠᠲ | ᠤᠨ ᠴᠠᠭᠢᠯᠭᠠᠨ ᠬᠦᠴᠤᠳᠠᠯ ᠬᠤᠪᠢᠰᠬᠠᠬᠤ ᠥᠷᠳᠡᠭᠡ ᠶᠢᠨ ᠲᠥᠷᠦᠯ ᠵᠦᠢᠯ ᠤᠨ ᠪᠠᠷᠢᠯᠭ᠎ᠠ ᠶᠢ ᠲᠠᠭᠤᠰᠬᠠᠪᠠ᠃ ᠵᠠᠬ᠎ᠠ | ᠳᠡᠯᠭᠡᠭᠦᠷ ᠤᠨ ᠪᠡᠶᠡᠴᠢ ᠴᠤᠭᠴᠠ ᠶᠢᠨ ᠠᠮᠢᠵᠢᠷᠠᠯ ᠤᠨ ᠬᠦᠴᠦᠨ ᠤᠯᠠᠮ ᠴᠢᠩᠭᠠᠷᠠᠪᠠ᠃ ᠭᠠᠶᠢᠯᠢ ᠶᠢ ᠪᠠᠭᠠᠰᠬᠠᠵᠤ | ᠰᠦᠢᠳᠬᠡᠯ ᠢ ᠳᠤᠷᠤᠭᠰᠢᠯᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠪᠦᠬᠦ ᠵᠢᠯ | ᠳᠤ 4237 ᠲᠦᠮᠡᠨ ᠲᠦᠭᠦᠷᠢᠭ ᠤᠨ ᠭᠠᠶᠢᠯᠢ ᠶᠢ ᠬᠦᠩᠭᠡᠷᠡᠬᠦᠯᠦᠨ ᠰᠦᠢᠳᠬᠡᠯ ᠢ ᠪᠠᠭᠠᠰᠬᠠᠪᠠ᠃ ︽ᠡᠷᠬᠡ ᠶᠢ | ᠳᠤᠷᠤᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠳᠡ ᠶᠢ ᠡᠮᠬᠢ ᠵᠢᠷᠤᠮ ᠲᠠᠢ ᠲᠦᠯᠬᠢᠨ | ᠠᠬᠢᠭᠤᠯᠵᠤ᠂ 5893 ᠬᠤᠪᠢ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠪᠡ᠃ ︽ᠭᠤᠷᠪᠠ ᠶᠢ | ᠲᠦᠪᠯᠡᠷᠡᠭᠦᠯᠦᠨ ᠭᠤᠷᠪᠠ ᠶᠢ ᠪᠡᠶᠡᠯᠡᠭᠦᠯᠬᠦ︾ ᠶᠢ ᠤᠯᠠᠮ ᠨᠢᠭᠡ ᠠᠯᠬᠤᠮ ᠴᠢᠩᠭᠠᠳᠬᠠᠪᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠢᠭᠡ ᠴᠤᠭᠴᠠᠯᠠᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡ ᠪᠠ ︽ᠲᠤᠤᠷ ᠰᠦᠯᠵᠢᠶ᠎ᠡ + ᠬᠢᠨᠠᠨ | ᠬᠠᠮᠢᠶᠠᠷᠤᠯᠲᠠ︾ ᠶᠢᠨ ᠳᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠵᠤ᠂ ᠰᠦᠯᠵᠢᠶᠡᠨ ᠲᠡᠭᠡᠷ᠎ᠡ | ᠬᠦᠢᠴᠡᠳᠭᠡᠵᠦ ᠲᠡᠶᠢᠯᠬᠦ ᠵᠦᠢᠯᠡᠰ ᠢ 548 ᠬᠤᠪᠢ ᠪᠡᠶᠡᠯᠡᠬᠦᠯᠵᠦ᠂ ᠰᠦᠯᠵᠢᠶᠡᠨ ᠲᠡᠭᠡᠷ᠎ᠡ ᠬᠦᠢᠴᠡᠳᠭᠡᠭᠰᠡᠨ ᠨᠤᠷᠮ᠎ᠠ | ᠨᠢ 100% ᠳᠤ ᠬᠦᠷᠪᠡ᠃ ᠬᠢᠨᠠᠨ ᠵᠦᠪᠰᠢᠶᠡᠷᠡᠬᠦ ᠦᠢᠯᠡᠴᠢᠯᠡᠭᠡᠨ ᠤ ︽ᠲᠦᠷᠪᠡ ᠶᠢ ᠬᠦᠢᠴᠡᠳᠭᠡᠬᠦ︾ ᠨᠠᠷᠢᠨ | ᠲᠠᠩᠰᠠ ᠶᠢ 645 ᠬᠤᠪᠢ ᠡᠮᠬᠢᠯᠡᠵᠦ ᠲᠠᠭᠤᠰᠬᠠᠪᠠ᠃ ᠠᠷᠠᠯᠵᠢᠶ᠎ᠠ ᠬᠤᠳᠠᠯᠳᠤᠭᠠᠨ ᠤ ᠶᠠᠪᠤᠳᠠᠯ ᠤᠨ ᠳᠠᠩᠰᠠᠯᠠᠬᠤ | ᠠᠵᠢᠯ ᠢ ᠨᠡᠩ ᠲᠦᠭᠦᠮ ᠪᠤᠯᠭᠠᠵᠤ᠂ ︽ᠦᠨᠡᠮᠯᠡᠯ ᠤᠯᠭᠤᠭᠰᠠᠨ ᠤ ᠲᠠᠷᠠᠭ᠎ᠠ ᠪᠠᠷᠢᠮᠳᠠ ᠶᠢ ᠴᠤᠮᠬᠠᠳᠬᠠᠬᠤ︾ ᠶᠢ | ᠲᠦᠯᠬᠢᠨ ᠠᠬᠢᠭᠤᠯᠵᠤ᠂ ᠬᠡᠷᠡᠴᠢ ᠦᠨᠡᠮᠯᠡᠯ ᠬᠦᠢᠴᠡᠳᠬᠡᠬᠦ ᠴᠠᠭ ᠢ ᠭᠤᠷᠪᠠᠨ ᠠᠵᠢᠯᠯᠠᠬᠤ ᠡᠳᠦᠷ ᠪᠤᠯᠭᠠᠨ | ᠪᠤᠭᠤᠨᠢᠰᠬᠠᠵᠤ᠂ ᠠᠵᠤ ᠠᠬᠤᠶᠢᠯᠠᠯ ᠤᠨ ᠨᠡᠷ᠎ᠡ ᠪᠠ ᠠᠵᠤ ᠠᠬᠤᠶᠢᠯᠠᠯ ᠳᠠᠩᠰᠠᠯᠠᠬᠤ ᠪᠦᠬᠦ ᠶᠠᠪᠤᠴᠠ ᠶᠢᠨ | ᠡᠯᠧᠺᠲᠷᠤᠨᠴᠢᠯᠠᠯᠲᠠ ᠶᠢ ᠪᠡᠶᠡᠯᠡᠭᠦᠯᠪᠡ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠬᠢᠨᠠᠨ ᠵᠦᠪᠰᠢᠶᠡᠷᠡᠬᠦᠯᠬᠦ | ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠪᠤᠯᠭᠠᠨ ᠪᠤᠭᠤᠨᠢᠰᠬᠠᠪᠠ᠃ 1556 ᠡᠷᠦᠬᠡ ᠶᠢᠨ ᠨᠤᠲᠤᠭ | ᠪᠠᠯᠴᠢᠭᠡᠷ ᠢ ᠲᠦᠷᠢᠶᠡᠰᠦᠯᠡᠬᠦᠯᠦᠨ ᠰᠢᠯᠵᠢᠬᠦᠯᠦᠭᠰᠡᠨ ᠳᠠᠩᠰᠨ ᠶᠢ ᠪᠠᠶᠢᠭᠤᠯᠵᠤ᠂ 184 ᠲᠦᠮᠡᠨ ᠮᠤ᠋ ᠨᠤᠲᠤᠭ | ᠪᠡᠯᠴᠢᠭᠡᠷ ᠢ ᠲᠦᠷᠢᠶᠡᠰᠦᠯᠡᠬᠦᠯᠦᠨ ᠰᠢᠯᠵᠢᠬᠦᠯᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠤᠢ | ᠶᠢᠨ ᠪᠠᠶᠢᠴᠠᠭᠠᠯᠲᠠ ᠶᠢᠨ ᠠᠵᠢᠯ ᠢ ᠲᠤᠭᠳᠠᠭᠤᠨ ᠢᠶᠠᠷ ᠠᠬᠢᠭᠤᠯᠪᠠ᠃ ᠬᠦᠳᠡᠭᠡ ᠲᠤᠰᠬᠤᠨ ᠮᠠᠯᠵᠢᠬᠤ ᠤᠷᠤᠨ ᠢ | ᠴᠡᠴᠡᠭᠯᠡᠬᠦᠯᠦᠨ ᠬᠦᠭᠵᠢᠬᠦᠯᠬᠦ ᠶᠢ ᠪᠦᠬᠦ ᠲᠠᠯ᠎ᠠ ᠪᠠᠷ ᠠᠬᠢᠭᠤᠯᠪᠠ᠃ ︽ᠬᠦᠪᠡᠭᠡᠲᠦ ᠰᠢᠷ᠎ᠠ ᠬᠤᠰᠢᠭᠤᠨ ᠤ ᠬᠦᠳᠡᠭᠡ | ᠳᠤᠰᠬᠤᠨ ᠮᠠᠯᠵᠢᠬᠤ ᠤᠷᠤᠨ ᠢ ᠴᠡᠴᠡᠭᠯᠡᠬᠦᠯᠦᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ | ᠲᠦᠯᠦᠪᠵᠢᠭᠦᠯᠬᠡ(2018 —2022 ᠤᠨ)︾ ᠶᠢ ᠦᠨᠳᠤᠰᠦᠯᠡᠵᠦ᠂ ︽ᠠᠵᠤ ᠦᠢᠯᠡᠰ ᠭᠦᠭᠵᠢᠩᠭᠦᠢ᠂ ᠠᠮᠢ | ᠠᠬᠤᠢ ᠲᠠᠭᠠᠯᠠᠮᠵᠢᠲᠠᠢ᠂ ᠬᠡᠪ ᠰᠤᠷᠳᠠᠯ ᠪᠤᠯᠪᠠᠰᠤᠨ᠂ ᠵᠠᠰᠠᠨ ᠴᠡᠭᠴᠡᠯᠡᠯᠲᠡ ᠪᠦᠲᠦᠮᠵᠢᠲᠠᠢ᠂ ᠠᠵᠤ ᠠᠮᠢᠳᠤᠷᠠᠯ | ᠴᠢᠨᠡᠭᠡᠯᠢᠭ︾ ᠵᠡᠷᠭᠡ ᠡᠯ᠎ᠡ ᠲᠦᠷᠦᠯ ᠤᠨ ᠠᠵᠢᠯ ᠢ ᠨᠢᠭᠡᠳᠤᠯᠲᠠᠢ ᠲᠦᠯᠬᠢᠨ ᠠᠬᠢᠭᠤᠯᠪᠠ᠃ 8.7 ᠲᠦᠮᠡᠨ ᠳᠡᠭᠰᠢ | ᠲᠦᠷᠪᠡᠯᠵᠢᠨ ᠮᠧᠲᠷ ᠪᠠᠷᠢᠮᠵᠢᠶᠠᠵᠢᠭᠰᠠᠨ ᠳᠤᠯᠠᠭᠠᠨ ᠫᠧᠩ᠂ 2.2 ᠲᠦᠮᠡᠨ ᠲᠡᠭᠰᠢ ᠲᠦᠷᠪᠡᠯᠵᠢᠨ ᠮᠧᠲᠷ ᠡᠪᠡᠰᠦ | ᠨᠦᠭᠡᠴᠡᠯᠡᠬᠦ ᠫᠧᠩ᠂ 0.4 ᠲᠦᠮᠡᠨ ᠪᠤᠰᠤᠭ᠎ᠠ ᠲᠦᠷᠪᠡᠯᠵᠢᠨ ᠮᠧᠲᠷ ᠨᠤᠭᠤᠭᠠᠨ ᠳᠠᠷᠤᠰᠢ ᠶᠢᠨ ᠵᠤᠭᠤᠷᠢ ᠶᠢ ᠰᠢᠨ᠎ᠡ | ᠪᠠᠷ ᠪᠠᠶᠢᠭᠤᠯᠪᠠ᠃ 206 ᠬᠤᠳᠲᠤᠭ ᠢ ᠰᠢᠨ᠎ᠡ ᠪᠠᠷ ᠮᠠᠯᠳᠠᠵᠤ᠂ 1904 ᠢᠵᠢ ᠤᠰᠤ ᠴᠡᠪᠡᠷᠰᠢᠭᠦᠯᠬᠦ | ᠳᠦᠬᠦᠭᠡᠷᠤᠮᠵᠢ ᠤᠭᠰᠠᠷᠠᠪᠠ᠃ ᠬᠦᠳᠡᠭᠡ ᠲᠤᠰᠬᠤᠨ ᠤ 150 ᠺᠢᠯᠤᠮᠧᠲᠷ ᠴᠠᠬᠢᠯᠭᠠᠨ ᠲᠤᠤᠷ ᠢ ᠦᠭᠡᠷᠡᠴᠢᠯᠡᠨ | ᠰᠠᠶᠢᠵᠢᠷᠠᠭᠤᠯᠪᠠ᠃ ᠴᠠᠬᠢᠯᠭᠠᠨ ᠬᠤᠯᠪᠤᠭ᠎ᠠ ᠶᠢᠨ ᠲᠦᠭᠡᠮᠡᠯᠵᠢᠭᠰᠡᠨ ᠦᠢᠯᠡᠴᠢᠯᠡᠭᠡᠨ ᠤ ᠲᠦᠷᠦᠯ ᠵᠦᠢᠯ ᠢ | ᠬᠡᠷᠡᠭᠵᠢᠭᠦᠯᠵᠦ᠂ 21 ᠭᠠᠴᠠᠭᠠᠨ ᠳᠤ ᠰᠢᠨ᠎ᠡ ᠪᠠᠷ 4G ᠲᠤᠤᠷ ᠰᠦᠯᠵᠢᠶ᠎ᠡ ᠶᠢ ᠪᠦᠷᠬᠦᠭᠦᠯᠪᠠ᠃ ᠪᠠᠶᠠᠨᠲᠠᠯ᠎ᠠ | ᠪᠠᠯᠭᠠᠰᠤ᠂ ᠤᠩᠭᠤᠨ ᠠᠭᠤᠯᠠ ᠰᠤᠮᠦ᠂ ᠪᠤᠭᠳᠠ ᠶᠢᠨ ᠭᠤᠤᠯ ᠰᠤᠮᠤᠨ ᠤ ᠠᠮᠢᠳᠤᠷᠠᠯ ᠤᠨ ᠬᠤᠭ ᠨᠤᠪᠰᠢ ᠶᠢ | ᠰᠶᠢᠳᠪᠤᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠠ᠃ 764 ᠡᠷᠦᠬᠡ ᠶᠢᠨ ᠵᠤᠷᠯᠤᠩ ᠢ | ᠦᠭᠡᠷᠡᠴᠢᠯᠡᠵᠦ᠂ ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠠᠷᠢᠭᠤᠨ ᠴᠡᠪᠡᠷ ᠢ ᠲᠤᠰᠬᠠᠢ | ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡᠳᠦᠯᠳᠡᠢ ᠦᠷᠨᠢᠭᠦᠯᠵᠦ᠂ 1920 ᠳᠤᠨ ᠬᠤᠭ ᠨᠤᠪᠰᠢ ᠶᠢ ᠴᠡᠪᠡᠷᠯᠡᠪᠡ᠃ | ᠪᠦᠬᠦ ᠬᠤᠰᠢᠭᠤᠨ ᠤ 60 ᠭᠠᠴᠠᠭᠠᠨ ᠤ ᠬᠠᠮᠲᠦ ᠶᠢᠨ ᠦᠮᠴᠢᠯᠠᠯ ᠤᠨ ᠡᠷᠬᠡ ᠶᠢᠨ ᠲᠥᠷᠢᠮ ᠤᠨ ᠦᠭᠡᠷᠡᠴᠢᠯᠠᠯᠳᠠ ᠶᠢ | ᠪᠡᠶᠡᠯᠡᠭᠦᠯᠪᠠ᠃ ᠲᠦᠷᠢᠮᠵᠢᠭᠰᠡᠨ ᠬᠤᠷᠰᠢᠶᠠᠵᠢᠯ 8᠂ ᠭᠡᠷ ᠪᠦᠯᠢ ᠶᠢᠨ ᠮᠠᠯᠵᠢᠯ ᠤᠨ ᠲᠠᠯᠠᠪᠠᠢ 109 ᠡᠷᠦᠬᠡ ᠪᠣᠯᠪᠠ᠃ | ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ᠠᠮᠢ ᠠᠬᠤᠢ ᠶᠢ ᠬᠠᠮᠠᠭᠠᠯᠠᠬᠤ ᠤᠯᠠᠭᠠᠨ | ᠱᠤᠭᠤᠮ ᠤᠨ ᠳᠤᠬᠢᠷᠠᠭᠤᠯᠤᠯᠲᠠ ᠶᠢ ᠪᠡᠶᠡᠯᠡᠬᠦᠯᠵᠦ᠂ ︽ᠭᠤᠷᠪᠠᠨ ᠲᠤᠭᠤᠷᠢᠭ ᠬᠤᠶᠠᠷ ᠱᠤᠭᠤᠮ︾ ᠪᠠ 67 ᠮᠦ | ᠬᠠᠶᠠᠭᠳᠠᠮᠠᠯ ᠠᠭᠤᠷᠬᠠᠢ ᠶᠢᠨ ᠲᠠᠯᠠᠪᠤᠷ ᠵᠢᠴᠢ ᠨᠡᠬᠦᠷᠡᠰᠦᠨ ᠤ ᠪᠤᠰᠤ ᠠᠭᠤᠷᠬᠠᠢ ᠶᠢᠨ ᠣᠷᠴᠢᠨ ᠲᠤᠭᠤᠷᠢᠨ ᠢ | ᠴᠡᠭᠴᠡᠯᠡᠨ ᠵᠠᠰᠠᠬᠤ ᠠᠵᠢᠯ ᠢ ᠥᠷᠨᠢᠬᠦᠯᠪᠡ᠃ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ | ᠲᠡᠩᠴᠡᠭᠦᠷᠢᠰᠢᠬᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠤᠷᠭᠤᠯᠲᠠ ᠶᠢᠨ | ᠬᠤᠭᠤᠴᠠᠭᠠᠨ ᠳᠤ ᠬᠠᠰᠢᠶᠠᠯᠠᠨ ᠮᠠᠯᠵᠢᠵᠤ ᠪᠡᠯᠴᠢᠭᠡᠷ ᠰᠡᠷᠭᠦᠭᠡᠬᠦ ᠠᠵᠢᠯ ᠢ ᠠᠮᠵᠢᠯᠲᠠ ᠲᠠᠢ ᠶᠠᠪᠤᠭᠳᠠᠭᠤᠯᠪᠠ᠃ 72. | 34 ᠲᠦᠮᠡᠨ ᠮᠤ᠋ ᠤᠯᠤᠰ ᠤᠨ ᠳᠡᠰ ᠤᠨ ᠨᠡᠶᠢᠲᠠ ᠶᠢᠨ ᠠᠰᠢᠭᠲᠤ ᠤᠢ ᠰᠢᠭᠤᠢ ᠶᠢᠨ ᠨᠦᠬᠦᠪᠦᠷᠢ ᠤᠯᠭᠤᠬᠤ | ᠲᠠᠯᠠᠪᠠᠢ ᠰᠢᠨ᠎ᠡ ᠪᠠᠷ ᠨᠡᠮᠡᠭᠳᠡᠪᠡ᠃ ᠤᠢ ᠰᠢᠭᠤᠢ ᠲᠠᠯ᠎ᠠ ᠨᠤᠲᠤᠭ ᠤᠨ ᠠᠮᠢ ᠠᠬᠤᠢ ᠶᠢᠨ ᠬᠠᠤᠯᠢ ᠬᠡᠷᠡᠭᠵᠢᠬᠦᠯᠦᠯᠲᠡ | ᠶᠢ ᠴᠢᠩᠭᠠᠳᠬᠠᠨ᠂ ᠠᠮᠢ ᠠᠬᠤᠢ ᠶᠢ ᠡᠪᠳᠡᠭᠰᠡᠨ ᠬᠠᠤᠯᠢ ᠵᠦᠷᠢᠴᠡᠭᠰᠡᠨ ᠠᠵᠢᠯᠯᠠᠭ᠎ᠠ ᠳᠤ ᠬᠦᠨᠳᠦ ᠴᠤᠬᠢᠯᠲᠠ | ᠦᠭᠴᠤ᠂ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠠᠩᠨᠠᠬᠤ ᠪᠠ ᠬᠡᠭᠡᠷ᠎ᠡ ᠶᠢᠨ ᠤᠷᠭᠤᠮᠠᠯ ᠲᠡᠭᠦᠬᠦ ᠶᠢ | ᠬᠤᠷᠢᠭᠯᠠᠬᠤ ᠳᠤᠰᠬᠠᠢ ᠰᠡᠳᠤᠪᠲᠦ ᠠᠵᠢᠯᠯᠠᠭ᠎ᠠ ᠦᠷᠨᠢᠭᠦᠯᠵᠦ᠂ ᠬᠠᠤᠯᠢ ᠵᠦᠷᠢᠴᠡᠭᠰᠡᠨ 156 ᠠᠵᠢᠯᠯᠠᠭ᠎ᠠ ᠳᠤ | ᠰᠢᠢᠳᠭᠡᠯ ᠤᠯᠭᠤᠪᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ᠂ ᠭᠤᠤᠯᠳᠠᠯᠭᠠᠲᠤ ᠤᠷᠤᠨ ᠲᠤᠭᠤᠷᠢᠭ ᠤᠨ ᠨᠤᠭᠤᠭᠠᠷᠠᠭᠤᠯᠤᠯᠲᠠ᠂ ᠬᠦᠳᠡᠭᠡ ᠳᠤᠰᠬᠤᠨ ᠤ | ᠭᠤᠸᠠᠯᠢᠭᠵᠢᠭᠤᠯᠤᠯᠲᠠ ᠨᠤᠭᠤᠭᠠᠷᠠᠭᠤᠯᠤᠯᠲᠠ᠂ ᠨᠦᠬᠦᠪᠦᠷᠢ ᠤᠯᠭᠤᠨ ᠤᠶᠢᠵᠢᠭᠤᠯᠬᠤ ᠵᠡᠷᠭᠡ ᠲᠦᠷᠦᠯ ᠵᠦᠢᠯ ᠢ | ᠨᠡᠶᠢᠯᠡᠭᠦᠯᠵᠦ᠂ 3.48 ᠲᠦᠮᠡᠨ ᠮᠤ᠋ ᠤᠶᠢᠵᠢᠭᠤᠯᠤᠯᠲᠠ ᠶᠢ ᠪᠡᠶᠠᠯᠡᠭᠦᠯᠵᠤ᠂ 40 ᠲᠦᠮᠡᠨ ᠰᠠᠭᠤᠷᠢ ᠮᠤᠳᠤ ᠲᠠᠷᠢᠪᠠ᠃ | 2 ᠲᠦᠮᠡᠨ ᠮᠦ ᠨᠤᠲᠤᠭ ᠪᠡᠯᠴᠢᠭᠡᠷ ᠲᠤ ᠬᠦᠮᠦᠨ ᠤ ᠬᠦᠴᠦ ᠪᠠᠷ ᠡᠪᠡᠰᠦ ᠲᠠᠷᠢᠵᠤ᠂ ᠤᠷᠴᠢᠨ ᠲᠤᠭᠤᠷᠢᠨ ᠢ ᠵᠠᠰᠠᠨ | ᠰᠠᠶᠢᠵᠢᠷᠠᠭᠤᠯᠬᠤ ᠢᠨᠵᠧᠨᠧᠷᠢᠩ ᠢ 20.96 ᠡᠾᠧᠺᠲ᠋ᠠᠷ ᠲᠠᠯᠠᠪᠠᠢ ᠬᠡᠷᠡᠭᠵᠢᠭᠦᠯᠪᠡ᠃ ᠤᠢ ᠰᠢᠭᠤᠢ ᠶᠢᠨ ᠬᠤᠤᠷᠳᠤ | ᠠᠮᠢᠳᠤ ᠪᠤᠳᠠᠰ ᠪᠠ ᠲᠠᠯ᠎ᠠ ᠨᠤᠲᠤᠭ ᠤᠨ ᠬᠤᠯᠤᠭᠠᠨ᠎ᠠ᠂ ᠬᠤᠷᠤᠬᠠᠢ ᠰᠢᠪᠠᠵᠢ ᠶᠢᠨ ᠭᠠᠮᠰᠢᠭ ᠠᠴᠠ ᠰᠡᠷᠭᠡᠶᠢᠯᠡᠨ | ᠵᠠᠰᠠᠭᠰᠠᠨ ᠲᠠᠯᠠᠪᠠᠢ ᠨᠢ 131.4 ᠲᠦᠮᠡᠨ ᠮᠦ ᠪᠠᠶᠢᠵᠤ᠂ 5.6 ᠲᠦᠮᠡᠨ ᠮᠤ᠋ ᠨᠤᠳᠤᠭ ᠪᠡᠯᠴᠢᠭᠡᠷ ᠢ ᠬᠦᠷᠢᠶᠡᠯᠡᠵᠤ | ᠪᠢᠲᠡᠭᠦᠮᠵᠢᠯᠡᠪᠡ᠃ ᠤᠷᠤᠰᠬᠠᠯ ᠤᠨ ᠡᠪᠳᠡᠭᠳᠡᠯ ᠢ 20 ᠳᠡᠭᠰᠢ ᠳᠦᠷᠪᠡᠯᠵᠢᠨ ᠺᠢᠯᠤᠮᠧᠲᠷ᠂ ᠬᠥᠷᠦᠰᠦ ᠰᠢᠷᠦᠢ ᠶᠢᠨ | ᠢᠳᠡᠭᠳᠡᠯ ᠢ 15 ᠳᠡᠭᠰᠢ ᠳᠦᠷᠪᠡᠯᠵᠢᠨ ᠺᠢᠯᠤᠮᠧᠲᠷ ᠵᠠᠰᠠᠪᠠ᠃ ᠭᠤᠤᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ | ᠪᠠᠷ ᠨᠠᠶᠢᠳᠠᠪᠤᠷᠵᠢᠭᠤᠯᠪᠠ᠃ ᠤᠰᠤᠨ ᠠᠰᠢᠭᠯᠠᠯᠲᠠ ᠶᠢᠨ ᠶᠠᠮᠤᠨ ᠠᠴᠠ ᠮᠠᠨ ᠤ ᠬᠤᠰᠢᠭᠤ ᠶᠢ ᠤᠰᠤ ᠠᠷᠪᠢᠯᠠᠬᠤ | ᠮᠠᠶ᠋ᠢᠭ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠡᠩᠴᠡᠭᠰᠡᠨ ᠬᠤᠰᠢᠭᠤ ᠪᠠᠷ ᠦᠨᠡᠯᠡᠪᠡ᠃ | ︵ᠲᠦᠷᠪᠡ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠯᠠᠮ ᠰᠠᠶᠢᠵᠢᠷᠠᠭᠤᠯᠪᠠ᠃ ᠠᠷᠠᠳ ᠤᠨ | ᠠᠮᠢᠲᠤᠷᠠᠯ ᠤᠨ ᠬᠦᠷᠢᠶ᠎ᠡ ᠴᠠᠷ᠎ᠠ ᠳᠤ 5.6 ᠳ᠋ᠦᠡᠭᠰᠢᠭᠤᠷ ᠲᠦᠭᠦᠷᠢᠭ ᠵᠠᠷᠤᠴᠠᠭᠤᠯᠵᠤ᠂ ᠡᠩ ᠤᠨ ᠨᠡᠶᠢᠳᠠ ᠶᠢᠨ ᠡᠳ᠋ | ᠤᠨ ᠵᠠᠰᠠᠭ ᠤᠨ ᠲᠦᠰᠦᠪ ᠤᠨ ᠵᠠᠷᠤᠳᠠᠯ ᠤᠨ 65.9% ᠶᠢ ᠡᠵᠡᠯᠡᠪᠡ᠃ ᠪᠦᠬᠦ ᠵᠢᠯ ᠳᠤ ᠨᠡᠶᠢᠲᠡ 1326 ᠠᠵᠢᠯ | ᠤᠨ ᠪᠠᠶᠢᠷᠢ ᠶᠢ ᠴᠤᠭᠯᠠᠭᠤᠯᠵᠤ᠂ ᠬᠤᠳᠠ ᠪᠠᠯᠭᠠᠰᠤᠨ ᠤ 770 ᠬᠦᠮᠦᠨ ᠳᠤ ᠰᠢᠨ᠎ᠡ ᠪᠠᠷ ᠠᠵᠢᠯ ᠤᠯᠭᠤᠪᠠ᠃ | ᠤᠶᠢᠯᠡᠰ ᠪᠤᠰᠬᠠᠬᠤ ᠵᠢᠭᠡᠯᠡᠯᠭᠡ ᠶᠢ 920 ᠲᠦᠮᠡᠨ ᠲᠦᠭᠦᠷᠢᠭ ᠲᠠᠯᠪᠢᠵᠤ᠂ 350 ᠬᠦᠮᠦᠨ ᠢ ᠲᠠᠭᠠᠭᠤᠯᠤᠨ ᠠᠵᠢᠯ | ᠤᠯᠭᠤᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.44 % ᠶᠢᠨ | ᠳᠤᠳᠤᠷ᠎ᠠ ᠬᠢᠵᠠᠭᠠᠷᠯᠠᠪᠠ᠃ ︽ᠬᠤᠶᠠᠷ ᠰᠠᠭᠤᠷᠢ ᠮᠦᠩᠬᠦ᠂ ᠭᠤᠷᠪᠠᠨ ᠲᠦᠷᠢᠮ︾ ᠵᠡᠷᠭᠡ ᠨᠠᠢᠮᠠᠨ ᠲᠦᠷᠦᠯ ᠤᠨ | ᠲᠦᠷᠢᠮ ᠲᠤᠭᠳᠠᠭᠠᠯ ᠢ ᠰᠠᠶᠢᠳᠤᠷ ᠨᠠᠶᠢᠳᠠᠪᠤᠷᠢᠵᠢᠭᠤᠯᠵᠤ᠂ ᠬᠦᠯᠤᠰᠤᠨ ᠠᠵᠢᠯᠴᠢᠨ ᠤ ᠬᠦᠯᠤᠰᠤ ᠤᠯᠭᠤᠮᠵᠢ ᠶᠢ ᠴᠠᠭ | ᠲᠤᠬᠠᠢ ᠳᠤᠨᠢ ᠪᠦᠬᠦᠨ ᠢ ᠤᠯᠭᠤᠪᠠ᠃ ᠰᠠᠭᠤᠷᠢ ᠰᠤᠷᠭᠠᠨ ᠬᠦᠮᠤᠵᠢᠯ ᠤᠨ ᠶᠠᠰᠤ ᠴᠢᠨᠠᠷ ᠢ ᠲᠠᠬᠡᠭᠰᠢᠯᠡᠬᠦᠯᠬᠦ | ᠬᠤᠶᠠᠲᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠤᠪᠯᠡᠭᠡ ᠶᠢ ᠬᠡᠷᠡᠭᠵᠢᠬᠦᠯᠪᠠ᠃ ᠮᠤᠩᠭᠤᠯ ᠢᠶᠠᠷ ᠬᠢᠴᠢᠶᠡᠯᠯᠡᠬᠦ | ᠲᠡᠭᠡᠳᠦ ᠲᠤᠮᠳᠠᠳᠤ ᠳᠤ ᠲᠠᠪᠰᠢᠬᠤ ᠰᠢᠯᠭᠠᠯᠲᠠ ᠶᠢᠨ ᠬᠢᠷᠢ ᠪᠦᠳᠦᠮᠵᠢ ᠨᠢ ᠪᠦᠬᠦ ᠠᠶᠢᠮᠠᠭ ᠤᠨ ᠲᠡᠷᠢᠬᠦᠨ ᠡᠩᠨᠡᠭᠡᠨ | ᠳᠤ ᠵᠢᠭᠰᠠᠭᠠᠭᠳᠠᠵᠤ᠂ ᠶᠡᠭᠡ ᠰᠤᠷᠭᠠᠭᠤᠯᠢ ᠳᠤ ᠲᠠᠪᠰᠢᠭᠰᠠᠨ ᠨᠤᠷᠮ᠎ᠠ ᠨᠢ 75% ᠳᠤ ᠬᠦᠷᠪᠡ᠃ ᠪᠤᠭᠲᠠ ᠶᠢᠨ | ᠭᠤᠤᠯ ᠴᠡᠴᠡᠷᠯᠢᠭ ᠤᠨ ᠪᠠᠷᠢᠯᠭ᠎ᠠ ᠲᠠᠭᠤᠰᠴᠤ᠂ ᠤᠶᠢᠷ᠎ᠠ ᠬᠠᠪᠢ ᠶᠢᠨ ᠵᠠᠮ ᠱᠣᠭᠤᠮ ᠪᠠ ᠲᠡᠷᠭᠡᠨ ᠵᠤᠭᠰᠤᠭᠠᠯ ᠵᠡᠷᠭᠡ | ᠶᠢ ᠪᠠᠶᠢᠭᠤᠯᠵᠤ ᠲᠠᠭᠤᠰᠬᠠᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 54 ᠨᠡᠷ᠎ᠡ | ᠪᠠᠭᠰᠢ ᠠᠵᠢᠯᠲᠠᠨ ᠢ ᠡᠯᠰᠡᠨ ᠭᠡᠷᠡᠭᠯᠡᠪᠡ᠃ ᠴᠠᠭᠠᠨ ᠰᠠᠷ᠎ᠠ ᠶᠢᠨ ᠦᠲᠡᠰᠢᠯᠡᠯᠬᠡ᠂ ︽ᠰᠢᠨ᠎ᠡ ᠲᠤᠮᠲᠠᠲᠤ ᠤᠯᠤᠰ ᠢᠶᠠᠨ | ᠮᠠᠭᠲᠠᠵᠤ᠂ ᠰᠢᠨ᠎ᠡ ᠴᠠᠭ ᠡᠷᠠᠨ ᠢᠶᠠᠨ ᠲᠠᠭᠤᠯᠠᠶ᠎ᠡ︾ ᠵᠡᠷᠬᠡ ᠤᠳᠬ᠎ᠠ ᠤᠷᠠᠯᠢᠭ ᠤᠨ ᠲᠤᠭᠯᠠᠯᠲᠠ ᠶᠢ 80 ᠭᠠᠷᠤᠢ | ᠲᠠᠯᠠᠪᠤᠷ ᠵᠤᠬᠢᠶᠠᠨ ᠪᠠᠶᠢᠭᠤᠯᠤᠨ ᠶᠠᠪᠤᠭᠲᠠᠭᠤᠯᠪᠠ᠃ ︽ᠨᠣᠮ ᠤᠩᠰᠢᠬᠤ ᠡᠳᠦᠷ᠂ ᠪᠡᠶ᠎ᠡ ᠴᠢᠬᠢᠷᠠᠭᠵᠢᠭᠤᠯᠬᠤ ᠡᠳᠦᠷ᠂ | ᠠᠷᠢᠭᠤᠨ ᠴᠡᠪᠡᠷᠯᠡᠭᠡ ᠶᠢᠨ ᠡᠳᠦᠷ︾ ᠵᠡᠷᠬᠡ ᠬᠦᠳᠡᠯᠭᠡᠭᠡᠨ ᠢ ᠥᠷᠨᠢᠬᠦᠯᠪᠡ᠃ ᠰᠢᠯᠢ ᠶᠢᠨ ᠭᠤᠤᠯ ᠠᠶᠢᠮᠠᠭ ᠤᠨ | ᠠᠷᠪᠠᠨ ᠲᠦᠷᠪᠡᠲᠤᠬᠡᠷ ᠤᠲᠠᠭᠠᠨ ᠤ ᠪᠦᠬᠡ ᠶᠢᠨ ᠴᠤᠯᠨ ᠤᠯᠭᠤᠬᠤ ᠤᠷᠤᠯᠲᠤᠭᠠᠨ᠂ ᠬᠤᠰᠢᠭᠤ ᠠᠷᠪᠠᠨ ᠬᠤᠶᠠᠳᠤᠭᠠᠷ | ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠪᠠ ᠤᠯᠠᠭᠠᠨᠮᠦ᠋ᠴᠢᠷ ᠤᠨ ᠰᠠᠭᠤᠳᠠᠯ ᠤᠨ ᠬᠤᠷᠠᠯ ᠵᠡᠷᠭᠡ ᠰᠢᠷᠢᠰ | ᠬᠦᠳᠡᠯᠭᠡᠭᠡᠨ ᠵᠢᠴᠢ ᠪᠦᠬᠦ ᠬᠤᠰᠢᠭᠤᠨ ᠤ ᠬᠡᠶᠢᠲᠤ ᠠᠯᠠᠭᠠᠲᠠᠬᠤ ᠪᠦᠮᠪᠤᠬᠡᠨ ᠤ ᠤᠷᠤᠯᠲᠤᠭᠠᠨ ᠵᠡᠷᠬᠡ ᠲᠠᠮᠢᠷ ᠤᠨ | ᠬᠦᠲᠡᠯᠬᠡᠬᠡᠨ ᠢ ᠡᠷᠬᠢᠯᠡᠨ ᠶᠠᠪᠤᠭᠳᠠᠭᠤᠯᠵᠤ᠂ 2019 ᠣᠨ ᠤ ︽ᠵᠢᠷᠭᠠᠯᠠᠩᠲᠤ ᠲᠠᠯ᠎ᠠ ᠨᠤᠲᠤᠭ᠂ ᠰᠢᠯᠢ ᠶᠢᠨ ᠭᠤᠣᠯ | ︾ ᠨᠠᠭᠠᠳᠤᠮ ᠤᠨ ᠶᠡᠭᠡ ᠬᠤᠷᠠᠯ ᠳᠤ ᠤᠷᠤᠯᠴᠠᠪᠠ᠃ ᠬᠤᠰᠢᠭᠤ ᠰᠤᠶᠤᠯ ᠤᠨ ᠤᠷᠲᠤᠨ ᠨᠢ ᠪᠦᠬᠦ ᠤᠷᠤᠨ ᠤ ᠠᠷᠪᠠᠨ | ᠰᠢᠯᠢᠲᠡᠭ ᠰᠤᠶᠤᠯ ᠤᠨ ᠤᠷᠲᠤᠨ᠂ ᠬᠤᠰᠢᠭᠤ ᠤᠯᠠᠭᠠᠨᠮᠦ᠋ᠴᠢᠷ ᠨᠢ ᠪᠦᠬᠦ ᠤᠷᠤᠨ ᠤ ᠠᠷᠪᠠᠨ ᠰᠢᠯᠢᠲᠡᠭ | ᠤᠯᠠᠭᠠᠨᠮᠦ᠋ᠴᠢᠷ ᠢᠶᠠᠷ ᠦᠨᠡᠯᠡᠭᠳᠡᠵᠦ᠂ ᠤᠯᠠᠭᠠᠨᠮᠦ᠋ᠴᠢᠷ ᠤᠨ ᠠᠯᠪᠠᠯᠠᠬᠤ ᠠᠰᠠᠷ ᠨᠢ ᠠᠰᠢᠭᠯᠠᠯᠲᠠ ᠳᠤ ᠤᠷᠤᠪᠠ᠃ | ᠲᠦᠭᠦᠮ ᠪᠦᠲᠦᠴᠡᠲᠤ ᠤᠷᠤᠨ ᠰᠠᠭᠤᠴᠠ ᠶᠢᠨ ᠦᠬᠡᠷᠡᠴᠢᠯᠡᠯᠲᠠ ᠶᠢ 240 ᠡᠷᠤᠬᠡ᠂ ᠬᠦᠳᠡᠭᠡ ᠲᠤᠰᠬᠤᠨ ᠤ | ᠠᠶᠤᠯᠲᠠᠢ ᠭᠡᠷ ᠪᠠᠶᠢᠰᠢᠩ ᠢ ᠵᠠᠰᠠᠨ ᠦᠭᠡᠷᠡᠴᠢᠯᠡᠬᠦ ᠲᠦᠷᠦᠯ ᠵᠦᠢᠯ ᠢ 35 ᠡᠷᠦᠬᠡ ᠳᠤ ᠬᠢᠵᠤ᠂ 6 ᠰᠠᠭᠤᠭᠠᠯᠢ | ᠠᠷᠠᠳ ᠤᠨ ᠲᠤᠭᠤᠷᠢᠭ ᠤᠨ ᠲᠦᠭᠦᠮ ᠪᠦᠲᠤᠴᠡᠲᠤ ᠤᠷᠤᠨ ᠰᠠᠭᠤᠴᠠ ᠶᠢᠨ ᠰᠠᠭᠤᠷᠢ ᠪᠦᠲᠦᠭᠡᠨ | ᠪᠠᠶᠢᠭᠤᠯᠤᠯᠲᠠ ᠶᠢᠨ ᠦᠭᠡᠷᠡᠴᠢᠯᠡᠯᠲᠡ ᠶᠢᠨ ᠲᠦᠷᠦᠯ ᠵᠦᠢᠯ ᠢ ᠰᠠᠶᠢᠲᠤᠷ ᠪᠡᠶᠡᠯᠡᠭᠦᠯᠵᠤ᠂ 1113 ᠡᠷᠤᠬᠡ ᠶᠢᠨ ᠬᠡᠷ | ᠬᠦᠷᠤᠩᠬᠡ ᠶᠢᠨ ᠦᠮᠴᠢᠯᠡᠯ ᠤᠨ ᠡᠷᠬᠡ ᠶᠢᠨ ᠦᠨᠡᠮᠯᠡᠯ ᠤᠨ ᠦᠯᠡᠲᠡᠭᠲᠠᠯ ᠠᠰᠠᠭᠤᠲᠠᠯ ᠢ ᠰᠢᠢᠳᠪᠦᠷᠢᠯᠡᠵᠦ᠂ 578 | ᠡᠷᠤᠬᠡ ᠳᠤ ᠤᠷᠤᠨ ᠰᠠᠭᠤᠴᠠ ᠶᠢᠨ ᠲᠦᠷᠢᠶᠡᠰᠦᠨ ᠮᠦᠩᠬᠦ ᠶᠢᠨ ᠪᠠᠳᠤᠯᠠᠭ᠎ᠠ ᠶᠢᠨ ᠨᠦᠬᠦᠪᠦᠷᠢ ᠶᠢ ᠤᠯᠭᠤᠪᠠ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠬᠡᠨ ᠤ | ᠬᠤᠯᠪᠤᠭᠠᠯᠠᠭᠰᠠᠨ ᠴᠤᠭᠴᠠ᠂ ᠡᠮᠴᠢᠯᠡᠭᠡᠨ ᠤ ᠬᠠᠮᠳᠤᠷᠠᠭᠰᠠᠨ ᠴᠣᠭᠴᠠ ᠪᠠ ᠬᠤᠶᠠᠷ ᠢ ᠬᠦᠷᠢᠶᠡᠯᠡᠬᠦ ᠡᠮᠴᠢᠯᠡᠭᠡᠨ ᠤ | ᠬᠤᠯᠪᠤᠭᠠᠯᠠᠭᠰᠠᠨ ᠴᠣᠭᠴᠠ ᠶᠢ ᠦᠷᠬᠦᠯᠵᠢᠯᠠᠨᠪᠠᠬᠢᠵᠢᠬᠦᠯᠵᠦ᠂ ᠡᠬᠡ ᠨᠢᠯᠬᠠᠰ ᠲᠦᠯᠤᠪᠯᠡᠬᠡᠲᠤ ᠦᠷᠡᠵᠢᠯ ᠤᠨ | ᠶᠡᠷᠤᠩᠬᠡᠶᠢᠯᠡᠭᠰᠡᠨ ᠤᠶᠢᠯᠡᠴᠢᠯᠡᠬᠡᠨ ᠤ ᠠᠰᠠᠷ ᠢ ᠠᠰᠢᠭᠯᠠᠯᠲᠠ ᠳᠤ ᠤᠷᠤᠭᠤᠯᠵᠤ᠂ ᠮᠤᠩᠭᠤᠯ ᠡᠮᠨᠡᠯᠬᠡ ᠶᠢᠨ ᠬᠤᠷᠢᠶ᠎ᠠ | ᠨᠢ ᠦᠪᠡᠷᠳᠡᠭᠡᠨ ᠵᠠᠰᠠᠬᠤ ᠤᠷᠤᠨ ᠤ ᠡᠷᠡᠭᠦᠯ ᠮᠡᠨᠳᠦ ᠶᠢᠨ ᠵᠦᠪᠯᠡᠯ ᠤᠨ ︽ᠬᠤᠶᠠᠳᠤᠭᠠᠷ ᠵᠡᠷᠭᠡ ᠶᠢᠨ ᠬᠦᠬᠡ ᠳᠠᠰ︾ | ᠤᠨ ᠦᠨᠳᠤᠰᠤᠳᠠᠨ ᠤ ᠡᠮᠨᠡᠯᠭᠡ ᠶᠢᠨ ᠬᠤᠷᠢᠶ᠎ᠠ ᠶᠢᠨ ᠬᠢᠨᠠᠨ ᠰᠢᠯᠭᠠᠯᠲᠠ ᠳᠤ ᠬᠢᠷᠢ ᠳᠡᠩᠴᠡᠵᠤ᠂ ᠡᠮᠴᠢᠯᠡᠭᠡᠨ ᠤ | ᠮᠠᠷᠬᠡᠵᠢᠯ ᠤᠨ ᠠᠰᠠᠷ ᠢ ᠡᠬᠢᠯᠠᠨ ᠪᠠᠶᠢᠭᠤᠯᠵᠤ᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠡ᠂ ᠨᠡᠶᠢᠬᠡᠮ | ᠲᠤᠭᠤᠷᠢᠭ ᠤᠨ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠲᠦᠪ ᠤᠨ ︽ᠮᠤᠩᠭᠤᠯ ᠡᠮᠨᠡᠯᠬᠡ ᠶᠢᠨ ᠥᠷᠬᠦᠭᠡ︾ ᠶᠢ | ᠪᠦᠬᠦ ᠲᠠᠯ᠎ᠠ ᠪᠠᠷ ᠡᠬᠢᠯᠠᠨ ᠪᠠᠶᠢᠭᠤᠯᠪᠠ᠃ ᠦᠪᠡᠷᠲᠡᠭᠡᠨ ᠵᠠᠰᠠᠬᠤ ᠣᠷᠤᠨ ᠤ ᠡᠷᠡᠬᠦᠯ ᠮᠡᠨᠳᠦ ᠶᠢᠨ ᠲᠠᠪᠰᠢᠭᠰᠠᠨ | ᠬᠤᠰᠢᠭᠤ ᠪᠠᠷ ᠦᠨᠡᠯᠡᠭᠲᠠᠵᠤ᠂ ᠪᠦᠬᠦ ᠤᠯᠤᠰ ᠤᠨ ᠠᠷᠢᠭᠤᠨ ᠴᠡᠪᠠᠷ ᠬᠤᠰᠢᠭᠤ ᠰᠢᠶᠠᠨ ᠤ ᠬᠢᠨᠠᠨ ᠰᠢᠯᠭᠠᠯᠲᠠ ᠶᠢ | ᠠᠮᠵᠢᠯᠳᠠ ᠲᠠᠢ ᠦᠩᠭᠡᠷᠡᠬᠦᠯᠪᠡ᠃ ᠠᠷᠠᠳ ᠲᠤ ᠠᠰᠢᠭᠲᠠᠢ ᠲᠦᠯᠤᠪᠯᠡᠬᠡᠲᠤ ᠦᠷᠡᠵᠢᠯ ᠤᠨ ᠲᠦᠷᠦ ᠶᠢᠨ ᠪᠤᠳᠤᠯᠭ᠎ᠠ | ᠶᠢ ᠬᠢᠨᠠᠮᠠᠭᠠᠢ ᠨᠠᠶᠢᠳᠠᠪᠤᠷᠢᠵᠢᠭᠤᠯᠪᠠ᠃ ᠬᠤᠯᠤᠭᠠᠨ᠎ᠠ ᠬᠢᠵᠢᠭ ᠤᠨ ᠪᠠᠶᠢᠲᠠᠯ ᠳᠤ ᠴᠢᠭᠯᠡᠬᠦᠯᠤᠨ᠂ ᠵᠢᠯᠤᠭᠤᠳᠬᠤ ᠺᠤᠮᠢᠰ | ᠪᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠨᠢ ᠡᠷᠬᠡ ᠴᠢᠳᠠᠪᠬᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ | ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠨ᠂ ᠪᠦᠬᠦ ᠠᠷᠠᠳ ᠢᠶᠠᠷ ᠢᠶᠠᠨ ᠤᠷᠤᠯᠴᠠᠬᠤ ᠶᠢ ᠰᠠᠨᠠᠭᠠᠴᠢᠯᠠᠵᠤ᠂ | ᠪᠠᠴᠢᠮ ᠪᠠᠶᠢᠲᠠᠯ ᠢ ᠬᠢᠨᠠᠨ ᠪᠠᠶᠢᠴᠠᠭᠠᠬᠤ᠂ ᠬᠤᠯᠤᠭᠠᠨ᠎ᠠ ᠪᠠ ᠬᠤᠯᠤᠭᠠᠨ᠎ᠠ ᠶᠢᠨ ᠪᠦᠬᠡᠰᠤ ᠶᠢ ᠤᠰᠠᠳᠬᠠᠬᠤ᠂ ᠡᠷᠡᠬᠦᠯ | ᠮᠠᠨᠲᠤ ᠶᠢᠨ ᠬᠦᠮᠤᠵᠢᠯ᠂ ᠡᠮᠴᠢᠯᠡᠬᠡᠨ ᠤ ᠪᠠᠶᠢᠭᠤᠯᠤᠮᠵᠢ ᠶᠢᠨ ᠬᠠᠯᠲᠠᠪᠤᠷᠢᠲᠤ ᠡᠪᠡᠳᠴᠢᠨ ᠤ ᠬᠠᠮᠢᠶᠠᠷᠤᠯᠲᠠ᠂ ᠠᠮᠢᠲᠠᠨ | ᠤ ᠬᠤᠭᠤᠷᠤᠨᠳᠤ ᠬᠠᠯᠳᠠᠪᠦᠷᠢᠯᠠᠬᠤ ᠬᠢᠵᠢᠭ ᠢ ᠰᠡᠷᠭᠡᠶᠢᠯᠡᠬᠦ᠂ ᠲᠤᠷᠰᠢᠯᠲᠠ ᠶᠢᠨ ᠲᠠᠰᠤᠭ ᠤᠨ ᠪᠠᠶᠢᠴᠠᠭᠠᠯᠲᠠ ᠶᠢ | ᠦᠷᠭᠦᠯᠵᠢᠯᠡᠨ ᠴᠢᠩᠭᠠᠳᠬᠠᠵᠤ᠂ ︽ᠭᠤᠷᠪᠠᠨ ᠬᠠᠮᠠᠭᠠᠯᠠᠯᠲᠠ︾ ᠶᠢᠨ ᠠᠵᠢᠯ ᠢ ᠰᠠᠶᠢᠲᠤᠷ ᠬᠢᠵᠤ᠂ ᠲᠠᠪᠢᠭᠠᠳ ᠡᠳᠦᠷ | ᠬᠠᠳᠠᠭᠤᠵᠢᠯᠲᠠᠢ ᠲᠡᠮᠡᠴᠡᠬᠦ ᠪᠠᠷ ᠳᠠᠮᠵᠢᠨ ᠳᠤᠪᠤᠶᠢᠮ᠎ᠠ ᠠᠮᠵᠢᠯᠲᠠ ᠶᠢ ᠣᠯᠪᠠ᠃ ᠨᠠᠶᠢᠭᠡᠮ ᠤᠨ ᠪᠠᠳᠤᠯᠠᠭ᠎ᠠ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠵᠤ᠂ ᠬᠤᠲᠠ ᠬᠦᠲᠡᠭᠡ ᠶᠢᠨ ᠨᠠᠰᠤᠵᠢᠯ᠂ | ᠦᠨᠲᠤᠰᠤᠨ ᠡᠮ ᠡᠮᠨᠡᠯᠬᠡ ᠵᠡᠷᠬᠡ ᠨᠡᠶᠢᠬᠡᠮ ᠤᠨ ᠲᠠᠭᠠᠳᠬᠠᠯ ᠤᠨ ᠪᠦᠷᠬᠦᠴᠨ ᠶᠢ ᠦᠷᠬᠦᠯᠵᠢᠯᠡᠨ ᠦᠷᠬᠡᠳᠬᠡᠪᠠ᠃ | ᠬᠦᠴᠢᠷᠳᠡᠯᠲᠠᠢ ᠤᠯᠠᠨ ᠲᠦᠮᠡᠨ ᠤ ᠠᠮᠢᠳᠤᠷᠠᠯ ᠤᠨ ᠨᠦᠬᠦᠪᠤᠷᠢ ᠶᠢᠨ ᠪᠠᠷᠢᠮᠵᠢᠶ᠎ᠠ ᠶᠢ ᠤᠯᠠᠮ ᠲᠡᠭᠡᠭᠰᠢᠯᠡᠬᠦᠯᠵᠦ᠂ | ᠬᠤᠲᠠ ᠬᠦᠳᠡᠭᠡ ᠶᠢᠨ ᠳᠤᠤᠷ᠎ᠠ ᠪᠠᠳᠤᠯᠠᠭ᠎ᠠ᠂ ᠭᠤᠷᠪᠠᠨ ᠦᠬᠡᠢ ᠲᠠᠪᠤᠨ ᠪᠠᠳᠤᠯᠠᠭᠠᠲᠤ ᠬᠦᠮᠤᠰ ᠤᠨ ᠠᠮᠢᠲᠤᠷᠠᠯ ᠤᠨ | ᠨᠦᠬᠦᠪᠤᠷᠢ᠂ ᠵᠡᠮᠳᠡᠭᠴᠦᠳ ᠤᠨ ᠬᠤᠶᠠᠷ ᠲᠦᠷᠦᠯ ᠤᠨ ᠨᠦᠬᠦᠪᠦᠷᠢ᠂ ᠦᠨᠤᠴᠢᠨ ᠬᠡᠤᠬᠡᠳ᠂ ᠦᠨᠲᠤᠷ ᠨᠠᠰᠤᠨ ᠤ | ᠨᠦᠬᠦᠪᠤᠷᠢ᠂ ᠲᠦᠷ ᠴᠠᠭ ᠤᠨ ᠠᠪᠤᠷᠠᠨ ᠳᠤᠰᠠᠯᠠᠬᠤ᠂ ᠡᠮ ᠡᠮᠨᠡᠯᠬᠡ ᠶᠢᠨ ᠠᠪᠤᠷᠠᠨ ᠲᠤᠰᠠᠯᠠᠬᠤ ᠵᠡᠷᠬᠡ ᠨᠦᠬᠦᠪᠤᠷᠢ | ᠮᠦᠩᠬᠦ ᠶᠢ 1663.8 ᠲᠦᠮᠠᠨ ᠲᠦᠬᠦᠷᠢᠭ ᠲᠠᠷᠬᠠᠭᠠᠪᠠ᠃ ᠴᠡᠷᠢᠭ ᠠᠴᠠ ᠬᠠᠯᠠᠭᠲᠠᠭᠰᠠᠳ ᠤᠨ ᠲᠡᠳᠬᠦᠨ | ᠬᠠᠷᠠᠭᠠᠯᠵᠠᠬᠤ ᠪᠠ ᠠᠵᠢᠯ ᠤᠯᠭᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠤ᠂ ᠴᠡᠷᠢᠭ ᠠᠴᠠ | ᠬᠠᠯᠠᠭᠲᠠᠭᠰᠠᠳ ᠲᠤ ᠤᠨᠴᠠᠭᠠᠢ ᠠᠵᠢᠯ ᠤᠨ ᠪᠠᠶᠢᠷᠢ ᠬᠠᠩᠭᠠᠬᠤ ᠵᠡᠷᠭᠡ ᠡᠯ᠎ᠡ ᠵᠦᠢᠯ ᠤᠨ ᠠᠰᠢᠭᠲᠠᠢ ᠲᠦᠷᠦ ᠶᠢᠨ | ᠪᠤᠳᠤᠯᠭ᠎ᠠ ᠶᠢ ᠲᠤᠭᠳᠠᠭᠠᠵᠤ᠂ ᠳᠡᠳᠬᠦᠮᠵᠢ ᠶᠢᠨ ᠮᠦᠩᠬᠦ ᠶᠢ 283.9 ᠲᠦᠮᠡᠨ ᠲᠦᠭᠦᠷᠢᠭ ᠳᠠᠷᠬᠠᠭᠠᠪᠠ᠃ ᠮᠠᠯᠵᠢᠬᠤ | ᠣᠷᠤᠨ ᠤ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠠᠩ ᠪᠠ ᠬᠠᠷᠢᠯᠴᠠᠨ ᠲᠤᠰᠠᠯᠠᠯᠴᠠᠬᠤ ᠵᠣᠯ ᠵᠢᠷᠭᠠᠯᠲᠤ | ᠬᠦᠷᠢᠶᠡᠯᠡᠩ ᠤᠨ ᠦᠢᠯᠡᠴᠢᠯᠡᠭᠡᠨ ᠤ ᠳᠦᠪᠰᠢᠨ ᠢ ᠳᠡᠭᠡᠭᠰᠢᠯᠡᠭᠦᠯᠪᠡ᠃ | ︵ᠲᠠᠪᠤ︶ ᠨᠡᠶᠢᠭᠡᠮ ᠤᠨ ᠪᠠᠶᠢᠳᠠᠯ ᠡᠶ᠎ᠡ ᠨᠠᠶᠢᠷᠠᠮᠳᠠᠭᠤ ᠠᠮᠤᠷ ᠲᠤᠭᠳᠠᠭᠤᠨ ᠪᠣᠯᠪᠠ᠃ ᠭᠠᠵᠠᠷ ᠤᠨ ᠲᠡᠰ ᠤᠨ | ᠣᠳᠣᠷᠢᠳᠣᠯᠭ᠎ᠠ ᠶᠢᠨ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠪᠠ ︽1328︾ ᠵᠠᠬᠢᠳᠠᠯ | ᠰᠣᠷᠪᠣᠯᠵᠢᠯᠠᠭ᠎ᠠ ᠶᠢᠨ ᠬᠤᠯᠪᠣᠭᠠᠲᠣ ᠬᠤᠷᠠᠯ ᠤᠨ ᠲᠦᠷᠢᠮ ᠢ ᠴᠢᠩᠭ᠎ᠠ ᠨᠢᠮᠪᠠᠢ ᠬᠡᠷᠡᠭᠵᠢᠭᠦᠯᠵᠦ᠂ 168 ᠬᠤᠪᠢ | ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠵᠦᠢ ᠶᠣᠰᠣᠨ ᠤ ᠬᠦᠰᠡᠯ | ᠱᠠᠭᠠᠷᠳᠠᠯᠭ᠎ᠠ ᠶᠢ ᠴᠠᠭ ᠲᠣᠬᠠᠢ ᠳᠤᠨᠢ ᠪᠦᠲᠥᠮᠵᠢᠲᠠᠢ ᠰᠢᠢᠳᠪᠦᠷᠢᠯᠡᠪᠡ᠃ ᠠᠶᠥᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠤ᠂ 2829 ᠵᠣᠷᠪᠣᠰ ᠠᠮᠦᠷ ᠲᠥᠪᠰᠢᠨ ᠤ ᠭᠡᠮ ᠰᠣᠭᠤᠭ ᠢ | ᠢᠯᠡᠷᠡᠭᠦᠯᠦᠨ᠂ 2819 ᠵᠣᠷᠪᠣᠰ ᠢ ᠵᠠᠰᠠᠨ ᠴᠡᠭᠴᠡᠯᠡᠵᠦ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ | ᠲᠦᠰᠦᠪ ᠢ ᠰᠢᠨ᠎ᠡ ᠪᠠᠷ ᠨᠠᠶᠢᠷᠠᠭᠤᠯᠤᠨ ᠵᠤᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠲᠡ ᠶᠢ 7 ᠤᠳᠠᠭ᠎ᠠ | ᠶᠠᠪᠤᠭᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠦᠷᠢᠭᠤᠯᠵᠤ᠂ ᠠᠶᠥᠯᠭᠦᠢ ᠦᠢᠯᠡᠳᠪᠦᠷᠢᠯᠡᠯ ᠤᠨ ᠲᠤᠬᠠᠢ ᠢᠯᠡᠴᠢᠯᠡᠨ ᠮᠡᠳᠡᠭᠦᠯᠬᠦ ᠶᠢ ᠱᠠᠩᠨᠠᠨ ᠬᠦᠬᠢᠭᠦᠯᠬᠦ | ᠲᠥᠷᠢᠮ ᠲᠣᠭᠳᠠᠭᠠᠯ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠨ ᠬᠢᠨᠠᠨ ᠪᠠᠶᠢᠴᠠᠭᠠᠵᠤ ᠰᠢᠢᠳᠬᠡᠬᠦ ᠬᠦᠴᠦᠯᠡᠴᠡ ᠪᠠᠨ | ᠴᠢᠩᠭᠠᠳᠬᠠᠨᠰᠠᠨ ᠠᠴᠠ ᠠᠶᠥᠯᠭᠦᠢ ᠦᠢᠯᠡᠳᠪᠦᠷᠢᠯᠡᠯ ᠤᠨ ᠬᠡᠷᠡᠭ ᠣᠴᠢᠷ ᠭᠠᠷᠤᠭᠰᠠᠨ ᠦᠭᠡᠢ᠃ ᠵᠠᠬ᠎ᠠ ᠲᠡᠯᠭᠡᠭᠦᠷ ᠤᠨ | ᠬᠢᠨᠠᠨ ᠬᠠᠮᠢᠶᠠᠷᠤᠯᠲᠠ ᠶᠢᠨ ᠠᠵᠢᠯ ᠢ ᠣᠯᠠᠮ ᠴᠢᠩᠭᠠᠳᠬᠠᠪᠠ᠃ ᠪᠦᠲᠦᠭᠡᠭᠲᠡᠬᠦᠨ ᠤ ᠶᠠᠰᠣ ᠴᠢᠨᠠᠷ ᠢ ᠳᠡᠭᠡᠭᠰᠢᠯᠡᠭᠦᠯᠭᠦ | ᠠᠵᠢᠯᠯᠠᠭ᠎ᠠ ᠶᠢ ᠥᠷᠨᠢᠭᠦᠯᠦᠨ᠂ ᠶᠠᠰᠣ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠭᠦᠯᠬᠦ ᠪᠠᠶᠢᠯᠳᠣᠬᠤ ᠪᠣᠳᠣᠯᠭ᠎ᠠ ᠶᠢ | ᠲᠦᠯᠬᠢᠨ ᠠᠬᠢᠭᠤᠯᠵᠤ᠂ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠥᠷ ᠲᠥᠪᠰᠢᠨ ᠤ ᠬᠡᠷᠡᠭ ᠣᠴᠢᠷ | ᠭᠠᠷᠤᠭᠰᠠᠠ ᠦᠭᠡᠢ᠃ ᠡᠮᠨᠡᠯᠭᠡ ᠶᠢᠨ ᠲᠠᠭᠠᠳᠬᠠᠯ ᠪᠠ ᠡᠮᠨᠡᠯᠭᠡ ᠶᠢᠨ ᠰᠠᠭᠤᠷᠢ ᠮᠥᠩᠭᠦ ᠶᠢ ᠬᠢᠬᠠᠨ ᠮᠡᠬᠡᠯᠡᠬᠦ ᠦᠢᠯᠡ | ᠠᠵᠢᠯᠯᠠᠭ᠎ᠠ ᠶᠢ ᠲᠣᠰᠬᠠᠢ ᠲᠥᠷᠦᠯ ᠢᠶᠠᠷ ᠴᠡᠭᠴᠡᠯᠡᠪᠡ᠃ ︽ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ︾ | ᠲᠣᠰᠬᠠᠢ ᠲᠡᠮᠡᠴᠡᠯ ᠢ ᠭᠦᠨᠵᠡᠭᠡᠢ ᠥᠷᠨᠢᠬᠦᠯᠪᠡ᠃ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢ ᠶᠢᠨ | ᠴᠢᠨᠠᠷᠲᠠᠢ ᠲᠦᠯᠬᠢᠨ ᠠᠬᠢᠭᠤᠯᠵᠤ᠂ ︽ᠤᠶᠤᠨᠴᠢ ᠲᠣᠲᠣᠭᠠᠳᠣ ᠶᠢ ᠬᠠᠮᠠᠭᠠᠯᠠᠬᠤ︾ ᠪᠦᠲᠦᠭᠡᠨ ᠪᠠᠶᠢᠭᠤᠯᠣᠯᠲᠠ ᠶᠢ | ᠲᠦᠯᠬᠢᠨ ᠠᠬᠢᠭᠤᠯᠵᠤ᠂ 44 ᠵᠣᠷᠪᠣᠰ ᠡᠷᠡᠭᠦᠦ ᠶᠢᠨ ᠬᠡᠷᠡᠭ ᠣᠴᠢᠷ ᠢ ᠮᠦᠷᠳᠡᠨ ᠢᠯᠡᠷᠡᠭᠦᠯᠵᠤ᠂ 141 ᠬᠦᠮᠦᠨ ᠳᠤ | ᠵᠠᠰᠠᠭ ᠵᠠᠬᠢᠷᠭᠠᠨ ᠤ ᠰᠢᠳᠭᠡᠯ ᠤᠯᠭᠤᠪᠠ᠃ 38 ᠨᠡᠷ᠎ᠡ ᠲᠣᠰᠠᠯᠠᠭᠴᠢ ᠴᠠᠭᠳᠠᠭ᠎ᠠ ᠡᠯᠰᠡᠪᠡ᠃ ᠦᠨᠳᠦᠰᠦᠲᠡᠨ ᠤ | ᠪᠦᠯᠬᠦᠮᠳᠠᠯ ᠲᠠᠪᠰᠢᠯᠲᠠ ᠶᠢᠨ ᠡᠭᠦᠳᠦᠨ ᠪᠠᠶᠢᠭᠤᠯᠥᠯᠲᠠ ᠶᠢᠨ ᠠᠵᠢᠯ ᠢ ᠯᠠᠪᠳᠠᠭᠤᠨ ᠪᠠᠲᠣᠲᠠᠢ ᠥᠷᠨᠢᠭᠦᠯᠵᠤ᠂ ᠬᠢᠯᠢ | ᠬᠢᠵᠠᠭᠠᠷ ᠤᠨ ᠠᠮᠥᠷ ᠲᠣᠭᠲᠠᠭᠤᠨ ᠢ ᠤᠯᠠᠮ ᠨᠢᠭᠡ ᠠᠯᠬᠤᠮ ᠪᠠᠲᠣᠳᠬᠠᠪᠠ᠃ ᠨᠠᠮ ᠤᠨ ᠱᠠᠰᠢᠨ ᠰᠤᠷᠲᠠᠬᠤᠨ ᠤ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠲᠠ᠂ ᠬᠤᠶᠠᠷ ᠢ ᠬᠦᠷᠢᠶᠡᠯᠡᠨ ᠤᠨᠴᠠᠯᠠᠨ ᠬᠠᠷᠠᠭᠠᠯᠵᠠᠬᠤ᠂ ᠲᠤᠭ᠎ᠠ ᠪᠦᠷᠢᠳᠬᠡᠯ᠂ ᠭᠠᠵᠠᠷ ᠬᠦᠳᠡᠯᠦᠯᠲᠡ᠂ ᠴᠠᠭ | ᠠᠭᠤᠷ᠂ ᠳᠠᠩᠰᠠ ᠡᠪᠬᠡᠮᠡᠯ᠂ ᠲᠡᠤᠬᠡ ᠥᠢᠯᠠᠯᠭ᠎ᠠ᠂ ᠭᠠᠳᠠᠭᠠᠲᠣ ᠶᠠᠪᠣᠳᠠᠯ᠂ ᠬᠠᠷᠢᠶᠠᠲᠣ ᠶᠢᠨ ᠶᠠᠪᠣᠳᠠᠯ ᠵᠡᠷᠭᠡ ᠠᠵᠢᠯ ᠢ | ᠤᠯᠠᠮ ᠴᠢᠩᠭᠠᠳᠬᠠᠵᠤ᠂ ᠣᠯᠠᠭᠠᠨ ᠵᠠᠭᠠᠯᠮᠠᠶᠢᠲᠠᠨ᠂ ᠡᠮᠡᠭᠳᠡᠶᠢᠴᠦᠳ ᠬᠡᠦᠬᠡᠳ᠂ ᠨᠠᠰᠥᠲᠠᠶᠢᠴᠥᠳ ᠪᠠ ᠵᠡᠮᠳᠡᠭᠴᠥᠳ ᠤᠨ | ᠦᠢᠯᠡᠰ ᠨᠢ ᠰᠢᠨ᠎ᠡ ᠠᠬᠢᠴᠠ ᠲᠠᠢ ᠪᠣᠯᠪᠠ᠃ | ︵ᠵᠢᠷᠭᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠤᠯᠠᠮ | ᠴᠢᠩᠭᠠᠳᠬᠠᠪᠠ᠃ ᠲᠥᠪ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠣᠬᠤ ᠪᠣᠳᠣᠯᠭ᠎ᠠ ᠶᠢ ᠨᠠᠷᠢᠨ | ᠬᠢᠨᠠᠮᠠᠭᠠᠢ ᠲᠣᠣᠱᠯᠠᠭᠤᠯᠵᠤ᠂ ᠨᠠᠮ ᠤᠨ ᠰᠣᠷᠲᠠᠯ᠂ ᠴᠢᠬᠡᠴᠢ ᠵᠠᠰᠠᠭ ᠤᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠪᠠ᠃ | ᠰᠤᠷᠤᠯᠴᠠᠯᠭ᠎ᠠ ᠬᠥᠮᠥᠵᠢᠯ᠂ ᠪᠠᠶᠢᠴᠠᠭᠠᠨ ᠰᠤᠳᠤᠯᠬᠤ᠂ ᠠᠰᠠᠭᠤᠳᠠᠯ ᠢᠶᠠᠨ ᠪᠠᠶᠢᠴᠠᠭᠠᠬᠤ᠂ ᠵᠠᠰᠠᠨ ᠴᠡᠭᠴᠡᠯᠡᠵᠦ | ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠣᠣᠱᠯᠠᠭᠤᠯᠵᠤ᠂ ︽ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠲᠤᠰᠬᠠᠢ ᠰᠡᠲᠥᠪᠲᠦ ᠬᠥᠮᠥᠵᠢᠯ ᠢ ᠭᠦᠨᠵᠡᠭᠡᠢ ᠥᠷᠨᠢᠭᠦᠯᠪᠡ᠃ ᠲᠥᠪ ᠤᠨ | ᠨᠠᠢᠮᠠᠨ ᠵᠣᠷᠪᠣᠰ ᠲᠣᠭᠲᠠᠭᠠᠯ ᠵᠢᠴᠢ ᠳᠠᠭᠠᠯᠲᠠ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠵᠣ᠂ ᠡᠯ᠎ᠡ | ᠵᠦᠢᠯ ᠤᠨ ᠳᠦᠷᠢᠮ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠲᠥᠪ ᠴᠢᠩᠭ᠎ᠠ ᠪᠠᠷ ᠰᠢᠢᠳᠪᠦᠷᠢᠯᠡᠪᠡ᠃ | ᠬᠢᠨᠠᠨ ᠪᠤᠳᠤᠯᠲᠠ ᠪᠠᠷ ᠬᠢᠨᠠᠯᠲᠠ ᠲᠠᠯᠪᠢᠬᠤ ᠶᠢ ᠲᠠᠰᠦᠷᠠᠯᠲᠠ ᠦᠭᠡᠢ ᠴᠢᠩᠭᠠᠳᠬᠠᠵᠤ᠂ 50 ᠲᠦᠷᠦᠯ ᠤᠨ ᠬᠢᠨᠠᠨ | ᠪᠣᠲᠣᠯᠲᠠ ᠶᠢᠨ ᠲᠥᠷᠥᠯ ᠵᠦᠢᠯ ᠢ ᠭᠦᠢᠴᠡᠳᠬᠡᠪᠡ᠃ ᠬᠠᠣᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠲᠥᠷᠥᠯ ᠤᠨ ᠲᠦᠷᠢᠮ︾ ᠤᠨ | ᠥᠭᠡᠷᠡᠴᠢᠯᠡᠯᠲᠡ ᠶᠢ ᠨᠢᠭᠡᠳᠤᠯᠲᠠᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠪᠡ᠃ ︽ᠲᠤᠯᠤᠳᠤᠭᠠᠷ ᠲᠠᠪᠤᠨ ᠵᠢᠯ︾ ᠤᠨ ᠬᠠᠣᠯᠢ ᠲᠦᠭᠡᠮᠡᠯᠵᠢᠭᠦᠯᠬᠦ ᠠᠵᠢᠯ ᠢ | ᠦᠷᠭᠦᠯᠵᠢᠯᠡᠨ ᠲᠦᠯᠬᠢᠨ ᠠᠬᠢᠭᠤᠯᠵᠤ᠂ ︽ᠲᠦᠷᠪᠠ ᠶᠢ ᠨᠢᠭᠡ ᠴᠤᠭᠴᠠᠵᠢᠭᠤᠯᠬᠤ︾ ᠦᠨᠳᠦᠰᠦᠨ ᠱᠠᠲᠣᠨ ᠤ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠰᠢᠰᠲ᠋ᠧᠮ ᠪᠠ ᠵᠦᠷᠢᠴᠡᠯ ᠮᠦᠷᠭᠦᠯᠳᠦᠭᠡᠨ ᠢ | ᠰᠢᠢᠳᠪᠦᠷᠢᠯᠡᠬᠦ ᠣᠯᠠᠨ ᠡᠰᠢᠴᠢᠯᠡᠭᠰᠡᠨ ᠲᠣᠭᠲᠠᠴᠠ ᠶᠢ ᠲᠠᠰᠦᠷᠠᠯᠲᠠ ᠦᠭᠡᠢ ᠪᠦᠷᠢᠨᠰᠢᠬᠦᠯᠪᠡ᠃ ᠪᠦᠬᠦ ᠬᠤᠰᠢᠭᠤᠨ ᠤ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠣᠯᠣᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠣᠯᠣᠰ | ᠲᠥᠷᠥ ᠶᠢᠨ ᠬᠡᠰᠢᠭᠦᠳ ᠤᠨ ᠰᠠᠨᠠᠯ ᠲᠣᠷᠠᠳᠣᠯᠭ᠎ᠠ ᠶᠢ ᠪᠦᠬᠦᠨ ᠢ ᠪᠡᠶᠡᠯᠡᠬᠦᠯᠵᠦ᠂ ᠬᠠᠨᠤᠮᠵᠢ ᠶᠢᠨ ᠨᠣᠷᠮ᠎ᠠ ᠨᠢ | ᠲᠤᠰᠪᠦᠷᠢ 91% ᠪᠠ 98% ᠳᠤ ᠬᠦᠷᠪᠡ᠃ | ᠲᠥᠯᠥᠭᠡᠯᠡᠭᠴᠢᠳ ᠡ᠄ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠪᠢᠳᠡ ᠬᠤᠯᠣᠭᠠᠨ᠎ᠠ ᠬᠢᠵᠢᠭ ᠢ | ᠰᠡᠷᠭᠡᠶᠢᠯᠡᠨ ᠡᠵᠡᠮᠳᠡᠬᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠡᠷᠭᠡ ᠴᠢᠩᠭ᠎ᠠ | ᠬᠠᠲᠠᠭᠤ ᠪᠡᠷᠬᠡᠰᠢᠶᠡᠯ ᠪᠠ ᠠᠶᠥᠯ ᠲᠦᠭᠰᠢᠭᠦᠷᠢᠲᠦ ᠦᠷᠢᠰᠦᠯᠳᠦᠭᠡᠨ ᠢ ᠥᠩᠭᠡᠷᠡᠭᠡᠵᠣ᠂ ᠬᠢᠯᠪᠠᠷ ᠪᠤᠰᠤ ᠦᠷ᠎ᠡ | ᠪᠦᠲᠦᠮᠵᠢ ᠶᠢ ᠣᠯᠣᠭᠰᠠᠨ ᠶᠤᠮ᠃ ᠡᠳᠡᠭᠡᠷ ᠦᠷ᠎ᠡ ᠪᠦᠲᠦᠮᠵᠢ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ | ᠪᠤᠯᠤᠨ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠢ ᠣᠳᠣᠷᠢᠳᠣᠯᠭ᠎ᠠ ᠵᠢᠴᠢ ᠥᠷᠭᠡᠨ ᠣᠯᠠᠨ ᠨᠠᠮ ᠤᠨ | ᠬᠡᠰᠢᠭᠦᠨ ᠺᠠᠳ᠋ᠷᠴᠤᠳ ᠤᠨ ︽ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ | ︾ ᠰᠢᠷᠭᠠᠭᠤ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠂ ᠮᠦᠨᠴᠤ ᠪᠦᠬᠦ ᠬᠤᠰᠢᠭᠤᠨ ᠤ ᠡᠯ᠎ᠡ ᠦᠨᠳᠦᠰᠦᠲᠡᠨ ᠤ | ᠺᠠᠳ᠋ᠷ ᠣᠯᠠᠨ ᠲᠦᠮᠡᠨ ᠪᠦᠯᠬᠦᠮᠳᠡᠨ ᠲᠡᠮᠡᠴᠡᠵᠣ᠂ ᠪᠣᠭᠤᠮᠲᠠ ᠰᠢᠪᠲᠤᠯᠤᠨ᠂ ᠪᠡᠷᠬᠡᠰᠢᠶᠡᠯ ᠢ ᠢᠯᠠᠨ ᠲᠠᠪᠠᠭᠰᠠᠨ ᠤ ᠦᠷ᠎ᠡ | ᠳ᠋ᠦᠩ ᠪᠣᠯᠣᠨ᠎ᠠ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠤ᠂ ᠪᠦᠬᠦ ᠬᠤᠰᠢᠭᠤᠨ | ᠤ ᠡᠯ᠎ᠡ ᠦᠨᠳᠦᠰᠦᠲᠡᠨ ᠤ ᠠᠷᠠᠳ ᠲᠦᠮᠡᠨ᠂ ᠬᠦᠪᠡᠭᠡᠲᠦ ᠰᠢᠷ᠎ᠠ ᠬᠤᠰᠢᠭᠤᠨ ᠤ ᠠᠵᠣ ᠠᠬᠤᠢ ᠶᠢᠨ ᠬᠦᠭᠵᠢᠯᠲᠡ ᠳᠤ | ᠠᠩᠬᠠᠷᠤᠯ ᠲᠠᠯᠪᠢᠵᠣ᠂ ᠬᠠᠯᠠᠮᠵᠢ ᠲᠡᠮᠵᠢᠯᠭᠡ ᠦᠵᠡᠭᠦᠯᠦᠭᠰᠡᠨ ᠪᠦᠬᠦᠶᠢᠯᠡ ᠨᠠᠶᠢᠵᠠ ᠨᠦᠬᠦᠳ ᠲᠤ ᠬᠠᠮᠤᠭ ᠤᠨ | ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕ | ᠪᠢᠳᠡ ᠤᠯᠤᠭᠰᠠᠨ ᠠᠮᠵᠢᠯᠲᠠ ᠪᠠᠨ ᠦᠨᠡᠯᠡᠬᠦ ᠶᠢᠨ ᠬᠠᠮᠲᠤ᠂ ᠮᠠᠨ ᠤ ᠬᠤᠰᠢᠭᠤᠨ ᠤ ᠠᠵᠤ ᠠᠬᠤᠢ ᠶᠢᠨ | ᠬᠦᠭᠵᠢᠯᠲᠡ ᠳᠤ ᠣᠷᠣᠰᠢᠵᠣ ᠪᠠᠶᠢᠭ᠎ᠠ ᠮᠠᠰᠢ ᠠᠷᠪᠢᠨ ᠬᠦᠴᠢᠷᠳᠡᠯ ᠪᠠ ᠠᠰᠠᠭᠤᠳᠠᠯ ᠢᠶᠠᠨ ᠲᠣᠲᠣᠷᠬᠠᠢ ᠲᠠᠨᠢᠬᠤ | ᠬᠡᠷᠡᠭᠲᠡᠢ᠃ ᠣᠳᠣᠬᠢ ᠠᠵᠣ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂ ᠪᠦᠲᠦᠴᠡ ᠰᠢᠯᠢᠳᠡᠭᠵᠢᠭᠡ ᠦᠭᠡᠢ᠂ ᠲᠡᠰ | ᠲᠠᠪᠬᠤᠷᠭ᠎ᠠ ᠥᠨᠳᠥᠷ ᠪᠠᠶᠢᠷᠢᠨ ᠳᠤ ᠬᠦᠷᠦᠭᠡ ᠦᠭᠡᠢ ᠵᠡᠷᠭᠡ ᠪᠠᠶᠢᠳᠠᠯ ᠨᠢ ᠮᠥᠨᠴᠦ ᠪᠢᠳᠡᠨ ᠤ ᠭᠤᠣᠯ ᠪᠣᠯᠬᠤ | ᠪᠠᠭᠤᠷᠠᠢ ᠲᠠᠯ᠎ᠠ ᠪᠠᠶᠢᠭᠰᠠᠭᠠᠷ ᠪᠠᠶᠢᠨ᠎ᠠ᠂ ᠠᠵᠣ ᠦᠢᠯᠡᠳᠪᠦᠷᠢ ᠶᠢᠨ ᠠᠵᠣ ᠠᠬᠤᠢ ᠶᠢᠨ ᠨᠡᠮᠡᠭᠳᠡᠴᠡ ᠭᠤᠣᠯᠳᠠᠭᠤ ᠡᠬᠢ | ᠪᠠᠶᠠᠯᠢᠭ ᠤᠨ ᠠᠵᠤ ᠦᠢᠯᠡᠰ ᠲᠤ ᠲᠦᠰᠢᠭᠯᠡᠨ᠂ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠵᠥᠪᠬᠡᠨ 6 | ᠪᠠᠶᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠨᠡᠯᠢᠶᠡᠳ ᠲᠣᠪᠣᠶᠢᠮ᠎ᠠ᠂ ᠥᠷᠢ ᠥᠭᠴᠡᠭᠡ ᠶᠢ | ᠰᠢᠢᠳᠪᠦᠷᠢᠯᠡᠬᠦ ᠪᠠ ︽ᠭᠤᠷᠪᠠᠨ ᠪᠠᠳᠤᠯᠠᠭ᠎ᠠ︾ ᠶᠢᠨ ᠲᠠᠷᠦᠭᠠᠰᠣ᠂ ᠠᠶᠥᠯᠭᠦᠢ ᠦᠢᠯᠡᠳᠪᠦᠷᠢᠯᠡᠯ ᠪᠠ ᠣᠯᠠᠨ ᠨᠡᠶᠢᠲᠡ | ᠶᠢᠨ ᠠᠷᠢᠭᠤᠨ ᠴᠡᠪᠡᠷ᠂ ᠠᠮᠥᠷ ᠲᠥᠪᠰᠢᠨ ᠤ ᠳᠠᠷᠣᠭᠠᠰᠣ ᠲᠣᠩ ᠬᠦᠨᠳᠦ ᠪᠠᠶᠢᠨ᠎ᠠ᠃ ᠰᠤᠷᠭᠠᠨ ᠬᠦᠮᠦᠵᠢᠯ᠂ ᠡᠷᠡᠭᠦᠯ | ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠬᠦᠭᠵᠢᠯᠲᠡ ᠶᠢᠨ ᠬᠢᠷᠢ ᠲᠦᠪᠰᠢᠨ ᠨᠢ ᠬᠦᠭᠵᠢᠭᠰᠡᠨ ᠭᠠᠵᠠᠷ ᠤᠷᠤᠨ | ᠲᠠᠢ ᠠᠳᠠᠯᠢᠳᠬᠠᠪᠠᠯ ᠨᠡᠯᠢᠶᠡᠳ ᠵᠦᠷᠢᠶ᠎ᠠ ᠲᠠᠢ ᠪᠠᠶᠢᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠬᠠᠷᠠᠯᠲᠠ ᠲᠠᠢ ᠬᠠᠷᠢᠴᠠᠭᠤᠯᠪᠠᠯ᠂ ᠪᠠᠰᠠ ᠨᠡᠯᠢᠶᠡᠳ ᠣᠯᠠᠨ ᠪᠠᠭᠤᠷᠠᠢ ᠲᠠᠯ᠎ᠠ ᠣᠷᠣᠰᠢᠵᠣ ᠪᠠᠶᠢᠨ᠎ᠠ᠃ ᠵᠠᠰᠠᠭ ᠤᠨ | ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠭ᠎ᠠ ᠤᠴᠢᠷ ᠠᠴᠠ᠂ ᠵᠠᠰᠠᠭ ᠵᠠᠬᠢᠷᠭᠠᠨ ᠤ | ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠲᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠵᠠᠷᠢᠮ ᠺᠠᠳ᠋ᠷ ᠤᠨ | ᠦᠢᠯᠡᠴᠢᠯᠡᠬᠦ ᠣᠬᠠᠮᠰᠠᠷ᠂ ᠬᠠᠤᠯᠢ ᠪᠠᠷ ᠵᠠᠰᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠰᠤᠯᠠ ᠳᠤᠷᠤᠢ | ᠪᠠᠶᠢᠬᠤ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠲᠡᠬᠦᠯᠳᠡᠷ ᠪᠤᠰᠤ ᠪᠠᠶᠢᠵᠤ᠂ ᠠᠷᠠᠯᠵᠢᠶ᠎ᠠ ᠬᠤᠳᠠᠯᠳᠤᠭ᠎ᠠ | ᠡᠷᠬᠢᠯᠡᠬᠦ ᠣᠷᠴᠢᠨ ᠲᠤᠭᠤᠷᠢᠨ ᠢ ᠤᠯᠠᠮ ᠰᠢᠯᠢᠳᠡᠭᠵᠢᠬᠦᠯᠬᠦ ᠴᠢᠬᠤᠯᠠᠲᠠᠢ ᠵᠡᠷᠭᠡ᠃ ᠪᠢᠳᠡ ᠵᠠᠪᠠᠯ ᠠᠰᠠᠭᠤᠳᠠᠯ ᠪᠠ | ᠥᠷᠢᠰᠦᠯᠳᠦᠭᠡᠨ ᠳᠤ ᠵᠥᠪ ᠬᠠᠨᠳᠤᠵᠤ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠤ᠂ ᠡᠭᠦᠷᠭᠡ ᠲᠣᠰᠢᠶᠠᠯ ᠢᠶᠠᠨ | ᠬᠢᠴᠢᠶᠠᠩᠭᠦᠶᠢᠯᠡᠨ ᠪᠡᠶᠡᠯᠡᠭᠦᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠡᠯ᠎ᠡ ᠲᠥᠷᠥᠯ ᠤᠨ ᠠᠵᠢᠯ ᠳᠠᠭᠠᠨ ᠰᠢᠮᠳᠠᠵᠣ᠂ | ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠦᠰᠡᠷᠳᠡᠭᠦᠯᠬᠦ ᠦᠭᠡᠢ ᠪᠠᠷ ᠴᠢᠷᠮᠠᠶᠢᠵᠠᠭᠠᠶ᠎ᠠ︕ | ᠬᠤᠶᠠᠷ᠂ 2020 ᠣᠨ ᠤ ᠭᠤᠣᠯ ᠠᠵᠢᠯ ᠤᠨ ᠪᠠᠶᠢᠷᠢᠯᠠᠭᠤᠯᠤᠯᠲᠠ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠬᠦᠯᠭᠡ ᠶᠢᠨ ᠰᠢᠪᠳᠤᠷᠭᠠᠨ ᠤ ᠵᠢᠯ ᠪᠤᠯᠤᠨ᠎ᠠ᠂ ᠡᠨᠡ ᠵᠢᠯ ᠤᠨ ᠠᠵᠤ ᠠᠬᠤᠢ | ᠨᠡᠶᠢᠭᠡᠮ ᠤᠨ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠮᠵᠢ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠶᠡᠭᠡ ᠬᠤᠷᠠᠯ | ᠤᠨ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠣᠭᠤᠮ᠂ ᠦᠨᠳᠦᠰᠦᠨ ᠠᠷᠭ᠎ᠠ ᠪᠤᠳᠣᠯᠭ᠎ᠠ ᠶᠢ ᠡᠷᠡᠰ | ᠲᠤᠤᠱᠯᠠᠭᠤᠯᠤᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ | ᠡᠬᠦᠷᠭᠡ ᠲᠠᠢ ᠨᠢᠭᠲᠠ ᠤᠶᠠᠯᠳᠤᠭᠤᠯᠵᠤ᠂ ᠲᠤᠭᠳᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠭᠥᠭ ᠠᠶᠢᠵᠢᠮ ᠢ ᠪᠠᠷᠢᠮᠳᠠᠯᠠᠵᠤ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠬᠠᠩᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠣᠯ ᠰᠢᠵᠢᠮ ᠪᠤᠯᠭᠠᠵᠤ᠂ ᠦᠭᠡᠷᠡᠴᠢᠯᠠᠯᠳᠠ | ᠨᠡᠭᠡᠭᠡᠯᠲᠡ ᠪᠠᠷ ᠬᠦᠳᠡᠯᠭᠡᠭᠴᠢ ᠬᠦᠴᠦᠨ ᠪᠤᠯᠭᠠᠬᠤ ᠶᠢ ᠪᠠᠷᠢᠮᠳᠠᠯᠠᠨ᠂ ᠴᠢᠨᠠᠷ ᠰᠠᠶᠢᠲᠠᠢ ᠬᠦᠭᠵᠢᠯᠲᠡ ᠶᠢ ᠲᠦᠯᠬᠢᠨ | ᠠᠬᠢᠭᠤᠯᠵᠤ᠂ ᠭᠤᠷᠪᠠᠨ ᠶᠡᠭᠡ ᠪᠤᠭᠤᠮᠲᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠣᠯᠵᠤ᠂ ︽ | ᠵᠢᠷᠭᠤᠭᠠᠨ ᠲᠤᠭᠳᠠᠭᠤᠨ︾ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠤ᠂ ︽ᠵᠢᠷᠭᠤᠭ᠎ᠠ ᠶᠢ ᠪᠠᠳᠤᠯᠠᠬᠤ︾ ᠶᠢᠨ | ᠡᠬᠦᠷᠭᠡ ᠶᠢ ᠨᠠᠶᠢᠳᠠᠪᠦᠷᠢᠵᠢᠭᠤᠯᠵᠤ᠂ ᠨᠡᠮᠡᠭᠳᠡᠯ ᠢ ᠲᠤᠭᠳᠠᠪᠦᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ | ᠪᠦᠳᠦᠴᠡ ᠶᠢ ᠰᠢᠯᠢᠳᠡᠭᠵᠢᠬᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠬᠦᠷᠢ ᠶᠢ ᠰᠡᠷᠭᠡᠶᠢᠯᠡᠬᠦ᠂ | ᠲᠤᠭᠳᠠᠭᠤᠨ ᠢ ᠪᠠᠳᠤᠯᠠᠬᠤ ᠡᠯ᠎ᠡ ᠲᠥᠷᠦᠯ ᠤᠨ ᠡᠬᠦᠷᠭᠡ ᠶᠢ ᠨᠠᠶᠢᠳᠠᠪᠦᠷᠢᠵᠢᠭᠤᠯᠵᠤ᠂ ᠠᠵᠤ ᠠᠬᠤᠢ ᠶᠢᠨ ᠡᠷᠬᠢᠯᠲᠡ ᠶᠢ | ᠵᠤᠬᠢᠰᠲᠠᠢ ᠤᠷᠤᠨ ᠵᠠᠢ ᠳᠤ ᠪᠠᠶᠢᠯᠭᠠᠬᠤ ᠶᠢ ᠪᠠᠳᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ | ᠪᠠᠳᠤᠯᠠᠵᠤ᠂ ᠠᠷᠠᠳ ᠲᠦᠮᠡᠨ ᠳᠤ ᠮᠡᠳᠡᠷᠡᠭᠳᠡᠨ᠂ ᠲᠡᠦᠬᠡ ᠶᠢᠨ ᠰᠢᠯᠭᠠᠯᠲᠠ ᠶᠢ ᠬᠦᠯᠢᠶᠡᠵᠦ ᠴᠢᠳᠠᠬᠤ ᠶᠠᠪᠤᠳᠠᠯ ᠪᠤᠯᠤᠨ᠎ᠠ᠃ | ᠭᠤᠣᠯ ᠲᠡᠮᠡᠴᠡᠬᠦ ᠬᠠᠷᠠᠯᠲᠠ ᠪᠣᠯ᠄ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 6% ᠤᠷᠴᠢᠮ ᠨᠡᠮᠡᠭᠳᠡᠬᠦᠯᠦᠨ᠎ᠡ᠂ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ | ᠶᠢ 0.5% ᠣᠷᠴᠢᠮ ᠨᠡᠮᠡᠭᠳᠡᠬᠦᠯᠦᠨ᠎ᠡ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 15% ᠤᠷᠴᠢᠮ | ᠨᠡᠮᠡᠭᠳᠡᠬᠦᠯᠦᠨ᠎ᠡ᠂ ᠪᠦᠬᠦ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ | 2% ᠣᠷᠴᠢᠮ ᠨᠡᠮᠡᠭᠳᠡᠬᠦᠯᠦᠨ᠎ᠡ᠂ ᠬᠤᠲᠠ ᠪᠠᠯᠭᠠᠰᠤ ᠪᠠ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠦᠮᠦᠨ ᠲᠤᠮᠳᠠᠴᠢ ᠶᠢᠨ ᠲᠣᠬᠢᠷᠠᠭᠤᠯᠵᠤ ᠪᠤᠯᠬᠤᠶᠢᠴᠠ ᠣᠷᠤᠯᠭ᠎ᠠ ᠶᠢ ᠲᠤᠰᠪᠦᠷᠢ 6.2% ᠪᠠ 7.2% | ᠪᠠᠷ ᠨᠡᠮᠡᠭᠳᠡᠬᠦᠯᠦᠨ᠎ᠡ᠃ | ᠥᠨᠦ ᠵᠢᠯ ᠤᠨ ᠠᠵᠢᠯ ᠢ ᠬᠢᠬᠦ ᠳᠤ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠬᠡᠢ | ᠲᠤᠤᠱᠯᠠᠭᠤᠯᠵᠤ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠭᠰᠠᠨ᠂ ᠪᠣᠬᠢᠷᠳᠤᠯ ᠦᠭᠡᠢ ᠬᠦᠭᠵᠢᠯᠲᠡ ᠪᠠᠷ | ᠤᠳᠤᠷᠢᠳᠤᠮᠵᠢ ᠪᠤᠯᠭᠠᠭᠰᠠᠨ᠂ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠳᠠᠯᠠᠨ᠎ᠠ᠃ | ᠲᠤᠭᠳᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠢᠵᠢᠮ ᠢ ᠪᠠᠷᠢᠮᠳᠠᠯᠠᠨ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠬᠦᠨᠵᠡᠭᠡᠶᠢᠷᠡᠬᠦᠯᠵᠦ᠂ ᠠᠵᠤ ᠠᠬᠤᠢ | ᠶᠢᠨ ᠵᠤᠬᠢᠰᠲᠠᠢ ᠨᠡᠮᠡᠭᠳᠡᠯ ᠪᠠ ᠴᠢᠨᠠᠷ ᠤᠨ ᠲᠤᠭᠳᠠᠭᠤᠨ ᠲᠡᠭᠡᠭᠰᠢᠯᠡᠯᠲᠡ ᠶᠢ ᠪᠠᠳᠤᠯᠠᠨ᠎ᠠ᠃ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠬᠦᠷᠭᠡ ᠲᠠᠢ ᠨᠢᠭᠲᠠ ᠤᠶᠠᠯᠳᠤᠨ᠂ ᠠᠰᠠᠭᠤᠳᠠᠯ ᠳᠤ ᠬᠠᠨᠳᠤᠭᠤᠯᠤᠨ᠂ | ᠬᠠᠷᠠᠯᠲᠠ ᠪᠠ ᠦᠷ᠎ᠡ ᠪᠦᠳᠦᠮᠵᠢ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠭᠤᠣᠯᠳᠠᠯᠭ᠎ᠠ ᠶᠢ ᠠᠳᠬᠤᠨ᠂ | ᠳᠤᠳᠠᠭᠳᠠᠯ ᠢᠶᠠᠨ ᠨᠦᠭᠦᠪᠦᠷᠢᠯᠡᠵᠦ᠂ ᠪᠦᠬᠦ ᠠᠶᠢᠮᠠᠭ ᠲᠠᠢ ᠠᠯᠬᠤᠭ᠎ᠠ ᠨᠢᠭᠡᠳᠡᠢ ᠪᠠᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠶᠢ ᠪᠠᠳᠤᠯᠠᠨ᠎ᠠ᠃ ᠲᠤᠤᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠃ | ︵ᠨᠢᠬᠡ︶ ︽ᠠᠰᠠᠭᠤᠳᠠᠯ ᠳᠤ ᠴᠢᠭᠯᠡᠬᠦᠯᠦᠨ᠂ ᠤᠨᠤᠪᠴᠢᠳᠠᠢ ᠪᠠᠷ ᠬᠦᠴᠦᠯᠡᠬᠦ︾ ᠶᠢ ᠪᠠᠷᠢᠮᠳᠠᠯᠠᠵᠦ᠂ ᠭᠤᠷᠪᠡᠨ | ᠶᠡᠭᠡ ᠳᠠᠶᠢᠯᠠᠯᠳᠤᠭᠠᠨ ᠤ ᠢᠯᠠᠯᠳᠡ ᠶᠢ ᠲᠡᠮᠡᠴᠡᠨ ᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠡ ᠶᠢᠨ ᠦᠷ᠎ᠡ ᠪᠦᠳᠦᠮᠵᠢ ᠶᠢ ᠦᠷᠬᠦᠯᠵᠢᠯᠡᠨ | ᠪᠠᠬᠢᠵᠢᠬᠦᠯᠦᠨ᠎ᠡ᠃ ︽ᠭᠤᠷᠪᠡᠨ ᠤᠨᠤᠪᠴᠢᠳᠠᠢ︾᠂ ︽ᠭᠤᠷᠪᠡᠨ ᠨᠠᠶᠢᠳᠠᠪᠦᠷᠢᠵᠢᠯᠲᠠ︾ ᠪᠠ ᠤᠤᠭᠤᠬᠤ ᠤᠰᠤᠨ ᠤ | ᠠᠮᠤᠷ ᠲᠦᠪᠰᠢᠨ ᠬᠢᠭᠡᠳ ︽ᠭᠤᠷᠪᠠ ᠶᠢ ᠪᠠᠳᠤᠯᠠᠬᠤ︾ ᠠᠵᠢᠯ ᠤᠨ ᠲᠤᠭᠤᠷᠢᠨ ᠳᠤ ︽ᠲᠦᠷᠪᠡ ᠶᠢ ᠦᠯᠦ | ᠲᠠᠶᠠᠭᠳᠠᠬᠤ︾ ᠱᠠᠭᠠᠷᠳᠠᠯᠭ᠎ᠠ ᠶᠤᠰᠤᠭᠠᠷ᠂ ᠳᠠᠬᠢᠨ ᠶᠠᠳᠠᠭᠤᠷᠠᠬᠤ ᠶᠢ ᠬᠢᠨᠠᠨ ᠪᠠᠶᠢᠴᠠᠭᠠᠵᠤ ᠤᠷᠢᠳᠴᠢᠯᠡᠨ ᠰᠡᠷᠬᠡᠶᠢᠯᠡᠬᠦ | ᠪᠠ ᠬᠠᠪᠰᠤᠷᠤᠨ ᠳᠡᠳᠬᠦᠬᠦ ᠳᠤᠭᠳᠠᠴᠠ ᠶᠢ ᠲᠡᠭᠦᠯᠳᠡᠷᠵᠢᠬᠦᠯᠵᠦ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ ᠠᠷᠭ᠎ᠠ | ᠠᠪᠴᠢᠯ ᠢ ᠤᠨᠤᠪᠴᠢᠳᠠᠢ ᠨᠠᠶᠢᠳᠠᠪᠦᠷᠢᠵᠢᠭᠤᠯᠵᠤ᠂ 603 ᠡᠷᠦᠬᠡ 1539 ᠬᠦᠮᠦᠨ ᠤ ᠶᠠᠳᠠᠭᠤ ᠠᠴᠠ | ᠠᠩᠭᠢᠵᠢᠷᠠᠭᠰᠠᠨ ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠦᠨ᠎ᠡ᠃ ᠬᠦᠳᠡᠭᠡ ᠳᠤᠰᠬᠤᠨ ᠮᠠᠯᠵᠢᠬᠤ ᠤᠷᠤᠨ ᠢ | ᠴᠡᠴᠡᠭᠯᠡᠬᠦᠯᠦᠨ ᠬᠦᠭᠵᠢᠬᠦᠯᠬᠦ ᠬᠢᠭᠡᠳ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠢ | ᠪᠦᠳᠦᠮᠵᠢᠳᠠᠢ ᠪᠠᠷ ᠤᠶᠠᠯᠳᠤᠭᠤᠯᠵᠤ᠂ ᠭᠠᠴᠠᠭᠠᠨ ᠤ ᠬᠠᠮᠳᠦ ᠶᠢᠨ ᠠᠵᠦ ᠠᠬᠤᠢ ᠶᠢ ᠬᠦᠭᠵᠢᠬᠦᠯᠬᠦ ᠠᠷᠭ᠎ᠠ ᠬᠡᠮᠵᠢᠶ᠎ᠡ | ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠶᠠᠳᠠᠭᠤᠷᠠᠯ ᠢ ᠪᠠᠭᠠᠰᠬᠠᠨ᠂ ᠠᠷᠠᠳ ᠢᠶᠠᠨ ᠴᠢᠨᠡᠭᠡᠯᠢᠭᠵᠢᠬᠦᠯᠬᠦ ᠳᠤ ᠠᠵᠤ | ᠦᠢᠯᠡᠰ ᠤᠨ ᠵᠠᠩᠭᠢᠯᠠᠭ᠎ᠠ ᠶᠢᠨ ᠦᠢᠯᠡᠳᠦᠯ ᠢ ᠦᠷᠬᠦᠯᠵᠢᠯᠡᠨ ᠴᠢᠩᠭᠠᠳᠬᠠᠨ᠎ᠠ᠃ ᠲᠤᠬᠢᠲᠠᠢ ᠭᠠᠵᠠᠷ ᠰᠢᠯᠵᠢᠬᠦᠯᠦᠭᠰᠡᠨ | ᠡᠷᠦᠬᠡ ᠶᠢ ᠠᠵᠦ ᠦᠢᠯᠡᠰ ᠢᠶᠠᠷ ᠦᠷᠬᠦᠯᠵᠢᠯᠡᠨ ᠳᠡᠳᠬᠦᠬᠦ ᠶᠢ ᠰᠠᠶᠢᠳᠦᠷ ᠠᠳᠬᠤᠵᠦ᠂ ᠬᠤᠲᠠ ᠣᠷᠤᠭᠰᠠᠨ ᠮᠠᠯᠴᠢᠳ | ᠤᠨ ᠲᠤᠬᠳᠠᠪᠦᠷᠢᠳᠠᠢ ᠰᠠᠭᠤᠷᠢᠰᠢᠵᠦ᠂ ᠠᠵᠦ ᠦᠢᠯᠡᠰᠵᠢᠵᠦ᠂ ᠪᠠᠶᠠᠵᠢᠨ ᠴᠢᠨᠡᠭᠡᠯᠢᠭᠵᠢᠬᠦ ᠶᠢ ᠪᠠᠳᠤᠯᠠᠨ᠎ᠠ᠃ ᠡᠷᠡᠬᠦᠯᠵᠢᠯ | ᠢᠶᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠮᠦᠩᠭᠦᠨ ᠬᠦᠢᠯᠬᠡᠬᠡ ᠪᠠᠷ ᠶᠠᠳᠠᠭᠤ | ᠶᠢ ᠳᠡᠳᠬᠦᠬᠦ ᠪᠠ ᠦᠨᠳᠦᠰᠦᠨ ᠠᠴᠠ ᠨᠢ ᠪᠠᠳᠤᠯᠠᠬᠤ ᠵᠡᠷᠭᠡ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠪᠦᠬᠦ ᠳᠠᠯ᠎ᠠ | ᠪᠠᠷ ᠨᠠᠶᠢᠳᠠᠪᠦᠷᠢᠵᠢᠭᠤᠯᠤᠨ᠎ᠠ᠃ ᠶᠠᠳᠠᠭᠤ ᠶᠢ ᠳᠡᠳᠬᠦᠬᠦ ᠡᠳ᠋ ᠬᠦᠷᠦᠩᠭᠡ ᠶᠢᠨ ᠬᠠᠮᠢᠶᠠᠷᠤᠯᠳᠡ ᠶᠢ ᠴᠢᠩᠭᠠᠳᠬᠠᠨ᠂ | ᠬᠡᠷᠡᠭᠯᠡᠯᠳᠡ ᠶᠢᠨ ᠦᠷ᠎ᠡ ᠠᠰᠢᠭ ᠢ ᠳᠡᠭᠡᠭᠰᠢᠯᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ | ᠳᠠᠶᠢᠯᠠᠯᠲᠤᠭᠠᠨ ᠢ ᠬᠦᠨᠵᠡᠭᠡᠢ ᠦᠷᠨᠢᠭᠦᠯᠦᠨ᠂ ᠡᠯ᠎ᠡ ᠲᠦᠷᠦᠯ ᠤᠨ ᠡᠭᠦᠷᠭᠡ ᠶᠢ ᠬᠦᠢᠴᠡᠳ ᠪᠡᠶᠡᠯᠡᠭᠦᠯᠵᠤ᠂ ᠲᠦᠪ ᠤᠨ | ᠲᠤᠰᠬᠠᠢ ᠲᠦᠷᠦᠯ ᠢᠶᠠᠷ ︽ᠡᠷᠬᠢᠨ ᠬᠠᠷᠠᠬᠤ︾ ᠲᠤᠭᠤᠷᠢᠨ ᠪᠠᠶᠢᠴᠠᠭᠠᠯᠲᠠ ᠪᠠ 2019 ᠤᠨ ᠤ ᠦᠷ᠎ᠡ ᠪᠦᠲᠦᠮᠵᠢ | ᠶᠢᠨ ᠬᠢᠨᠠᠨ ᠦᠨᠡᠯᠡᠯᠲᠡ ᠵᠡᠷᠭᠡ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ 6 ᠳ᠋ᠤᠭᠠᠷ ᠰᠠᠷ᠎ᠠ ᠶᠢᠨ ᠰᠡᠭᠦᠯᠴᠢ | ᠠᠴᠠ ᠡᠮᠤᠨ᠎ᠠ ᠪᠦᠬᠦᠨ ᠢ ᠵᠠᠰᠠᠨ ᠴᠡᠭᠴᠡᠯᠡᠨ᠎ᠡ᠃ ᠶᠠᠳᠠᠭᠤ ᠶᠢ ᠳᠡᠳᠬᠦᠬᠦ ᠬᠢᠭᠡᠳ ᠤᠶᠤᠨ ᠤᠬᠠᠭᠠᠨ᠂ ᠤᠷᠮ᠎ᠡ | ᠵᠤᠷᠢᠭ ᠢᠶᠠᠷ ᠳᠡᠳᠬᠦᠬᠦ ᠶᠢ ᠤᠶᠠᠯᠳᠤᠭᠤᠯᠬᠤ ᠵᠠᠷᠴᠢᠮ ᠢ ᠦᠷᠬᠦᠯᠵᠢᠯᠡᠨ ᠪᠠᠷᠢᠮᠳᠠᠯᠠᠵᠦ᠂ ᠤᠬᠠᠭᠤᠯᠭ᠎ᠠ ᠬᠦᠮᠦᠵᠢᠯ ᠢ | ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠢᠳᠡᠪᠬᠢᠳᠡᠢ ᠤᠷᠤᠭᠰᠢᠯᠠᠨ ᠲᠠᠪᠰᠢᠬᠤ ᠠᠭᠤᠷ | ᠠᠮᠢᠰᠬᠤᠯ ᠢ ᠤᠯᠠᠮ ᠪᠠᠳᠤᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠰᠢᠢᠳᠪᠦᠷᠢᠲᠦ | ᠳᠠᠶᠢᠯᠠᠯᠳᠤᠭᠠᠨ ᠤ ᠢᠯᠡᠯᠳᠡ ᠶᠢ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠡ ᠶᠢᠨ ᠲᠠᠶᠢᠯᠠᠯᠳᠤᠭᠠᠨ ᠢ ᠪᠦᠬᠦ ᠳᠠᠯ᠎ᠠ ᠪᠠᠷ ᠰᠠᠶᠢᠳᠦᠷ | ᠬᠢᠨ᠎ᠡ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠡᠨ ᠵᠢᠯ ᠤᠨ | ᠠᠵᠢᠯ ᠤᠨ ᠲᠦᠯᠦᠪᠵᠢᠬᠦᠯᠬᠡ ᠶᠢᠨ ᠱᠠᠭᠠᠷᠳᠠᠯᠭ᠎ᠠ ᠶᠤᠰᠤᠭᠠᠷ᠂ ᠡᠬᠢ ᠰᠤᠷᠪᠤᠯᠵᠢ ᠠᠴᠠ ᠨᠢ ᠡᠵᠡᠮᠳᠡᠬᠦ᠂ ᠬᠠᠤᠯᠢ ᠶᠢ | ᠴᠢᠩᠭ᠎ᠠ ᠬᠡᠷᠡᠭᠵᠢᠬᠦᠯᠬᠦ᠂ ᠶᠡᠷᠦᠩᠬᠡᠶᠢᠯᠡᠨ ᠵᠠᠰᠠᠨ ᠴᠡᠭᠴᠡᠯᠡᠬᠦ ᠶᠢ ᠪᠠᠷᠢᠮᠳᠠᠯᠠᠵᠦ᠂ ᠪᠤᠬᠢᠷᠳᠤᠯ ᠢ ᠰᠡᠷᠭᠡᠶᠢᠯᠡᠨ ᠵᠠᠰᠠᠬᠤ | ᠠᠵᠢᠯ ᠤᠨ ᠤᠨ ᠤ ᠡᠭᠦᠷᠭᠡ ᠪᠠᠨ ᠪᠦᠬᠦ ᠳᠠᠯ᠎ᠠ ᠪᠠᠷ ᠪᠡᠶᠡᠯᠡᠬᠦᠯᠦᠨ᠎ᠡ᠃ ᠪᠤᠬᠢᠷᠳᠤᠯ ᠶᠡᠭᠡ ᠲᠦᠯᠡᠰᠢᠨ ᠮᠠᠲ᠋ᠧᠷᠢᠶᠠᠯ ᠤᠨ | ᠰᠢᠳᠠᠭᠠᠯᠭ᠎ᠠ ᠶᠢ ᠴᠠᠭᠠᠵᠠᠯᠠᠬᠤ ᠲᠤᠭᠤᠷᠢᠭ᠂ ᠪᠤᠬᠢᠷᠳᠤᠯ ᠶᠡᠭᠡ ᠭᠠᠳᠠᠬᠰᠢᠯᠠᠭᠤᠯᠤᠯᠳᠡ ᠲᠠᠢ ᠮᠠᠰᠢᠨ ᠮᠧᠬᠠᠨᠢᠭ ᠤᠨ | ᠲᠤᠭᠤᠷᠢᠭ᠂ ᠼᠠᠶᠢᠶ᠋ᠢᠦ ᠲᠤᠰᠤᠨ ᠤ ᠠᠴᠢᠶᠠᠨ ᠤ ᠮᠠᠰᠢᠨ ᠤ ᠬᠢᠵᠠᠭᠠᠷᠯᠠᠯᠲᠠ ᠶᠢᠨ ᠲᠤᠭᠤᠷᠢᠭ᠂ ᠲᠠᠭᠤ ᠴᠢᠮᠡᠭᠡᠨ ᠤ | ᠤᠷᠴᠢᠨ ᠤ ᠴᠢᠳᠠᠮᠵᠢ ᠶᠢᠨ ᠲᠤᠭᠤᠷᠢᠭ ᠢ ᠠᠩᠭᠢᠯᠠᠨ ᠲᠤᠬᠳᠠᠭᠠᠬᠤ ᠠᠵᠢᠯ ᠢ ᠰᠠᠶᠢᠲᠤᠷ ᠪᠠᠶᠠᠯᠠᠬᠦᠯᠦᠨ᠎ᠡ᠃ ᠬᠦᠯᠡᠮᠵᠢ | ᠶᠢᠨ ᠬᠡᠢ ᠶᠢᠨ ᠭᠠᠳᠠᠭᠰᠢᠯᠠᠭᠤᠯᠤᠯᠲᠠ ᠶᠢ ᠴᠢᠩᠭ᠎ᠠ ᠡᠵᠡᠮᠳᠡᠨ᠎ᠡ᠃ ᠬᠤᠳᠠ ᠪᠠᠯᠭᠠᠰᠤᠨ ᠳᠤ ᠬᠠᠩᠭᠠᠬᠤ ᠤᠤᠭᠤᠬᠤ | ᠤᠰᠤᠨ ᠤ ᠤᠰᠤᠨ ᠰᠤᠷᠪᠤᠯᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠳᠡ ᠶᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠲᠤᠭᠤᠷᠢᠭ ᠤᠨ ᠠᠵᠦ ᠠᠬᠤᠶᠢᠯᠠᠯ ᠤᠨ ᠨᠡᠭᠦᠷᠡᠰᠦᠨ ᠲᠦᠯᠡᠰᠢᠨ ᠤ ᠪᠣᠬᠢᠷᠳᠤᠯ ᠢ ᠴᠢᠩᠭ᠎ᠠ | ᠬᠤᠷᠢᠭᠯᠠᠵᠤ᠂ ︽ᠰᠤᠯᠡ᠂ ᠪᠤᠵᠠᠷ᠂ ᠪᠤᠬᠢᠷ︾ ᠠᠵᠦ ᠠᠬᠤᠶᠢᠯᠠᠯ ᠢ ᠵᠠᠰᠠᠨ ᠴᠡᠭᠴᠡᠯᠡᠬᠦ ᠶᠢ ᠰᠠᠶᠢᠳᠦᠷ ᠠᠳᠬᠤᠨ᠎ᠠ᠃ ᠮᠠᠯ | ᠤᠨ ᠢᠯᠭᠠᠳᠠᠰᠤ ᠪᠠ ᠠᠵᠦ ᠦᠢᠯᠡᠳᠪᠦᠷᠢ ᠶᠢᠨ ᠬᠠᠳᠠᠭᠤ ᠲᠦᠯᠦᠪᠳᠦ ᠬᠠᠶᠠᠬᠳᠠᠮᠠᠯ ᠪᠤᠳᠠᠰ ᠢ ᠶᠡᠷᠦᠩᠬᠡᠶᠢᠯᠡᠨ | ᠠᠰᠢᠭᠯᠠᠬᠤ ᠶᠢ ᠰᠠᠶᠢᠲᠤᠷ ᠠᠳᠬᠤᠵᠤ᠂ ᠡᠬᠢ ᠪᠠᠶᠠᠯᠢᠭ ᠢ ᠪᠦᠬᠦ ᠳᠠᠯ᠎ᠠ ᠪᠠᠷ ᠠᠷᠪᠢᠯᠠᠬᠤ ᠪᠠ ᠣᠷᠴᠢᠯᠲᠠ ᠲᠠᠢ ᠪᠠᠷ | ᠠᠰᠢᠬᠯᠠᠬᠤ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠠᠷᠭ᠎ᠠ ᠠᠪᠴᠢᠯ ᠢ ᠠᠪᠴᠤ᠂ ᠭᠤᠤᠯᠳᠠᠯᠭᠠᠳᠤ ᠲᠥᠷᠦᠯ ᠵᠦᠢᠯ | ᠪᠠ ᠢᠨᠵᠧᠨᠧᠷᠢᠩ ᠤᠨ ᠶᠠᠪᠤᠴᠠ ᠳᠤ ᠡᠬᠦᠰᠦᠭᠰᠡᠨ ᠱᠣᠣᠬᠢᠶᠠᠨ᠂ ᠲᠤᠭᠤᠰᠤ ᠰᠢᠷᠤᠢ ᠵᠡᠷᠭᠡ ᠪᠤᠬᠢᠷᠳᠤᠯ ᠢ ᠦᠨᠡᠨᠬᠦ | ᠪᠠᠭᠠᠰᠬᠠᠨ᠎ᠠ᠃ ᠬᠠᠤᠯᠢ ᠬᠡᠷᠡᠭᠵᠢᠬᠦᠯᠬᠦ ᠲᠤᠤᠷᠴᠢᠯᠠᠬᠰᠠᠨ ᠬᠠᠮᠢᠶᠠᠷᠤᠯᠳᠡ ᠶᠢ ᠴᠢᠩᠭᠠᠳᠬᠠᠵᠦ᠂ ᠠᠮᠢ ᠠᠬᠤᠢ ᠶᠢᠨ | ᠤᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ ᠡᠷᠴᠢᠮ ᠢ ᠴᠢᠩᠭᠠᠷᠠᠭᠤᠯᠤᠨ᠎ᠠ᠃ ᠤᠷᠴᠢᠮ ᠤᠨ ᠵᠢᠯ ᠤᠳ ᠠᠴᠠ ᠨᠠᠰᠢ | ᠡᠯ᠎ᠡ ᠱᠠᠳᠤᠨ ᠤ ᠡᠯ᠎ᠡ ᠲᠦᠷᠦᠯ ᠤᠨ ᠰᠢᠯᠭᠠᠨ ᠪᠠᠶᠢᠴᠠᠭᠠᠯᠳᠡ᠂ ︽ᠡᠷᠬᠢᠵᠤ ᠬᠠᠷᠠᠬᠤ︾ ᠪᠠᠶᠢᠴᠠᠭᠠᠯᠲᠠ ᠵᠡᠷᠭᠡ ᠠᠵᠢᠯ | ᠤᠨ ᠳᠤᠮᠳᠡ ᠢᠯᠡᠷᠡᠬᠦᠯᠦᠭᠰᠡᠨ ᠬᠠᠷᠠᠬᠠᠨ ᠵᠠᠰᠠᠨ ᠴᠡᠭᠴᠡᠯᠡᠵᠦ ᠲᠠᠭᠤᠰᠤᠭ᠎ᠠ ᠦᠭᠡᠢ 9 ᠠᠰᠠᠭᠤᠳᠠᠯ ᠢ 6 ᠳ᠋ᠤᠭᠠᠷ | ᠰᠠᠷ᠎ᠠ ᠶᠢᠨ ᠰᠡᠬᠦᠯᠴᠢ ᠠᠴᠠ ᠡᠮᠦᠨ᠎ᠡ ᠪᠦᠬᠦᠨ ᠢ ᠵᠠᠰᠠᠨ ᠴᠡᠭᠴᠡᠯᠡᠬᠦ ᠶᠢ ᠪᠠᠳᠤᠯᠠᠵᠦ᠂ ᠠᠮᠢ ᠠᠬᠤᠢ ᠶᠢᠨ ᠤᠷᠴᠢᠨ | ᠲᠤᠭᠤᠷᠢᠨ ᠤ ᠬᠦᠷᠢᠶ᠎ᠠ ᠴᠡᠷ᠎ᠡ ᠳᠠᠬᠢ ᠠᠰᠠᠭᠤᠳᠠᠯ᠂ ᠭᠡᠮ ᠰᠤᠭᠤᠭ ᠢ ᠦᠪᠡᠷᠲᠡᠭᠡᠨ ᠪᠠᠶᠢᠴᠠᠭᠠᠨ ᠵᠠᠯᠠᠷᠠᠭᠤᠯᠬᠤ ᠠᠵᠢᠯ | ᠢ ᠬᠦᠨᠵᠡᠭᠡᠢ ᠦᠷᠨᠢᠬᠦᠯᠦᠨ᠎ᠡ᠃ | ᠬᠦᠨᠳᠦ ᠶᠡᠭᠡ ᠠᠶᠤᠯ ᠲᠦᠭᠰᠢᠬᠦᠷᠢ ᠶᠢ ᠢᠳᠡᠪᠬᠢᠳᠠᠢ ᠰᠡᠷᠭᠡᠶᠢᠯᠡᠨ ᠡᠵᠡᠮᠳᠡᠨ᠎ᠡ᠃ ᠤᠯᠠᠨ ᠵᠦᠢᠯ ᠤᠨ ᠠᠷᠭ᠎ᠠ | ᠵᠠᠮ ᠢᠶᠠᠷ ᠪᠡᠯᠡ ᠮᠦᠩᠭᠦ ᠶᠢ ᠨᠦᠬᠦᠪᠦᠷᠢᠯᠡᠵᠦ᠂ ᠪᠦᠬᠦ ᠵᠢᠯ ᠳᠤ 1.23 ᠳ᠋ᠦᠩᠰᠢᠭᠤᠷ ᠲᠦᠭᠦᠷᠢᠭ ᠤᠨ ᠦᠷᠢ | ᠦᠭᠴᠡᠭᠡ ᠶᠢ ᠴᠠᠶᠢᠷᠠᠭᠤᠯᠬᠤ ᠡᠭᠦᠷᠭᠡ ᠶᠢ ᠪᠡᠶᠡᠯᠡᠬᠦᠯᠦᠨ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ᠂ ᠳᠤᠮᠳᠡ | ᠵᠢᠵᠢᠭ ᠠᠵᠦ ᠠᠬᠤᠶᠢᠯᠠᠯ ᠳᠤ ᠦᠷᠢᠳᠦᠭᠰᠡᠨ ᠮᠠᠷᠭᠤᠭᠠᠨ ᠦᠬᠡᠢ ᠳᠠᠩᠰᠡ ᠶᠢ ᠪᠦᠬᠦᠨ ᠢ ᠴᠠᠶᠢᠷᠠᠭᠤᠯᠤᠨ᠎ᠠ᠃ | ᠭᠤᠤᠯᠳᠠᠯᠭ᠎ᠠ ᠲᠠᠢ ᠲᠦᠷᠦᠯ ᠵᠦᠢᠯ ᠪᠠ ᠬᠦᠷᠢᠶ᠎ᠠ ᠴᠠᠷ᠎ᠠ ᠶᠢ ᠴᠢᠩᠭ᠎ᠠ ᠬᠢᠨᠠᠵᠦ᠂ ᠭᠠᠶᠢᠯᠢ ᠶᠢᠨ ᠤᠷᠤᠯᠭ᠎ᠠ ᠶᠢᠨ ᠳᠠᠯᠲᠠ | ᠴᠢᠳᠠᠪᠬᠢ ᠶᠢ ᠤᠯᠠᠮ ᠨᠢᠬᠡ ᠠᠯᠬᠤᠮ ᠳᠠᠶᠢᠴᠢᠯᠠᠵᠤ᠂ ᠪᠦᠬᠦ ᠵᠢᠯ ᠳᠤ 1.93 ᠳ᠋ᠦᠩᠰᠢᠭᠤᠷ ᠲᠦᠭᠦᠷᠢᠭ ᠤᠨ ᠡᠩ ᠤᠨ | ᠨᠡᠶᠢᠳᠡ ᠶᠢᠨ ᠲᠦᠰᠦᠪ ᠤᠨ ᠤᠷᠤᠯᠭ᠎ᠠ ᠶᠢᠨ ᠡᠭᠦᠷᠭᠡ ᠶᠢ ᠪᠡᠶᠡᠯᠡᠬᠦᠯᠦᠨ᠎ᠡ᠃ ︽ᠤᠷᠤᠯᠭ᠎ᠠ ᠶᠢᠨ ᠬᠡᠮᠵᠢᠶ᠎ᠠ ᠪᠠᠷ | ᠵᠠᠷᠤᠯᠭ᠎ᠠ ᠪᠠᠨ ᠲᠤᠬᠳᠠᠭᠠᠬᠤ︾ ᠵᠠᠷᠴᠢᠮ ᠢ ᠲᠤᠤᠱᠯᠠᠭᠤᠯᠵᠦ᠂ ᠡᠩ ᠤᠨ ᠵᠠᠷᠤᠯᠭ᠎ᠠ ᠶᠢ ᠤᠯᠠᠮ ᠪᠠᠭᠠᠰᠬᠠᠨ᠎ᠠ᠃ ᠵᠠᠰᠠᠭ | ᠤᠨ ᠤᠷᠳᠤᠨ ᠤ ᠪᠡᠯᠡ ᠤᠷᠤᠭᠤᠯᠤᠯᠳᠡ ᠶᠢᠨ ᠲᠦᠷᠦᠯ ᠵᠦᠢᠯ ᠤᠨ ᠦᠷᠢ ᠭᠠᠷᠭᠠᠬᠤ ᠲᠦᠭᠰᠢᠬᠦᠷᠢ ᠶᠢᠨ | ᠦᠨᠡᠯᠡᠯᠲᠡ ᠶᠢ ᠴᠢᠩᠭᠠᠳᠬᠠᠵᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠡ ᠶᠢᠨ ᠲᠦᠷᠦᠯ ᠵᠦᠢᠯ ᠢ ᠬᠠᠤᠯᠢ | ᠲᠦᠷᠢᠮ ᠶᠤᠰᠤᠭᠠᠷ ᠴᠢᠩᠭ᠎ᠠ ᠲᠦᠷᠢᠮᠵᠢᠬᠦᠯᠦᠨ᠎ᠡ᠃ ᠬᠠᠤᠯᠢ ᠪᠤᠰᠤ ᠪᠠᠷ ᠪᠡᠯᠡ ᠬᠤᠷᠠᠮᠳᠤᠭᠤᠯᠬᠤ᠂ ᠠᠷᠠᠳ ᠤᠨ | ᠳᠤᠮᠳᠠᠬᠢ ᠪᠡᠯᠡ ᠨᠡᠶᠢᠯᠡᠬᠦᠯᠦᠯᠳᠡ᠂ P2P ᠵᠡᠷᠭᠡ ᠠᠶᠤᠯ ᠲᠦᠭᠰᠢᠬᠦᠷᠢ ᠶᠢ ᠰᠡᠷᠭᠡᠶᠢᠯᠡᠬᠦ ᠪᠠ ᠰᠢᠢᠳᠬᠡᠬᠦ ᠬᠦᠴᠦᠯᠡᠴᠡ | ᠪᠠᠨ ᠴᠢᠩᠭᠠᠳᠬᠠᠵᠤ᠂ ᠮᠠᠯᠴᠢᠳ ᠤᠨ ᠬᠤᠭᠤᠷᠤᠨᠳᠤᠬᠢ ᠵᠢᠬᠡᠯᠡᠯᠬᠡ ᠶᠢ ᠶᠡᠷᠦᠩᠭᠡᠶᠢᠯᠡᠨ ᠵᠠᠰᠠᠬᠤ ᠤᠷᠳᠦ ᠬᠤᠭᠤᠴᠠᠭᠠᠨ | ᠤ ᠳᠤᠭᠳᠠᠴᠨ ᠶᠢ ᠦᠷᠬᠦᠯᠵᠢᠯᠡᠨ ᠲᠡᠬᠦᠯᠳᠡᠷᠵᠢᠬᠦᠯᠦᠨ᠎ᠡ᠃ ᠢᠳᠡᠭᠡᠮᠵᠢ ᠶᠢᠨ ᠬᠤᠷᠰᠢᠶ᠎ᠠ ᠶᠢ ᠠᠷᠠᠯᠵᠢᠶᠠᠨ ᠤ ᠪᠠᠩᠬᠢ | ᠪᠤᠯᠭᠠᠨ ᠦᠭᠡᠷᠡᠴᠢᠯᠡᠬᠦ ᠠᠵᠢᠯ ᠢ ᠳᠡᠮᠵᠢᠨ᠎ᠡ᠃ ᠡᠳ᠋ ᠤᠨ ᠵᠠᠰᠠᠭ ᠤᠨ ᠮᠦᠩᠭᠦᠨ ᠬᠦᠢᠯᠭᠡᠭᠡᠨ ᠤ ᠲᠦᠭᠰᠢᠬᠦᠷᠢ ᠶᠢ | ᠦᠨᠡᠯᠡᠬᠦ ᠪᠠ ᠨᠡᠶᠢᠭᠡᠮ ᠤᠨ ᠲᠤᠬᠳᠠᠭᠤᠨ ᠤ ᠲᠦᠭᠰᠢᠬᠦᠷᠢ ᠶᠢ ᠦᠨᠡᠯᠡᠬᠦ ᠲᠦᠷᠢᠮ ᠢ ᠳᠠᠰᠤᠷᠠᠯᠳᠡ ᠦᠬᠡᠢ | ᠲᠡᠭᠦᠯᠳᠡᠷᠵᠢᠬᠦᠯᠦᠨ᠂ ᠮᠦᠩᠭᠦᠨ ᠬᠦᠢᠯᠬᠡᠬᠡᠨ ᠤ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠡ ᠶᠢ ᠴᠢᠩᠭᠠᠳᠬᠠᠵᠦ᠂ | ᠮᠦᠩᠭᠦᠨ ᠬᠦᠢᠯᠬᠡᠬᠡᠨ ᠤ ᠬᠠᠤᠯᠢ ᠪᠤᠰᠤ ᠠᠵᠢᠯᠯᠠᠭ᠎ᠠ ᠳᠤ ᠬᠦᠨᠳᠦ ᠴᠤᠬᠢᠯᠳᠡ ᠦᠭᠭᠦᠨ᠎ᠡ᠃ | ︵ᠬᠤᠶᠠᠷ︶ ︽ᠠᠶᠤᠯ ᠲᠦᠭᠰᠢᠬᠦᠷᠢ ᠶᠢᠨ ᠰᠡᠷᠡᠮᠵᠢ ᠪᠠᠨ ᠳᠡᠭᠡᠭᠰᠢᠯᠡᠬᠦᠯᠵᠦ᠂ ᠦᠷᠬᠦᠯᠵᠢᠯᠡᠨ ᠬᠦᠴᠦᠯᠡᠨ | ᠴᠢᠷᠮᠠᠶᠢᠬᠤ︾ ᠶᠢ ᠪᠠᠷᠢᠮᠳᠠᠯᠠᠵᠦ᠂ ᠠᠮᠤᠷ ᠲᠤᠬᠳᠠᠭᠤᠨ ᠤᠷᠴᠢᠨ ᠲᠤᠭᠤᠷᠢᠨ ᠢ ᠪᠠᠬᠢᠵᠢᠬᠦᠯᠦᠨ᠎ᠡ᠃ | ᠠᠷᠠᠳ ᠤᠯᠠᠨ ᠤ ᠠᠮᠢ ᠨᠠᠰᠤ ᠡᠷᠡᠬᠦᠯ ᠮᠡᠡᠳᠦ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ | ᠴᠢᠩᠭᠠᠳᠬᠠᠨ᠎ᠠ᠃ ᠬᠠᠯᠳᠠᠪᠦᠷᠢᠳᠦ ᠡᠪᠡᠳᠴᠢᠨ᠂ ᠭᠠᠵᠠᠷ ᠤᠷᠤᠨ ᠤ ᠴᠢᠨᠠᠷᠳᠠᠢ ᠡᠪᠡᠳᠴᠢᠨ ᠢ ᠰᠡᠷᠭᠡᠶᠢᠯᠡᠨ ᠡᠵᠡᠮᠳᠡᠬᠦ | ᠰᠢᠰᠲ᠋ᠧᠮ ᠢ ᠤᠯᠠᠮ ᠲᠡᠭᠦᠯᠳᠡᠷᠵᠢᠬᠦᠯᠵᠦ᠂ ᠬᠦᠮᠦᠨ ᠠᠴᠠ ᠬᠦᠮᠦᠨ ᠳᠤ ᠬᠠᠯᠳᠠᠪᠤᠷᠢᠯᠠᠬᠤ ᠬᠢᠵᠢᠭ ᠡᠪᠡᠳᠴᠢᠨ ᠪᠠ | ᠠᠮᠢᠳᠠᠨ ᠤ ᠬᠢᠵᠢᠭ ᠡᠪᠡᠳᠴᠢᠨ ᠢ ᠬᠢᠨᠠᠨ ᠰᠢᠯᠭᠠᠬᠤ ᠵᠢᠴᠢ ᠡᠷᠡᠬᠦᠯ ᠮᠡᠡᠳᠦ ᠶᠢᠨ ᠬᠦᠮᠦᠵᠢᠯ᠂ ᠤᠯᠤᠰ ᠢᠶᠠᠨ | ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠪᠠᠶᠢᠩᠭᠤ ᠶᠢᠨ ᠴᠢᠨᠠᠷᠲᠠᠢ ᠥᠷᠨᠢᠬᠦᠯᠵᠦ᠂ ᠰᠡᠷᠭᠡᠶᠢᠯᠡᠨ ᠡᠵᠡᠮᠳᠡᠬᠦ | ᠲᠤᠰᠬᠠᠶᠢᠵᠢᠬᠰᠠᠨ ᠡᠩᠨᠡᠭᠡᠨ ᠤ ᠴᠢᠳᠠᠪᠦᠷᠢ᠂ ᠡᠮᠴᠢᠯᠡᠭᠡᠨ ᠤ ᠠᠵᠢᠯᠲᠠᠨ ᠤ ᠡᠮᠴᠢᠯᠡᠨ ᠵᠠᠰᠠᠬᠤ ᠴᠢᠳᠠᠪᠦᠷᠢ᠂ ᠲᠤᠷᠰᠢᠯᠳᠡ | ᠶᠢᠨ ᠲᠠᠰᠤᠭ ᠤᠨ ᠰᠢᠯᠭᠠᠨ ᠪᠠᠶᠢᠴᠠᠭᠠᠬᠤ ᠴᠢᠳᠠᠪᠦᠷᠢ᠂ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠦᠷᠢ ᠶᠢ ᠳᠡᠭᠡᠭᠰᠢᠯᠡᠬᠦᠯᠦᠨ᠎ᠡ᠃ ᠡᠮ ᠡᠮᠨᠡᠯᠭᠡ᠂ ᠡᠮᠨᠡᠯᠬᠡ ᠶᠢᠨ ᠳᠠᠭᠠᠳᠬᠠᠯ᠂ ᠡᠮ ᠤᠨ ᠵᠦᠢᠯᠡᠰ ᠢ ᠨᠢᠭᠲᠠ | ᠤᠶᠠᠯᠳᠤᠭᠤᠯᠵᠤ᠂ ︽︿ᠡᠷᠡᠬᠦᠯ ᠴᠢᠬᠢᠷᠠᠭ ᠬᠦᠪᠡᠬᠡᠳᠦ ᠰᠢᠷ᠎ᠡ ᠬᠤᠰᠢᠭᠤ 2030﹀ ᠶᠢᠨ ᠬᠡᠷᠡᠭᠵᠢᠬᠦᠯᠬᠦ ᠲᠦᠰᠦᠯ︾ | ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠬᠦᠨᠳᠦ ᠶᠡᠭᠡ ᠡᠪᠡᠳᠴᠢᠨ ᠡᠮᠬᠡᠭ ᠢ ᠰᠡᠷᠭᠡᠶᠢᠯᠡᠨ ᠵᠠᠰᠠᠬᠤ᠂ ᠡᠮᠴᠢᠯᠡᠭᠡᠨ ᠤ | ᠦᠢᠯᠡᠴᠢᠯᠡᠭᠡ ᠶᠢᠨ ᠴᠢᠳᠠᠪᠦᠷᠢ ᠶᠢ ᠲᠡᠭᠡᠭᠰᠢᠯᠡᠬᠦᠯᠬᠦ᠂ ᠮᠤᠩᠭᠤᠯ ᠡᠮ ᠡᠮᠨᠡᠯᠬᠡ ᠶᠢ ᠬᠦᠭᠵᠢᠬᠦᠯᠬᠦ᠂ ᠡᠮᠴᠢᠯᠡᠭᠡᠨ ᠤ | ᠲᠦᠷᠭᠡᠨ ᠠᠪᠤᠷᠠᠯᠲᠠ ᠶᠢᠨ ᠲᠤᠤᠷ ᠰᠦᠯᠵᠢᠶᠡᠨ ᠤ ᠪᠦᠳᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠲᠤᠪᠤᠶᠢᠯᠭᠠᠨ | ᠠᠳᠬᠤᠵᠦ᠂ ︽ᠤᠯᠤᠰ ᠤᠨ ᠲᠡᠰ ᠤᠨ ᠡᠷᠡᠬᠦᠯ ᠮᠡᠡᠳᠦ ᠶᠢᠨ ᠳᠠᠪᠰᠢᠬᠰᠠᠨ ᠬᠤᠰᠢᠭᠤ︾ ᠶᠢ ᠡᠭᠦᠳᠤᠨ ᠪᠠᠶᠢᠭᠤᠯᠬᠤ | ᠠᠵᠢᠯ ᠢ ᠪᠦᠬᠦ ᠳᠠᠯ᠎ᠠ ᠪᠠᠷ ᠠᠬᠢᠭᠤᠯᠤᠨ᠎ᠠ᠃ ᠮᠤᠩᠭᠤᠯ ᠡᠮᠨᠡᠯᠬᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ | ᠠᠰᠠᠷ ᠪᠠ ᠡᠷᠡᠬᠦᠯᠵᠢᠯ ᠰᠤᠪᠢᠯᠠᠯᠳᠡ ᠶᠢᠨ ᠲᠦᠪ ᠤᠨ ᠪᠦᠲᠦᠭᠡᠨ ᠪᠠᠶᠢᠭᠤᠯᠤᠯᠳᠡ ᠶᠢ ᠠᠬᠢᠭᠤᠯᠤᠨ᠎ᠠ᠃ ᠪᠦᠭᠡᠮᠨᠡᠳᠠᠨ | ᠬᠤᠳᠠᠯᠳᠤᠨ ᠠᠪᠬᠤ ᠶᠢ ᠲᠦᠯᠬᠢᠨ ᠠᠬᠢᠭᠤᠯᠵᠤ᠂ ᠡᠮ ᠤᠨ ᠵᠦᠢᠯᠡᠰ ᠪᠠ ᠡᠮᠴᠢᠯᠡᠭᠡᠨ ᠤ ᠲᠦᠭᠦᠭᠡᠢ ᠮᠠᠲ᠋ᠧᠷᠢᠶᠠᠯ ᠤᠨ | ᠬᠤᠳᠠᠯᠳᠤᠨ ᠣᠷᠤᠭᠤᠯᠬᠤ ᠦᠨ᠎ᠡ ᠬᠠᠩᠰᠢ ᠶᠢ ᠤᠯᠠᠮ ᠪᠠᠭᠤᠷᠠᠭᠤᠯᠤᠨ᠎ᠠ᠃ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ | ᠢᠶᠠᠨ ᠰᠢᠨᠡᠴᠢᠯᠡᠨ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠪᠠ ᠡᠮ ᠤᠨ | ᠵᠦᠢᠯᠡᠰ ᠤᠨ ᠠᠮᠤᠷ ᠲᠦᠪᠰᠢᠨ ᠢ ᠮᠦᠷᠳᠡᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠡᠷᠴᠢᠮ | ᠢ ᠴᠢᠩᠭᠠᠷᠠᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠲᠦᠪᠰᠢᠨ ᠢ | ᠪᠠᠳᠤᠯᠠᠨ᠎ᠠ᠃ | ᠠᠶᠤᠯᠬᠦᠢ ᠦᠢᠯᠡᠳᠪᠦᠷᠢᠯᠡᠯ ᠤᠨ ᠲᠤᠭᠳᠠᠭᠤᠨ ᠪᠠᠶᠢᠬᠤ ᠶᠢ ᠦᠷᠬᠦᠯᠵᠢᠯᠡᠨ ᠪᠠᠳᠤᠯᠠᠨ᠎ᠠ᠃ ᠡᠯ᠎ᠡ ᠠᠵᠢᠯ | ᠲᠥᠷᠦᠯ ᠤᠨ ᠠᠶᠤᠯᠬᠦᠢ ᠦᠢᠯᠡᠳᠪᠦᠷᠢᠯᠡᠯ ᠤᠨ ᠲᠥᠷᠢᠮ ᠲᠤᠭᠳᠠᠭᠠᠯ ᠪᠠ ᠪᠠᠷᠢᠮᠵᠢᠶ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠤᠨ᠂ ᠳᠠᠯᠳᠠ ᠬᠡᠮ ᠰᠤᠭᠤᠭ ᠢ ᠪᠠᠶᠢᠴᠠᠭᠠᠨ ᠢᠯᠡᠷᠡᠬᠦᠯᠦᠨ ᠵᠠᠰᠠᠬᠤ᠂ ᠲᠤᠰᠬᠠᠢ ᠲᠦᠷᠦᠯ ᠢᠶᠠᠷ | ᠴᠡᠭᠴᠡᠯᠡᠨ ᠵᠠᠰᠠᠬᠤ᠂ ᠬᠠᠤᠯᠢ ᠬᠡᠷᠡᠭᠵᠢᠬᠦᠯᠵᠦ ᠬᠢᠨᠡᠨ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠬᠠᠮᠢᠶᠠᠷᠤᠯᠳᠠ ᠬᠢᠭᠡᠳ ᠤᠬᠠᠭᠤᠯᠭ᠎ᠠ ᠬᠦᠮᠦᠵᠢᠯ ᠤᠨ ︽ᠲᠠᠪᠤ︾ ᠶᠢ ᠪᠠᠶᠢᠩᠭᠤᠵᠢᠭᠤᠯᠬᠤ ᠠᠵᠢᠯ ᠢ | ᠨᠢᠭᠡᠳᠦᠯᠳᠡᠢ ᠲᠦᠯᠦᠪᠵᠢᠭᠦᠯᠦᠨ ᠴᠢᠩᠭ᠎ᠠ ᠠᠳᠬᠤᠨ᠎ᠠ᠃ ︽ᠬᠦᠪᠡᠭᠡᠲᠦ ᠰᠢᠷ᠎ᠠ ᠬᠤᠰᠢᠭᠤᠨ ᠤ ᠰᠠᠯᠠᠭ᠎ᠠ ᠮᠦᠴᠢᠷ | ᠪᠤᠯᠤᠨ ᠪᠠᠶᠢᠭᠤᠯᠭ᠎ᠠ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ | ᠲᠥᠷᠢᠮ︾ ᠳᠤ ᠵᠠᠰᠠᠪᠦᠷᠢ ᠤᠷᠤᠭᠤᠯᠵᠤ᠂ ᠡᠯ᠎ᠡ ᠰᠠᠯᠠᠭ᠎ᠠ ᠮᠦᠴᠢᠷ ᠤᠨ ᠠᠶᠤᠯᠬᠦᠢ ᠦᠢᠯᠡᠳᠪᠦᠷᠢᠯᠡᠯ ᠤᠨ ᠬᠢᠨᠠᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠵᠢᠯᠤᠭᠤᠳᠬᠤ ᠲᠠᠪᠴᠠᠩ ᠬᠢᠭᠡᠳ ᠳ᠋ᠦᠩ ᠯᠢᠨ ᠨᠡᠭᠦᠷᠡᠰᠦᠨ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠬᠢᠷᠢ ᠲᠥᠪᠰᠢᠨ ᠢ | ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠬᠡᠢ ᠲᠡᠬᠦᠯᠳᠡᠷᠵᠢᠬᠦᠯᠦᠨ᠎ᠡ᠃ ᠣᠯᠠᠨ ᠲᠥᠮᠡᠨᠴᠢ | ᠪᠦᠯᠬᠦᠮ ᠤᠨ ᠵᠤᠬᠢᠶᠠᠨ ᠪᠠᠶᠢᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ | ᠭᠤᠤᠯᠳᠠᠯᠭ᠎ᠠ ᠶᠢ ᠦᠨᠳᠦᠰᠦᠨ ᠱᠠᠳᠤᠨ ᠳᠤ ᠪᠠᠭᠤᠯᠭᠠᠵᠤ᠂ ᠵᠠᠰᠠᠭ ᠤᠨ ᠣᠷᠳᠤᠨ ᠤ ᠴᠡᠭᠴᠡᠯᠡᠯᠲᠡ᠂ ᠨᠡᠶᠢᠭᠡᠮ ᠤᠨ | ᠵᠤᠬᠢᠴᠠᠭᠤᠯᠤᠯᠲᠠ ᠬᠢᠭᠡᠳ ᠰᠠᠭᠤᠭᠠᠯᠢ ᠠᠷᠠᠳ ᠤᠨ ᠦᠪᠡᠷᠲᠡᠭᠡᠨ ᠵᠠᠰᠠᠯᠲᠠ ᠶᠢᠨ ᠨᠢᠭᠲᠠ ᠤᠶᠠᠯᠳᠤᠯ ᠢ | ᠪᠡᠶᠡᠯᠡᠬᠦᠯᠦᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠬᠦᠮᠦᠡᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ | ᠦᠢᠯᠡᠴᠢᠯᠡᠭᠡ ᠬᠢᠭᠡᠳ ᠨᠡᠶᠢᠲᠡ ᠶᠢᠨ ᠠᠰᠠᠷᠠᠮᠵᠢ ᠶᠢᠨ ᠨᠢᠬᠦᠯᠡᠰᠦᠩᠭᠦᠢ ᠦᠢᠯᠡᠰ ᠤᠨ ᠡᠷᠡᠬᠦᠯ ᠬᠦᠭᠵᠢᠯᠲᠡ ᠶᠢ | ᠲᠠᠮᠵᠢᠨ᠎ᠡ᠃ ᠴᠢᠨᠠᠷ ᠢ ᠲᠡᠭᠡᠭᠰᠢᠯᠡᠬᠦᠯᠬᠦ ᠠᠵᠢᠯᠯᠠᠭ᠎ᠠ ᠶᠢ ᠦᠷᠭᠡᠨ ᠢᠶᠠᠷ ᠦᠷᠨᠢᠬᠦᠯᠦᠨ᠂ ᠤᠷᠠᠨ ᠲᠠᠷᠬᠠᠨ ᠤ ᠵᠣᠷᠢᠭ | ᠰᠠᠨᠠᠭ᠎ᠠ ᠶᠢ ᠶᠡᠬᠡᠪᠡᠷ ᠪᠡᠳᠡᠷᠡᠭᠤᠯᠤᠨᠠ᠃ ᠭᠠᠵᠠᠷ ᠤᠨ ᠲᠡᠰ ᠤᠨ ᠤᠳᠤᠷᠢᠳᠤᠯᠭ᠎ᠠ ᠡᠳᠦᠷ ᠪᠣᠯᠭᠠᠨ ᠵᠠᠬᠢᠳᠠᠯ | ᠰᠤᠷᠪᠤᠯᠵᠢᠯᠠᠭ᠎ᠠ ᠬᠦᠯᠢᠶᠡᠬᠦ᠂ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠲᠥᠷᠢᠮ ᠢ | ᠨᠠᠶᠢᠳᠠᠪᠦᠷᠢᠵᠢᠭᠤᠯᠤᠨ᠂ ᠵᠦᠷᠢᠴᠡᠯ ᠵᠢᠭᠤᠷᠭᠠᠨ ᠢ ᠪᠠᠶᠢᠴᠠᠭᠠᠨ ᠢᠯᠡᠷᠡᠬᠦᠯᠬᠦ ᠶᠢ ᠴᠢᠩᠭᠠᠳᠬᠠᠵᠤ᠂ ᠵᠠᠬᠢᠳᠠᠯ | ᠰᠤᠷᠪᠤᠯᠵᠢᠯᠠᠭ᠎ᠠ ᠶᠢᠨ ᠬᠠᠤᠯᠢᠵᠢᠯᠠᠯᠲᠠ ᠶᠢ ᠠᠬᠢᠭᠤᠯᠤᠨ᠂ ᠣᠯᠠᠨ ᠲᠦᠮᠡᠨ ᠤ ᠵᠦᠢ ᠶᠤᠰᠤᠨ ᠤ ᠭᠤᠶᠤᠴᠢᠯᠠᠯ ᠢ ᠴᠠᠭ | ᠲᠤᠬᠠᠢ ᠳᠤᠨᠢ ᠰᠢᠢᠳᠪᠦᠷᠢᠯᠡᠨ᠎ᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠳᠤᠯᠠᠭ᠎ᠠ ᠶᠢᠨ ᠰᠢᠰᠲ᠋ᠧᠮ | ᠤᠨ ᠪᠠᠶᠢᠭᠤᠯᠤᠯᠲᠠ ᠶᠢ ᠲᠦᠷᠭᠡᠳᠬᠡᠨ᠎ᠡ᠃ ᠰᠤᠷᠠᠭ ᠵᠠᠩᠭᠢᠴᠢᠯᠠᠭᠰᠠᠨ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ | ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ | ᠦᠷ᠎ᠡ ᠪᠦᠳᠦᠭᠡᠯ ᠢ ᠪᠠᠬᠢᠵᠢᠬᠦᠯᠦᠨ᠂ ᠤᠷᠲᠤ ᠬᠤᠭᠤᠴᠠᠭ᠎ᠠ ᠪᠠᠷ ᠴᠡᠭᠴᠡᠯᠡᠨ ᠵᠠᠰᠬᠠᠤ ᠲᠤᠭᠳᠠᠴᠠ ᠶᠢ ᠪᠦᠷᠢᠨᠰᠢᠬᠦᠯᠵᠦ᠂ | ︽ᠤᠶᠤᠨᠴᠢ ᠲᠤᠳᠤᠭᠠᠳᠤ ᠶᠢ ᠬᠠᠮᠠᠭᠠᠯᠠᠬᠤ︾᠂ ︽ᠠᠮᠤᠭᠤᠯᠠᠩ ᠬᠦᠪᠡᠭᠡᠲᠦ ᠰᠢᠷ᠎ᠠ ᠬᠤᠰᠢᠭᠤ︾ ᠶᠢᠨ ᠪᠦᠳᠦᠭᠡᠨ | ᠪᠠᠶᠢᠭᠤᠯᠤᠯᠲᠠ ᠶᠢ ᠬᠦᠨᠵᠡᠭᠡᠢ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠢ | ᠬᠦᠨᠵᠡᠭᠡᠢ ᠦᠷᠨᠢᠬᠦᠯᠦᠨ᠂ ᠴᠡᠷᠢᠭ ᠠᠷᠠᠳ ᠤᠨ ᠬᠠᠮᠳᠤᠪᠡᠷ ᠪᠦᠳᠦᠭᠡᠨ ᠪᠠᠶᠢᠭᠤᠯᠬᠤ ᠶᠢ ᠠᠬᠢᠭᠤᠯᠤᠨ᠂ ᠬᠤᠶᠠᠷ ᠢ | ᠬᠦᠷᠢᠶᠡᠯᠡᠬᠦ ᠪᠠᠶᠢᠭᠤᠯᠤᠯᠲᠠ ᠶᠢᠨ ᠦᠷ᠎ᠡ ᠪᠦᠳᠦᠭᠡᠯ ᠢ ᠦᠷᠬᠦᠯᠵᠢᠯᠡᠨ ᠪᠠᠬᠢᠵᠢᠬᠦᠯᠵᠦ᠂ ︽ᠬᠤᠶᠠᠷ ᠢ ᠬᠦᠷᠢᠶᠡᠯᠡᠬᠦ | ᠵᠢᠱᠢᠶᠡᠴᠢ ᠬᠤᠰᠢᠭᠤ︾ ᠶᠢ ᠡᠬᠦᠳᠦᠨ ᠪᠠᠶᠢᠭᠤᠯᠤᠨ᠎ᠠ᠃ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ | ᠲᠦᠯᠬᠢᠨ ᠠᠬᠢᠭᠤᠯᠤᠨ᠎ᠠ᠃ | ︵ᠭᠤᠷᠪᠠ︶ ︽ᠦᠢᠯᠡᠴᠢᠯᠡᠭᠡ ᠪᠠᠨ ᠰᠠᠶᠢᠵᠢᠷᠠᠭᠤᠯᠵᠤ᠂ ᠠᠮᠢᠵᠢᠷᠠᠯ ᠤᠨ ᠬᠦᠴᠦᠨ ᠢ ᠳᠡᠭᠡᠭᠰᠢᠯᠡᠬᠦᠯᠬᠦ︾ ᠶᠢ | ᠪᠠᠷᠢᠮᠳᠠᠯᠠᠨ᠂ ᠠᠷᠠᠯᠵᠢᠶ᠎ᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠦᠨ᠎ᠡ᠃ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ︽ᠨᠢᠭᠡ | ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ︾ ᠤᠨ ᠬᠠᠷᠢᠭᠤᠴᠠᠯᠭ᠎ᠠ ᠶᠢᠨ ᠲᠥᠷᠢᠮ ᠢ | ᠲᠦᠯᠬᠢᠨ ᠠᠬᠢᠭᠤᠯᠬᠤ ᠪᠠ ᠪᠠᠶᠢᠩᠭᠤ ᠶᠢᠨ ᠵᠤᠬᠢᠴᠠᠭᠤᠯᠬᠤ ᠲᠤᠭᠳᠠᠴᠠ ᠶᠢ ᠴᠢᠩᠭ᠎ᠠ ᠨᠠᠶᠢᠳᠠᠪᠦᠷᠢᠵᠢᠭᠤᠯᠤᠨ᠂ ᠠᠵᠢᠯ | ᠡᠬᠢᠯᠡᠬᠦ ᠨᠦᠭᠦᠴᠡᠯ ᠵᠢᠴᠢ ᠪᠠᠳᠤᠯᠠᠭ᠎ᠠ ᠶᠢᠨ ᠬᠦᠴᠦᠨ ᠵᠦᠢᠯ ᠢ ᠨᠠᠶᠢᠳᠠᠪᠦᠷᠢᠵᠢᠭᠤᠯᠵᠤ᠂ ᠪᠦᠳᠦᠭᠡᠨ ᠪᠠᠶᠢᠭᠤᠯᠤᠯᠲᠠ | ᠶᠢᠨ ᠳᠤᠮᠳᠠ ᠲᠣᠯᠭᠠᠷᠠᠭᠰᠠᠨ ᠪᠤᠳᠠᠳᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠲᠥᠷᠦᠯ ᠵᠦᠢᠯ ᠤᠨ | ᠪᠠᠶᠢᠭᠤᠯᠤᠯᠲᠠ᠂ ᠦᠢᠯᠡᠳᠪᠦᠷᠢᠯᠡᠯ᠂ ᠦᠷ᠎ᠡ ᠪᠦᠳᠦᠮᠵᠢ ᠵᠡᠷᠭᠡ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠤ᠂ 38 | ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ | 1.67 ᠳ᠋ᠦᠩᠰᠢᠭᠤᠷ ᠲᠦᠬᠦᠷᠢᠭ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ ᠪᠡᠶᠡᠯᠡᠬᠦᠯᠬᠦ ᠶᠢ | ᠪᠠᠳᠤᠯᠠᠨ᠎ᠠ᠃ 7 ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠭᠤᠤᠯᠳᠠᠯᠭ᠎ᠠ ᠲᠠᠢ ᠲᠦᠯᠬᠢᠨ | ᠠᠬᠢᠭᠤᠯᠤᠨ᠎ᠠ᠃ ᠤᠯᠤᠰ ᠠᠴᠠ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠲᠦᠷᠦᠯ ᠵᠦᠢᠯ ᠳᠤ ᠪᠡᠯᠡ | ᠤᠷᠤᠭᠤᠯᠬᠤ ᠡᠷᠴᠢᠮ ᠢᠶᠠᠨ ᠨᠡᠮᠡᠭᠳᠡᠬᠦᠯᠬᠦ ᠲᠤᠬᠢᠶᠠᠯ ᠢ ᠴᠢᠩᠭ᠎ᠠ ᠠᠳᠬᠤᠵᠦ᠂ ᠳᠡᠭᠡᠷ᠎ᠡ ᠱᠠᠳᠤᠨ ᠠᠴᠠ ᠲᠦᠷᠦᠯ ᠵᠦᠢᠯ | ᠪᠠ ᠪᠡᠯᠡ ᠮᠦᠩᠭᠦ ᠡᠷᠡᠮᠡᠯᠵᠢᠯᠡᠨ ᠤᠯᠬᠤ ᠡᠷᠴᠢᠮ ᠢᠶᠠᠨ ᠴᠢᠩᠭᠠᠳᠬᠠᠵᠤ᠂ ᠡᠳ᠋ ᠤᠨ ᠵᠠᠰᠠᠭ ᠠᠴᠠ ᠲᠦᠷᠦᠯ ᠵᠦᠢᠯ ᠤᠨ | ᠪᠠᠶᠢᠭᠤᠯᠤᠯᠳᠡ ᠶᠢ ᠪᠠᠳᠤᠯᠠᠬᠤ ᠠᠵᠢᠯ ᠢ ᠴᠢᠩᠭᠠᠳᠬᠠᠵᠦ᠂ ᠪᠦᠬᠦ ᠵᠢᠯ ᠤᠨ ᠡᠳ᠋ ᠤᠨ ᠵᠠᠰᠠᠭ ᠤᠨ ᠵᠠᠷᠤᠯᠭ᠎ᠠ ᠶᠢ 10 | ᠳ᠋ᠦᠩᠰᠢᠭᠤᠷ ᠲᠦᠭᠦᠷᠢᠭ ᠠᠴᠠ ᠲᠠᠪᠠᠭᠤᠯᠬᠤ ᠪᠠᠷ ᠴᠢᠷᠮᠠᠶᠢᠨ᠎ᠠ᠃ ︽ᠠᠷᠪᠠᠨ ᠲᠦᠷᠪᠡᠳᠦᠭᠡᠷ ᠲᠠᠪᠤᠨ ᠵᠢᠯ︾ ᠤᠨ | ᠬᠦᠭᠵᠢᠯᠲᠡ ᠶᠢᠨ ᠲᠦᠯᠦᠪᠵᠢᠬᠦᠯᠭᠡ ᠶᠢ ᠬᠢᠨᠠᠮᠠᠭᠠᠢ ᠨᠠᠶᠢᠷᠠᠭᠤᠯᠤᠨ ᠲᠦᠯᠦᠪᠵᠢᠭᠦᠯᠦᠨ᠎ᠡ᠃ | ᠠᠷᠠᠯᠵᠢᠶ᠎ᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠦᠨ᠎ᠡ᠃ ︽ | ᠡᠷᠬᠡ ᠶᠢ ᠳᠤᠷᠤᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠠᠷᠠᠳ ᠲᠤ ᠲᠦᠭᠦᠮ ᠦᠵᠡᠬᠦᠯᠬᠦ ᠲᠢᠩᠭᠢᠮ ᠤᠨ ᠪᠦᠳᠦᠭᠡᠨ | ᠪᠠᠶᠢᠭᠤᠯᠤᠯᠳᠡ ᠶᠢ ᠠᠬᠢᠭᠤᠯᠵᠦ᠂ ᠬᠢᠨᠠᠨ ᠵᠥᠪᠰᠢᠶᠡᠷᠡᠬᠦ ᠠᠯᠬᠤᠮ ᠲᠠᠷᠠᠭᠠᠯᠠᠯ ᠢ ᠰᠢᠯᠢᠳᠡᠭᠵᠢᠬᠦᠯᠬᠦ ᠪᠠ ᠡᠯ᠎ᠡ ᠰᠠᠯᠠᠭ᠎ᠠ | ᠮᠦᠴᠢᠷ ᠤᠨ ᠵᠡᠷᠭᠡᠪᠡᠷ ᠬᠢᠨᠠᠨ ᠵᠦᠪᠰᠢᠶᠡᠷᠡᠬᠦ ᠠᠵᠢᠯ ᠢ ᠰᠠᠶᠢᠳᠦᠷ ᠠᠳᠬᠤᠵᠦ᠂ ᠬᠢᠨᠠᠨ ᠵᠥᠪᠰᠢᠶᠡᠷᠡᠬᠦ ᠴᠢᠬᠤᠯᠠᠲᠠᠢ | ᠨᠡᠩ ᠤᠯᠠᠨ ᠬᠡᠷᠡᠭ ᠶᠠᠪᠤᠳᠠᠯ ᠳᠤ ᠲᠥᠬᠦᠮ ᠳᠦᠲᠡ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠨᠡᠶᠢᠳᠡ ᠶᠢᠨ | ᠡᠬᠢ ᠪᠠᠶᠠᠯᠢᠭ ᠤᠨ ᠰᠤᠯᠢᠯᠴᠠᠭᠠᠨ ᠤ ᠳᠠᠪᠴᠠᠩ ᠤᠨ ᠪᠠᠷᠢᠮᠵᠢᠶᠠᠵᠢᠬᠰᠠᠨ ᠪᠠᠶᠢᠭᠤᠯᠤᠯᠳᠡ ᠶᠢ ᠲᠦᠷᠭᠡᠳᠭᠡᠵᠦ᠂ ᠭᠠᠵᠠᠷ | ᠰᠢᠷᠤᠢ ᠶᠢᠨ ᠬᠡᠷᠡᠭᠯᠡᠯᠳᠡ ᠶᠢᠨ ᠡᠷᠭᠡ ᠬᠢᠭᠡᠳ ᠠᠭᠤᠷᠬᠠᠢ ᠶᠢᠨ ᠦᠢᠯᠡᠰ ᠤᠨ ᠡᠷᠬᠡ ᠶᠢ ᠰᠤᠯᠢᠯᠴᠠᠭᠠᠨ ᠤ ᠳᠠᠪᠴᠠᠩ | ᠳᠤ ᠤᠷᠤᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠡ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ | ᠲᠦᠷᠢᠮ ᠤᠨ ᠦᠬᠡᠷᠡᠴᠢᠯᠡᠯᠳᠡ ᠶᠢᠨ ᠦᠷ᠎ᠡ ᠪᠦᠳᠦᠬᠡᠯ ᠢ ᠪᠠᠳᠤᠵᠢᠭᠤᠯᠤᠨ᠎ᠠ᠃ ᠬᠤᠳᠠᠯᠳᠤᠭ᠎ᠠ ᠡᠷᠬᠢᠯᠡᠬᠦ ᠲᠦᠷᠢᠮ ᠤᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠡᠯ᠎ᠡ ᠲᠥᠷᠦᠯ ᠤᠨ ᠳᠠᠩᠰᠠᠯᠠᠯᠲᠠ ᠶᠢ ᠲᠦᠬᠦᠮᠴᠢᠯᠡᠬᠦ ᠠᠷᠭ᠎ᠠ ᠠᠪᠴᠢᠯ ᠢ | ᠨᠠᠶᠢᠳᠠᠪᠦᠷᠢᠵᠢᠭᠤᠯᠤᠨ᠎ᠠ᠃ ᠭᠠᠶᠢᠯᠢ ᠶᠢ ᠬᠦᠩᠭᠡᠷᠡᠬᠦᠯᠦᠨ ᠰᠦᠢᠳᠭᠡᠯ ᠢ ᠪᠠᠭᠠᠰᠬᠠᠬᠤ ᠦᠷ᠎ᠡ ᠪᠦᠳᠦᠮᠵᠢ ᠶᠢ ᠤᠯᠠᠮ | ᠪᠠᠬᠢᠵᠢᠬᠦᠯᠦᠨ᠎ᠡ᠃ ᠬᠠᠤᠯᠢᠵᠢᠭᠰᠠᠨ ᠵᠠᠰᠠᠭ ᠤᠨ ᠣᠷᠳᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠬᠠᠤᠯᠢ | ᠴᠠᠭᠠᠵᠡ ᠶᠢᠨ ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠵᠦ᠂ ᠬᠠᠤᠯᠢ ᠲᠦᠭᠡᠮᠡᠯᠵᠢᠬᠦᠯᠬᠦ ᠤᠬᠠᠭᠤᠯᠭ᠎ᠠ | ᠰᠤᠷᠳᠠᠯᠴᠢᠯᠠᠭ᠎ᠠ ᠶᠢ ᠬᠦᠨᠵᠡᠭᠡᠶᠢᠷᠡᠬᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠠᠪᠴᠢᠯ ᠢᠶᠠᠷ | ᠦᠭᠡᠷᠡᠴᠢᠯᠡᠯᠲᠡ ᠶᠢ ᠬᠦᠨᠵᠡᠭᠡᠶᠢᠷᠡᠬᠦᠯᠬᠦ᠂ ᠬᠦᠭᠵᠢᠯᠳᠡ ᠶᠢ ᠠᠬᠢᠭᠤᠯᠬᠤ᠂ ᠵᠦᠷᠢᠴᠡᠯ ᠢ ᠰᠢᠢᠳᠪᠦᠷᠢᠯᠡᠬᠦ᠂ ᠲᠤᠬᠳᠠᠭᠤᠨ | ᠢ ᠬᠠᠮᠠᠭᠠᠯᠠᠬᠤ᠂ ᠠᠶᠤᠯ ᠲᠦᠭᠰᠢᠬᠦᠷᠢ ᠶᠢ ᠠᠷᠭᠠᠴᠠᠭᠠᠬᠤ ᠴᠢᠳᠠᠪᠦᠷᠢ ᠶᠢ ᠳᠡᠭᠡᠭᠰᠢᠯᠡᠬᠦᠯᠵᠦ᠂ ᠡᠭᠦᠷᠭᠡ ᠬᠠᠷᠢᠭᠤᠴᠠᠯᠭ᠎ᠠ | ᠲᠤᠳᠤᠷᠬᠠᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠵᠠᠰᠠᠭ ᠤᠨ ᠤᠷᠳᠤᠨ ᠤ ᠵᠠᠰᠠᠨ ᠴᠡᠭᠴᠡᠯᠡᠯᠲᠡ ᠶᠢᠨ ᠰᠢᠰᠲ᠋ᠧᠮ | ᠤᠨ ᠪᠠᠶᠢᠭᠤᠯᠤᠯᠳᠡ ᠶᠢ ᠲᠦᠷᠭᠡᠳᠭᠡᠨ᠎ᠡ᠃ ︽ᠬᠦᠪᠡᠭᠡᠲᠦ ᠰᠢᠷ᠎ᠠ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ | ᠠᠬᠤᠢ ᠶᠢ ᠲᠡᠮᠵᠢᠬᠦ ᠬᠡᠷᠡᠭᠵᠢᠬᠦᠯᠬᠦ ᠰᠠᠨᠠᠯ︾ ᠢ ᠲᠡᠬᠦᠯᠳᠡᠷᠵᠢᠬᠦᠯᠵᠦ᠂ ᠬᠤᠰᠢᠭᠤ ᠡᠳ᠋ ᠤᠨ ᠵᠠᠰᠠᠭ ᠠᠴᠠ 300 | ᠲᠦᠮᠡᠨ ᠲᠦᠬᠦᠷᠢᠭ ᠭᠠᠷᠭᠠᠵᠤ᠂ ᠤᠯᠤᠰ ᠤᠨ ᠦᠮᠴᠢᠯᠡᠯᠲᠦ ᠪᠤᠰᠤ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠳᠤ | ᠲᠡᠮᠵᠢᠯᠭᠡ ᠦᠵᠡᠬᠦᠯᠦᠨ᠎ᠡ᠃ ᠪᠠᠷᠢᠮᠵᠢᠶᠠᠵᠢᠭᠰᠠᠨ ᠠᠵᠢᠯ ᠢ ᠴᠢᠩᠭᠠᠳᠬᠠᠵᠤ᠂ ᠲᠠᠸᠠᠷ ᠤᠨ ᠨᠡᠷᠡᠲᠦ ᠲᠡᠮᠳᠡᠭ ᠢ ᠡᠬᠦᠳᠬᠦ | ᠶᠢ ᠴᠢᠩᠭᠠᠳᠬᠠᠨ᠎ᠠ᠃ ᠭᠠᠶᠢᠯᠢ ᠶᠢ ᠬᠦᠩᠭᠡᠷᠡᠬᠦᠯᠦᠨ ᠰᠦᠢᠳᠭᠡᠯ ᠢ ᠪᠠᠭᠠᠰᠬᠠᠬᠤ ᠵᠢᠴᠢ ᠬᠢᠵᠢᠭ ᠤᠨ ᠪᠠᠶᠢᠳᠠᠯ ᠳᠤ | ᠨᠦᠯᠦᠭᠡᠯᠡᠭᠳᠡᠭᠰᠡᠨ ᠳᠤᠮᠳᠠ ᠵᠢᠵᠢᠭ ᠠᠵᠤ ᠠᠬᠤᠶᠢᠯᠠᠯ ᠢ ᠲᠡᠮᠵᠢᠬᠦ ᠲᠦᠷᠥ ᠶᠢᠨ ᠪᠤᠳᠤᠯᠭ᠎ᠠ ᠶᠢ ᠬᠦᠨᠵᠡᠭᠡᠢ | ᠨᠠᠶᠢᠳᠠᠪᠦᠷᠢᠵᠢᠭᠤᠯᠤᠨ᠎ᠠ᠃ ᠬᠢᠨᠠᠨ ᠬᠠᠮᠢᠶᠠᠷᠬᠤ ᠪᠠᠶᠢᠭᠤᠯᠤᠮᠵᠢ ᠶᠢ ᠲᠡᠬᠦᠯᠳᠡᠷᠵᠢᠬᠦᠯᠵᠦ᠂ ᠬᠠᠷᠢᠯᠴᠠᠨ ᠬᠤᠯᠪᠤᠯᠳᠤᠬᠤ | ᠲᠤᠭᠳᠠᠴᠠ ᠶᠢ ᠪᠦᠷᠢᠨᠰᠢᠬᠦᠯᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ | ᠬᠦᠴᠢᠷᠳᠡᠯ ᠢ ᠪᠦᠳᠦᠮᠵᠢᠳᠡᠢ ᠰᠢᠢᠳᠪᠦᠷᠢᠯᠡᠨ᠎ᠡ᠃ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ | ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠦᠢᠯᠡᠴᠢᠯᠡᠬᠡᠨ ᠤ ᠴᠢᠳᠠᠪᠦᠷᠢ ᠶᠢᠨ ᠪᠠᠶᠢᠭᠤᠯᠤᠯᠳᠡ ᠶᠢ ᠴᠢᠩᠭᠠᠳᠬᠠᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠪᠦᠬᠦ ᠳᠠᠯ᠎ᠠ ᠪᠠᠷ ᠴᠢᠩᠭᠠᠳᠬᠠᠨ᠎ᠠ᠃ ᠤᠯᠤᠰ᠂ ᠦᠪᠡᠷᠳᠡᠭᠡᠨ | ᠵᠠᠰᠠᠬᠤ ᠤᠷᠤᠨ ᠤ ᠠᠵᠦ ᠦᠢᠯᠡᠰ ᠤᠨ ᠲᠦᠷᠦ ᠶᠢᠨ ᠪᠤᠳᠤᠯᠭ᠎ᠠ ᠪᠠ ᠪᠡᠯᠡ ᠤᠷᠤᠭᠤᠯᠬᠤ ᠴᠢᠭᠯᠡᠯ ᠢ ᠰᠠᠶᠢᠲᠤᠷ | ᠠᠩᠬᠠᠷᠴᠤ᠂ ᠬᠦᠭᠵᠢᠯᠳᠡ ᠶᠢᠨ ᠤᠷᠤᠨ ᠪᠠᠶᠢᠷᠢ᠂ ᠬᠠᠷᠢᠴᠠᠩᠭᠤᠢ ᠳᠠᠪᠠᠭᠤᠯᠢᠭ ᠳᠠᠯ᠎ᠠ ᠪᠠ ᠠᠵᠦ ᠦᠢᠯᠡᠰ ᠤᠨ ᠪᠠᠭᠤᠷᠠᠢ | ᠭᠤᠬᠴᠤᠭ᠎ᠠ ᠶᠢ ᠦᠨᠳᠤᠰᠤᠯᠡᠵᠦ᠂ ᠦᠨᠳᠤᠷ ᠴᠢᠨᠰᠠᠭ᠎ᠠ ᠪᠦᠬᠦᠢ ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠭᠰᠡᠨ | ᠴᠢᠯᠠᠭᠤᠨ ᠮᠠᠲ᠋ᠧᠷᠢᠶᠠᠯ᠂ ᠴᠢᠯᠠᠭᠤᠨ ᠲᠤᠰᠤ᠂ ᠨᠡᠭᠦᠷᠡᠰᠦ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ | ᠡᠳ᠋ᠰᠢᠬᠦᠯᠦᠨ ᠪᠣᠯᠪᠠᠰᠤᠷᠠᠭᠤᠯᠬᠤ ᠪᠠ ᠰᠤᠶᠤᠯ ᠵᠢᠭᠤᠯᠴᠢᠯᠡᠯ᠂ ᠬᠠᠳᠠᠭᠤ ᠪᠡᠶᠡᠳᠦ ᠬᠠᠶᠠᠬᠳᠠᠮᠠᠯ ᠪᠤᠳᠠᠰ ᠤᠨ | ᠶᠡᠷᠦᠩᠭᠡᠶᠢᠯᠡᠭᠰᠡᠨ ᠠᠰᠢᠬᠯᠠᠯᠳᠡ᠂ ᠶᠡᠭᠡ ᠳ᠋ᠠᠶᠢᠲ᠋ᠠ ᠶᠢᠨ ᠬᠠᠳᠠᠭᠠᠯᠠᠯᠳᠡ ᠵᠢᠴᠢ ᠴᠠᠬᠢᠯᠭᠠᠨ ᠬᠦᠴᠦᠨ ᠤ ᠠᠵᠦ ᠦᠢᠯᠡᠰ | ᠤᠨ ᠲᠦᠷᠦᠯ ᠵᠦᠢᠯ ᠢ ᠤᠷᠢᠵᠦ ᠤᠷᠤᠭᠤᠯᠤᠨ᠎ᠠ᠃ ᠮᠤᠩᠭᠤᠯ᠂ ᠤᠷᠤᠰ ᠵᠡᠷᠭᠡ ᠤᠯᠤᠰ ᠤᠷᠤᠨ ᠯᠤᠭ᠎ᠠ ᠠᠷᠠᠯᠵᠢᠶ᠎ᠠ | ᠬᠤᠳᠠᠯᠳᠤᠭᠠᠨ ᠤ ᠬᠠᠮᠳᠤᠷᠠᠯᠴᠠᠭ᠎ᠠ ᠶᠢ ᠦᠷᠬᠦᠯᠵᠢᠯᠡᠨ ᠦᠷᠭᠡᠳᠭᠡᠵᠦ᠂ ᠤᠯᠤᠰ ᠤᠨ ᠭᠤᠤᠯᠳᠠᠯᠭ᠎ᠠ ᠲᠠᠢ ᠨᠡᠬᠡᠬᠡᠨ | ᠬᠦᠭᠵᠢᠬᠦᠯᠬᠦ ᠲᠤᠷᠰᠢᠯᠳᠡ ᠶᠢᠨ ᠣᠷᠤᠨ ᠡᠷᠢᠶᠡᠨ ᠬᠤᠲᠠ ᠯᠤᠭ᠎ᠠ ᠢᠳᠡᠪᠬᠢᠳᠠᠢ ᠬᠠᠮᠳᠤᠷᠠᠯᠴᠠᠨᠠ᠃ | ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠡ ᠶᠢᠨ ᠬᠠᠮᠢᠶᠠᠷᠤᠯᠳᠡ ᠶᠢᠨ ᠬᠢᠷᠢ ᠲᠦᠪᠰᠢᠨ ᠢ | ᠳᠡᠭᠡᠭᠰᠢᠯᠡᠬᠦᠯᠦᠨ᠎ᠡ᠃ ︽ᠭᠤᠷᠪᠠ ᠶᠢ ᠨᠢᠭᠡ ᠴᠤᠭᠴᠠᠵᠢᠭᠤᠯᠬᠤ︾ ᠪᠦᠳᠦᠭᠡᠨ ᠪᠠᠶᠢᠭᠤᠯᠤᠯᠳᠡ ᠶᠢᠨ ᠤᠬᠠᠭᠳᠠᠬᠤᠨ ᠢ | ᠲᠤᠪᠤᠶᠢᠯᠭᠠᠵᠦ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠡ ᠶᠢᠨ ᠬᠠᠮᠢᠶᠠᠷᠤᠯᠳᠡ ᠶᠢ ᠳᠡᠰ ᠳᠡᠪᠰᠢᠬᠦᠯᠦᠨ | ᠴᠢᠩᠭᠠᠳᠬᠠᠬᠤ ᠭᠤᠷᠪᠡᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠬᠡᠷᠡᠭᠵᠢᠬᠦᠯᠵᠦ᠂ ︽ᠨᠢᠬᠡ ᠬᠦᠷᠢᠶᠡᠯᠡᠩ᠂ ᠬᠤᠶᠠᠷ | ᠪᠦᠰᠡ᠂ ᠭᠤᠷᠪᠡᠨ ᠭᠤᠯᠳᠦ᠂ ᠲᠠᠪᠤᠨ ᠬᠦᠨᠳᠡᠯᠡᠨ︾ ᠤ ᠪᠠᠶᠢᠭᠤᠯᠤᠯᠳᠡ ᠶᠢ ᠳᠡᠬᠦᠯᠳᠡᠷᠵᠢᠬᠦᠯᠦᠨ᠎ᠡ᠃ ᠭᠤᠷᠪᠠᠳᠤᠭᠠᠷ | ᠤᠰᠤᠨ ᠰᠤᠷᠪᠤᠯᠵᠢ ᠶᠢᠨ ᠤᠷᠤᠨ ᠤ ᠤᠰᠤ ᠶᠢ ᠴᠡᠪᠡᠷᠰᠢᠬᠦᠯᠬᠦ ᠦᠢᠯᠡᠳᠪᠦᠷᠢ ᠵᠢᠴᠢ ᠳᠠᠮᠵᠢᠭᠤᠯᠬᠤ ᠬᠤᠭᠤᠯᠠᠢ ᠶᠢᠨ | ᠲᠤᠤᠷ ᠢ ᠦᠭᠡᠷᠡᠴᠢᠯᠡᠬᠦ᠂ ᠪᠣᠬᠢᠷᠳᠤᠯ ᠤᠰᠤᠨ ᠤ ᠭᠠᠳᠠᠬᠰᠢᠯᠠᠭᠤᠯᠤᠯᠳᠡ ᠶᠢ ᠶᠡᠷᠦᠩᠭᠡᠶᠢᠯᠡᠨ ᠠᠰᠢᠬᠯᠠᠬᠤ ᠪᠠ ᠪᠤᠵᠠᠷ | ᠤᠰᠤᠨ ᠤ ᠦᠢᠯᠡᠳᠪᠦᠷᠢ ᠶᠢᠨ ᠮᠡᠷᠭᠡᠵᠢᠯ ᠤᠨ ᠦᠭᠡᠷᠡᠴᠢᠯᠡᠯᠳᠡ ᠶᠢᠨ ᠢᠨᠵᠧᠨᠧᠷᠢᠩ ᠢ ᠬᠡᠷᠡᠭᠵᠢᠬᠦᠯᠵᠦ᠂ PPP | ᠲᠦᠷᠦᠯ ᠵᠦᠢᠯ ᠤᠨ ᠡᠵᠡᠩᠨᠡᠨ ᠬᠠᠮᠢᠶᠠᠷᠤᠯᠲᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠠᠵᠦ | ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠭᠤᠷᠪᠡᠨ ᠵᠢᠯ ᠤᠨ | ᠠᠵᠢᠯᠯᠠᠭᠠᠨ ᠤ ᠲᠦᠯᠦᠪᠯᠡᠭᠡ ᠶᠢ ᠰᠠᠶᠢᠳᠦᠷ ᠨᠠᠶᠢᠳᠠᠪᠦᠷᠢᠵᠢᠭᠤᠯᠵᠦ᠂ ᠠᠵᠦ ᠦᠢᠯᠡᠳᠪᠦᠷᠢ ᠶᠢᠨ ᠲᠤᠭᠤᠷᠢᠭ ᠤᠨ | ᠡᠷᠬᠢᠯᠳᠡᠳᠦ ᠠᠰᠢᠭᠯᠠᠯᠳᠠ ᠶᠢᠨ ᠦᠬᠡᠷᠡᠴᠢᠯᠡᠯᠳᠡ ᠶᠢ ᠠᠬᠢᠭᠤᠯᠤᠨ᠂ ᠠᠵᠦ ᠦᠢᠯᠡᠳᠪᠦᠷᠢ ᠶᠢᠨ ᠲᠤᠭᠤᠷᠢᠭ ᠤᠨ | ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠡ ᠶᠢ ᠳᠡᠬᠦᠯᠳᠡᠷᠵᠢᠬᠦᠯᠵᠦ᠂ ᠬᠦᠷᠢᠶᠡᠯᠡᠩ ᠲᠤᠭᠤᠷᠢᠭ ᠤᠨ ᠲᠠᠭᠠᠭᠠᠴᠠ ᠪᠠ | ᠪᠠᠭᠳᠠᠭᠠᠮᠵᠢ ᠶᠢᠨ ᠴᠢᠳᠠᠪᠦᠷᠢ ᠶᠢ ᠳᠡᠭᠡᠭᠰᠢᠯᠡᠬᠦᠯᠦᠨ᠎ᠡ᠃ ᠬᠤᠳᠠ ᠪᠠᠯᠭᠠᠰᠤᠨ ᠤ ᠶᠡᠷᠦᠩᠭᠡᠶᠢᠯᠡᠭᠰᠡᠨ ᠬᠠᠤᠯᠢ | ᠬᠡᠷᠡᠭᠵᠢᠬᠦᠯᠦᠯᠳᠡ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠡ ᠶᠢ ᠴᠢᠩᠭᠠᠳᠬᠠᠵᠦ᠂ ᠬᠤᠲᠠ | ᠪᠠᠯᠭᠠᠰᠤᠨ ᠤ ᠣᠷᠴᠢᠨ ᠲᠤᠭᠤᠷᠢᠨ ᠤ ᠮᠠᠰᠢᠨᠴᠢᠯᠠᠭᠰᠠᠨ ᠴᠡᠪᠡᠷᠯᠡᠭᠡᠨ ᠤ ᠨᠣᠷᠮ᠎ᠠ ᠶᠢ ᠯᠠᠪᠳᠠᠭᠤᠨ ᠲᠡᠭᠡᠭᠰᠢᠯᠡᠬᠦᠯᠵᠦ᠂ | ᠰᠢᠯᠢ ᠶᠢᠨ ᠭᠤᠤᠯ ᠠᠶᠢᠮᠠᠭ ᠤᠨ ᠠᠳᠠᠯ ᠦᠢᠯᠡᠰ ᠤᠨ ᠤᠶᠤᠨᠴᠢ ᠬᠢᠨᠠᠨ ᠬᠠᠮᠢᠶᠠᠷᠤᠯᠳᠡ ᠶᠢᠨ ᠳᠠᠪᠴᠠᠩ ᠢ ᠪᠦᠬᠦ | ᠲᠠᠯ᠎ᠠ ᠪᠠᠷ ᠲᠦᠭᠡᠮᠡᠯᠵᠢᠬᠦᠯᠦᠨ ᠠᠰᠢᠭᠯᠠᠵᠤ᠂ ᠬᠤᠳᠠ ᠪᠠᠯᠭᠠᠰᠤᠨ ᠤ ᠨᠠᠷᠢᠯᠢᠬᠵᠢᠬᠰᠠᠨ ᠬᠠᠮᠢᠶᠠᠷᠤᠯᠳᠡ ᠶᠢᠨ ᠲᠦᠪᠰᠢᠨ | ᠢ ᠳᠠᠰᠤᠷᠠᠯᠳᠡ ᠦᠬᠡᠢ ᠲᠡᠭᠡᠭᠰᠢᠯᠡᠬᠦᠯᠦᠨ᠎ᠡ᠃ | ︵ᠲᠥᠷᠪᠡ︶ ︽ᠰᠠᠭᠤᠷᠢ ᠶᠢ ᠪᠠᠲᠤᠳᠬᠠᠨ᠂ ᠬᠦᠭᠵᠢᠯᠲᠡ ᠶᠢ ᠨᠢᠭᠡᠳᠦᠯᠲᠡᠢ ᠲᠦᠯᠦᠪᠵᠢᠬᠦᠯᠬᠦ︾ ᠶᠢ | ᠪᠠᠷᠢᠮᠳᠠᠯᠠᠵᠤ᠂ ᠬᠥᠳᠡᠭᠡ ᠲᠤᠰᠬᠤᠨ ᠮᠠᠯᠵᠢᠬᠤ ᠤᠷᠤᠨ ᠢ ᠴᠡᠴᠡᠭᠯᠡᠬᠦᠯᠦᠨ ᠬᠦᠭᠵᠢᠬᠦᠯᠬᠦ ᠶᠢ ᠠᠬᠢᠭᠤᠯᠤᠨ᠎ᠠ᠃ | ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ︽ᠬᠤᠨᠢ ᠶᠢ ᠴᠦᠭᠡᠴᠢᠯᠡᠨ ᠦᠬᠡᠷ ᠢ ᠨᠡᠮᠡᠭᠳᠡᠬᠦᠯᠵᠦ᠂ ᠴᠢᠨᠠᠷ ᠶᠢ ᠳᠡᠭᠡᠭᠰᠢᠯᠡᠭᠦᠯᠵᠤ ᠤᠷᠤᠯᠭ᠎ᠠ | ᠶᠢ ᠨᠡᠮᠡᠭᠳᠡᠬᠦᠯᠬᠦ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠴᠠᠬᠠᠷ ᠬᠤᠨᠢ᠂ ᠴᠠᠭᠠᠨ ᠢᠳᠡᠭᠡᠨ ᠤ ᠦᠢᠯᠡᠰ ᠤᠨ ᠨᠡᠷ᠎ᠡ | ᠲᠡᠮᠳᠡᠭ ᠢ ᠡᠬᠦᠳᠬᠦ ᠶᠢ ᠲᠦᠯᠬᠢᠨ ᠠᠬᠢᠭᠤᠯᠵᠤ᠂ ᠮᠠᠯ ᠲᠡᠵᠢᠭᠡᠪᠦᠷᠢ ᠶᠢᠨ ᠪᠥᠲᠦᠴᠡ ᠶᠢ ᠰᠢᠯᠢᠳᠡᠭᠵᠢᠬᠦᠯᠵᠦ᠂ | ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠤᠶᠤᠨᠴᠢᠯᠠᠭᠰᠠᠨ ᠠᠮᠢ ᠠᠬᠤᠢ ᠶᠢᠨ ᠬᠥᠭᠵᠢᠯᠲᠡ ᠶᠢᠨ ᠬᠡᠪ ᠵᠠᠭᠪᠤᠷ ᠢ | ᠪᠠᠳᠤᠳᠬᠠᠨ᠎ᠠ᠃ ᠮᠠᠯᠵᠢᠬᠤ ᠤᠷᠤᠨ ᠤ ᠬᠤᠷᠰᠢᠶᠠᠵᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢ ᠳᠡᠳᠬᠦᠨ | ᠬᠥᠭᠵᠢᠭᠦᠯᠵᠦ᠂ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ ᠶᠢ ᠨᠡᠮᠡᠭᠳᠡᠭᠦᠯᠦᠨ᠂ ᠮᠢᠬᠠᠨ ᠤ ᠦᠬᠡᠷ ᠤᠨ ᠮᠠᠯᠵᠢᠯ | ᠤᠨ ᠬᠡᠪᠴᠢᠶ᠎ᠡ ᠶᠢ ᠥᠷᠭᠡᠳᠬᠡᠵᠦ᠂ ᠴᠠᠬᠠᠷ ᠬᠤᠨᠢᠨ ᠤ ᠦᠢᠯᠡᠰ ᠢ ᠲᠤᠭᠲᠠᠭᠤᠨ ᠢᠶᠠᠷ ᠬᠥᠭᠵᠢᠭᠦᠯᠦᠨ᠎ᠡ᠃ | ᠪᠠᠷᠢᠮᠵᠢᠶᠠᠨ ᠳᠤ ᠨᠠᠶᠢᠴᠡᠭᠰᠡᠨ ᠬᠡᠪᠴᠢᠶᠡᠵᠢᠭᠰᠡᠨ ᠮᠠᠯᠵᠢᠯ ᠤᠨ ᠲᠠᠯᠠᠪᠠᠢ᠂ ᠭᠡᠷ ᠪᠥᠯᠢ ᠶᠢᠨ ᠮᠠᠯᠵᠢᠯ ᠤᠨ ᠲᠠᠯᠠᠪᠠᠢ ᠪᠠ | ᠰᠢᠯᠢᠳᠡᠭ ᠡᠭᠦᠯᠳᠡᠷ ᠢ ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠵᠣ᠂ | ᠮᠢᠬᠠᠨ ᠤ ᠦᠬᠡᠷ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠮᠡᠷᠭᠡᠵᠢᠯ ᠢ | ᠲᠦᠭᠡᠮᠡᠯᠵᠢᠬᠦᠯᠵᠦ᠂ ᠭᠤᠣᠯᠳᠠᠯᠭᠠᠲᠤ ᠰᠦᠷᠦᠭ ᠤᠨ ᠪᠠᠶᠢᠭᠤᠯᠤᠯᠲᠠ ᠪᠠ ᠰᠢᠯᠢᠳᠡᠭ ᠡᠭᠦᠯᠳᠡᠷ ᠤᠨ ᠮᠢᠬᠠᠨ ᠤ ᠦᠬᠡᠷ | ᠤᠷᠤᠭᠤᠯᠬᠤ ᠠᠵᠢᠯ ᠢ ᠰᠠᠶᠢᠲᠤᠷ ᠠᠳᠬᠤᠨ᠂ ᠲᠤᠭ᠎ᠠ ᠲᠤᠯᠤᠭᠠᠢ ᠶᠢ 3.5 ᠲᠦᠮᠡ ᠳᠤ ᠬᠦᠷᠭᠡᠵᠦ᠂ ᠪᠤᠷᠳᠤᠨ | ᠲᠠᠷᠭᠤᠯᠠᠭᠤᠯᠬᠤ ᠶᠢ ᠵᠤᠷᠢᠭᠵᠢᠭᠤᠯᠤᠨ᠎ᠠ᠃ ︽ᠰᠢᠯᠢ ᠶᠢᠨ ᠭᠤᠤᠯ ᠤᠨ ᠬᠤᠨᠢ — ᠳᠤᠮᠳᠠᠳᠤ ᠤᠯᠤᠰ ᠤᠨ | ᠤᠨᠴᠠᠯᠢᠭᠲᠤ ᠲᠠᠷᠢᠶᠠᠯᠠᠩ ᠤᠨ ᠪᠥᠲᠦᠭᠡᠭᠳᠡᠭᠦᠨ ᠤ ᠳᠠᠪᠠᠭᠤᠯᠢᠭ ᠪᠥᠰᠡ︾ ᠶᠢ ᠪᠥᠲᠦᠭᠡᠨ ᠪᠠᠶᠢᠭᠤᠯᠬᠤ ᠱᠠᠭᠠᠷᠳᠠᠯᠭ᠎ᠠ | ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠴᠠᠬᠠᠷ ᠬᠤᠨᠢᠨ ᠤ ᠤᠯᠤᠰ ᠤᠨ ᠳᠡᠰ ᠤᠨ ᠦᠷ᠎ᠡ ᠶᠢᠨ ᠮᠠᠯ ᠤᠨ ᠲᠠᠯᠠᠪᠠᠢ ᠶᠢᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭᠠᠲᠤ ᠰᠦᠷᠦᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠴᠠᠬᠠᠷ | ᠬᠤᠨᠢ ᠶᠢ 20 ᠲᠥᠮᠡᠨ ᠲᠤᠯᠤᠭᠠᠢ ᠳᠤ ᠬᠦᠷᠭᠡᠵᠦ᠂ ︽ᠴᠠᠬᠠᠷ ᠬᠤᠨᠢᠨ ᠤ ᠮᠢᠬ᠎ᠠ︾ ᠶᠢᠨ ᠤᠯᠤᠰ ᠤᠨ ᠳᠡᠰ ᠤᠨ | ᠭᠠᠵᠠᠷ ᠤᠷᠤᠨ ᠤ ᠬᠠᠮᠠᠭᠠᠯᠠᠯᠲᠠ ᠶᠢᠨ ᠪᠥᠲᠦᠭᠡᠭᠳᠡᠭᠦᠨ ᠤ ᠨᠡᠷᠡᠲᠦ ᠲᠡᠮᠳᠡᠭ ᠤᠨ ᠴᠢᠳᠠᠪᠬᠢ ᠶᠢ ᠭᠦᠢᠴᠡᠳ | ᠪᠠᠳᠠᠷᠠᠭᠤᠯᠤᠨ᠎ᠠ᠃ ︽ᠪᠡᠯᠴᠢᠭᠡᠷᠯᠡᠭᠦᠯᠬᠦ + ᠲᠡᠵᠢᠭᠡᠯ ᠨᠦᠭᠦᠪᠦᠷᠢᠯᠡᠬᠦ︾ ᠪᠠᠷ ᠳᠠᠮᠵᠢᠨ ᠤᠷᠢᠳᠴᠢᠯᠠᠨ ᠵᠠᠷᠤᠴᠠᠭᠤᠯᠬᠤ | ᠠᠵᠢᠯ ᠢ ᠠᠬᠢᠭᠤᠯᠵᠤ᠂ ᠮᠠᠯᠴᠢᠨ ᠡᠷᠦᠬᠡ ᠪᠠ ᠠᠵᠤ ᠠᠬᠤᠶᠢᠯᠠᠯ ᠤᠨ ᠠᠰᠢᠭ ᠳᠤᠰᠠ ᠶᠢᠨ ᠬᠤᠯᠪᠤᠭᠠᠯᠠᠯ ᠤᠨ | ᠳᠤᠭᠲᠠᠴᠠ ᠶᠢ ᠪᠠᠲᠤᠳᠬᠠᠨ᠂ ︽ᠲᠡᠵᠢᠭᠡᠨ ᠦᠷᠡᠵᠢᠭᠦᠯᠬᠦ︾ ᠪᠠ ︽ᠡᠳ᠋ᠰᠢᠭᠦᠯᠬᠦ︾ ᠶᠢᠨ ᠬᠤᠭᠤᠷᠤᠨᠳᠦᠬᠢ ᠵᠦᠷᠢᠴᠡᠯ | ᠢ ᠰᠢᠢᠳᠪᠦᠷᠢᠯᠡᠵᠦ᠂ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ | ᠬᠦᠪᠡᠭᠡᠲᠦ ᠰᠢᠷ᠎ᠠ ᠬᠤᠰᠢᠭᠤᠨ ᠤ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠲᠠᠪᠤᠨ | ᠵᠢᠯ ᠤᠨ ᠬᠦᠭᠵᠢᠯᠲᠡ ᠶᠢᠨ ᠲᠦᠯᠦᠪᠵᠢᠬᠦᠯᠭᠡ︾ ᠶᠢ ᠨᠠᠶᠢᠷᠠᠭᠤᠯᠤᠨ ᠲᠦᠯᠦᠪᠵᠢᠬᠦᠯᠵᠦ᠂ ︽ᠲᠠᠪᠤ ᠶᠢ ᠨᠢᠭᠡ | ᠴᠤᠭᠴᠠᠵᠢᠭᠤᠯᠬᠤ︾ ᠨᠢᠭᠡᠳᠦᠯᠲᠠᠢ ᠲᠦᠯᠦᠪᠵᠢᠬᠦᠯᠬᠦ ᠬᠦᠭᠵᠢᠯᠲᠡ ᠶᠢ ᠪᠠᠷᠢᠮᠲᠠᠯᠠᠨ᠂ ᠭᠡᠷ ᠪᠦᠯᠢ ᠶᠢᠨ ᠦᠢᠯᠡᠳᠬᠡᠯ ᠤᠨ | ᠬᠤᠯᠪᠤᠭᠠᠯᠠᠨ ᠡᠵᠡᠩᠨᠡᠬᠦ ᠵᠠᠭᠪᠤᠷ ᠢ ᠬᠡᠷᠡᠭᠵᠢᠬᠦᠯᠦᠨ᠂ ︽ᠲᠦᠷᠪᠡᠨ ᠨᠢᠭᠡᠳᠦᠯᠳᠡᠢ︾ ᠪᠠᠶᠢᠬᠤ ᠶᠢ ᠪᠡᠶᠡᠯᠡᠬᠦᠯᠵᠦ᠂ | ᠰᠢᠯᠢᠳᠡᠭ ᠡᠬᠦᠯᠳᠡᠷ ᠤᠨ ᠰᠠᠭᠠᠯᠢ ᠶᠢᠨ ᠦᠨᠢᠶ᠎ᠡ ᠶᠢ ᠭᠠᠳᠠᠨ᠎ᠠ ᠠᠴᠠ ᠤᠷᠤᠭᠤᠯᠬᠤ ᠪᠠ ᠲᠡᠵᠢᠭᠡᠨ ᠦᠷᠡᠵᠢᠬᠦᠯᠬᠦ | ᠬᠦᠴᠦᠯᠡᠴᠡ ᠪᠠᠨ ᠨᠡᠮᠡᠭᠳᠡᠬᠦᠯᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ 8 ᠳ᠋ᠤᠭᠠᠷ ᠰᠠᠷ᠎ᠠ ᠳᠤ | ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠲᠡᠸᠠᠷ ᠤᠨ ᠲᠡᠮᠳᠡᠭ ᠤᠨ ᠳᠠᠩᠰᠠᠯᠠᠬᠤ ᠠᠬᠢᠴᠠ ᠶᠢ ᠲᠦᠷᠭᠡᠳᠬᠡᠨ᠂ | ᠡᠯᠧᠺᠲᠷᠤᠨ ᠬᠤᠳᠠᠯᠳᠤᠭ᠎ᠠ᠂ ᠪᠤᠳᠠᠰ ᠤᠨ ᠬᠦᠢᠯᠭᠡᠭᠡᠨ ᠤ ᠬᠤᠯᠪᠤᠭᠠᠰᠤ ᠶᠢ ᠶᠡᠬᠡᠪᠡᠷ ᠬᠦᠭᠵᠢᠬᠦᠯᠵᠦ᠂ ᠰᠢᠯᠢ ᠶᠢᠨ | ᠭᠤᠣᠯ ᠠᠶᠢᠮᠠᠭ ᠤᠨ ᠴᠠᠭᠠᠨ ᠢᠳᠡᠭᠡᠨ ᠤ ᠨᠡᠷ᠎ᠡ ᠲᠡᠮᠳᠡᠭ ᠢ ᠡᠬᠦᠳᠴᠤ᠂ ᠦᠨᠳᠦᠰᠦᠳᠡᠨ ᠤ ᠤᠯᠠᠮᠵᠢᠯᠠᠯᠲᠤ ᠴᠠᠭᠠᠨ | ᠢᠳᠡᠭᠡᠨ ᠤ ᠠᠵᠤ ᠦᠢᠯᠡᠰ ᠤᠨ ᠡᠷᠡᠬᠦᠯ ᠬᠦᠭᠵᠢᠯᠲᠡ ᠶᠢ ᠠᠬᠢᠭᠤᠯᠤᠨ᠎ᠠ᠃ | ᠵᠤᠬᠢᠮᠵᠢᠲᠠᠢ ᠬᠡᠪᠴᠢᠶᠡᠵᠢᠭᠰᠡᠨ ᠡᠵᠡᠩᠨᠡᠯᠲᠡ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠲᠠᠭᠠᠭᠠᠴᠢᠯᠠᠯᠲᠠ | ᠶᠢᠨ ᠡᠷᠬᠡ ᠶᠢᠨ ᠪᠠᠷᠢᠴᠠᠭᠠᠲᠤ ᠵᠢᠭᠡᠯᠡᠯᠭᠡ᠂ ᠨᠤᠲᠤᠭ ᠪᠡᠯᠴᠢᠭᠡᠷ ᠢ ᠰᠢᠯᠵᠢᠬᠦᠯᠬᠦ ᠳᠠᠪᠴᠠᠩ ᠤᠨ ᠪᠥᠲᠦᠭᠡᠨ | ᠪᠠᠶᠢᠭᠤᠯᠤᠯᠲᠠ ᠵᠡᠷᠭᠡ ᠲᠤᠷᠰᠢᠯᠲᠠ ᠶᠢᠨ ᠴᠢᠭ ᠤᠨ ᠦᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠵᠠᠬᠢᠶᠠᠯᠠᠭ᠎ᠠ ᠶᠢᠨ ᠬᠠᠮᠲᠤᠷᠠᠯᠴᠠᠭ᠎ᠠ᠂ ᠨᠤᠲᠤᠭ ᠪᠡᠯᠴᠢᠭᠡᠷ ᠢ ᠰᠢᠯᠵᠢᠭᠦᠯᠦᠨ ᠡᠵᠡᠩᠨᠡᠬᠦ᠂ ᠬᠤᠪᠢ | ᠤᠷᠤᠭᠤᠯᠤᠨ ᠠᠰᠢᠭ ᠤᠷᠤᠯᠭ᠎ᠠ ᠬᠤᠪᠢᠶᠠᠯᠴᠠᠬᠤ ᠵᠡᠷᠭᠡ ᠤᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠶᠢ | ᠲᠥᠭᠡᠮᠡᠯᠵᠢᠭᠦᠯᠦᠨ᠂ ᠵᠤᠬᠢᠮᠵᠢᠲᠠᠢ ᠬᠡᠪᠴᠢᠶᠡᠵᠢᠭᠰᠡᠨ ᠡᠵᠡᠩᠨᠡᠯᠲᠡ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ | ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠭᠠᠮᠰᠢᠭ ᠢ ᠰᠡᠷᠭᠡᠶᠢᠯᠡᠨ ᠬᠤᠷᠢᠭᠯᠠᠬᠤ᠂ ᠮᠥᠩᠭᠦᠨ ᠭᠦᠢᠯᠭᠡᠭᠡᠨ ᠤ | ᠦᠢᠯᠡᠴᠢᠯᠡᠭᠡ ᠵᠡᠷᠭᠡ ᠮᠠᠯᠵᠢᠬᠤ ᠦᠢᠯᠡᠳᠪᠦᠷᠢᠯᠡᠯ ᠤᠨ ᠪᠠᠲᠤᠯᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ | ᠴᠢᠩᠭᠠᠳᠬᠠᠨ᠎ᠠ᠃ | ᠰᠠᠭᠤᠷᠢ ᠪᠥᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 3 ᠲᠦᠮᠡᠨ ᠲᠡᠭᠰᠢ ᠲᠦᠷᠪᠡᠯᠵᠢᠨ ᠮᠧᠲᠷ ᠤᠨ | ᠪᠠᠷᠢᠮᠵᠢᠶᠠᠵᠢᠭᠰᠠᠨ ᠲᠤᠯᠠᠭᠠᠨ ᠫᠧᠩ᠂ 3 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠫᠧᠩ᠂ | 1000 ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠡ ᠪᠠᠷ ᠪᠠᠶᠢᠭᠤᠯᠤᠨ᠎ᠠ᠃ | 100 ᠲᠥᠮᠡᠨ ᠮᠦ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢᠨ ᠭᠠᠷᠤᠯᠲᠠ ᠶᠢ ᠨᠡᠮᠡᠭᠳᠡᠬᠦᠯᠵᠦ᠂ ᠰᠤᠩᠭᠤᠨ | ᠪᠤᠶᠢᠵᠢᠭᠤᠯᠤᠭᠰᠠᠨ ᠦᠷ᠎ᠡ ᠪᠥᠲᠦᠭᠡᠯ ᠢ ᠬᠠᠮᠠᠭᠠᠯᠠᠨ᠎ᠠ᠃ ᠮᠠᠯᠵᠢᠬᠤ ᠤᠷᠤᠨ ᠤ ᠤᠤᠭᠤᠬᠤ ᠤᠰᠤ ᠶᠢ ᠪᠠᠲᠤᠯᠠᠬᠤ | ᠢᠨᠵᠧᠨᠧᠷᠢᠩ ᠢ ᠬᠡᠷᠡᠭᠵᠢᠭᠦᠯᠵᠦ᠂ 80 ᠬᠤᠳᠳᠤᠭ ᠢ ᠰᠢᠨ᠎ᠡ ᠪᠠᠷ ᠮᠠᠯᠳᠠᠵᠤ᠂ ᠲᠦᠬᠡᠭᠡᠯ ᠤᠰᠤᠨ ᠤ ᠢᠨᠵᠧᠨᠧᠷᠢᠩ ᠢ | 9 ᠶᠢ ᠰᠢᠨ᠎ᠡ ᠪᠠᠷ ᠪᠠᠶᠢᠭᠤᠯᠵᠤ᠂ 300 ᠢᠵᠢ ᠤᠰᠤ ᠴᠡᠪᠡᠷᠰᠢᠬᠦᠯᠬᠦ ᠮᠠᠰᠢᠨ ᠤᠭᠰᠠᠷᠠᠵᠤ᠂ 956 ᠬᠦᠮᠦᠨ ᠤ | ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠃ 84 ᠺᠢᠯᠤᠮᠧᠲᠷ ᠲᠠᠷᠢᠶᠠᠯᠠᠩ ᠤᠨ ᠴᠠᠬᠢᠯᠭᠠᠨ ᠬᠦᠴᠦᠨ ᠤ | ᠲᠤᠤᠷᠵᠢᠭᠤᠯᠤᠯᠲᠠ ᠶᠢᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠮᠠᠯᠵᠢᠬᠤ ᠤᠷᠤᠨ ᠳᠤ 72 ᠺᠢᠯᠤᠮᠧᠲᠷ ᠵᠠᠰᠠᠮᠠᠯ ᠵᠠᠮ | ᠵᠠᠰᠠᠵᠤ᠂ ᠬᠠᠮᠢᠶᠠᠷᠤᠨ ᠠᠷᠠᠴᠢᠯᠠᠬᠤ ᠬᠦᠴᠦᠯᠡᠴᠡ ᠪᠠᠨ ᠨᠡᠮᠡᠭᠳᠡᠬᠦᠯᠵᠦ᠂ ︽ᠲᠦᠷᠪᠡᠨ ᠰᠠᠶᠢᠨᠲᠠᠢ ᠬᠦᠳᠡᠭᠡ | ᠲᠤᠰᠬᠤᠨ ᠤ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠰᠢᠶᠠᠨ ᠪᠣᠯᠬᠤ ᠪᠠᠷ ᠴᠢᠷᠮᠠᠶᠢᠨ᠎ᠠ᠃ ᠮᠠᠯᠵᠢᠬᠤ ᠤᠷᠤᠨ ᠤ | 98 ᠡᠷᠦᠬᠡ ᠶᠢᠨ ᠪᠠᠷᠢᠮᠵᠢᠶᠠᠨ ᠳᠤ ᠬᠦᠷᠬᠦ ᠦᠬᠡᠢ ᠭᠡᠷ ᠪᠠᠶᠢᠰᠢᠩ ᠢ ᠦᠭᠡᠷᠡᠴᠢᠯᠡᠨ ᠵᠠᠰᠠᠨ᠎ᠠ᠃ | ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠭᠠᠨ᠎ᠠ᠃ ᠮᠠᠯᠵᠢᠬᠤ ᠤᠷᠤᠨ ᠤ ᠡᠷᠡᠬᠦᠯ ᠬᠠᠮᠠᠭᠠᠯᠠᠯ᠂ ᠰᠤᠶᠤᠯ᠂ | ᠲᠠᠮᠢᠷ᠂ ᠨᠡᠶᠢᠭᠡᠮ ᠤᠨ ᠠᠰᠠᠷᠠᠮᠵᠢ ᠶᠢᠨ ᠦᠢᠯᠡᠰ ᠢ ᠨᠢᠭᠡᠳᠦᠯᠲᠠᠢ ᠠᠬᠢᠭᠤᠯᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠮᠠᠯᠵᠢᠬᠤ ᠤᠷᠤᠨ᠂ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠬᠢᠭᠡᠳ ᠡᠮᠴᠢᠯᠡᠭᠡᠨ ᠤ ᠲᠠᠭᠠᠳᠬᠠᠯ ᠤᠨ ᠬᠠᠮᠤᠷᠬᠤ ᠨᠤᠷᠮ᠎ᠠ ᠶᠢ | ᠦᠷᠬᠦᠯᠵᠢᠯᠡᠨ ᠲᠡᠭᠡᠭᠰᠢᠯᠡᠬᠦᠯᠵᠦ᠂ ᠮᠠᠯᠴᠢᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠤᠯᠠᠮ | ᠨᠡᠮᠡᠭᠳᠡᠬᠦᠯᠦᠨ᠎ᠡ᠃ | ︵ᠲᠠᠪᠤ︶ ︽ᠭᠤᠤᠯᠳᠠᠯᠭ᠎ᠠ ᠶᠢ ᠠᠳᠬᠤᠨ᠂ ᠳᠤᠲᠠᠭᠳᠠᠯ ᠢᠶᠠᠨ ᠨᠥᠬᠦᠪᠦᠷᠢᠯᠡᠬᠦ︾ ᠶᠢ ᠪᠠᠷᠢᠮᠲᠠᠯᠠᠵᠤ᠂ ᠠᠵᠤ | ᠦᠢᠯᠡᠰ ᠤᠨ ᠳᠡᠰ ᠳᠡᠪᠰᠢᠭᠦ ᠶᠢ ᠠᠬᠢᠭᠤᠯᠤᠨ᠎ᠠ᠃ | ᠠᠵᠤ ᠦᠢᠯᠡᠳᠪᠦᠷᠢ ᠶᠢ ᠰᠢᠯᠢᠳᠡᠭᠵᠢᠬᠦᠯᠦᠨ ᠳᠡᠰ ᠳᠡᠪᠰᠢᠬᠦ ᠶᠢ ᠠᠬᠢᠭᠤᠯᠤᠨ᠎ᠠ᠃ ᠱᠧᠨ ᠨᠧᠩ᠂ ᠳ᠋ᠠ ᠲᠠᠩ᠂ | ᠱᠧᠩ ᠱᠢ ᠰᠢᠨ ᠶᠤᠸᠠᠨ᠂ ᠰᠢᠶᠧ ᠰᠢᠨ ᠵᠡᠷᠭᠡ ᠲᠦᠷᠪᠡᠨ ᠦᠨᠳᠦᠷ ᠬᠦᠴᠦᠳᠡᠯᠲᠦ ᠢᠵᠢ ᠪᠦᠷᠢᠳᠦᠭᠰᠡᠨ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠲᠥᠷᠦᠯ ᠵᠦᠢᠯ ᠤᠨ ᠲᠤᠤᠷ ᠳᠤ ᠨᠠᠶᠢᠯᠡᠬᠦᠯᠦᠨ ᠴᠠᠬᠢᠯᠭᠠᠨ ᠭᠠᠷᠭᠠᠬᠤ ᠶᠢ | ᠪᠠᠳᠤᠯᠠᠵᠤ᠂ ᠵᠠᠭᠤᠨ ᠲᠦᠮᠡᠨ ᠺᠢᠯᠤᠸᠠᠲ ᠶᠢᠨ ᠴᠡᠪᠡᠷ ᠡᠨᠧᠷᠬᠢ ᠶᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠵᠤ᠂ 4.3 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠨ᠎ᠠ᠃ ᠰᠢᠯᠢ ᠶᠢᠨ ᠭᠤᠤᠯ ᠠᠶᠢᠮᠠᠭ ᠤᠨ | ᠪᠠᠷᠠᠭᠤᠨ ᠬᠡᠰᠡᠭ ᠤᠨ ᠳᠠᠴᠢᠷᠰᠢᠭᠰᠠᠨ ᠤᠷᠤᠨ ᠤ ᠮᠢᠩᠭᠠᠨ ᠲᠥᠮᠡᠨ ᠺᠢᠯᠤᠸᠠᠲ ᠶᠢᠨ ᠳᠡᠰ ᠤᠨ ᠰᠢᠨ᠎ᠡ ᠡᠨᠧᠷᠭᠢ ᠶᠢ | ᠨᠡᠭᠡᠭᠡᠨ ᠠᠰᠢᠭᠯᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠶᠢ ᠬᠠᠮᠲᠤ ᠪᠠᠷ ᠬᠥᠭᠵᠢᠭᠦᠯᠬᠦ ᠵᠢᠱᠢᠶ᠎ᠠ ᠦᠵᠡᠭᠦᠯᠬᠦ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ | ᠪᠡᠶᠡᠯᠡᠭᠦᠯᠦᠨ᠎ᠡ᠃ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢ ᠨᠢᠭᠡᠳᠬᠡᠵᠦ᠂ ᠨᠡᠭᠡᠭᠡᠨ ᠠᠰᠢᠭᠯᠠᠬᠤ ᠠᠭᠤᠷᠬᠠᠢ ᠶᠢᠨ | ᠲᠤᠭ᠎ᠠ ᠶᠢ ᠪᠠᠭᠠᠰᠬᠠᠵᠤ᠂ ᠴᠢᠯᠠᠭᠤᠨ ᠨᠤᠨᠳᠠᠭ ᠢ ᠶᠡᠷᠦᠩᠬᠡᠶᠢᠯᠡᠨ ᠠᠰᠢᠭᠯᠠᠬᠤ ᠲᠦᠷᠥᠯ ᠵᠦᠢᠯ ᠢ ᠲᠦᠷᠭᠡᠳᠬᠡᠨ᠂ | ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠪᠤᠬᠢᠷᠳᠤᠯ ᠦᠬᠡᠢ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ︽ | ᠳᠤᠮᠳᠠᠳᠤ ᠤᠯᠤᠰ ᠤᠨ ᠤᠮᠠᠷᠠᠳᠤ ᠶᠢᠨ ᠴᠢᠯᠠᠭᠤᠨ ᠮᠠᠲ᠋ᠧᠷᠢᠶᠠᠯ ᠤᠨ ᠦᠯᠦᠭᠡᠢ︾ ᠶᠢᠨ ᠨᠡᠷ᠎ᠡ ᠲᠡᠮᠳᠡᠭ ᠢ ᠤᠯᠠᠮ | ᠠᠯᠳᠠᠷᠰᠢᠭᠤᠯᠵᠤ᠂ 195 ᠲᠦᠮᠡᠨ ᠲᠡᠭᠰᠢ ᠲᠥᠷᠪᠡᠯᠵᠢᠨ ᠮᠧᠲᠷ ᠴᠢᠯᠠᠭᠤᠨ ᠬᠠᠪᠲᠠᠰᠤ ᠶᠢ ᠪᠤᠯᠪᠠᠰᠤᠷᠠᠭᠤᠯᠤᠨ᠎ᠠ᠃ | ᠨᠡᠭᠦᠷᠡᠰᠦᠨ ᠤ ᠦᠢᠯᠡᠰ ᠤᠨ ᠦᠢᠯᠡᠳᠪᠦᠷᠢᠯᠡᠯ ᠤᠨ ᠳᠤᠭᠲᠠᠭᠤᠨ ᠢ ᠪᠠᠲᠤᠯᠠᠨ᠂ 60 ᠲᠥᠮᠡᠨ ᠲᠤᠨ ᠨᠡᠭᠦᠷᠡᠰᠦ | ᠦᠢᠯᠡᠳᠪᠦᠷᠢᠯᠡᠵᠦ᠂ ᠨᠡᠭᠦᠷᠠᠰᠤᠨ ᠨᠤᠨᠳᠠᠭ ᠢ ᠬᠠᠳᠠᠭᠠᠬᠤ᠂ ᠨᠡᠭᠦᠷᠡᠰᠦᠨ ᠴᠢᠯᠠᠭᠤ ᠪᠠᠷ ᠲᠤᠭᠤᠰᠬ᠎ᠠ ᠰᠢᠳᠠᠭᠠᠬᠤ ᠵᠡᠷᠭᠡ | ᠨᠡᠭᠦᠷᠡᠰᠦᠨ ᠤ ᠠᠵᠤ ᠦᠢᠯᠡᠰ ᠤᠨ ᠬᠡᠯᠬᠢᠶᠡᠰᠦ ᠶᠢ ᠤᠷᠳᠤᠳᠬᠠᠬᠤ ᠲᠥᠷᠥᠯ ᠵᠦᠢᠯ ᠢ ᠢᠳᠡᠪᠬᠢᠲᠠᠢ ᠠᠬᠢᠭᠤᠯᠤᠨ᠎ᠠ᠃ | 2 ᠲᠦᠮᠡᠨ ᠲᠤᠨ ᠴᠢᠯᠠᠭᠤᠨ ᠲᠤᠰᠤ ᠦᠢᠯᠡᠳᠪᠦᠷᠢᠯᠡᠵᠤ᠂ ᠨᠢᠩ ᠮᠧᠩ ᠴᠢᠯᠠᠭᠤᠨ ᠲᠤᠰᠤ ᠬᠢᠮᠢ ᠶᠢᠨ ᠦᠢᠯᠡᠳᠪᠦᠷᠢ | ᠶᠢᠨ ᠦᠢᠯᠡᠳᠪᠦᠷᠢᠯᠡᠯ ᠢ ᠡᠬᠢᠯᠡᠬᠦᠯᠬᠦ ᠪᠠᠷ ᠴᠢᠷᠮᠠᠶᠢᠨ᠎ᠠ᠃ ᠮᠧᠩ ᠶᠢᠨ ᠠᠭᠤᠷᠬᠠᠢ ᠶᠢᠨ ᠦᠢᠯᠡᠰ ᠤᠨ ᠺᠤᠮᠫᠠᠨᠢ ᠶᠢᠨ | ᠨᠢᠤᠪᠢ ᠲᠠᠨᠲ᠋ᠠᠯ ᠤᠨ ᠬᠦᠳᠡᠷ ᠢ ᠨᠡᠭᠡᠭᠡᠨ ᠠᠰᠢᠭᠯᠠᠬᠤ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠲᠡᠮᠦᠷᠯᠢᠭ | ᠪᠤᠯᠪᠠᠰᠤᠷᠠᠭᠤᠯᠬᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠭᠦᠯᠬᠦ ᠠᠵᠢᠯ ᠢ | ᠰᠠᠶᠢᠲᠤᠷ ᠬᠢᠨ᠎ᠡ᠃ ᠮᠢᠬᠠᠨ ᠤ ᠵᠦᠢᠯᠡᠰ ᠢ ᠬᠢᠨᠠᠨ ᠰᠢᠯᠭᠠᠬᠤ ᠦᠢᠯᠡᠴᠢᠯᠡᠭᠡᠨ ᠤ ᠲᠠᠪᠴᠠᠩ ᠤᠨ ᠲᠦᠷᠥᠯ ᠵᠦᠢᠯ ᠢ | ᠬᠡᠷᠡᠭᠵᠢᠬᠦᠯᠦᠨ᠎ᠡ᠃ ᠵᠢᠯ ᠤᠨ ᠳᠤᠲᠤᠷ᠎ᠠ 2 ᠠᠵᠤ ᠠᠬᠤᠶᠢᠯᠠᠯ ᠤᠨ ᠳᠡᠰ ᠳᠡᠪᠰᠢᠬᠦ ᠶᠢ ᠪᠡᠶᠡᠯᠡᠬᠦᠯᠬᠦ ᠪᠠᠷ ᠴᠢᠷᠮᠠᠶᠢᠨ᠎ᠠ᠃ | ᠰᠤᠶᠤᠯ ᠵᠢᠭᠤᠯᠴᠢᠯᠠᠯ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠵᠠᠩ ᠦᠢᠯᠡ ᠶᠢᠨ | ᠵᠢᠭᠤᠯᠴᠢᠯᠠᠯ ᠤᠨ ᠪᠥᠲᠦᠭᠡᠭᠳᠡᠭᠦᠨ ᠤ ᠵᠡᠭᠡᠯᠢ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠶᠠᠩᠬᠢᠷᠸ᠎ᠠ ᠶᠢᠨ | ᠦᠵᠡᠮᠵᠢ ᠶᠢᠨ ᠤᠷᠤᠨ᠂ ᠠᠰᠤᠷᠤ ᠠᠶᠠᠯᠭᠤ ᠵᠠᠩ ᠦᠢᠯᠡ ᠶᠢᠨ ᠬᠦᠷᠢᠶᠡᠯᠡᠩ᠂ ᠰᠤᠷᠤᠨ᠎ᠠ ᠵᠤᠰᠠᠯᠠᠩ ᠢ ᠳᠡᠰ | ᠳᠡᠪᠰᠢᠭᠦᠯᠦᠨ᠂ ᠮᠤᠩᠭᠤᠯ ᠦᠨᠳᠤᠰᠤᠳᠠᠨ ᠤ ᠰᠤᠶᠤᠯ ᠪᠠ ᠴᠠᠬᠠᠷ ᠰᠤᠶᠤᠯ ᠤᠨ ᠤᠨᠴᠠᠯᠢᠭ ᠢ ᠳᠤᠪᠤᠶᠢᠯᠭᠠᠨ᠂ ︽ | ᠲᠦᠮᠡᠨ ᠭᠠᠵᠠᠷ ᠤᠨ ᠴᠠᠢ ᠶᠢᠨ ᠵᠠᠮ︾᠂ ︽ᠴᠢᠭᠤᠯᠤᠯᠲᠤ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾ ᠪᠠ | ᠥᠷᠲᠡᠭᠡᠨ ᠰᠣᠶᠤᠯ ᠵᠡᠷᠭᠡ ᠲᠡᠦᠬᠡᠨ ᠰᠣᠶᠣᠯ ᠢ ᠬᠦᠨᠵᠡᠭᠡᠢ ᠠᠭᠤᠳᠠᠯᠯᠠᠵᠤ᠂ ᠴᠠᠬᠠᠷ ᠮᠦᠽᠸᠢ ᠶᠢᠨ ᠪᠦᠳᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠳ᠋ᠤᠺᠲ᠋ᠤᠷ ᠤᠨ ᠥᠯᠦᠭᠡᠢ︾ ᠶᠢᠨ ᠰᠠᠶᠢᠬᠠᠨ ᠠᠯᠳᠠᠷ ᠢ | ᠠᠯᠳᠠᠷᠰᠢᠭᠤᠯᠵᠤ᠂ ᠰᠤᠶᠤᠯ ᠰᠤᠷᠭᠠᠨ ᠬᠦᠮᠦᠵᠢᠯ ᠵᠢᠭᠤᠯᠴᠢᠯᠠᠯ ᠨᠢᠭᠲᠠ ᠤᠶᠠᠯᠳᠤᠭᠰᠠᠨ ᠬᠥᠭᠵᠢᠯᠲᠡ ᠶᠢ | ᠠᠬᠢᠭᠤᠯᠤᠨ᠎ᠠ᠃ ᠵᠢᠭᠤᠯᠴᠢᠯᠠᠯ ᠤᠨ ᠵᠠᠮ ᠱᠤᠭᠤᠮ᠂ ᠦᠵᠡᠮᠵᠢ ᠶᠢᠨ ᠤᠷᠤᠨ ᠤ ᠲᠥᠬᠦᠭᠡᠷᠦᠮᠵᠢ᠂ ᠵᠢᠭᠤᠯᠴᠢᠯᠠᠭᠰᠠᠳ | ᠲᠤ ᠦᠢᠯᠡᠴᠢᠯᠡᠬᠦ ᠲᠥᠪ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠵᠠᠭᠤᠴᠢᠯᠠᠭᠤᠷ ᠲᠠᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠢᠭᠤᠯᠴᠢᠯᠠᠭᠰᠠᠳ ᠢ ᠬᠦᠯᠢᠶᠡᠨ ᠠᠪᠬᠤ ᠴᠢᠳᠠᠪᠬᠢ ᠶᠢ ᠳᠡᠭᠡᠭᠰᠢᠯᠡᠭᠦᠯᠵᠦ᠂ | ︽ᠲᠤᠷᠭᠠᠨ ᠨᠤᠲᠤᠭ ᠬᠥᠪᠡᠭᠡᠲᠦ ᠰᠢᠷ᠎ᠠ ᠬᠤᠰᠢᠭᠤ — ᠠᠰᠤᠷᠤ ᠠᠶᠠᠯᠭᠤ ᠶᠢᠨ ᠥᠯᠦᠭᠡᠢ︾ ᠶᠢᠨ ᠰᠤᠶᠤᠯ | ᠵᠢᠭᠤᠯᠴᠢᠯᠠᠯ ᠤᠨ ᠨᠡᠷᠡᠲᠦ ᠲᠡᠮᠳᠡᠭ ᠢ ᠦᠷᠭᠦᠯᠵᠢᠯᠡᠨ ᠴᠤᠭᠴᠠᠯᠠᠨ ᠪᠠᠶᠢᠭᠤᠯᠤᠨ᠎ᠠ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢᠨ ᠴᠢᠨᠠᠷ ᠴᠢᠨᠰᠠᠭᠠᠨ ᠤ ᠳᠡᠭᠡᠭᠰᠢᠯᠡᠯᠲᠡ | ᠶᠢ ᠲᠦᠯᠬᠢᠨ ᠠᠬᠢᠭᠤᠯᠤᠨ᠎ᠠ᠃ ᠪᠤᠳᠠᠰ ᠤᠨ ᠭᠦᠢᠯᠭᠡᠭᠡᠨ ᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠨᠡᠶᠢᠲᠡ | ᠶᠢᠨ ᠬᠡᠷᠡᠭᠯᠡᠭᠡᠨ ᠤ ᠨᠢᠰᠭᠡᠯ ᠤᠨ ᠪᠠᠭᠤᠲᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠭᠠᠳᠠᠭᠠᠳᠤ ᠬᠠᠷᠢᠯᠴᠠᠭᠠᠨ | ᠠᠴᠠ ᠰᠢᠯᠲᠠᠭᠠᠯᠠᠭᠳᠠᠭᠰᠠᠨ ᠬᠡᠷᠡᠭᠯᠡᠭᠡᠨ ᠤ ᠨᠡᠮᠡᠭᠳᠡᠯ ᠢ ᠠᠬᠢᠭᠤᠯᠤᠨ᠎ᠠ᠃ ᠲᠤᠭᠠᠴᠢᠯᠠᠭᠰᠠᠨ ᠠᠵᠤ ᠠᠬᠤᠢ ᠶᠢ | ᠬᠦᠭᠵᠢᠬᠦᠯᠵᠦ᠂ ᠬᠦᠢᠲᠡᠨ ᠢᠶᠠᠷ ᠬᠦᠮᠦᠷᠭᠡᠯᠡᠨ ᠵᠥᠭᠡᠭᠡᠪᠦᠷᠢᠯᠡᠬᠦ ᠦᠢᠯᠡᠰ ᠪᠠ ᠴᠠᠭᠠᠨ ᠢᠳᠡᠭᠡᠨ᠂ ᠴᠠᠬᠠᠷ ᠬᠤᠨᠢᠨ ᠤ | ᠮᠢᠬ᠎ᠠ ᠵᠡᠷᠭᠡ ᠨᠤᠲᠤᠭ ᠤᠨ ᠤᠨᠴᠠ ᠭᠠᠷᠤᠯᠲᠠ ᠶᠢᠨ ᠡᠯᠧᠺᠲᠷᠤᠨ ᠬᠤᠳᠠᠯᠳᠤᠭ᠎ᠠ ᠶᠢ ᠡᠭᠦᠳᠦᠨ ᠬᠥᠭᠵᠢᠭᠦᠯᠦᠨ᠎ᠡ᠃ | ᠲᠠᠷᠢᠶᠠᠯᠠᠩ ᠤᠨ ᠪᠥᠲᠦᠭᠡᠭᠳᠡᠭᠦᠨ ᠤ ᠰᠤᠯᠢᠯᠴᠠᠭᠠᠨ ᠤ ᠵᠠᠬ᠎ᠠ ᠶᠢ ᠳᠦᠷᠢᠮᠵᠢᠭᠦᠯᠦᠨ ᠪᠠᠶᠢᠭᠤᠯᠵᠤ᠂ ᠬᠤᠳᠠᠯᠳᠤᠭᠠᠨ ᠤ | ᠵᠡᠭᠡᠯᠢ ᠶᠢᠨ ᠬᠥᠭᠵᠢᠯᠲᠡ ᠶᠢ ᠲᠡᠳᠬᠦᠵᠦ᠂ ᠪᠤᠳᠠᠰ ᠤᠨ ᠬᠡᠷᠡᠭᠯᠡᠭᠡ ᠶᠢ ᠥᠷᠭᠡᠳᠬᠡᠨ᠎ᠡ᠃ ᠨᠠᠰᠤᠲᠠᠶᠢᠴᠤᠳ ᠤᠨ | ᠠᠰᠠᠷᠠᠮᠵᠢ ᠶᠢᠨ ᠦᠢᠯᠡᠴᠢᠯᠡᠭᠡ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠬᠥᠭᠵᠢᠭᠦᠯᠵᠦ᠂ ᠨᠢᠰᠭᠡᠭᠴᠢ ᠶᠢᠨ | ᠪᠤᠯᠪᠠᠰᠤᠷᠠᠯ᠂ ᠠᠰᠠᠭᠤᠨ ᠰᠤᠷᠪᠤᠯᠵᠢᠯᠠᠭ᠎ᠠ᠂ ᠴᠢᠨᠠᠷ ᠴᠢᠨᠰᠠᠭᠠᠨ ᠤ ᠬᠢᠨᠠᠨ ᠪᠠᠶᠢᠴᠠᠭᠠᠯᠲᠠ᠂ ᠮᠠᠯ ᠠᠵᠤ ᠠᠬᠤᠢ ᠶᠢᠨ | ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠵᠡᠷᠭᠡ ᠥᠨᠳᠦᠷ ᠳᠡᠰ ᠤᠨ ᠦᠢᠯᠡᠴᠢᠯᠡᠭᠡᠨ ᠤ ᠦᠢᠯᠡᠰ ᠢ ᠢᠳᠡᠪᠬᠢᠲᠠᠢ | ᠭᠥᠭᠵᠢᠭᠦᠯᠵᠦ᠂ ᠰᠠᠭᠤᠭᠠᠯᠢ ᠠᠷᠠᠳ ᠤᠨ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠪᠠ ᠤᠷᠤᠨ ᠰᠠᠭᠤᠴᠠ | ᠶᠢᠨ ᠦᠢᠯᠡᠴᠢᠯᠡᠭᠡᠨ ᠤ ᠳᠥᠪᠰᠢᠨ ᠢ ᠳᠡᠭᠡᠭᠰᠢᠯᠡᠭᠦᠯᠦᠨ᠎ᠡ᠃ ᠵᠤᠴᠢᠳ ᠤᠨ ᠪᠠᠭᠤᠳᠠᠯ᠂ ᠬᠤᠳᠠᠯᠳᠤᠭ᠎ᠠ ᠴᠢᠯᠦᠭᠡᠲᠤ | ᠳᠡᠯᠭᠡᠭᠦᠷ᠂ ᠵᠢᠵᠢᠭᠯᠡᠨ ᠪᠤᠷᠤᠯᠠᠭᠤᠯᠬᠤ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠳᠡᠰ ᠳᠡᠪᠰᠢᠯᠲᠡ ᠶᠢ | ᠦᠷᠭᠦᠯᠵᠢᠯᠡᠨ ᠠᠬᠢᠭᠤᠯᠤᠨ᠎ᠠ᠃ | ︵ᠵᠢᠷᠭᠤᠭ᠎ᠠ︶ ︽ᠲᠥᠷᠢᠮ ᠢ ᠲᠡᠬᠦᠯᠳᠡᠷᠵᠢᠬᠦᠯᠵᠦ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ︾ ᠶᠢ | ᠪᠠᠷᠢᠮᠳᠠᠯᠠᠵᠤ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠲᠥᠷᠢᠮ ᠤᠨ ᠬᠢᠵᠠᠭᠠᠷᠯᠠᠯ ᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢᠨ ᠣᠷᠤᠨ ᠵᠠᠢ ᠶᠢᠨ ᠶᠡᠷᠦᠩᠬᠡᠢ | ᠲᠦᠯᠦᠪᠵᠢᠬᠦᠯᠭᠡ ᠶᠢ ᠬᠢᠨᠠᠮᠠᠭᠠᠢ ᠨᠠᠶᠢᠷᠠᠭᠤᠯᠤᠨ ᠵᠤᠬᠢᠶᠠᠵᠤ᠂ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ | ᠨᠡᠭᠡᠭᠡᠨ ᠬᠠᠮᠠᠭᠠᠯᠠᠬᠤ ︽ᠵᠢᠷᠤᠭ︾ ᠢ ᠵᠢᠯ ᠤᠨ ᠡᠴᠦᠰ ᠠᠴᠠ ᠡᠮᠦᠨ᠎ᠡ ᠲᠤᠭᠳᠠᠭᠠᠨ᠋᠃ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢ | ᠨᠡᠭᠡᠭᠡᠨ ᠬᠦᠭᠵᠢᠬᠦᠯᠬᠦ ᠵᠠᠭᠠᠭ ᠤᠨ ᠭᠤᠷᠪᠠᠨ ᠵᠤᠷᠪᠤᠰ ᠡᠵᠡᠮᠳᠡᠬᠦ ᠱᠤᠭᠤᠮ ᠢ ᠴᠢᠩᠭ᠎ᠠ ᠰᠠᠬᠢᠨ᠎ᠠ᠃ ᠲᠠᠯ᠎ᠠ ᠨᠤᠲᠤᠭ ᠤᠨ | ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠦᠬᠦᠪᠦᠷᠢᠯᠡᠬᠦ ᠲᠥᠷᠦ ᠶᠢᠨ ᠪᠤᠳᠤᠯᠭ᠎ᠠ ᠬᠢᠭᠡᠳ ᠱᠠᠳᠤᠴᠢ ᠴᠢᠨᠠᠷᠲᠠᠢ | ᠪᠡᠯᠴᠢᠭᠡᠷᠯᠡᠬᠦᠯᠬᠦ ᠶᠢ ᠵᠤᠭᠰᠤᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠵᠡᠷᠭᠡ ᠲᠥᠷᠢᠮ ᠢ ᠪᠦᠬᠦ | ᠲᠠᠯ᠎ᠠ ᠪᠠᠷ ᠰᠠᠶᠢᠲᠤᠷ ᠨᠠᠶᠢᠳᠠᠪᠦᠷᠢᠵᠢᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠬᠦ ᠠᠵᠢᠯ ᠢ ᠰᠠᠶᠢᠲᠤᠷ | ᠪᠡᠶᠡᠯᠡᠬᠦᠯᠵᠦ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠪᠤᠯᠤᠨ ᠱᠠᠩᠨᠠᠵᠤ ᠨᠦᠭᠦᠪᠦᠷᠢᠯᠡᠬᠦ ᠪᠡᠯᠡ ᠮᠦᠩᠬᠦ ᠶᠢ | ᠲᠠᠷᠬᠠᠭᠠᠬᠤ ᠠᠵᠢᠯ ᠢ ᠴᠢᠩᠭ᠎ᠠ ᠬᠡᠷᠡᠭᠵᠢᠬᠦᠯᠦᠨ᠎ᠡ᠃ ᠪᠦᠬᠦ ᠬᠤᠰᠢᠭᠤᠨ ᠤ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ | ᠤᠨ ᠠᠮᠢ ᠠᠬᠤᠢ ᠶᠢᠨ ᠱᠠᠩᠨᠠᠵᠤ ᠨᠦᠭᠦᠪᠦᠷᠢᠯᠡᠬᠦ ᠲᠦᠷᠥ ᠶᠢᠨ ᠪᠤᠳᠤᠯᠭ᠎ᠠ ᠶᠢᠨ ᠬᠡᠷᠡᠭᠵᠢᠬᠦᠯᠬᠦ ᠲᠦᠰᠦᠯ ᠢ ᠰᠤᠳᠤᠯᠤᠨ | ᠲᠤᠭᠳᠠᠭᠠᠨ᠎ᠠ᠃ ᠠᠮᠢ ᠠᠬᠤᠢ ᠤᠷᠴᠢᠨ ᠲᠤᠭᠤᠷᠢᠨ ᠤ ᠡᠪᠳᠡᠭᠳᠡᠯ ᠢ ᠢᠯᠡᠴᠢᠯᠡᠨ ᠮᠡᠳᠡᠬᠦᠯᠬᠦ ᠶᠢ ᠱᠠᠩᠨᠠᠵᠤ ᠬᠦᠬᠢᠬᠦᠯᠬᠦ | ᠲᠥᠷᠢᠮ ᠲᠤᠭᠳᠠᠭᠠᠯ ᠢ ᠬᠡᠷᠡᠭᠵᠢᠬᠦᠯᠦᠨ᠂ ᠬᠤᠯᠪᠤᠭᠠᠯᠠᠭᠰᠠᠨ ᠬᠠᠤᠯᠢ ᠬᠡᠷᠡᠭᠵᠢᠬᠦᠯᠦᠯᠲᠡ ᠶᠢᠨ ᠬᠢᠨᠠᠯᠲᠠ ᠶᠢ | ᠴᠢᠩᠭᠠᠳᠬᠠᠵᠤ᠂ ᠠᠮᠢ ᠠᠬᠤᠢ ᠣᠷᠴᠢᠨ ᠲᠤᠭᠤᠷᠢᠨ ᠢ ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠵᠤ | ᠰᠢᠢᠳᠭᠡᠨ᠎ᠡ᠃ | ᠰᠡᠷᠭᠦᠬᠡᠨ ᠵᠠᠰᠠᠬᠤ ᠠᠵᠢᠯ ᠢ ᠦᠷᠬᠦᠯᠵᠢᠯᠡᠨ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ | ᠡᠬᠢ ᠶᠢ ᠵᠠᠰᠠᠬᠤ᠂ ᠲᠡᠷᠢᠶᠠᠯᠠᠩ ᠤᠨ ᠦᠢᠯᠡᠰ ᠢ ᠶᠡᠷᠦᠩᠬᠡᠶᠢᠯᠡᠨ ᠨᠡᠭᠡᠭᠡᠨ ᠬᠦᠭᠵᠢᠬᠦᠯᠬᠦ᠂ ᠪᠠᠭ᠎ᠠ ᠤᠷᠤᠰᠬᠠᠯ ᠢ | ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠵᠦ᠂ ᠡᠯᠡᠰᠦᠷᠭᠡᠭ ᠭᠠᠵᠠᠷ ᠤᠨ | ᠭᠤᠣᠯᠳᠠᠯᠭ᠎ᠠ ᠲᠠᠢ ᠬᠦᠨᠦᠬᠡᠯᠲᠦ ᠤᠷᠤᠨ ᠢ ᠲᠤᠰᠬᠠᠢ ᠲᠥᠷᠦᠯ ᠢᠶᠠᠷ ᠵᠠᠰᠠᠬᠤ ᠶᠢ ᠲᠦᠷᠭᠡᠳᠭᠡᠨ ᠠᠬᠢᠭᠤᠯᠤᠨ᠎ᠠ᠃ | ᠮᠠᠯᠵᠢᠬᠤ ᠤᠷᠤᠨ ᠤ ᠣᠷᠣᠰᠢᠨ ᠠᠮᠢᠳᠤᠷᠠᠬᠤ ᠣᠷᠴᠢᠨ ᠲᠤᠭᠤᠷᠢᠨ ᠢ ᠵᠠᠰᠠᠨ ᠴᠡᠭᠴᠡᠯᠡᠬᠦ ᠭᠤᠷᠪᠡᠨ ᠵᠢᠯ ᠤᠨ | ᠠᠵᠢᠯᠯᠠᠭᠠᠨ ᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠦᠨ᠂ ᠮᠠᠯ ᠵᠢᠭᠦᠷᠲᠡᠨ ᠤ ᠢᠯᠭᠠᠳᠠᠰᠤᠨ ᠤ ᠪᠤᠬᠢᠷᠳᠤᠯ ᠢ | ᠶᠡᠷᠦᠩᠬᠡᠶᠢᠯᠡᠨ ᠠᠰᠢᠭᠯᠠᠬᠤ ᠨᠤᠷᠮ᠎ᠠ ᠶᠢ 75% ᠠᠴᠠ ᠲᠡᠭᠡᠭᠰᠢ ᠪᠤᠯᠭᠠᠵᠤ᠂ ᠮᠠᠯᠵᠢᠬᠤ ᠣᠷᠤᠨ ᠤ 265 | ᠡᠷᠦᠬᠡ ᠶᠢᠨ ᠵᠤᠷᠯᠤᠩ ᠢ ᠵᠠᠰᠠᠵᠤ ᠦᠭᠡᠷᠡᠴᠢᠯᠡᠨ᠂ ᠪᠠᠶᠠᠨᠲᠠᠯ᠎ᠠ ᠪᠠᠯᠭᠠᠰᠤ᠂ ᠤᠩᠭᠤᠨ ᠠᠭᠤᠯᠠ ᠰᠤᠮᠤ᠂ ᠪᠤᠭᠳᠠ ᠶᠢᠨ | ᠭᠤᠣᠯ ᠰᠣᠮᠤᠨ ᠤ ᠠᠮᠢᠳᠤᠷᠠᠯ ᠤᠨ ᠬᠤᠭ ᠨᠤᠪᠰᠢ ᠶᠢ ᠴᠡᠪᠡᠷᠯᠡᠬᠦ ᠲᠦᠭᠦᠬᠡᠷᠦᠮᠵᠢ ᠶᠢ ᠠᠰᠢᠭᠯᠠᠯᠲᠠ ᠳᠤ | ᠤᠷᠤᠭᠤᠯᠬᠤ ᠶᠢ ᠪᠠᠳᠤᠯᠠᠵᠤ᠂ ᠠᠭᠤᠷᠬᠠᠢ ᠶᠢᠨ ᠣᠷᠴᠢᠨ ᠲᠤᠭᠤᠷᠢᠨ ᠤ ᠵᠠᠰᠠᠯᠲᠠ ᠪᠠ ᠪᠤᠬᠢᠷᠳᠤᠯ ᠦᠬᠡᠢ | ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ︵ᠳᠤᠯᠤᠭ᠎ᠠ︶ ︽ᠴᠢᠳᠠᠯ ᠤᠨ ᠢᠶᠠᠨ ᠬᠢᠷᠢ ᠪᠠᠷ ᠬᠢᠵᠦ᠂ ᠳᠤᠲᠠᠭᠳᠠᠯ ᠢᠶᠠᠨ ᠨᠦᠬᠦᠪᠦᠷᠢᠯᠡᠬᠦ︾ ᠶᠢ | ᠪᠠᠷᠢᠮᠲᠠᠯᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ | ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠭᠦᠯᠦᠨ᠎ᠡ᠃ ᠡᠯ᠎ᠡ ᠲᠦᠷᠦᠯ ᠤᠨ ᠰᠤᠷᠭᠠᠨ ᠬᠦᠮᠦᠵᠢᠯ ᠤᠨ | ᠲᠡᠩᠴᠡᠭᠦᠷᠢᠲᠡᠢ ᠬᠦᠭᠵᠢᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠰᠠᠭᠤᠷᠢ ᠲᠦᠭᠦᠭᠡᠷᠦᠮᠵᠢ ᠶᠢ | ᠨᠦᠬᠦᠪᠦᠷᠢᠯᠡᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠲᠤᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠮᠣᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠲᠥᠷᠦᠯ | ᠵᠦᠢᠯ ᠢ ᠪᠡᠶᠡᠯᠡᠬᠦᠯᠵᠦ᠂ ᠪᠤᠭᠳᠠ ᠶᠢᠨ ᠭᠤᠤᠯ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠤᠷᠤᠭᠤᠯᠤᠨ᠂ | ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ | ᠲᠦᠯᠬᠢᠨ ᠠᠬᠢᠭᠤᠯᠤᠨ᠎ᠠ᠃ ᠬᠤᠶᠠᠳᠤᠭᠠᠷ ᠤᠳᠠᠭᠠᠨ ᠤ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠦᠬᠦ ᠲᠠᠯ᠎ᠡ ᠪᠠᠷ ᠨᠡᠶᠢᠲᠡᠪᠦᠷᠢᠵᠢᠭᠤᠯᠵᠤ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠪᠠᠭᠰᠢ ᠶᠢᠨ ᠬᠡᠪ ᠰᠤᠷᠲᠠᠯ ᠢ | ᠴᠢᠩᠭᠠᠳᠬᠠᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠦᠰᠦᠨ ᠡᠬᠦᠷᠭᠡ ᠶᠢ ᠨᠠᠶᠢᠳᠠᠪᠦᠷᠢᠵᠢᠭᠤᠯᠵᠤ᠂ ᠰᠤᠷᠤᠭᠴᠢᠳ | ᠤᠨ ᠶᠤᠰᠤ ᠮᠤᠷᠠᠯ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠬᠦᠳᠡᠯᠮᠦᠷᠢ ᠵᠡᠷᠭᠡ ᠪᠦᠬᠦ ᠲᠠᠯ᠎ᠠ ᠶᠢᠨ | ᠬᠦᠭᠵᠢᠯᠲᠡ ᠶᠢ ᠠᠬᠢᠭᠤᠯᠤᠨ᠎ᠠ᠃ | ᠠᠵᠢᠯ ᠤᠯᠭᠤᠯᠲᠠ ᠶᠢ ᠲᠤᠭᠳᠠᠭᠤᠨ ᠪᠠᠶᠢᠯᠭᠠᠬᠤ ᠪᠠ ᠦᠷᠭᠡᠳᠬᠡᠬᠦ ᠶᠢ ᠪᠠᠳᠤᠯᠠᠨ᠎ᠠ᠃ ᠠᠵᠢᠯ ᠤᠯᠭᠤᠯᠲᠠ ᠶᠢ | ᠲᠤᠭᠳᠠᠭᠤᠨ ᠪᠠᠶᠢᠯᠭᠠᠬᠤ ᠶᠢ ᠴᠢᠬᠤᠯᠠᠴᠢᠯᠠᠵᠤ᠂ ︽ᠠᠵᠢᠯ ᠤᠯᠭᠤᠯᠲᠠ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ | ᠳᠤ ᠦᠢᠯᠡᠴᠢᠯᠡᠬᠦ︾ ᠬᠠᠷᠠᠯᠲᠠ ᠶᠤᠰᠤᠭᠠᠷ᠂ ᠦᠢᠯᠡᠰ ᠪᠤᠰᠬᠠᠬᠤ ᠶᠢ ᠲᠡᠳᠭᠦᠨ ᠳᠡᠮᠵᠢᠬᠦ᠂ ᠮᠡᠷᠭᠡᠵᠢᠯ ᠤᠨ ᠴᠢᠳᠠᠪᠦᠷᠢ | ᠶᠢ ᠳᠡᠭᠡᠭᠰᠢᠯᠡᠭᠦᠯᠬᠦ᠂ ᠠᠵᠢᠯ ᠤᠨ ᠪᠠᠶᠢᠷᠢ ᠶᠢ ᠲᠣᠭᠳᠠᠪᠦᠷᠢᠵᠢᠭᠤᠯᠤᠨ ᠦᠷᠭᠡᠳᠭᠡᠬᠦ ᠵᠡᠷᠭᠡ ᠠᠷᠭ᠎ᠠ ᠬᠡᠮᠵᠢᠶ᠎ᠡ ᠶᠢ | ᠨᠡᠶᠢᠲᠡᠪᠦᠷᠢᠵᠢᠭᠤᠯᠵᠦ᠂ ᠨᠠᠶᠢᠲᠠ ᠤᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ᠂ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠵᠤ᠂ 1200 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡᠲ᠋ᠠᠷᠬᠠᠭᠠᠨ᠂ 400 | ᠬᠦᠮᠦᠨ ᠤᠳᠠᠭ᠎ᠠ ᠪᠤᠯᠪᠠᠰᠤᠷᠠᠭᠤᠯᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ | ᠨᠤᠷᠮ᠎ᠠ ᠶᠢ 3.2% ᠤᠨ ᠳᠤᠲᠤᠷ᠎ᠠ ᠬᠢᠵᠠᠭᠠᠷᠯᠠᠨ᠎ᠠ᠃ ᠬᠦᠯᠦᠰᠦᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ | ᠠᠵᠢᠯ ᠢ ᠰᠠᠶᠢᠲᠤᠷ ᠬᠢᠨ᠎ᠡ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠬᠦᠳᠡᠭᠡ | ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠨᠤᠷᠮ᠎ᠠ ᠶᠢ ᠤᠯᠠᠮ ᠳᠡᠭᠡᠭᠰᠢᠯᠡᠭᠦᠯᠵᠦ᠂ | ᠬᠤᠲᠠ ᠬᠦᠳᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢ ᠲᠡᠭᠦᠯᠲᠡᠷᠵᠢᠭᠦᠯᠦᠨ᠎ᠡ᠃ ᠠᠪᠤᠷᠠᠨ | ᠲᠤᠰᠠᠯᠠᠬᠤ ᠨᠡᠶᠢᠭᠡᠮ ᠤᠨ ᠡᠬᠢ ᠪᠠᠶᠠᠯᠢᠭ ᠢ ᠨᠢᠭᠡᠲᠤᠯᠲᠡᠢ ᠲᠦᠯᠦᠪᠯᠡᠬᠦ ᠶᠢ ᠴᠢᠩᠭᠠᠳᠬᠠᠵᠤ᠂ ᠬᠦᠴᠢᠷᠳᠡᠯᠲᠡᠢ ᠤᠯᠠᠨ | ᠲᠦᠮᠡᠨ ᠤ ᠦᠨᠳᠦᠰᠦᠨ ᠠᠮᠢᠳᠦᠷᠠᠯ ᠢ ᠪᠠᠲᠤᠯᠠᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠲᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠦᠯ ᠤᠨ ᠠᠰᠠᠷᠠᠨ ᠲᠡᠳᠬᠦᠬᠦ ᠪᠠᠷᠢᠮᠵᠢᠶ᠎ᠠ ᠶᠢ 5% | ᠪᠠᠷ ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠠ ᠶᠢᠨ ᠣᠩᠭᠤᠨ ᠪᠠ ᠤᠷᠤᠰᠢᠭᠤᠯᠭ᠎ᠠ | ᠶᠢᠨ ᠭᠠᠵᠠᠷ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠮᠡᠭᠲᠡᠶᠢᠴᠦᠳ᠂ ᠬᠡᠤᠭᠡᠳ᠂ ᠨᠠᠰᠤᠲᠠᠶᠢᠴᠤᠳ᠂ | ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠨᠠᠰᠤᠳᠠᠶᠢᠴᠤᠳ ᠤᠨ ᠪᠡᠶ᠎ᠡ ᠲᠠᠮᠢᠷ ᠤᠨ | ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠵᠡᠷᠭᠡ ᠠᠵᠢᠯ ᠢ ᠳᠡᠮᠵᠢᠨ᠎ᠡ᠃ | ᠨᠡᠰᠤᠵᠢᠯ ᠤᠨ ᠦᠢᠯᠡᠴᠢᠯᠡᠭᠡᠨ ᠤ 12349 ᠲᠡᠪᠴᠠᠩ ᠤᠨ ᠪᠦᠲᠤᠭᠡᠨ ᠪᠠᠶᠢᠭᠤᠯᠤᠯᠲᠠ ᠶᠢ ᠴᠢᠩᠭᠠᠳᠬᠠᠵᠤ᠂ | ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠪᠬᠢ ᠶᠢ | ᠲᠡᠭᠡᠭᠰᠢᠯᠡᠬᠦᠯᠦᠨ᠎ᠡ᠃ ᠳᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ | ᠶᠢᠨ ᠠᠵᠢᠯ ᠢ ᠰᠠᠶᠢᠲᠤᠷ ᠬᠢᠨ᠎ᠡ᠃ | ᠤᠷᠤᠰᠢᠨ ᠰᠠᠭᠤᠬᠤ ᠤᠷᠴᠢᠨ ᠲᠤᠭᠤᠷᠢᠨ ᠢ ᠤᠯᠠᠮ ᠰᠠᠶᠢᠵᠢᠷᠠᠭᠤᠯᠤᠨ᠎ᠠ᠃ ᠬᠤᠳᠠ ᠪᠠᠯᠭᠠᠰᠤ ᠶᠢᠨ | ᠨᠤᠭᠤᠭᠠᠷᠠᠭᠤᠯᠤᠯᠲᠠ᠂ ᠭᠤᠸᠠᠯᠢᠭᠵᠢᠭᠤᠯᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠰᠦᠷᠴᠢᠨ ᠴᠡᠪᠡᠷᠯᠡᠬᠦ | ᠬᠡᠯᠪᠡᠷᠢ ᠶᠢᠨ ᠵᠤᠷᠯᠥᠩ ᠤᠨ ᠪᠦᠲᠦᠭᠡᠨ ᠪᠠᠶᠢᠭᠤᠯᠤᠯᠲᠠ ᠪᠠ ᠠᠭᠤᠯᠵᠠᠭᠤᠷ ᠵᠠᠮ ᠢ ᠦᠭᠡᠷᠡᠴᠢᠯᠡᠬᠦ ᠲᠦᠷᠦᠯ ᠵᠦᠢᠯ ᠢ | ᠬᠦᠴᠦᠯᠡᠨ ᠬᠡᠷᠡᠭᠵᠢᠬᠦᠯᠦᠨ᠎ᠡ᠃ ᠭᠡᠷ ᠪᠠᠶᠢᠰᠢᠩ ᠤᠨ ᠦᠯᠦ ᠬᠦᠳᠡᠯᠬᠦ ᠬᠦᠷᠦᠩᠭᠡ ᠶᠢᠨ ᠦᠨᠡᠮᠯᠡᠯ ᠢ ᠣᠯᠭᠤᠬᠤ᠂ | ᠳᠦᠭᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠬᠦ ᠬᠤᠭᠤᠴᠠᠭ᠎ᠠ ᠨᠢ ᠬᠡᠳᠦᠷᠡᠭᠰᠡᠨ ᠴᠤ | ᠲᠥᠪᠬᠢᠨᠡᠬᠦᠯᠦᠭᠡᠳᠦᠢ ᠵᠡᠷᠭᠡ ᠦᠯᠡᠳᠡᠭᠳᠡᠯ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠳᠦᠭᠦᠮ ᠪᠦᠳᠦᠴᠡᠳᠦ ᠤᠷᠤᠨ | ᠰᠠᠭᠤᠴᠡ ᠶᠢᠨ ᠲᠤᠭᠤᠷᠢᠭ ᠢ ᠦᠭᠡᠷᠡᠴᠢᠯᠡᠬᠦ ᠪᠠ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠬᠦ ᠲᠦᠷᠦᠯ | ᠵᠦᠢᠯ ᠢ ᠰᠠᠶᠢᠲᠤᠷ ᠬᠡᠷᠡᠭᠵᠢᠭᠦᠯᠦᠨ᠎ᠡ᠃ ᠢᠯᠴᠢ ᠬᠠᠩᠭᠠᠬᠤ ᠬᠠᠭᠤᠴᠢᠨ ᠬᠤᠭᠤᠯᠠᠢ ᠲᠤᠤᠷ ᠢ 14.5 ᠺᠢᠯᠥᠮᠧᠲᠷ | ᠦᠭᠡᠷᠡᠴᠢᠯᠡᠵᠦ᠂ 50 ᠲᠦᠮᠡᠨ ᠲᠡᠭᠰᠢ ᠳᠦᠷᠪᠡᠯᠵᠢᠨ ᠮᠧᠲᠷ ᠤᠨ ᠢᠯᠴᠢ ᠬᠠᠩᠭᠠᠯᠭ᠎ᠠ ᠶᠢᠨ ᠲᠡᠩᠴᠡᠭᠦᠷᠢ ᠶᠢ | ᠪᠡᠶᠡᠯᠡᠭᠦᠯᠦᠨ᠎ᠡ᠃ | ᠣᠶᠤᠨ ᠤ ᠪᠤᠯᠪᠠᠰᠤᠨ ᠤ ᠪᠠᠶᠢᠭᠤᠯᠤᠯᠲᠠ ᠶᠢ ᠨᠢᠭᠡᠳᠦᠯᠲᠠᠢ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠵᠥᠪ ᠤᠳᠤᠷᠢᠳᠤᠮᠵᠢ ᠶᠢ ᠪᠠᠷᠢᠮᠲᠠᠯᠠᠵᠤ᠂ ᠵᠥᠪ ᠡᠨᠧᠷᠬᠢ ᠶᠢ | ᠶᠡᠬᠡᠪᠡᠷ ᠳᠠᠮᠵᠢᠭᠤᠯᠤᠨ ᠲᠠᠷᠬᠠᠭᠠᠨ᠎ᠠ᠃ ᠨᠡᠶᠢᠭᠡᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠢᠳᠡᠪᠬᠢᠳᠡᠢ | ᠦᠢᠯᠡᠳᠦᠯᠭᠡᠵᠢᠬᠦᠯᠵᠦ᠂ ᠠᠷᠠᠳ ᠢᠷᠭᠡᠳ ᠤᠨ ᠶᠤᠰᠤ ᠮᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ | ᠲᠦᠮᠡᠨᠴᠢ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠢᠨᠵᠧᠨᠧᠷᠢᠩ ᠢ ᠦᠷᠭᠡᠨ ᠳᠡᠯᠭᠡᠷ ᠦᠷᠨᠢᠭᠦᠯᠵᠦ᠂ ᠪᠦᠬᠦ | ᠨᠡᠶᠢᠭᠡᠮ ᠤᠨ ᠶᠤᠰᠤ ᠮᠤᠷᠠᠯ ᠪᠠ ᠣᠶᠣᠨ ᠤ ᠪᠤᠯᠪᠠᠰᠤᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠰᠢᠨ᠎ᠡ | ᠵᠠᠭᠤᠴᠢᠯᠠᠭᠤᠷ ᠤᠨ ᠲᠦᠷᠢᠮᠵᠢᠭᠰᠡᠨ ᠡᠷᠡᠬᠦᠯ ᠬᠦᠭᠵᠢᠯᠲᠠ ᠶᠢ ᠲᠡᠮᠵᠢᠨ᠎ᠡ᠃ ᠲᠣᠣᠷ ᠰᠦᠯᠵᠢᠶᠡᠨ ᠤ ᠠᠮᠤᠷ ᠲᠦᠪᠰᠢᠨ | ᠤ ᠪᠠᠶᠢᠭᠤᠯᠤᠯᠲᠡ ᠶᠢ ᠴᠢᠩᠭᠠᠳᠬᠠᠨ᠎ᠠ᠃ ᠡᠷᠡᠬᠦᠯ ᠰᠠᠶᠢᠬᠠᠨ ᠲᠤᠤᠷ ᠰᠦᠯᠵᠢᠶᠡᠨ ᠤ ᠤᠷᠤᠨ ᠠᠬᠤᠢ ᠶᠢ ᠪᠣᠢ | ᠪᠤᠯᠭᠠᠨ᠎ᠠ᠃ | ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠤᠯᠠᠭᠠᠨᠮᠦ᠋ᠴᠢᠷ ᠤᠨ ᠪᠤᠯᠪᠠᠰᠤᠷᠠᠯ ᠤᠨ | ᠲᠢᠩᠬᠢᠮ ᠪᠠ ᠰᠢᠨᠡᠪᠤᠯᠠᠭ ᠪᠠᠯᠭᠠᠰᠤᠨ ᠤ ᠣᠯᠠᠨ ᠨᠡᠶᠢᠲᠡ ᠶᠢᠨ ᠪᠡᠶ᠎ᠡ ᠲᠠᠮᠢᠷ ᠤᠨ ᠬᠦᠳᠡᠯᠭᠡᠭᠡᠨ ᠤ ᠲᠥᠪ ᠢ | ᠰᠢᠨ᠎ᠡ ᠪᠠᠷ ᠪᠠᠶᠢᠭᠤᠯᠵᠤ᠂ ᠤᠯᠠᠨ ᠨᠡᠶᠢᠲᠡ ᠶᠢᠨ ᠲᠠᠮᠢᠷ ᠤᠨ ᠲᠠᠯᠠᠪᠤᠷ᠂ ᠪᠠᠷᠢᠮᠵᠢᠶᠠᠵᠢᠭᠰᠠᠨ ᠬᠦᠯ ᠪᠦᠮᠪᠦᠭᠡᠨ ᠤ | ᠲᠠᠯᠠᠪᠤᠷ ᠤᠨ ᠲᠤᠨᠤᠭ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠰᠤᠶᠤᠯ ᠤᠨ ᠤᠷᠳᠤᠨ᠂ ᠨᠤᠮ ᠤᠨ ᠰᠠᠩ ᠤᠨ | ᠤᠷᠳᠤᠨ ᠤ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ | ᠦᠷᠲᠡᠭᠡ᠂ ᠲᠠᠯ᠎ᠠ ᠨᠤᠲᠤᠭ ᠤᠨ ᠨᠤᠮ ᠤᠨ ᠦᠷᠦᠭᠡ ᠵᠡᠷᠭᠡ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠣᠶᠤᠯᠵᠢᠭᠰᠠᠨ ᠡᠷᠦᠬᠡ ᠶᠢ ᠬᠦᠮᠦᠵᠢᠭᠦᠯᠵᠦ᠂ ᠤᠯᠠᠨ | ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠳᠬ᠎ᠠ | ᠤᠷᠠᠯᠢᠭ ᠤᠨ ᠵᠤᠬᠢᠶᠠᠨ ᠪᠦᠲᠦᠭᠡᠬᠦ ᠰᠤᠯᠢᠯᠴᠠᠭ᠎ᠠ ᠶᠢ ᠴᠢᠩᠭᠠᠳᠬᠠᠵᠤ᠂ ᠲᠡᠤᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠨ ᠠᠰᠢᠭᠯᠠᠬᠤ ᠪᠠ ᠪᠤᠳᠠᠰ ᠤᠨ ᠪᠤᠰᠤ ᠰᠤᠶᠤᠯ ᠤᠨ ᠦᠪ ᠢ ᠥᠪᠯᠡᠨ ᠵᠠᠯᠭᠠᠮᠵᠢᠯᠠᠬᠤ ᠶᠢ ᠴᠢᠩᠭᠠᠳᠬᠠᠨ᠎ᠠ᠃ | ᠪᠦᠬᠦ ᠤᠷᠤᠨ᠂ ᠠᠶᠢᠮᠠᠭ ᠤᠨ ᠰᠤᠶᠤᠯ ᠲᠠᠮᠢᠷ ᠤᠨ ᠤᠷᠤᠯᠳᠤᠭᠠᠨ ᠢ ᠢᠳᠡᠪᠬᠢᠲᠡᠢ ᠲᠠᠭᠠᠭᠠᠴᠢᠯᠠᠨ ᠡᠷᠬᠢᠯᠡᠨ᠎ᠡ᠃ ᠪᠦᠬᠦ | ᠠᠷᠠᠳ ᠤᠨ ᠨᠣᠮ ᠣᠩᠰᠢᠬᠤ ᠡᠳᠦᠷ᠂ ᠪᠡᠶ᠎ᠡ ᠴᠢᠬᠢᠷᠠᠭᠵᠢᠭᠤᠯᠬᠤ ᠡᠳᠦᠷ᠂ ᠠᠷᠢᠭᠤᠨ ᠴᠡᠪᠡᠷᠯᠡᠭᠡ ᠶᠢᠨ ᠡᠳᠦᠷ ᠤᠨ | ᠲᠥᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ᠂ ᠪᠦᠬᠦ | ᠠᠷᠠᠳ ᠢᠶᠠᠷ ᠢᠶᠠᠨ ᠨᠣᠮ ᠣᠩᠰᠢᠬᠤ᠂ ᠤᠳᠬ᠎ᠠ ᠤᠷᠠᠯᠢᠭ ᠤᠨ ᠲᠤᠭᠯᠠᠯᠲᠠ ᠵᠡᠷᠭᠡ ᠣᠯᠠᠨ ᠲᠦᠮᠡᠨᠴᠢ ᠰᠤᠶᠤᠯ ᠲᠠᠮᠢᠷ | ᠤᠨ ᠬᠦᠳᠡᠯᠭᠡᠭᠡᠨ ᠢ ᠥᠷᠨᠢᠬᠦᠯᠦᠨ᠎ᠡ᠃ | ︵ᠨᠠᠢᠮᠠ︶ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ︾ ᠶᠢ | ᠪᠠᠷᠢᠮᠲᠠᠯᠠᠵᠤ᠂ ᠵᠠᠰᠠᠭ ᠤᠨ ᠤᠷᠳᠤᠨ ᠤ ᠴᠡᠭᠴᠡᠯᠡᠨ ᠵᠠᠰᠠᠬᠤ ᠴᠢᠳᠠᠪᠬᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠵᠠᠰᠠᠭ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠠᠮ ᠠᠴᠠ ᠨᠠᠮ ᠢ ᠬᠠᠮᠢᠶᠠᠷᠬᠤ᠂ | ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠢ ᠴᠢᠩᠭ᠎ᠠ ᠵᠠᠰᠠᠬᠤ ᠪᠦᠬᠦ ᠶᠠᠪᠤᠴᠠ ᠳᠤ ᠨᠡᠶᠢᠲᠡᠪᠦᠷᠢᠵᠢᠭᠤᠯᠵᠦ᠂ | ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠬᠦᠢᠴᠡᠳᠭᠡᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠲᠡᠭᠡᠷ᠎ᠡ ᠪᠠᠨ ᠰᠢ | ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠢᠮᠠᠭᠲᠠ ᠳᠡᠭᠡᠲᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠶᠢ ᠪᠠᠷᠢᠮᠲᠠᠯᠠᠨ᠂ ᠵᠠᠰᠠᠭ ᠤᠨ ᠰᠢᠢᠳᠪᠦᠷᠢ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠡᠬᠦᠷᠭᠡ ᠬᠠᠷᠢᠭᠤᠴᠠᠯᠭ᠎ᠠ ᠪᠠᠨ ᠵᠤᠷᠢᠭᠲᠠᠢ ᠡᠬᠦᠷᠭᠡᠯᠡᠬᠦ ᠶᠢ ᠲᠠᠰᠤᠷᠠᠯᠲᠠ ᠦᠬᠡᠢ ᠴᠢᠩᠭᠠᠳᠬᠠᠨ᠎ᠠ᠃ ᠬᠡᠯᠪᠡᠷᠢᠴᠢ | ᠦᠵᠡᠯ᠂ ᠨᠤᠶᠠᠨᠴᠢ ᠰᠤᠷᠲᠠᠯ ᠢ ᠡᠷᠡᠰ ᠡᠰᠡᠷᠭᠦᠴᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ︽ᠲᠠᠷᠤᠶᠢᠬᠠᠨ | ᠬᠦᠢᠴᠡᠳᠭᠡᠬᠦ︾ ᠶᠢ ᠰᠠᠨᠠᠭᠠᠴᠢᠯᠠᠵᠤ᠂ ᠠᠵᠢᠯ ᠪᠡᠶᠡᠯᠡᠬᠦᠯᠬᠦ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯ ᠢᠶᠠᠨ ᠯᠠᠪᠳᠠᠭᠤᠨ ᠪᠠᠳᠤᠳᠠᠢ ᠶᠠᠪᠤᠭᠳᠠᠭᠤᠯᠤᠨ᠎ᠠ᠃ | ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠬᠦ ᠲᠠᠯ᠎ᠠ ᠪᠠᠷ ᠪᠠᠶᠢᠭᠤᠯᠤᠨ᠎ᠠ᠃ ᠳᠦᠷᠢᠮ ᠤᠨ ᠬᠢᠵᠠᠭᠠᠷᠯᠠᠯ ᠢ | ᠴᠢᠩᠭᠠᠳᠬᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠪᠠ ᠲᠦᠷᠦ ᠶᠢᠨ ᠪᠤᠲᠤᠯᠭ᠎ᠠ ᠶᠢᠨ ᠤᠯᠠᠭᠠᠨ ᠱᠤᠭᠤᠮ ᠢ | ᠴᠢᠩᠭᠠᠳᠬᠠᠵᠤ᠂ ᠺᠠᠳ᠋ᠷᠴᠤᠳ ᠲᠦᠪ ᠴᠢᠭᠡᠴᠢ᠂ ᠵᠠᠰᠠᠭ ᠤᠨ ᠤᠷᠳᠤᠨ ᠠᠷᠢᠭᠤᠨ ᠴᠢᠭᠡᠴᠢ᠂ ᠤᠯᠤᠰ ᠲᠦᠷᠦ ᠰᠢᠳᠤᠷᠭᠤ | ᠭᠤᠤᠯᠴᠢ ᠪᠠᠶᠢᠬᠤ ᠶᠢ ᠡᠷᠬᠢᠮᠯᠡᠨ᠎ᠡ᠃ ᠲᠦᠪ ᠬᠤᠷᠢᠶᠠᠨ ᠤ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ︽ᠳᠦᠷᠪᠡᠨ ᠰᠤᠷᠲᠠᠯ︾ ᠢ ᠦᠨᠡᠨᠬᠦ ᠵᠠᠯᠠᠷᠠᠭᠤᠯᠤᠨ᠎ᠠ᠃ ᠠᠷᠪᠢᠯᠠᠨ | ᠭᠠᠮᠨᠠᠬᠤ᠂ ᠠᠵᠢᠯᠴᠢ ᠠᠷᠪᠢᠴᠢ ᠪᠠᠷ ᠠᠵᠢᠯ ᠦᠢᠯᠡᠰ ᠡᠷᠬᠢᠯᠡᠬᠦ ᠶᠢ ᠪᠠᠷᠢᠮᠲᠠᠯᠠᠵᠤ᠂ ᠳᠦᠭᠦᠮ ᠲᠤᠬᠢᠷᠠᠮᠵᠢᠲᠠᠢ᠂ ᠪᠤᠬᠢᠷᠳᠤᠯ | ᠦᠭᠡᠢ ᠠᠮᠢᠳᠤᠷᠠᠬᠤ ᠠᠷᠭ᠎ᠠ ᠤᠬᠠᠭᠠᠨ ᠢ ᠪᠡᠶᠡᠴᠢᠯᠡᠨ ᠰᠠᠨᠠᠭᠠᠴᠢᠯᠠᠨ᠎ᠠ᠃ | ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠦᠯᠢᠶᠡᠨ᠂ | ᠬᠤᠰᠢᠭᠤ ᠤᠯᠤᠰ ᠲᠥᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ | ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠡᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ ᠪᠤᠲᠤᠯᠳᠠ ᠪᠠᠷ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ | ᠠᠷᠠᠳ ᠤᠨ ᠲᠦᠯᠦᠭᠡᠯᠡᠭᠴᠢᠳ᠂ ᠤᠯᠤᠰ ᠲᠥᠷᠦ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠪᠠ ᠨᠠᠮ ᠪᠦᠯᠦᠭ ᠤᠨ | ᠪᠤᠰᠤ ᠬᠦᠮᠦᠰ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠬᠢᠨᠠᠮᠠᠭᠠᠢ | ᠬᠦᠯᠢᠶᠡᠨ ᠰᠤᠨᠤᠰᠴᠤ᠂ ᠠᠷᠠᠳ ᠤᠨ ᠲᠦᠯᠦᠭᠡᠯᠡᠭᠴᠢᠳ ᠤᠨ ᠰᠠᠨᠠᠯ᠂ ᠰᠠᠨᠠᠭᠤᠯᠭ᠎ᠠ ᠪᠠ ᠤᠯᠤᠰ ᠲᠦᠷᠥ ᠶᠢᠨ | ᠵᠦᠪᠯᠡᠯᠭᠡᠨ ᠤ ᠬᠡᠰᠢᠬᠦᠳ ᠤᠨ ᠲᠤᠷᠠᠳᠤᠯᠭ᠎ᠠ ᠶᠢ ᠴᠠᠭ ᠲᠤᠬᠠᠢ ᠳᠤᠨᠢ ᠰᠠᠶᠢᠲᠤᠷ ᠪᠡᠶᠡᠯᠡᠬᠦᠯᠦᠨ᠎ᠡ᠃ ᠪᠤᠭᠳᠠ ᠶᠢᠨ | ᠭᠤᠣᠯ ᠰᠤᠮᠤᠨ ᠤ ᠳᠤᠷᠰᠢᠯᠲᠠ ᠶᠢᠨ ᠴᠢᠭ ᠤᠨ ᠲᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠠᠷᠠᠳ ᠤᠨ ᠠᠮᠢᠳᠤᠷᠠᠯ ᠤᠨ | ᠪᠤᠳᠠᠳᠤ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠠᠴᠠ ᠪᠢᠯᠧᠲ ᠦᠭᠴᠦ ᠰᠤᠩᠭᠤᠨ ᠲᠤᠭᠳᠠᠭᠠᠬᠤ | ᠲᠥᠷᠢᠮ ᠢ ᠲᠦᠷᠪᠡᠨ ᠰᠤᠮᠤ ᠪᠠᠯᠭᠠᠰᠤᠨ ᠳᠤ ᠪᠦᠬᠦ ᠲᠠᠯ᠎ᠠ ᠪᠠᠷ ᠲᠦᠭᠡᠮᠡᠯᠵᠢᠬᠦᠯᠦᠨ᠎ᠡ᠃ | ᠲᠦᠯᠦᠭᠡᠯᠡᠭᠴᠢᠳ ᠡ︕ 2019 ᠤᠨ ᠳᠤ᠂ ᠪᠢᠳᠡ ᠤᠷᠭᠢᠯᠤᠮ᠎ᠠ ᠬᠠᠯᠠᠭᠤᠨ ᠰᠡᠳᠭᠢᠯᠭᠡ ᠪᠠᠷ ᠪᠦᠭᠦᠲᠡ | ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ | ᠰᠢᠨ᠎ᠡ ᠲᠤᠮᠲᠠᠲᠤ ᠤᠯᠤᠰ ᠤᠨ ᠤᠯᠤᠭᠰᠠᠨ ᠠᠤᠭ᠎ᠠ ᠶᠡᠭᠡ ᠠᠮᠵᠢᠯᠲᠠ ᠶᠢ ᠪᠢᠴᠢᠭᠯᠡᠪᠡ᠃ ᠦᠩᠭᠡᠷᠡᠭᠰᠡᠨ ᠨᠢᠭᠡ | ᠵᠢᠯ ᠳᠤ ᠪᠢᠳᠡ ᠪᠦᠭᠦᠳᠡᠭᠡᠷ ᠰᠡᠳᠭᠢᠯ ᠨᠢᠭᠡᠳᠴᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠤᠶᠠᠷ ᠤᠳᠠᠭᠠᠨ ᠤ ᠬᠠᠲᠠᠭᠤ ᠳᠠᠶᠢᠯᠠᠯᠳᠤᠭᠠᠨ ᠤ | ᠢᠯᠠᠯᠲᠠ ᠶᠢ ᠵᠠᠯᠭᠠᠪᠠᠷ ᠤᠯᠤᠭᠰᠠᠨ ᠪᠠᠶᠢᠨ᠎ᠠ᠃ 2020 ᠤᠨ ᠳ᠋᠊᠂ ᠪᠢᠳᠡ ᠪᠦᠬᠦ ᠠᠶᠢᠮᠠᠭ ᠲᠠᠢ ᠠᠯᠬᠤᠭ᠎ᠠ ᠨᠢᠭᠡᠲᠡᠢ | ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠢᠳᠡ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠴᠠᠭ ᠮᠦᠴᠡ ᠲᠠᠢ ᠤᠷᠤᠯᠳᠤᠨ ᠰᠢᠨᠳᠠᠷᠠᠰᠢ ᠦᠬᠡᠢ ᠴᠢᠷᠮᠠᠶᠢᠵᠤ᠂ ᠡᠯ᠎ᠡ | ᠵᠦᠢᠯ ᠤᠨ ᠠᠶᠤᠯ ᠲᠦᠭᠰᠢᠭᠦᠷᠢ ᠦᠷᠢᠰᠦᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠵᠤ᠂ ᠰᠢᠯᠢᠳᠡᠭ ᠬᠢᠷᠢ | ᠪᠦᠲᠦᠮᠵᠢ ᠪᠠᠷ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠯ᠎ᠡ ᠵᠦᠢᠯ ᠤᠨ ᠡᠭᠦᠷᠭᠡ ᠶᠢ | ᠪᠦᠬᠦ ᠲᠠᠯ᠎ᠠ ᠪᠠᠷ ᠪᠡᠶᠡᠯᠡᠭᠦᠯᠵᠦ᠂ ᠪᠠᠶᠠᠨ ᠴᠢᠨᠡᠭᠡᠯᠢᠭ ᠪᠤᠯᠪᠠᠰᠤᠨ ᠦᠵᠡᠰᠭᠦᠯᠡᠩᠲᠦ ᠰᠠᠶᠢᠬᠠᠨ ᠬᠦᠪᠡᠭᠡᠲᠦ ᠰᠢᠷ᠎ᠠ | ᠬᠤᠰᠢᠭᠤ ᠶᠢ ᠴᠤᠭᠴᠠᠯᠠᠨ ᠪᠠᠶᠢᠭᠤᠯᠬᠤ ᠪᠠᠷ ᠴᠢᠷᠮᠠᠶᠢᠵᠠᠭᠠᠶ᠎ᠠ︕ | | | | | | | | | | ᠨᠡᠷᠡᠰ ᠤᠨ ᠲᠠᠶᠢᠯᠪᠦᠷᠢ᠄ | ᠲᠦᠷᠪᠡᠨ ᠤᠬᠠᠮᠰᠠᠷ᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ | ᠨᠢᠭᠡᠳᠦᠯᠲᠡᠶ ᠪᠠᠶᠢᠬᠤ ᠤᠬᠠᠮᠰᠠᠷ᠃ | ᠲᠦᠷᠪᠡᠨ ᠢᠳᠡᠭᠡᠯ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ | ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠃ | ᠬᠤᠶᠠᠷ ᠢ ᠬᠠᠮᠠᠭᠠᠯᠠᠬᠤ᠄ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ | ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾᠄ ᠠᠵᠢᠯ ᠣᠯᠭᠤᠯᠲᠠ ᠶᠢ ᠲᠤᠭᠳᠠᠭᠤᠨ | ᠪᠠᠶᠢᠯᠭᠠᠬᠤ᠂ ᠮᠥᠩᠭᠦᠨ ᠬᠦᠢᠯᠬᠡᠭᠡ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠤᠭᠳᠠᠭᠤᠨ | ᠪᠠᠶᠢᠯᠭᠠᠬᠤ᠂ ᠭᠠᠳᠠᠭᠠᠳᠤ ᠪᠠᠯᠠ ᠶᠢ ᠲᠤᠭᠳᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠤᠭᠳᠠᠭᠤᠨ ᠪᠠᠶᠢᠯᠭᠠᠬᠤ᠂ | ᠵᠢᠱᠢᠯᠲᠡ ᠶᠢ ᠲᠤᠭᠳᠠᠭᠤᠨ ᠪᠠᠶᠢᠯᠭᠠᠬᠤ᠃ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ | ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ᠂ ᠠᠮᠤ ᠪᠤᠳᠠᠭ᠎ᠠ | ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠰᠦ ᠪᠠ | ᠬᠠᠩᠭᠠᠯᠭ᠎ᠠ ᠶᠢᠨ ᠬᠡᠯᠬᠢᠶᠡᠰᠦ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠬᠤ ᠶᠢ | ᠪᠠᠲᠤᠯᠠᠨ᠎ᠠ | ᠭᠤᠷᠪᠠ ᠶᠢ ᠨᠠᠶᠢᠳᠠᠪᠤᠷᠢᠵᠢᠭᠤᠯᠬᠤ᠂ ᠭᠤᠷᠪᠠᠨ ᠨᠠᠷᠢᠯᠢᠭ ᠤᠨᠤᠪᠴᠢᠳᠠᠢ᠂ ᠭᠤᠷᠪᠠᠨ ᠪᠠᠳᠤᠯᠠᠭ᠎ᠠ᠄ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠃ ᠨᠠᠷᠢᠯᠢᠭ | ᠤᠨᠤᠪᠴᠢᠳᠠᠢ ᠪᠠᠷ ᠢᠯᠭᠠᠨ ᠲᠠᠨᠢᠬᠤ᠂ ᠨᠠᠷᠢᠯᠢᠭ ᠤᠨᠤᠪᠴᠢᠳᠠᠢ ᠪᠠᠷ ᠬᠠᠪᠰᠤᠷᠤᠨ ᠲᠡᠳᠬᠦᠬᠦ᠂ ᠨᠠᠷᠢᠯᠢᠭ | ᠤᠨᠤᠪᠴᠢᠲᠠᠢ ᠪᠠᠷ ᠤᠬᠤᠷᠢᠨ ᠭᠠᠷᠬᠤ᠃ ᠠᠯᠪᠠᠨ ᠵᠢᠷᠤᠮ ᠤᠨ ᠰᠤᠷᠭᠠᠨ ᠬᠥᠮᠦᠵᠢᠯ ᠶᠢᠨ ᠪᠠᠳᠤᠯᠠᠭ᠎ᠠ᠂ ᠦᠨᠳᠦᠰᠦᠨ | ᠡᠮᠴᠢᠯᠡᠭᠡᠨ ᠤ ᠪᠠᠳᠤᠯᠠᠭ᠎ᠠ᠂ ᠠᠶᠤᠯᠬᠦᠢ ᠣᠷᠣᠨ ᠰᠠᠭᠤᠴᠠ ᠶᠢᠨ ᠪᠠᠳᠤᠯᠠᠭ᠎ᠠ ᠶᠢ ᠰᠢᠢᠳᠪᠦᠷᠢᠯᠡᠨ᠎ᠡ | ︽ᠳᠥᠷᠪᠡ ᠬᠤᠪᠢᠷᠠᠬᠤ ᠥᠬᠡᠶ︾ ᠲᠥᠷᠥ ᠶᠢᠨ ᠪᠣᠳᠣᠯᠭ᠎ᠠ᠄ ᠶᠠᠳᠠᠭᠤ ᠶᠢᠨ ᠮᠠᠯᠠᠭᠠᠢ ᠪᠠᠨ ᠲᠠᠶᠠᠭᠳᠠᠭᠰᠠᠨ ᠪᠤᠯᠪᠠᠴᠤ | ᠬᠠᠷᠢᠭᠤᠴᠠᠯᠭ᠎ᠠ ᠬᠤᠪᠢᠷᠠᠬᠤ ᠦᠬᠡᠢ᠂ ᠲᠥᠷᠥ ᠶᠢᠨ ᠪᠣᠳᠣᠯᠭ᠎ᠠ ᠬᠤᠪᠢᠷᠠᠬᠤ ᠦᠬᠡᠢ᠂ ᠬᠠᠪᠰᠤᠷᠤᠨ ᠲᠡᠳᠬᠦᠬᠦ | ᠬᠤᠪᠢᠷᠠᠬᠤ ᠦᠬᠡᠢ᠂ ᠬᠢᠨᠠᠨ ᠬᠠᠮᠢᠶᠠᠷᠤᠯᠲᠠ ᠬᠤᠪᠢᠷᠠᠬᠤ ᠦᠬᠡᠢ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠤᠨ ᠥᠭᠡᠷᠡᠴᠢᠯᠡᠯᠲᠡ᠄ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ | ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ | ᠬᠠᠷᠭᠤᠭᠤᠯᠬᠤ ᠲᠦᠷᠢᠮ᠃ | ︽ᠬᠤᠣᠰ ᠴᠠᠬᠠᠷ︾ ᠠᠵᠤ ᠦᠢᠯᠡᠰ᠄ ᠴᠠᠬᠠᠷ ᠬᠤᠨᠢ᠂ ᠴᠠᠬᠠᠷ ᠴᠠᠭᠠᠨ ᠢᠳᠡᠭᠡ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠲᠠᠪᠤ ᠶᠢ ᠨᠢᠭᠡ ᠴᠤᠭᠴᠠᠵᠢᠭᠤᠯᠬᠤ︾᠄ | ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠵᠠᠬ᠎ᠠ ᠳᠡᠯᠭᠡᠭᠦᠷ ᠵᠢᠴᠢ ᠨᠠᠷᠠᠲᠤ ᠲᠡᠮᠳᠡᠭ᠂ ᠡᠵᠡᠩᠨᠡᠨ ᠪᠣᠷᠣᠯᠠᠭᠤᠯᠬᠤ᠂ ᠰᠣᠶᠣᠯ | ᠵᠢᠭᠤᠯᠴᠢᠯᠠᠯ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠳᠥᠷᠪᠡ ᠶᠢ ᠨᠢᠭᠡᠳᠬᠡᠬᠦ᠄ ᠲᠠᠸᠠᠷ ᠤᠨ | ᠲᠡᠮᠳᠡᠭᠲᠦ ᠶᠢ ᠨᠢᠭᠡᠳᠦᠯᠲᠡᠶ ᠪᠠᠶᠢᠯᠭᠠᠬᠤ᠂ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ᠂ ᠴᠢᠮᠡᠭᠯᠡᠨ ᠪᠤᠭᠤᠳᠠᠯᠯᠠᠬᠤ᠂ | ᠨᠢᠭᠡᠳᠦᠯᠲᠡᠶ ᠡᠵᠡᠩᠨᠡᠨ ᠪᠤᠷᠤᠯᠠᠭᠤᠯᠬᠤ᠃ | ᠲᠦᠷᠪᠡᠨ ᠣᠯᠠᠷᠢᠯ ᠤᠨ ᠨᠠᠶᠢᠷ᠄ ᠬᠠᠪᠤᠷ ᠤᠨ ᠤᠯᠠᠷᠢᠯ ᠤᠨ ᠪᠡᠶ᠎ᠡ ᠴᠢᠬᠢᠷᠠᠭᠵᠢᠭᠤᠯᠬᠤ ᠨᠠᠶᠢᠷ᠂ ᠵᠤᠨ ᠤ ᠣᠯᠠᠷᠢᠯ ᠤᠨ | ᠣᠷᠠᠯᠢᠭ ᠤᠨ ᠨᠠᠶᠢᠷ᠂ ᠠᠯᠲᠠᠨ ᠨᠠᠮᠣᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠨᠠᠶᠢ᠊᠂ ᠡᠪᠦᠯ ᠤᠨ ᠣᠯᠠᠷᠢᠯ ᠤᠨ | ᠴᠠᠭᠠᠨ ᠰᠦᠯᠲᠡ ᠶᠢᠨ ᠨᠠᠶᠢᠷ᠃ | ︽ᠵᠢᠷᠭᠤᠭᠠᠨ ᠨᠢᠭᠡ︾ ᠶᠢᠨ ᠢᠨᠵᠧᠨᠧᠷᠢᠩ᠄ ᠨᠢᠭᠡ ᠨᠠᠶᠢᠷ — ᠲᠠᠯ᠎ᠠ ᠨᠤᠳᠤᠭ ᠤᠨ ᠠᠰᠣᠷᠣ ᠳᠠᠭᠤᠣ ᠬᠦᠭᠵᠢᠮ ᠤᠨ | ᠨᠠᠶᠢᠷ᠃ ᠨᠢᠭᠡ ᠬᠦᠷᠢᠶᠡᠯᠡᠩ — ᠠᠰᠣᠷᠣ ᠠᠮᠢ ᠠᠬᠤᠢ ᠵᠠᠩ ᠦᠢᠯᠡ ᠶᠢᠨ ᠬᠦᠷᠢᠶᠡᠯᠡᠩ᠃ ᠨᠢᠭᠡ ᠵᠡᠭᠡᠯᠢ — | ᠦᠨᠳᠦᠰᠦᠳᠡᠨ ᠤ ᠵᠠᠩ ᠦᠢᠯᠡ ᠵᠢᠭᠤᠯᠴᠢᠯᠠᠯ ᠤᠨ ᠲᠠᠸᠠᠷ ᠤᠨ ᠵᠠᠭᠡᠯᠢ᠃ ᠨᠢᠭᠡ ᠤᠷᠤᠯᠳᠣᠭᠠᠨ — ᠠᠰᠣᠷᠣ | ᠬᠤᠨᠳᠠᠭᠠᠳᠣ ᠳᠠᠭᠤᠣ ᠬᠦᠭᠵᠢᠮ ᠤᠨ ᠤᠷᠤᠯᠳᠤᠭᠠᠨ᠃ ᠨᠢᠭᠡ ᠮᠥᠽᠸᠢ — ᠴᠠᠬᠠᠷ ᠰᠤᠶᠤᠯ ᠤᠨ ᠮᠦᠽᠸᠢ᠃ ᠨᠢᠭᠡ | ᠳᠡᠮᠳᠡᠭ — ᠳᠣᠮᠣ ᠬᠡᠯᠪᠡᠷᠢ ᠶᠢᠨ ᠣᠷᠳᠣᠨ ᠤ ᠨᠠᠶᠢᠷᠠᠯ ᠳᠠᠭᠤᠯᠠᠯᠳᠤ ᠪᠦᠵᠢᠭ ᠤᠨ ᠬᠦᠭᠵᠢᠮ ᠤᠨ ᠠᠰᠣᠷᠣ ᠰᠣᠶᠣᠯ | ᠤᠨ ᠨᠡᠷᠡᠲᠤ ᠳᠡᠮᠳᠡᠭ᠃ | ︽ᠭᠤᠷᠪᠠ ᠶᠢ ᠨᠢᠭᠡ ᠴᠤᠭᠴᠠᠵᠢᠭᠤᠯᠤᠭᠰᠠᠨ︾ ᠪᠦᠲᠦᠭᠡᠨ ᠪᠠᠶᠢᠭᠤᠯᠤᠯᠲᠠ ᠶᠢᠨ ᠤᠶᠢᠯᠠᠭᠠᠭᠳᠠᠬᠤᠨ᠄ ᠰᠤᠶᠤᠯ᠂ | ᠵᠢᠭᠤᠯᠴᠢᠯᠠᠯ᠂ ᠠᠷᠠᠳ ᠤᠨ ᠠᠮᠢᠳᠤᠷᠠᠯ᠃ | ︽ᠨᠢᠭᠡ ᠬᠦᠷᠢᠶᠡᠯᠡᠩ᠂ ᠬᠤᠶᠠᠷ ᠪᠦᠰᠨ᠂ ᠭᠤᠷᠪᠠᠨ ᠭᠤᠯᠳᠣ᠂ ᠲᠠᠪᠤᠨ ᠬᠦᠨᠳᠠᠯᠡᠨ︾᠄ ᠨᠢᠭᠡ ᠬᠦᠷᠢᠶᠡᠯᠡᠩ ᠨᠢ | ᠠᠰᠣᠷᠤ ᠠᠮᠢ ᠠᠬᠤᠢ ᠵᠠᠩ ᠦᠢᠯᠡ ᠶᠢᠨ ᠬᠦᠷᠢᠶᠡᠯᠡᠩ᠃ ᠬᠤᠶᠠᠷ ᠪᠦᠰᠡ ᠨᠢ S208 ᠵᠠᠮ ᠤᠨ ᠰᠢᠨᠡᠪᠤᠯᠠᠭ | ᠪᠠᠯᠭᠠᠰᠤ ᠪᠠᠷ ᠦᠩᠭᠡᠷᠡᠬᠦ ᠬᠡᠰᠡᠭ ᠤᠨ ᠦᠵᠡᠮᠵᠢ ᠶᠢᠨ ᠪᠦᠰᠨ ᠪᠠ ᠵᠡᠭᠦᠨ ᠭᠤᠤᠯ ᠤᠨ ᠦᠵᠡᠮᠵᠢ ᠶᠢᠨ ᠪᠦᠰᠨ᠃ | ᠭᠤᠷᠪᠠᠨ ᠭᠤᠯᠳᠣ ᠨᠢ ᠪᠤᠭᠳᠠ ᠵᠠᠮ᠂ ᠬᠦᠭᠵᠢᠯ ᠵᠠᠮ᠂ ᠡᠩᠬᠡ ᠵᠠᠮ᠃ ᠲᠠᠪᠤᠨ ᠬᠦᠨᠳᠡᠯᠡᠨ ᠨᠢ ᠨᠠᠷᠠᠨ ᠵᠡᠭᠡᠯᠢ᠂ ᠪᠠᠶᠠᠨ | ᠵᠡᠭᠡᠯᠢ᠂ ᠰᠢᠨᠡᠪᠤᠯᠠᠭ ᠵᠡᠭᠡᠯᠢ᠂ ᠣᠩᠭᠤᠨ ᠵᠡᠭᠡᠯᠢ᠂ ᠬᠤᠩᠭᠤᠷ ᠵᠡᠭᠡᠯᠢ᠃ | |