ᠬᠦᠪᠡᠭᠡᠲᠦ ᠰᠢᠷ᠎ᠠ ᠬᠤᠰᠢᠭᠤᠨ ᠤ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠨᠢ 21 ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠬᠠᠨᠳᠢᠪᠯᠡᠪᠡ
ᠨᠡᠶᠢᠲᠡᠯᠡᠭᠰᠡᠨ ᠴᠠᠭ᠄
2020-06-09
      ᠣᠶᠢᠷ᠎ᠠ ᠳᠤ᠂ ᠬᠦᠪᠡᠭᠡᠲᠦ ᠰᠢᠷ᠎ᠠ ᠬᠤᠰᠢᠭᠤᠨ ᠤ ᠴᠢᠯᠠᠭᠤᠨ ᠮᠠᠲ᠋ᠧᠷᠢᠶᠠᠯ ᠤᠨ ᠨᠡᠶᠢᠭᠡᠮᠯᠢᠭ ᠤᠨ ᠬᠤᠯᠪᠤᠭᠠᠯᠠᠭᠰᠠᠨ ᠨᠠᠮ ᠤᠨ ᠡᠭᠦᠷ ᠨᠢ 14 ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ ᠬᠦᠪᠡᠭᠡᠲᠦ ᠰᠢᠷ᠎ᠠ ᠬᠤᠰᠢᠭᠤᠨ ᠤ ᠶᠠᠳᠠᠭᠤ ᠶᠢ ᠲᠡᠳᠬᠦᠬᠦ ᠰᠠᠭᠤᠷᠢ ᠮᠦᠩᠬᠦᠨ ᠤ ᠵᠥᠪᠯᠡᠯ ᠳᠤ 21 ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠬᠠᠨᠳᠢᠪᠯᠡᠵᠦ᠂ ᠬᠦᠪᠡᠭᠡᠲᠦ ᠰᠢᠷ᠎ᠠ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠳᠤ ᠬᠤᠪᠢ ᠨᠡᠮᠡᠷᠢ ᠦᠵᠡᠬᠦᠯᠵᠦ᠂ ᠠᠵᠤ ᠠᠬᠤᠶᠢᠯᠠᠯ ᠤᠨ ︽ᠴᠠᠭ ᠦᠶ᠎ᠡ ᠶᠢᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠨ᠂ ᠬᠦᠨᠳᠦ ᠵᠤᠵᠠᠭᠠᠨ ᠰᠡᠳᠬᠢᠯᠭᠡ ᠪᠠᠷ ᠨᠡᠶᠢᠭᠡᠮ ᠨᠡᠶᠢᠲᠡ ᠳᠤ ᠬᠤᠪᠢ ᠨᠡᠮᠡᠷᠢ ᠦᠵᠡᠬᠦᠯᠬᠦ︾ ᠴᠤᠭ ᠵᠢᠪᠬᠤᠭ᠎ᠠ ᠶᠢ ᠪᠠᠳᠠᠷᠠᠭᠤᠯᠵᠠᠢ᠃
     ᠣᠷᠴᠢᠮ ᠤᠨ ᠵᠢᠯ ᠳᠤ᠂ ᠬᠦᠪᠡᠭᠡᠲᠦ ᠰᠢᠷ᠎ᠠ ᠬᠤᠰᠢᠭᠤᠨ ᠤ ᠡᠯ᠎ᠡ ᠶᠡᠭᠡ ᠪᠠᠭ᠎ᠠ ᠠᠵᠤ ᠠᠬᠤᠶᠢᠯᠠᠯ ᠨᠢ ᠤᠯᠤᠰ ᠤᠨ ᠤᠷᠢᠶᠠᠯᠠᠭ᠎ᠠ ᠶᠢ ᠢᠳᠡᠪᠬᠢᠳᠡᠢ ᠲᠠᠭᠠᠵᠤ᠂ ᠡᠳ᠋ ᠪᠤᠳᠠᠰ᠂ ᠵᠤᠭᠤᠰ ᠮᠦᠩᠬᠦ ᠬᠠᠨᠳᠢᠪᠯᠠᠬᠤ ᠬᠡᠯᠪᠡᠷᠢ ᠪᠠᠷ ᠶᠠᠳᠠᠭᠤ ᠶᠢ ᠲᠡᠳᠬᠦᠬᠦ ᠠᠵᠢᠯ ᠳᠤ ᠢᠳᠡᠪᠬᠢᠳᠡᠢ ᠤᠷᠤᠯᠴᠠᠵᠤ᠂ ᠬᠦᠪᠡᠭᠡᠲᠦ ᠰᠢᠷ᠎ᠠ ᠬᠤᠰᠢᠭᠤᠨ ᠤ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ ᠠᠵᠢᠯ ᠢ ᠬᠦᠴᠦᠳᠡᠢ ᠠᠬᠢᠭᠤᠯᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号