ᠬᠦᠪᠡᠭᠡᠲᠦ ᠰᠢᠷ᠎ᠠ ᠬᠤᠰᠢᠭᠤ ᠨᠢ ᠴᠦᠭᠡᠨ ᠲᠤᠭᠠᠳᠤ ᠦᠨᠳᠦᠰᠦᠳᠡᠨ ᠤ ᠬᠦᠭᠵᠢᠯᠲᠡ ᠶᠢᠨ ᠪᠡᠯᠡ ᠮᠦᠩᠬᠦ ᠶᠢ ᠠᠰᠢᠭᠯᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠤᠳᠠᠳᠤ ᠬᠦᠴᠦᠨ ᠢ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020-07-14
     ᠣᠶᠢᠷ᠎ᠠ ᠶᠢᠨ ᠵᠢᠯ ᠳᠤ᠂ ᠬᠦᠪᠡᠭᠡᠲᠦ ᠰᠢᠷ᠎ᠠ ᠬᠤᠰᠢᠭᠤ ᠨᠢ ︽ᠶᠠᠭᠤ ᠳᠤᠳᠠᠪᠠᠯ ᠶᠠᠭᠤ ᠨᠦᠬᠦᠪᠦᠷᠢᠯᠡᠬᠦ︾ ᠵᠠᠷᠴᠢᠮ ᠢᠶᠠᠷ᠂ ᠶᠠᠳᠠᠭᠤ ᠬᠦᠴᠢᠷᠳᠡᠯᠳᠡᠢ ᠡᠷᠦᠬᠡ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠭᠠᠴᠠᠭᠠᠨ ᠤ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠨᠦᠬᠦᠴᠡᠯ ᠵᠡᠷᠭᠡ ᠪᠤᠳᠠᠳᠤ ᠪᠠᠶᠢᠳᠠᠯ ᠳᠤ ᠰᠠᠭᠤᠷᠢᠯᠠᠨ᠂ ᠴᠦᠭᠡᠨ ᠲᠤᠭᠠᠳᠤ ᠦᠨᠳᠦᠰᠦᠳᠡᠨ ᠤ ᠬᠦᠭᠵᠢᠯᠲᠡ ᠶᠢᠨ ᠪᠡᠯᠡ ᠮᠦᠩᠭᠦ ᠶᠢᠨ ᠦᠷ᠎ᠡ ᠠᠰᠢᠭ ᠢ ᠬᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠦᠭᠵᠢᠯᠲᠡ ᠶᠢᠨ ᠲᠥᠷᠦᠯ ᠵᠦᠢᠯ ᠢ ᠬᠡᠷᠡᠭᠵᠢᠬᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠤᠳᠠᠳᠤ ᠬᠦᠴᠦᠨ ᠢ ᠲᠡᠭᠡᠭᠰᠢᠯᠡᠬᠦᠯᠵᠦ ᠪᠠᠶᠢᠨ᠎ᠠ᠃      ᠲᠣᠰ ᠬᠤᠰᠢᠭᠤᠨ ᠤ 2020 ᠣᠨ ᠤ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠴᠦᠬᠡᠨ ᠲᠤᠭᠠᠳᠤ ᠦᠨᠳᠦᠰᠦᠳᠡᠨ ᠤ ᠬᠦᠭᠵᠢᠯᠲᠡ ᠶᠢᠨ ᠪᠡᠯᠡ ᠮᠦᠩᠭᠦᠨ ᠤ ᠲᠥᠷᠦᠯ ᠵᠦᠢᠯ ᠨᠢ 6 ᠭᠠᠴᠠᠭᠠᠨ ᠳᠤ ᠬᠤᠯᠪᠤᠭᠳᠠᠵᠤ᠂ ᠭᠠᠴᠠᠭ᠎ᠠ ᠪᠦᠷᠢ ᠳᠤ 41.9 ᠲᠦᠮᠡᠨ ᠲᠦᠭᠦᠷᠢᠭ ᠤᠨ ᠥᠷᠲᠡᠭ ᠪᠦᠬᠦᠢ 10 ᠰᠠᠤᠷᠢ ᠮᠠᠰᠢᠨ ᠲᠦᠭᠦᠭᠡᠷᠦᠮᠵᠢ ᠲᠠᠷᠬᠠᠭᠠᠬᠤ ᠪᠤᠯᠤᠨ᠎ᠠ᠃ ᠲᠤᠰ ᠲᠥᠷᠦᠯ ᠵᠦᠢᠯ ᠨᠢ ᠨᠢᠭᠡᠨᠲᠡ ᠬᠠᠮᠢᠭ᠎ᠠ ᠪᠦᠬᠦᠢ ᠬᠢᠨᠠᠨ ᠰᠢᠯᠭᠠᠯᠲᠠ ᠶᠢ ᠦᠩᠭᠡᠷᠡᠭᠡᠭᠰᠡᠨ ᠪᠦᠭᠡᠳ ᠡᠯ᠎ᠡ ᠭᠠᠴᠠᠭᠠᠨ ᠳᠤ ᠰᠢᠯᠵᠢᠬᠦᠯᠦᠨ ᠲᠤᠰᠢᠶᠠᠵᠤ᠂ ᠳᠡᠷᠭᠡ ᠬᠥᠰᠬᠡ ᠪᠣᠯᠣᠨ ᠲᠤᠨᠤᠭ ᠲᠦᠬᠦᠭᠡᠷᠦᠮᠵᠢ ᠶᠢ ᠰᠡᠯᠪᠢᠨ ᠵᠠᠰᠬᠠᠤ ᠪᠠ ᠠᠮᠤᠷ ᠲᠥᠪᠰᠢᠨ ᠤ ᠬᠠᠮᠢᠶᠠᠷᠤᠯᠲᠠ ᠶᠢ ᠴᠦᠮ ᠲᠥᠷᠦᠯ ᠵᠦᠢᠯ ᠤᠨ ᠭᠠᠴᠠᠭ᠎ᠠ ᠬᠠᠷᠢᠭᠤᠴᠠᠨ᠎ᠠ᠃ ᠲᠥᠷᠦᠯ ᠵᠦᠢᠯ ᠢ ᠬᠡᠷᠡᠭᠵᠢᠬᠦᠯᠦᠭᠰᠡᠨ ᠤ ᠳᠠᠷᠠᠭ᠎ᠠ ᠡᠯ᠎ᠡ ᠭᠠᠴᠠᠭᠠᠨ ᠤ ᠵᠢᠯ ᠪᠦᠷᠢ ᠶᠢᠨ ᠬᠠᠮᠲᠤ ᠶᠢᠨ ᠠᠵᠤ ᠠᠬᠤᠢ ᠶᠢᠨ ᠣᠷᠤᠯᠭ᠎ᠠ ᠨᠢ ᠬᠠᠮᠤᠭ ᠪᠠᠭ᠎ᠠ ᠳᠠᠭᠠᠨ 3.5 ᠲᠥᠮᠡᠨ ᠲᠥᠭᠦᠷᠢᠭ ᠲᠤ ᠬᠦᠷᠬᠦ ᠪᠤᠯᠤᠨ᠎ᠠ᠃ 2020 ᠣᠨ ᠤ ᠭᠤᠷᠪᠠᠳᠤᠭᠠᠷ ᠪᠦᠯᠦᠭ ᠴᠦᠭᠡᠨ ᠲᠤᠭᠠᠳᠤ ᠦᠨᠳᠦᠰᠦᠳᠡᠨ ᠤ ᠬᠦᠭᠵᠢᠯᠲᠡ ᠶᠢᠨ ᠪᠡᠯᠡ ᠮᠦᠩᠭᠦ ᠨᠢ ᠨᠡᠶᠢᠲᠡ 78.89 ᠲᠥᠮᠡᠨ ᠲᠥᠭᠦᠷᠢᠭ ᠪᠠᠶᠢᠵᠤ᠂ ᠡᠬᠦᠨ ᠢ ᠭᠤᠣᠯᠳᠠᠭᠤ ᠴᠠᠬᠠᠷ ᠬᠤᠨᠢᠨ ᠤ ᠠᠵᠤ ᠦᠢᠯᠡᠰ ᠢ ᠳᠡᠳᠬᠦᠨ ᠳᠡᠮᠵᠢᠬᠦ ᠳᠤ ᠬᠡᠷᠡᠭᠯᠡᠵᠦ᠂ 3 ᠭᠠᠴᠠᠭᠠᠨ ᠳᠤ ᠬᠤᠯᠪᠣᠭᠳᠠᠨ᠎ᠠ᠃ ᠤᠳᠤᠬᠠᠨ ᠭᠠᠴᠠᠭ᠎ᠠ ᠪᠣᠯᠭᠠᠨ ᠳᠤ 112 ᠲᠣᠯᠣᠭᠠᠢ ᠴᠠᠬᠠᠷ ᠡᠬᠦᠯᠳᠡᠷ ᠤᠨ ᠪᠡᠯᠡᠳᠭᠡᠯ ᠡᠬᠡ ᠮᠠᠯ ᠥᠭᠴᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号