ᠡᠷᠬᠢᠮ ᠬᠦᠨᠳᠦᠳᠦ ᠲᠠ ᠪᠦᠬᠦᠨ ᠳᠤ᠄ | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ ᠶᠢᠨ ᠸᠢᠴᠠᠲ | ᠲᠠᠪᠴᠠᠩ ᠲᠠ ᠪᠦᠬᠦᠨ ᠲᠠᠢ ᠮᠡᠨᠳᠦᠴᠢᠯᠡᠨ ᠵᠤᠯᠭᠠᠵᠤ ᠪᠠᠶᠢᠨ᠎ᠠ︕ | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ ᠨᠢ 2017 | ᠣᠨ ᠤ 7 ᠰᠠᠷ᠎ᠠ ᠳᠤ ᠪᠠᠶᠢᠭᠤᠯᠤᠭᠳᠠᠨ᠂ ᠰᠦᠯᠵᠢᠶᠡᠨ ᠤ ᠠᠭᠤᠯᠭ᠎ᠠ ᠰᠢᠨᠡᠳᠭᠡᠬᠦ ᠠᠵᠢᠯ ᠢ ᠵᠠᠰᠠᠭ ᠤᠨ ᠣᠷᠳᠤᠨ ᠤ ᠠᠯᠪᠠᠨ | ᠭᠡᠷ ᠠᠴᠠ ᠬᠠᠷᠢᠭᠤᠴᠠᠵᠤ ᠪᠠᠶᠢᠭ᠎ᠠ ᠶᠤᠮ᠃ ᠮᠠᠨ ᠤ ᠮᠤᠩᠭᠤᠯ ᠰᠦᠯᠵᠢᠶ᠎ᠡ ᠳᠤ ᠲᠣᠶᠢᠮᠤ ᠪᠠᠶᠢᠳᠠᠯ᠂ ᠰᠣᠨᠢᠨ ᠮᠡᠳᠡᠭᠡ᠂ ᠢᠯᠡ | ᠵᠠᠰᠠᠭ᠂ ᠦᠢᠯᠡᠴᠢᠯᠡᠭᠡ᠂ ᠲᠤᠷᠭᠠᠨ ᠨᠤᠲᠤᠭ᠂ ᠰᠤᠶᠤᠯ ᠡᠷᠳᠡᠨᠢ ᠭᠡᠬᠦ ᠵᠢᠷᠭᠤᠭᠠᠨ ᠪᠤᠯᠤᠩ ᠲᠠᠢ ᠪᠠᠶᠢᠵᠤ᠂ ᠨᠠᠮ ᠤᠨ | ᠴᠢᠭᠯᠡᠯᠲᠡ᠂ ᠲᠥᠷᠦ ᠶᠢᠨ ᠪᠤᠳᠤᠯᠭ᠎ᠠ᠂ ᠬᠠᠤᠯᠢ ᠴᠠᠭᠠᠵᠠ ᠲᠥᠷᠢᠮ ᠲᠣᠭᠲᠠᠭᠠᠯ ᠪᠠ ᠣᠯᠠᠨ ᠲᠥᠮᠡᠨ ᠤ ᠠᠩᠬᠠᠷᠤᠨ | ᠬᠠᠯᠠᠮᠵᠢᠯᠠᠵᠤ ᠪᠠᠶᠢᠭ᠎ᠠ᠂ ᠮᠠᠯᠴᠢᠨ ᠲᠦᠮᠡᠨ ᠤ ᠠᠮᠢᠳᠤᠷᠠᠯ ᠦᠢᠯᠡᠳᠪᠦᠷᠢᠯᠡᠯ ᠳᠤ ᠬᠤᠯᠪᠤᠭᠳᠠᠭᠰᠠᠨ ᠲᠥᠷᠦ ᠶᠢᠨ ᠪᠤᠳᠤᠯᠭ᠎ᠠ | ᠶᠢᠨ ᠲᠠᠶᠢᠯᠤᠮᠵᠢ᠂ ᠪᠢᠴᠢᠭ ᠮᠠᠲ᠋ᠧᠷᠢᠶᠠᠯ᠂ ᠴᠢᠮᠡᠭᠡ ᠵᠠᠩᠭᠢ ᠶᠢ ᠴᠠᠭ ᠲᠤᠬᠠᠢ ᠳᠤᠨᠢ ᠮᠤᠩᠭᠤᠯ ᠲᠦᠮᠡᠨ ᠳᠡᠭᠡᠨ ᠮᠡᠳᠡᠭᠡᠯᠡᠨ | ᠬᠦᠷᠬᠡᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃ | ᠴᠠᠭ ᠦᠶ᠎ᠡ ᠶᠢᠨ ᠬᠦᠭᠵᠢᠯᠲᠡ᠂ ᠮᠡᠳᠡᠭᠡ ᠵᠠᠩᠭᠢ ᠶᠢᠨ ᠰᠢᠨᠡᠴᠢᠯᠡᠯᠲᠡ ᠠᠴᠠ ᠪᠣᠯᠵᠤ᠂ ᠦᠨᠦᠳᠦᠷ ᠪᠢᠳᠡ ᠮᠣᠩᠭᠤᠯ | ᠰᠦᠯᠵᠢᠶᠡᠨ ᠤ ᠸᠢᠴᠠᠲ ᠲᠠᠪᠴᠠᠩ ᠢᠶᠠᠨ ᠡᠬᠢᠯᠡᠬᠦᠯᠦᠨ᠂ ᠮᠣᠩᠭᠤᠯ ᠰᠦᠯᠵᠢᠶ᠎ᠡ ᠲᠠᠢ ᠪᠠᠨ ᠵᠡᠷᠭᠡᠪᠡᠷ ᠠᠵᠢᠯᠯᠠᠭᠤᠯᠬᠤ ᠪᠠᠷ | ᠪᠤᠯᠤᠯ᠎ᠠ᠃ ᠲᠠ ᠪᠦᠬᠦᠨ ᠤ ᠮᠠᠨ ᠤ ᠰᠦᠯᠵᠢᠶ᠎ᠡ ᠵᠢᠴᠢ ᠸᠢᠴᠠᠲ ᠲᠠᠪᠴᠠᠩ ᠳᠤ ᠡᠷᠬᠢᠮ ᠨᠠᠨᠳᠢᠨ ᠰᠠᠨᠠᠯ ᠳᠤᠷᠠᠳᠤᠯᠭ᠎ᠠ ᠵᠢᠴᠢ | ᠰᠣᠳᠤᠨ ᠰᠠᠶᠢᠬᠠᠨ ᠡᠬᠡ ᠪᠢᠴᠢᠭ ᠢᠶᠠᠨ ᠲᠠᠪᠰᠢᠬᠦᠯᠬᠦ ᠶᠢ ᠬᠦᠰᠡᠨ ᠨᠠᠶᠢᠳᠠᠵᠤ ᠪᠠᠶᠢᠨ᠎ᠠ᠃ | ᠬᠠᠷᠢᠯᠴᠠᠬᠤ ᠬᠠᠶ᠋ᠢᠭ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ | 203 ᠲᠠᠰᠤᠭ | ᠬᠠᠷᠢᠯᠴᠠᠬᠤ ᠤᠳᠠᠰᠤ᠄ 0471 - 6222139 | ᠢᠮᠧᠯ᠄ xhqxxdcs@163.com |