︵ᠠᠷᠪᠠᠨ ᠨᠢᠭᠡ︶ ᠬᠦᠪᠡᠭᠡᠲᠦ ᠰᠢᠷ᠎ᠠ ᠬᠤᠰᠢᠭᠤᠨ ᠤ ᠨᠠᠶᠢᠲᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ
ᠨᠡᠶᠢᠲᠡᠯᠡᠭᠰᠡᠨ ᠴᠠᠭ᠄
2020/6/9
       ᠬᠦᠪᠡᠭᠡᠲᠦ ᠰᠢᠷ᠎ᠠ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠨᠢ ᠬᠦᠪᠡᠭᠡᠲᠦ ᠰᠢᠷ᠎ᠠ ᠬᠤᠰᠢᠭᠤᠨ ᠤ ᠬᠤᠰᠢᠭᠤᠨ ᠲᠥᠪ ᠰᠢᠨᠡᠪᠤᠯᠠᠭ ᠪᠠᠯᠭᠠᠰᠤᠨ ᠠᠴᠠ ᠪᠠᠷᠠᠭᠤᠨ ᠬᠤᠶᠢᠰᠢ 9 ᠺᠢᠯᠤᠮᠧᠲᠷ ᠵᠠᠶᠢᠲᠠᠢ ᠪᠣᠷᠤ ᠲᠠᠪᠤᠰᠤ ᠭᠠᠴᠠᠭᠠᠨ ᠳᠤ ᠪᠠᠶᠢᠷᠢᠯᠠᠵᠤ᠂ 38.9 ᠾᠧᠺᠲ᠋ᠠᠷ ᠲᠠᠯᠠᠪᠠᠢ ᠭᠠᠵᠠᠷ ᠢ ᠡᠵᠡᠯᠡᠵᠦ᠂ 6985 ᠲᠦᠮᠡᠨ ᠲᠦᠭᠦᠷᠢᠭ ᠤᠨ ᠪᠡᠯᠡ ᠤᠷᠤᠭᠤᠯᠵᠠᠢ᠃ 2017 ᠣᠨ ᠤ 5 ᠰᠠᠷ᠎ᠠ ᠳᠤ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠵᠥᠪᠰᠢᠶᠡᠷᠡᠯ ᠢ ᠣᠯᠵᠤ᠂ 2018 ᠣᠨ ᠤ 4 ᠰᠠᠷ᠎ᠠ ᠠᠴᠠ ᠡᠬᠢᠯᠡᠨ ᠪᠠᠷᠢᠯᠭ᠎ᠠ ᠡᠬᠢᠯᠡᠵᠦ᠂ 2019 ᠣᠨ ᠤ 9 ᠰᠠᠷ᠎ᠠ ᠳᠤ ᠨᠢᠰᠦᠯᠲᠡ ᠶᠢᠨ ᠱᠣᠭᠤᠮ ᠤᠨ ᠪᠠᠷᠢᠯᠭ᠎ᠠ ᠶᠢᠨ ᠠᠵᠢᠯ ᠲᠠᠭᠤᠰᠴᠤ᠂ ᠬᠢᠨᠠᠨ ᠰᠢᠯᠭᠠᠯᠲᠠ ᠶᠢ ᠥᠩᠭᠡᠷᠡᠬᠦᠯᠪᠡ᠃  ᠤᠳᠠᠯ ᠦᠬᠡᠢ ᠵᠢᠩᠬᠢᠨᠢ ᠪᠠᠷ ᠠᠰᠢᠭᠯᠠᠯᠲᠠ ᠳᠤ ᠣᠷᠤᠬᠤ ᠪᠤᠯᠤᠨ᠎ᠠ᠃ ᠭᠤᠣᠯᠳᠠᠭᠤ ᠠᠭᠠᠷ ᠤᠨ ᠲᠤᠤᠷ᠎ᠠ ᠲᠠᠪᠬᠤᠷᠭ᠎ᠠ ᠶᠢᠨ ᠬᠦᠷᠢᠶ᠎ᠡ ᠬᠡᠪᠴᠢᠶᠡᠨ ᠳᠠᠬᠢ ᠣᠶᠢᠷ᠎ᠠ ᠵᠠᠮ ᠤᠨ ᠠᠶᠠᠨᠴᠢᠳ᠂ ᠡᠳ᠋ ᠲᠠᠸᠠᠷ ᠤᠨ ᠵᠦᠭᠡᠭᠡᠪᠦᠷᠢ᠂ ᠨᠢᠰᠭᠡᠭᠴᠢ ᠶᠢᠨ ᠰᠤᠷᠭᠠᠨ ᠬᠦᠮᠦᠵᠢᠯ ᠤᠨ ᠪᠤᠯᠪᠠᠰᠤᠷᠠᠯ᠂ ᠨᠡᠶᠢᠲᠡ ᠶᠢᠨ ᠬᠡᠷᠡᠭᠯᠡᠭᠡᠨ ᠤ ᠠᠭᠠᠷ ᠠᠶᠠᠯᠠᠯ ᠤᠨ ᠵᠢᠭᠤᠯᠴᠢᠯᠠᠯ ᠵᠡᠷᠭᠡ ᠠᠭᠠᠷ ᠢᠶᠠᠷ ᠨᠠᠪᠳᠡᠷᠡᠬᠦ ᠠᠵᠤ ᠦᠢᠯᠡᠰ ᠢ ᠥᠷᠨᠢᠬᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠲᠠᠷᠢᠶᠠᠯᠠᠩ ᠮᠠᠯ ᠠᠬᠤᠢ ᠳᠤ ᠦᠢᠯᠡᠴᠢᠯᠡᠭᠡ ᠬᠢᠬᠦ ᠵᠡᠷᠭᠡ ᠴᠢᠳᠠᠮᠵᠢ ᠲᠠᠢ ᠶᠤᠮ᠃
     
       ᠬᠦᠪᠡᠭᠡᠲᠦ ᠰᠢᠷ᠎ᠠ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠨᠢ ᠬᠦᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ᠂ ᠮᠦᠨᠴᠦ ᠪᠤᠰᠤᠭ᠎ᠠ ᠴᠤᠭᠴᠠᠳᠤ ᠵᠠᠮ ᠬᠠᠷᠢᠯᠴᠠᠭᠠᠨ ᠤ ᠲᠤᠤᠷᠵᠢᠭᠤᠯᠤᠯᠲᠠ ᠶᠢ ᠪᠠᠶᠢᠭᠤᠯᠬᠤ ᠳᠤ ᠮᠠᠰᠢ ᠴᠢᠬᠤᠯᠠ ᠲᠦᠯᠬᠢᠬᠦ ᠦᠢᠯᠡᠳᠦᠯ ᠲᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号