ᠣᠶᠣᠳᠠᠨ ᠵᠠᠯᠠᠭᠤ ᠭᠠᠨᠭ᠍ᠳᠦ᠋ᠰᠢ ᠦᠢᠯᠡᠰ ᠪᠣᠰᠬᠠᠨ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠳᠡᠮᠵᠢᠯᠭᠡ ᠦᠵᠡᠭᠦᠯᠵᠦ ᠪᠠᠶᠢᠭ᠎ᠠ
ᠨᠡᠶᠢᠲᠡᠯᠡᠭᠰᠡᠨ ᠴᠠᠭ᠄
2020-07-01
                                                              ᠲᠠᠩᠭᠢᠰ ᠮᠡᠳᠡᠭᠡᠯᠡᠪᠡ        ᠮᠠᠨ ᠤ ᠬᠤᠰᠢᠭᠤᠨ ᠤ ᠲᠣᠷᠭᠠᠨ ᠴᠠᠬᠠᠷ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠡᠭᠦᠰᠭᠡᠨ ᠪᠠᠶᠢᠭᠤᠯᠣᠬᠴᠢ ᠭᠠᠨᠭ᠍ᠳᠦ᠋ᠰᠢ ᠦᠪᠡᠷ ᠤᠨ ᠰᠣᠷᠣᠬᠰᠠᠨ ᠮᠡᠷᠭᠡᠵᠢᠯ ᠪᠣᠯᠣᠨ ᠬᠠᠳᠠᠭᠤᠯᠵᠢᠳᠠᠢ ᠴᠢᠷᠮᠠᠶᠢᠯᠭ᠎ᠠ ᠳᠠᠭᠠᠨ ᠲᠦᠰᠢᠭᠯᠡᠨ᠂ ᠰᠢᠨᠵᠢᠯᠡᠭᠦ ᠣᠬᠠᠭᠠᠴᠢ ᠪᠠᠷ ᠮᠠᠯ ᠮᠠᠯᠵᠢᠬᠤ ᠰᠢᠨ᠎ᠡ ᠵᠠᠮ ᠢ ᠡᠷᠢᠯᠭᠢᠯᠡᠵᠦ᠂ ᠮᠠᠯ ᠠᠵᠣ ᠠᠬᠤᠢ ᠶᠢᠨ ᠭᠦᠭᠵᠢᠯᠳᠡ ᠶᠢ ᠲᠠᠶᠢᠴᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠳᠤ ᠲᠡᠮᠵᠢᠯᠭᠡ ᠦᠵᠡᠭᠦᠯᠵᠦ᠂ ᠰᠢᠨ᠎ᠡ ᠴᠠᠭ ᠦᠶ᠎ᠡ ᠶᠢᠨ ᠮᠠᠯᠴᠢᠳ ᠤᠨ ᠵᠢᠱᠢᠶ᠎ᠡ ᠳᠠᠭᠤᠷᠢᠶᠠᠯ ᠪᠣᠯᠵᠠᠢ᠃        ᠰᠣᠷᠪᠣᠯᠵᠢᠯᠠᠬᠴᠢ ᠪᠠᠶᠠᠨᠳᠠᠯ᠎ᠠ ᠪᠠᠯᠭᠠᠰᠣᠨ ᠤ ᠬᠤᠳᠠ ᠶᠢᠨ ᠭᠤᠣᠯ ᠭᠠᠴᠠᠭᠠᠨ ᠤ ᠭᠠᠨᠭ᠍ᠳᠦ᠋ᠰᠢ ᠶᠢᠨ ᠳᠤ ᠭᠦᠷᠭᠦ ᠳᠤ᠂ ᠬᠤᠰᠢᠭᠤᠨ ᠤ ᠮᠠᠯ ᠠᠵᠣ ᠠᠬᠤᠢ ᠶᠢᠨ ᠠᠵᠢᠯᠯᠠᠬᠤ ᠦᠷᠳᠡᠭᠡᠨ ᠤ ᠲᠣᠰᠬᠠᠢ ᠮᠡᠷᠭᠡᠵᠢᠯᠳᠡᠳ ᠶᠠᠭ ᠳᠡᠳᠡᠨ ᠤ ᠴᠠᠬᠠᠷ ᠬᠤᠨᠢᠨ ᠳᠤ ᠰᠢᠯᠭᠠᠨ ᠲᠣᠬᠳᠠᠭᠠᠯᠳᠠ ᠭᠢᠵᠦ ᠪᠠᠶᠢᠯ᠎ᠠ᠃ ᠭᠠᠨᠭ᠍ᠳᠦ᠋ᠰᠢ ᠶᠢᠨ ᠬᠢ ᠶᠠᠷᠦ ᠠᠴᠠ ᠬᠤᠨᠢ  ᠪᠠᠨ ᠬᠤᠳᠠᠯᠳᠣᠵᠦ ᠲᠡᠶᠢᠯᠭᠦ ᠦᠭᠡᠢ ᠭᠡᠵᠦ ᠵᠣᠪᠠᠳᠠᠭ ᠦᠭᠡᠢ᠃ ᠣᠨᠴᠠᠭᠠᠶᠢᠯᠠᠨ ᠬᠤᠴᠠ ᠶᠢ ᠨᠢ ᠮᠠᠯᠴᠢᠳ ᠡᠷᠳᠡ  ᠠᠴᠠ ᠵᠠᠭᠢᠶᠠᠯᠠᠨ ᠲᠣᠬᠳᠠᠳᠠᠭ ᠪᠠᠶᠢᠨ᠎ᠠ᠃        ᠬᠤᠳᠠ ᠶᠢᠨ ᠭᠤᠤᠯ ᠭᠠᠴᠠᠭᠠᠨ ᠤ ᠪᠠᠭᠠᠳᠤᠷ ᠨᠠᠩᠰᠠᠯᠠᠮ᠎ᠠ ᠬᠤᠶᠠᠭᠤᠯᠠ ᠬᠤᠶᠠᠷ ᠬᠤᠰᠢᠭᠤᠨ ᠤ ᠮᠠᠯ ᠠᠵᠤ ᠠᠬᠤᠢ ᠶᠢᠨ ᠠᠵᠢᠯᠯᠠᠬᠤ ᠥᠷᠲᠡᠭᠡᠨ ᠤ ᠬᠢᠨ ᠰᠢᠯᠭᠠᠨ ᠲᠤᠭᠳᠠᠭᠠᠯᠳᠠ ᠬᠢᠬᠦ ᠪᠠᠷ ᠢᠷᠡᠯ᠎ᠡ ᠭᠡᠬᠦ ᠴᠢᠮᠡᠭᠡ ᠪᠠᠷ ᠲᠤᠭᠤᠵᠤ ᠰᠤᠩᠭᠤᠭᠰᠠᠨ ᠬᠤᠴᠠ ᠪᠠᠨ ᠠᠪᠬᠤ ᠪᠠᠷ ᠭᠠᠩᠳᠦ᠋ᠰᠢ ᠶᠢᠨ ᠳᠤ ᠢᠷᠡᠭᠰᠡᠨ ᠪᠠᠶᠢᠨ᠎ᠠ᠃        ᠭᠠᠨᠭ᠍ᠳᠦ᠋ᠰᠢ ᠬᠤᠨᠢᠨ ᠤ ᠢᠶᠠᠨ ᠲᠤᠭ᠎ᠠ ᠶᠢ ᠭᠢᠵᠠᠭᠠᠷᠯᠠᠨ᠂ 200 ᠰᠢᠬᠠᠮ ᠴᠠᠬᠠᠷ ᠬᠤᠨᠢ ᠮᠠᠯᠵᠢᠵᠦ᠂ ᠶᠡᠭᠡ ᠰᠣᠷᠭᠠᠭᠤᠯᠢ ᠳᠤ ᠰᠣᠷᠣᠯᠴᠬᠰᠠᠨ ᠮᠠᠯ ᠤᠨ ᠡᠮᠴᠢ ᠶᠢᠨ ᠲᠣᠰᠬᠠᠢ ᠮᠡᠷᠭᠡᠵᠢᠯ ᠢᠶᠠᠨ ᠮᠠᠯᠵᠢᠬᠤ ᠦᠢᠯᠡᠳᠪᠦᠷᠢᠯᠡᠯ ᠳᠡᠭᠡᠷ᠎ᠡ ᠠᠮᠢᠳᠣᠯᠢᠭ ᠢᠶᠠᠷ ᠭᠡᠷᠡᠭᠯᠡᠵᠡᠢ᠃ 8 ᠵᠢᠯ ᠤᠨ ᠲᠣᠷᠰᠢ ᠲᠡᠷᠡ ᠲᠣᠷᠰᠢᠯᠭ᠎ᠠ ᠬᠤᠷᠠᠮᠳᠣᠭᠤᠯᠣᠨ᠂ ᠡᠵᠡᠩᠨᠡᠯᠳᠡ  ᠶᠢᠨ ᠠᠷᠭ᠎ᠠ ᠪᠠᠷᠢᠯ ᠢᠶᠠᠨ ᠬᠤᠪᠢᠷᠠᠭᠤᠯᠵᠦ᠂ ᠴᠠᠬᠠᠷ ᠬᠤᠨᠢᠨ ᠤ ᠪᠣᠷᠳᠣᠭᠤᠷ ᠡᠪᠡᠰᠦᠨ ᠤ ᠭᠡᠮᠵᠢᠶ᠎ᠡ ᠶᠢ ᠡᠵᠡᠮᠳᠡᠭᠦ᠂ ᠣᠷᠤᠭ᠎ᠠ ᠣᠷᠣᠬᠤ ᠴᠠᠭ ᠢ ᠲᠣᠭᠢᠷᠠᠭᠤᠯᠬᠤ ᠵᠡᠷᠭᠡ ᠲᠠᠯ᠎ᠠ ᠪᠠᠷ ᠴᠢᠳᠠᠮᠠᠭᠠᠢ ᠪᠣᠯᠣᠬᠰᠠᠨ ᠠᠴᠠ ᠡᠮ᠎ᠡ ᠬᠤᠨᠢ ᠪᠠᠨ ᠵᠠᠬ᠎ᠠ ᠳᠡᠯᠭᠡᠭᠦᠷ ᠤᠨ ᠳᠡᠭᠰᠢᠳᠭᠡᠭᠰᠡᠨ ᠦᠨ᠎ᠡ ᠠᠴᠠ 500 ᠲᠦᠭᠦᠷᠢᠭ ᠤᠨ ᠦᠨᠳᠦᠷ ᠦᠨ᠎ᠡ ᠪᠠᠷ ᠬᠤᠳᠠᠯᠳᠣᠵᠦ᠂ ᠣᠨᠴᠠᠭᠠᠶᠢᠯᠠᠨ ᠬᠤᠴᠠ ᠪᠠᠨ 3000 ᠲᠦᠭᠦᠷᠢᠭ ᠢᠶᠠᠷ ᠬᠤᠳᠠᠯᠳᠣᠵᠦ᠂ ᠠᠮᠢ ᠠᠬᠤᠢ ᠪᠤᠯᠤᠨ ᠠᠵᠦ ᠠᠬᠤᠢ ᠶᠢᠨ ᠬᠤᠤᠰ ᠦᠷ᠎ᠡ ᠠᠰᠢᠭ ᠢ ᠤᠯᠤᠭᠰᠠᠨ ᠪᠠᠶᠢᠨ᠎ᠠ᠃ ᠲᠡᠭᠦᠨ ᠤ ᠮᠠᠯᠵᠢᠭᠰᠠᠨ ᠴᠠᠬᠠᠷ ᠬᠤᠴᠠ ᠪᠤᠯᠤᠨ ᠡᠬᠡ ᠮᠠᠯ ᠢ 2008 ᠤᠨ ᠳᠤ ᠬᠤᠰᠢᠭᠤᠨ ᠤ ᠴᠠᠬᠠᠷ ᠬᠤᠴᠠᠨ ᠤ ᠰᠠᠭᠤᠷᠢᠨ ᠭᠠᠵᠠᠷ ᠪᠤᠯᠤᠨ ᠴᠠᠬᠠᠷ ᠬᠤᠨᠢᠨ ᠤ ᠭᠤᠤᠯ ᠰᠦᠷᠦᠭ ᠢᠶᠠᠷ ᠲᠤᠭᠲᠠᠭᠠᠭᠰᠠᠨ ᠪᠠᠶᠢᠨ᠎ᠠ᠃        ᠭᠠᠩᠳᠦ᠋ᠰᠢ ᠶᠢᠨ ᠮᠠᠯ ᠮᠠᠯᠵᠢᠬᠤ ᠠᠷᠭ᠎ᠠ ᠪᠠᠷᠢᠯ ᠨᠢ ᠬᠤᠰᠢᠭᠤᠨ ᠤ ᠬᠠᠮᠢᠶᠠᠲᠠᠢ ᠰᠠᠯᠠᠭ᠎ᠠ ᠮᠥᠴᠢᠷ ᠤᠨ ᠭᠦᠢᠴᠡᠳ ᠨᠤᠳᠠᠯᠠᠯᠳᠠ ᠶᠢ ᠤᠯᠵᠤ᠂ ᠤᠷᠢᠳ ᠬᠤᠵᠢᠳ ᠶᠡᠷᠡ ᠭᠠᠷᠤᠢ ᠲᠥᠮᠡᠨ ᠲᠦᠭᠦᠷᠢᠭ ᠤᠨ ᠲᠦᠷᠦᠯ ᠵᠦᠢᠯ ᠤᠨ ᠪᠡᠯᠡ ᠮᠥᠩᠭᠦᠨ ᠤ ᠲᠠᠮᠵᠢᠯᠭᠡ ᠶᠢ ᠤᠯᠵᠤ᠂ ᠡᠵᠡᠯᠡᠬᠦ ᠲᠠᠯᠠᠪᠠᠢ 4000 ᠲᠥᠮᠡᠨ ᠬᠠᠪᠳᠠᠭᠠᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 3200 ᠬᠠᠪᠳᠠᠭᠠᠢ ᠲᠦᠷᠪᠡᠯᠵᠢᠨ ᠮᠧᠲᠷ ᠤᠨ ︽ᠬᠥᠪᠡᠭᠡᠲᠦ ᠰᠢᠷ᠎ᠠ ᠬᠤᠰᠢᠭᠤᠨ ᠤ ᠲᠤᠷᠭᠠᠨ ᠴᠠᠬᠠᠷ ᠭᠡᠷ ᠪᠥᠯᠢ ᠶᠢᠨ ᠮᠠᠯᠵᠢᠯ ᠤᠨ ᠳᠠᠯᠠᠪᠠᠢ︾ ᠶᠢ ᠪᠠᠶᠢᠭᠤᠯᠣᠬᠰᠠᠨ ᠢᠶᠠᠷ ᠪᠠᠷᠠᠬᠤ ᠦᠭᠡᠢ ᠭᠠᠩᠳᠦ᠋ᠰᠢ ᠰᠢᠯᠢ ᠶᠢᠨ ᠭᠤᠤᠯ ᠠᠶᠢᠮᠠᠭ ᠤᠨ ᠴᠠᠬᠠᠷ ᠬᠤᠨᠢᠨ ᠤ ᠨᠡᠶᠢᠭᠡᠮᠯᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠡᠢ᠃ ᠢᠩᠭᠢᠭᠰᠡᠨ ᠠᠴᠠ ᠭᠠᠩᠳᠦ᠋ᠰᠢ ᠤᠶᠢᠷ᠎ᠠ ᠬᠠᠪᠢ ᠶᠢᠨ ᠮᠠᠯᠴᠢᠳ ᠤᠨ ᠰᠤᠷᠤᠯᠴᠠᠬᠤ ᠳᠠᠭᠤᠷᠢᠶᠠᠯ ᠪᠤᠯᠵᠤ᠂ ᠮᠠᠯᠴᠢᠳ ᠳᠡᠳᠡᠨ ᠤ ᠳᠤ ᠢᠷᠡᠵᠦ ᠰᠠᠶᠢᠨ ᠡᠭᠦᠯᠳᠡᠷ ᠤᠨ ᠴᠠᠬᠠᠷ ᠬᠤᠨᠢ ᠬᠤᠳᠠᠯᠳᠤᠨ ᠠᠪᠴᠤ ᠪᠠᠰᠠ ᠪᠤᠷᠳᠤᠨ ᠲᠡᠵᠢᠭᠡᠬᠦ ᠮᠡᠳᠡᠯᠭᠡ ᠶᠢ ᠠᠰᠠᠭᠤᠨ ᠰᠤᠷᠤᠯᠴᠠᠳᠠᠭ ᠪᠠᠶᠢᠨ᠎ᠠ᠃        ᠭᠠᠩᠳᠦ᠋ᠰᠢ ᠮᠠᠯᠴᠢᠨ ᠲᠥᠮᠡᠨ ᠲᠠᠢ ᠬᠠᠮᠳᠤ ᠠᠮᠢᠳᠤᠷᠠᠯ ᠢᠶᠠᠨ ᠴᠢᠨᠡᠭᠡᠯᠢᠭᠵᠢᠭᠦᠯᠬᠦ ᠶᠢᠨ ᠲᠦᠯᠦᠭᠡ ᠶᠠᠳᠠᠭᠤ  ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠢᠳᠡᠪᠭᠢ ᠬᠤᠪᠢ ᠨᠡᠮᠡᠷᠢ ᠪᠠᠨ ᠦᠵᠡᠭᠦᠯᠵᠡᠢ᠃ ᠲᠡᠷᠡ ᠳᠠᠪᠤᠨ ᠮᠠᠯᠵᠢᠬᠤ ᠡᠷᠦᠬᠡ ᠲᠠᠢ ᠬᠠᠮᠳᠤᠷᠠᠨ ᠲᠦᠰᠢ ᠦᠭᠡᠷ ᠬᠤᠨᠢ ᠪᠤᠷᠳᠤᠨ ᠲᠠᠷᠭᠤᠯᠠᠭᠤᠯᠬᠤ ᠬᠤᠷᠰᠢᠶᠠᠯ ᠢ ᠡᠭᠦᠰᠭᠡᠨ ᠪᠠᠶᠢᠭᠤᠯᠵᠤ᠂ ᠵᠢᠯ ᠪᠤᠯᠭᠠᠨ ᠬᠤᠶᠠᠷ ᠲᠥᠮᠡ ᠲᠦᠷᠪᠡᠨ ᠮᠢᠩᠭᠠᠨ ᠲᠦᠭᠦᠷᠢᠭ ᠤᠨ ᠬᠠᠪᠰᠤᠷᠤᠨ ᠳᠡᠳᠭᠦᠬᠦ ᠪᠡᠯᠡ ᠭᠠᠷᠭᠠᠵᠤ ᠠᠮᠢᠳᠤᠷᠠᠯ ᠬᠦᠴᠷᠢᠲᠡᠢ ᠡᠷᠦᠬᠡ ᠶᠢ ᠳᠡᠳᠭᠦᠨ᠂ ᠳᠡᠳᠡᠨ ᠤ ᠠᠵᠤ ᠠᠬᠤᠢ ᠶᠢᠨ ᠳᠠᠯ᠎ᠠ ᠶᠢᠨ ᠬᠦᠴᠢᠷᠳᠡᠯ ᠢ ᠰᠢᠢᠳᠪᠦᠷᠢᠯᠡᠨ ᠮᠠᠯᠴᠢᠨ ᠲᠥᠮᠡᠨ ᠤ ᠮᠠᠭᠳᠠᠭᠠᠯ ᠰᠠᠶᠢᠰᠢᠶᠠᠯ ᠢ ᠤᠯᠤᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号