ᠣᠶᠣᠳᠠᠨ ᠵᠠᠯᠠᠭᠤ ᠭᠠᠨᠭ᠍ᠳᠦ᠋ᠰᠢ ᠦᠢᠯᠡᠰ ᠪᠣᠰᠬᠠᠨ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠳᠡᠮᠵᠢᠯᠭᠡ ᠦᠵᠡᠭᠦᠯᠵᠦ ᠪᠠᠶᠢᠭ᠎ᠠ
ᠨᠡᠶᠢᠲᠡᠯᠡᠭᠰᠡᠨ ᠴᠠᠭ᠄
2020-07-01
                                                              ᠲᠠᠩᠭᠢᠰ ᠮᠡᠳᠡᠭᠡᠯᠡᠪᠡ        ᠮᠠᠨ ᠤ ᠬᠤᠰᠢᠭᠤᠨ ᠤ ᠲᠣᠷᠭᠠᠨ ᠴᠠᠬᠠᠷ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠡᠭᠦᠰᠭᠡᠨ ᠪᠠᠶᠢᠭᠤᠯᠣᠬᠴᠢ ᠭᠠᠨᠭ᠍ᠳᠦ᠋ᠰᠢ ᠦᠪᠡᠷ ᠤᠨ ᠰᠣᠷᠣᠬᠰᠠᠨ ᠮᠡᠷᠭᠡᠵᠢᠯ ᠪᠣᠯᠣᠨ ᠬᠠᠳᠠᠭᠤᠯᠵᠢᠳᠠᠢ ᠴᠢᠷᠮᠠᠶᠢᠯᠭ᠎ᠠ ᠳᠠᠭᠠᠨ ᠲᠦᠰᠢᠭᠯᠡᠨ᠂ ᠰᠢᠨᠵᠢᠯᠡᠭᠦ ᠣᠬᠠᠭᠠᠴᠢ ᠪᠠᠷ ᠮᠠᠯ ᠮᠠᠯᠵᠢᠬᠤ ᠰᠢᠨ᠎ᠡ ᠵᠠᠮ ᠢ ᠡᠷᠢᠯᠭᠢᠯᠡᠵᠦ᠂ ᠮᠠᠯ ᠠᠵᠣ ᠠᠬᠤᠢ ᠶᠢᠨ ᠭᠦᠭᠵᠢᠯᠳᠡ ᠶᠢ ᠲᠠᠶᠢᠴᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠳᠤ ᠲᠡᠮᠵᠢᠯᠭᠡ ᠦᠵᠡᠭᠦᠯᠵᠦ᠂ ᠰᠢᠨ᠎ᠡ ᠴᠠᠭ ᠦᠶ᠎ᠡ ᠶᠢᠨ ᠮᠠᠯᠴᠢᠳ ᠤᠨ ᠵᠢᠱᠢᠶ᠎ᠡ ᠳᠠᠭᠤᠷᠢᠶᠠᠯ ᠪᠣᠯᠵᠠᠢ᠃        ᠰᠣᠷᠪᠣᠯᠵᠢᠯᠠᠬᠴᠢ ᠪᠠᠶᠠᠨᠳᠠᠯ᠎ᠠ ᠪᠠᠯᠭᠠᠰᠣᠨ ᠤ ᠬᠤᠳᠠ ᠶᠢᠨ ᠭᠤᠣᠯ ᠭᠠᠴᠠᠭᠠᠨ ᠤ ᠭᠠᠨᠭ᠍ᠳᠦ᠋ᠰᠢ ᠶᠢᠨ ᠳᠤ ᠭᠦᠷᠭᠦ ᠳᠤ᠂ ᠬᠤᠰᠢᠭᠤᠨ ᠤ ᠮᠠᠯ ᠠᠵᠣ ᠠᠬᠤᠢ ᠶᠢᠨ ᠠᠵᠢᠯᠯᠠᠬᠤ ᠦᠷᠳᠡᠭᠡᠨ ᠤ ᠲᠣᠰᠬᠠᠢ ᠮᠡᠷᠭᠡᠵᠢᠯᠳᠡᠳ ᠶᠠᠭ ᠳᠡᠳᠡᠨ ᠤ ᠴᠠᠬᠠᠷ ᠬᠤᠨᠢᠨ ᠳᠤ ᠰᠢᠯᠭᠠᠨ ᠲᠣᠬᠳᠠᠭᠠᠯᠳᠠ ᠭᠢᠵᠦ ᠪᠠᠶᠢᠯ᠎ᠠ᠃ ᠭᠠᠨᠭ᠍ᠳᠦ᠋ᠰᠢ ᠶᠢᠨ ᠬᠢ ᠶᠠᠷᠦ ᠠᠴᠠ ᠬᠤᠨᠢ ᠎ ᠪᠠᠨ ᠬᠤᠳᠠᠯᠳᠣᠵᠦ ᠲᠡᠶᠢᠯᠭᠦ ᠦᠭᠡᠢ ᠭᠡᠵᠦ ᠵᠣᠪᠠᠳᠠᠭ ᠦᠭᠡᠢ᠃ ᠣᠨᠴᠠᠭᠠᠶᠢᠯᠠᠨ ᠬᠤᠴᠠ ᠶᠢ ᠨᠢ ᠮᠠᠯᠴᠢᠳ ᠡᠷᠳᠡ ᠎ ᠠᠴᠠ ᠵᠠᠭᠢᠶᠠᠯᠠᠨ ᠲᠣᠬᠳᠠᠳᠠᠭ ᠪᠠᠶᠢᠨ᠎ᠠ᠃        ᠬᠤᠳᠠ ᠶᠢᠨ ᠭᠤᠤᠯ ᠭᠠᠴᠠᠭᠠᠨ ᠤ ᠪᠠᠭᠠᠳᠤᠷ ᠨᠠᠩᠰᠠᠯᠠᠮ᠎ᠠ ᠬᠤᠶᠠᠭᠤᠯᠠ ᠬᠤᠶᠠᠷ ᠬᠤᠰᠢᠭᠤᠨ ᠤ ᠮᠠᠯ ᠠᠵᠤ ᠠᠬᠤᠢ ᠶᠢᠨ ᠠᠵᠢᠯᠯᠠᠬᠤ ᠥᠷᠲᠡᠭᠡᠨ ᠤ ᠬᠢᠨ ᠰᠢᠯᠭᠠᠨ ᠲᠤᠭᠳᠠᠭᠠᠯᠳᠠ ᠬᠢᠬᠦ ᠪᠠᠷ ᠢᠷᠡᠯ᠎ᠡ ᠭᠡᠬᠦ ᠴᠢᠮᠡᠭᠡ ᠪᠠᠷ ᠲᠤᠭᠤᠵᠤ ᠰᠤᠩᠭᠤᠭᠰᠠᠨ ᠬᠤᠴᠠ ᠪᠠᠨ ᠠᠪᠬᠤ ᠪᠠᠷ ᠭᠠᠩᠳᠦ᠋ᠰᠢ ᠶᠢᠨ ᠳᠤ ᠢᠷᠡᠭᠰᠡᠨ ᠪᠠᠶᠢᠨ᠎ᠠ᠃        ᠭᠠᠨᠭ᠍ᠳᠦ᠋ᠰᠢ ᠬᠤᠨᠢᠨ ᠤ ᠢᠶᠠᠨ ᠲᠤᠭ᠎ᠠ ᠶᠢ ᠭᠢᠵᠠᠭᠠᠷᠯᠠᠨ᠂ 200 ᠰᠢᠬᠠᠮ ᠴᠠᠬᠠᠷ ᠬᠤᠨᠢ ᠮᠠᠯᠵᠢᠵᠦ᠂ ᠶᠡᠭᠡ ᠰᠣᠷᠭᠠᠭᠤᠯᠢ ᠳᠤ ᠰᠣᠷᠣᠯᠴᠬᠰᠠᠨ ᠮᠠᠯ ᠤᠨ ᠡᠮᠴᠢ ᠶᠢᠨ ᠲᠣᠰᠬᠠᠢ ᠮᠡᠷᠭᠡᠵᠢᠯ ᠢᠶᠠᠨ ᠮᠠᠯᠵᠢᠬᠤ ᠦᠢᠯᠡᠳᠪᠦᠷᠢᠯᠡᠯ ᠳᠡᠭᠡᠷ᠎ᠡ ᠠᠮᠢᠳᠣᠯᠢᠭ ᠢᠶᠠᠷ ᠭᠡᠷᠡᠭᠯᠡᠵᠡᠢ᠃ 8 ᠵᠢᠯ ᠤᠨ ᠲᠣᠷᠰᠢ ᠲᠡᠷᠡ ᠲᠣᠷᠰᠢᠯᠭ᠎ᠠ ᠬᠤᠷᠠᠮᠳᠣᠭᠤᠯᠣᠨ᠂ ᠡᠵᠡᠩᠨᠡᠯᠳᠡ ᠎ ᠶᠢᠨ ᠠᠷᠭ᠎ᠠ ᠪᠠᠷᠢᠯ ᠢᠶᠠᠨ ᠬᠤᠪᠢᠷᠠᠭᠤᠯᠵᠦ᠂ ᠴᠠᠬᠠᠷ ᠬᠤᠨᠢᠨ ᠤ ᠪᠣᠷᠳᠣᠭᠤᠷ ᠡᠪᠡᠰᠦᠨ ᠤ ᠭᠡᠮᠵᠢᠶ᠎ᠡ ᠶᠢ ᠡᠵᠡᠮᠳᠡᠭᠦ᠂ ᠣᠷᠤᠭ᠎ᠠ ᠣᠷᠣᠬᠤ ᠴᠠᠭ ᠢ ᠲᠣᠭᠢᠷᠠᠭᠤᠯᠬᠤ ᠵᠡᠷᠭᠡ ᠲᠠᠯ᠎ᠠ ᠪᠠᠷ ᠴᠢᠳᠠᠮᠠᠭᠠᠢ ᠪᠣᠯᠣᠬᠰᠠᠨ ᠠᠴᠠ ᠡᠮ᠎ᠡ ᠬᠤᠨᠢ ᠪᠠᠨ ᠵᠠᠬ᠎ᠠ ᠳᠡᠯᠭᠡᠭᠦᠷ ᠤᠨ ᠳᠡᠭᠰᠢᠳᠭᠡᠭᠰᠡᠨ ᠦᠨ᠎ᠡ ᠠᠴᠠ 500 ᠲᠦᠭᠦᠷᠢᠭ ᠤᠨ ᠦᠨᠳᠦᠷ ᠦᠨ᠎ᠡ ᠪᠠᠷ ᠬᠤᠳᠠᠯᠳᠣᠵᠦ᠂ ᠣᠨᠴᠠᠭᠠᠶᠢᠯᠠᠨ ᠬᠤᠴᠠ ᠪᠠᠨ 3000 ᠲᠦᠭᠦᠷᠢᠭ ᠢᠶᠠᠷ ᠬᠤᠳᠠᠯᠳᠣᠵᠦ᠂ ᠠᠮᠢ ᠠᠬᠤᠢ ᠪᠤᠯᠤᠨ ᠠᠵᠦ ᠠᠬᠤᠢ ᠶᠢᠨ ᠬᠤᠤᠰ ᠦᠷ᠎ᠡ ᠠᠰᠢᠭ ᠢ ᠤᠯᠤᠭᠰᠠᠨ ᠪᠠᠶᠢᠨ᠎ᠠ᠃ ᠲᠡᠭᠦᠨ ᠤ ᠮᠠᠯᠵᠢᠭᠰᠠᠨ ᠴᠠᠬᠠᠷ ᠬᠤᠴᠠ ᠪᠤᠯᠤᠨ ᠡᠬᠡ ᠮᠠᠯ ᠢ 2008 ᠤᠨ ᠳᠤ ᠬᠤᠰᠢᠭᠤᠨ ᠤ ᠴᠠᠬᠠᠷ ᠬᠤᠴᠠᠨ ᠤ ᠰᠠᠭᠤᠷᠢᠨ ᠭᠠᠵᠠᠷ ᠪᠤᠯᠤᠨ ᠴᠠᠬᠠᠷ ᠬᠤᠨᠢᠨ ᠤ ᠭᠤᠤᠯ ᠰᠦᠷᠦᠭ ᠢᠶᠠᠷ ᠲᠤᠭᠲᠠᠭᠠᠭᠰᠠᠨ ᠪᠠᠶᠢᠨ᠎ᠠ᠃        ᠭᠠᠩᠳᠦ᠋ᠰᠢ ᠶᠢᠨ ᠮᠠᠯ ᠮᠠᠯᠵᠢᠬᠤ ᠠᠷᠭ᠎ᠠ ᠪᠠᠷᠢᠯ ᠨᠢ ᠬᠤᠰᠢᠭᠤᠨ ᠤ ᠬᠠᠮᠢᠶᠠᠲᠠᠢ ᠰᠠᠯᠠᠭ᠎ᠠ ᠮᠥᠴᠢᠷ ᠤᠨ ᠭᠦᠢᠴᠡᠳ ᠨᠤᠳᠠᠯᠠᠯᠳᠠ ᠶᠢ ᠤᠯᠵᠤ᠂ ᠤᠷᠢᠳ ᠬᠤᠵᠢᠳ ᠶᠡᠷᠡ ᠭᠠᠷᠤᠢ ᠲᠥᠮᠡᠨ ᠲᠦᠭᠦᠷᠢᠭ ᠤᠨ ᠲᠦᠷᠦᠯ ᠵᠦᠢᠯ ᠤᠨ ᠪᠡᠯᠡ ᠮᠥᠩᠭᠦᠨ ᠤ ᠲᠠᠮᠵᠢᠯᠭᠡ ᠶᠢ ᠤᠯᠵᠤ᠂ ᠡᠵᠡᠯᠡᠬᠦ ᠲᠠᠯᠠᠪᠠᠢ 4000 ᠲᠥᠮᠡᠨ ᠬᠠᠪᠳᠠᠭᠠᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 3200 ᠬᠠᠪᠳᠠᠭᠠᠢ ᠲᠦᠷᠪᠡᠯᠵᠢᠨ ᠮᠧᠲᠷ ᠤᠨ ︽ᠬᠥᠪᠡᠭᠡᠲᠦ ᠰᠢᠷ᠎ᠠ ᠬᠤᠰᠢᠭᠤᠨ ᠤ ᠲᠤᠷᠭᠠᠨ ᠴᠠᠬᠠᠷ ᠭᠡᠷ ᠪᠥᠯᠢ ᠶᠢᠨ ᠮᠠᠯᠵᠢᠯ ᠤᠨ ᠳᠠᠯᠠᠪᠠᠢ︾᠎ ᠶᠢ ᠪᠠᠶᠢᠭᠤᠯᠣᠬᠰᠠᠨ ᠢᠶᠠᠷ ᠪᠠᠷᠠᠬᠤ ᠦᠭᠡᠢ ᠭᠠᠩᠳᠦ᠋ᠰᠢ ᠰᠢᠯᠢ ᠶᠢᠨ ᠭᠤᠤᠯ ᠠᠶᠢᠮᠠᠭ ᠤᠨ ᠴᠠᠬᠠᠷ ᠬᠤᠨᠢᠨ ᠤ ᠨᠡᠶᠢᠭᠡᠮᠯᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠡᠢ᠃ ᠢᠩᠭᠢᠭᠰᠡᠨ ᠠᠴᠠ ᠭᠠᠩᠳᠦ᠋ᠰᠢ ᠤᠶᠢᠷ᠎ᠠ ᠬᠠᠪᠢ ᠶᠢᠨ ᠮᠠᠯᠴᠢᠳ ᠤᠨ ᠰᠤᠷᠤᠯᠴᠠᠬᠤ ᠳᠠᠭᠤᠷᠢᠶᠠᠯ ᠪᠤᠯᠵᠤ᠂ ᠮᠠᠯᠴᠢᠳ ᠳᠡᠳᠡᠨ ᠤ ᠳᠤ ᠢᠷᠡᠵᠦ ᠰᠠᠶᠢᠨ ᠡᠭᠦᠯᠳᠡᠷ ᠤᠨ ᠴᠠᠬᠠᠷ ᠬᠤᠨᠢ ᠬᠤᠳᠠᠯᠳᠤᠨ ᠠᠪᠴᠤ ᠪᠠᠰᠠ ᠪᠤᠷᠳᠤᠨ ᠲᠡᠵᠢᠭᠡᠬᠦ ᠮᠡᠳᠡᠯᠭᠡ ᠶᠢ ᠠᠰᠠᠭᠤᠨ ᠰᠤᠷᠤᠯᠴᠠᠳᠠᠭ ᠪᠠᠶᠢᠨ᠎ᠠ᠃        ᠭᠠᠩᠳᠦ᠋ᠰᠢ ᠮᠠᠯᠴᠢᠨ ᠲᠥᠮᠡᠨ ᠲᠠᠢ ᠬᠠᠮᠳᠤ ᠠᠮᠢᠳᠤᠷᠠᠯ ᠢᠶᠠᠨ ᠴᠢᠨᠡᠭᠡᠯᠢᠭᠵᠢᠭᠦᠯᠬᠦ ᠶᠢᠨ ᠲᠦᠯᠦᠭᠡ ᠶᠠᠳᠠᠭᠤ ᠎ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠢᠳᠡᠪᠭᠢ ᠬᠤᠪᠢ ᠨᠡᠮᠡᠷᠢ ᠪᠠᠨ ᠦᠵᠡᠭᠦᠯᠵᠡᠢ᠃ ᠲᠡᠷᠡ ᠳᠠᠪᠤᠨ ᠮᠠᠯᠵᠢᠬᠤ ᠡᠷᠦᠬᠡ ᠲᠠᠢ ᠬᠠᠮᠳᠤᠷᠠᠨ ᠲᠦᠰᠢ ᠦᠭᠡᠷ ᠬᠤᠨᠢ ᠪᠤᠷᠳᠤᠨ ᠲᠠᠷᠭᠤᠯᠠᠭᠤᠯᠬᠤ ᠬᠤᠷᠰᠢᠶᠠᠯ ᠢ ᠡᠭᠦᠰᠭᠡᠨ ᠪᠠᠶᠢᠭᠤᠯᠵᠤ᠂ ᠵᠢᠯ ᠪᠤᠯᠭᠠᠨ ᠬᠤᠶᠠᠷ ᠲᠥᠮᠡ ᠲᠦᠷᠪᠡᠨ ᠮᠢᠩᠭᠠᠨ ᠲᠦᠭᠦᠷᠢᠭ ᠤᠨ ᠬᠠᠪᠰᠤᠷᠤᠨ ᠳᠡᠳᠭᠦᠬᠦ ᠪᠡᠯᠡ ᠭᠠᠷᠭᠠᠵᠤ ᠠᠮᠢᠳᠤᠷᠠᠯ ᠬᠦᠴᠷᠢᠲᠡᠢ ᠡᠷᠦᠬᠡ ᠶᠢ ᠳᠡᠳᠭᠦᠨ᠂ ᠳᠡᠳᠡᠨ ᠤ ᠠᠵᠤ ᠠᠬᠤᠢ ᠶᠢᠨ ᠳᠠᠯ᠎ᠠ ᠶᠢᠨ ᠬᠦᠴᠢᠷᠳᠡᠯ ᠢ ᠰᠢᠢᠳᠪᠦᠷᠢᠯᠡᠨ ᠮᠠᠯᠴᠢᠨ ᠲᠥᠮᠡᠨ ᠤ ᠮᠠᠭᠳᠠᠭᠠᠯ ᠰᠠᠶᠢᠰᠢᠶᠠᠯ ᠢ ᠤᠯᠤᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号