ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶᠡᠨ ᠤ ᠸᠢᠴᠠᠲ ᠲᠠᠪᠴᠠᠩ ᠳᠤ ᠠᠩᠬᠠᠷᠤᠯ ᠢᠶᠠᠨ ᠬᠠᠨᠳᠤᠭᠤᠯᠤᠭᠠᠷᠠᠢ︕
ᠨᠡᠶᠢᠲᠡᠯᠡᠭᠰᠡᠨ ᠴᠠᠭ᠄
2020-07-14
ᠡᠷᠬᠢᠮ ᠬᠦᠨᠳᠦᠳᠦ ᠲᠠ ᠪᠦᠬᠦᠨ ᠳᠤ᠄        ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ ᠶᠢᠨ ᠸᠢᠴᠠᠲ ᠲᠠᠪᠴᠠᠩ ᠲᠠ ᠪᠦᠬᠦᠨ ᠲᠠᠢ ᠮᠡᠨᠳᠦᠴᠢᠯᠡᠨ ᠵᠤᠯᠭᠠᠵᠤ ᠪᠠᠶᠢᠨ᠎ᠠ︕       ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ ᠨᠢ 2017 ᠣᠨ ᠤ 7 ᠰᠠᠷ᠎ᠠ ᠳᠤ ᠪᠠᠶᠢᠭᠤᠯᠤᠭᠳᠠᠨ᠂ ᠰᠦᠯᠵᠢᠶᠡᠨ ᠤ ᠠᠭᠤᠯᠭ᠎ᠠ ᠰᠢᠨᠡᠳᠭᠡᠬᠦ ᠠᠵᠢᠯ ᠢ ᠵᠠᠰᠠᠭ ᠤᠨ ᠣᠷᠳᠤᠨ ᠤ ᠠᠯᠪᠠᠨ ᠭᠡᠷ ᠠᠴᠠ ᠬᠠᠷᠢᠭᠤᠴᠠᠵᠤ ᠪᠠᠶᠢᠭ᠎ᠠ ᠶᠤᠮ᠃ ᠮᠠᠨ ᠤ ᠮᠤᠩᠭᠤᠯ ᠰᠦᠯᠵᠢᠶ᠎ᠡ ᠳᠤ ᠲᠣᠶᠢᠮᠤ ᠪᠠᠶᠢᠳᠠᠯ᠂ ᠰᠣᠨᠢᠨ ᠮᠡᠳᠡᠭᠡ᠂ ᠢᠯᠡ ᠵᠠᠰᠠᠭ᠂ ᠦᠢᠯᠡᠴᠢᠯᠡᠭᠡ᠂ ᠲᠤᠷᠭᠠᠨ ᠨᠤᠲᠤᠭ᠂ ᠰᠤᠶᠤᠯ ᠡᠷᠳᠡᠨᠢ ᠭᠡᠬᠦ ᠵᠢᠷᠭᠤᠭᠠᠨ ᠪᠤᠯᠤᠩ ᠲᠠᠢ ᠪᠠᠶᠢᠵᠤ᠂ ᠨᠠᠮ ᠤᠨ ᠴᠢᠭᠯᠡᠯᠲᠡ᠂ ᠲᠥᠷᠦ ᠶᠢᠨ ᠪᠤᠳᠤᠯᠭ᠎ᠠ᠂ ᠬᠠᠤᠯᠢ ᠴᠠᠭᠠᠵᠠ ᠲᠥᠷᠢᠮ ᠲᠣᠭᠲᠠᠭᠠᠯ ᠪᠠ ᠣᠯᠠᠨ ᠲᠥᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ᠂ ᠮᠠᠯᠴᠢᠨ ᠲᠦᠮᠡᠨ ᠤ ᠠᠮᠢᠳᠤᠷᠠᠯ ᠦᠢᠯᠡᠳᠪᠦᠷᠢᠯᠡᠯ ᠳᠤ ᠬᠤᠯᠪᠤᠭᠳᠠᠭᠰᠠᠨ ᠲᠥᠷᠦ ᠶᠢᠨ ᠪᠤᠳᠤᠯᠭ᠎ᠠ ᠎ ᠶᠢᠨ ᠲᠠᠶᠢᠯᠤᠮᠵᠢ᠂ ᠪᠢᠴᠢᠭ ᠮᠠᠲ᠋ᠧᠷᠢᠶᠠᠯ᠂ ᠴᠢᠮᠡᠭᠡ ᠵᠠᠩᠭᠢ ᠶᠢ ᠴᠠᠭ ᠲᠤᠬᠠᠢ ᠳᠤᠨᠢ ᠮᠤᠩᠭᠤᠯ ᠲᠦᠮᠡᠨ ᠳᠡᠭᠡᠨ ᠮᠡᠳᠡᠭᠡᠯᠡᠨ ᠬᠦᠷᠬᠡᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃       ᠴᠠᠭ ᠦᠶ᠎ᠡ ᠶᠢᠨ ᠬᠦᠭᠵᠢᠯᠲᠡ᠂ ᠮᠡᠳᠡᠭᠡ ᠵᠠᠩᠭᠢ ᠶᠢᠨ ᠰᠢᠨᠡᠴᠢᠯᠡᠯᠲᠡ ᠠᠴᠠ ᠪᠣᠯᠵᠤ᠂ ᠦᠨᠦᠳᠦᠷ ᠪᠢᠳᠡ ᠮᠣᠩᠭᠤᠯ ᠰᠦᠯᠵᠢᠶᠡᠨ ᠤ ᠸᠢᠴᠠᠲ ᠲᠠᠪᠴᠠᠩ ᠢᠶᠠᠨ ᠡᠬᠢᠯᠡᠬᠦᠯᠦᠨ᠂ ᠮᠣᠩᠭᠤᠯ ᠰᠦᠯᠵᠢᠶ᠎ᠡ ᠲᠠᠢ ᠪᠠᠨ ᠵᠡᠷᠭᠡᠪᠡᠷ ᠠᠵᠢᠯᠯᠠᠭᠤᠯᠬᠤ ᠪᠠᠷ ᠪᠤᠯᠤᠯ᠎ᠠ᠃ ᠲᠠ ᠪᠦᠬᠦᠨ ᠤ ᠮᠠᠨ ᠤ ᠰᠦᠯᠵᠢᠶ᠎ᠡ ᠵᠢᠴᠢ ᠸᠢᠴᠠᠲ ᠲᠠᠪᠴᠠᠩ ᠳᠤ ᠡᠷᠬᠢᠮ ᠨᠠᠨᠳᠢᠨ ᠰᠠᠨᠠᠯ ᠳᠤᠷᠠᠳᠤᠯᠭ᠎ᠠ ᠵᠢᠴᠢ ᠰᠣᠳᠤᠨ ᠰᠠᠶᠢᠬᠠᠨ ᠡᠬᠡ ᠪᠢᠴᠢᠭ ᠢᠶᠠᠨ ᠲᠠᠪᠰᠢᠬᠦᠯᠬᠦ ᠶᠢ ᠬᠦᠰᠡᠨ ᠨᠠᠶᠢᠳᠠᠵᠤ ᠪᠠᠶᠢᠨ᠎ᠠ᠃       ᠬᠠᠷᠢᠯᠴᠠᠬᠤ ᠬᠠᠶ᠋ᠢᠭ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ 203 ᠲᠠᠰᠤᠭ       ᠬᠠᠷᠢᠯᠴᠠᠬᠤ ᠤᠳᠠᠰᠤ᠄ 0471 - 6222139       ᠢᠮᠧᠯ᠄ xhqxxdcs@163.com
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号