ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠲᠠᠷᠤᠭ᠎ᠠ ᠵᠤᠤ ᠳ᠋ᠧ ᠶᠦᠩ ᠮᠠᠨ ᠤ ᠬᠤᠰᠢᠭᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-07-02
      ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠲᠠᠷᠤᠭ᠎ᠠ ᠵᠤᠤ ᠳ᠋ᠧ ᠶᠦᠩ ᠮᠠᠨ ᠤ ᠬᠤᠰᠢᠭᠤᠨ ᠳᠤ ᠬᠦᠨᠵᠡᠭᠡᠶᠢᠷᠡᠨ ᠣᠨᠳᠤᠤ ᠭᠠᠵᠠᠷ ᠲᠤ ᠨᠡᠬᠦᠯᠭᠡᠨ ᠰᠢᠯᠵᠢᠬᠦᠬᠦ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ ᠤᠨ ᠬᠤᠶᠢᠰᠢᠲᠠ ᠶᠢᠨ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠬᠤᠪᠢᠰᠬᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠤᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠴᠧᠨ ᠢᠦᠢ ᠴᠧᠩ ᠨᠠᠷ ᠬᠠᠮᠲᠤ ᠪᠠᠶᠢᠴᠠᠭᠠᠨ ᠰᠤᠳᠤᠯᠤᠯᠲᠠ ᠬᠢᠵᠠᠢ᠃       ᠵᠤᠤ ᠳ᠋ᠧ ᠨᠦᠬᠦᠷ ᠤᠷᠢᠳ ᠬᠤᠵᠢᠳ ᠬᠦᠪᠡᠭᠡᠲᠦ ᠰᠢᠷ᠎ᠠ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ᠂ ᠦᠨᠳᠦᠰᠦᠳᠡᠨ ᠤ ᠣᠨᠴᠠᠯᠢᠭᠲᠤ ᠰᠤᠶᠤᠯ ᠤᠨ ᠵᠠᠭᠡᠯᠢ᠂ ᠶᠠᠳᠠᠭᠤ ᠬᠦᠴᠢᠷᠳᠡᠯᠳᠡᠢ ᠡᠷᠦᠬᠡ᠂ ᠬᠥᠪᠡᠭᠡᠲᠦ ᠰᠢᠷ᠎ᠠ ᠬᠤᠰᠢᠭᠤᠨ ᠤ ᠲᠧᠩ ᠶᠤᠸᠠᠢ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠺᠤᠮᠫᠠᠨᠢ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ᠂ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ᠂ ᠲᠠᠭᠠᠲᠠᠢ ᠰᠠᠭᠤᠭᠠᠯᠢ ᠠᠷᠠᠳ ᠤᠨ ᠲᠣᠭᠤᠷᠢᠭ᠂ ᠰᠤᠷᠤᠨ᠎ᠠ ᠵᠤᠰᠠᠯᠠᠩ ᠵᠡᠷᠭᠡ ᠭᠠᠵᠠᠷ ᠢᠶᠠᠷ ᠲᠤᠭᠤᠷᠢᠨ ᠪᠠᠶᠢᠴᠠᠭᠠᠵᠠᠢ᠃       ᠵᠤᠤ ᠳ᠋ᠧ ᠶᠦᠩ᠂ ᠰᠢ ᠶᠢᠨ ᠫᠢᠩ ᠶᠡᠷᠦᠩᠬᠡᠶ ᠱᠦᠵᠢ ᠶᠢᠨ ᠶᠠᠳᠠᠭᠤ ᠶᠢ ᠲᠡᠳᠬᠦᠬᠦ ᠴᠢᠬᠤᠯᠠ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠭᠦᠨᠵᠡᠭᠡᠶ ᠲᠤᠤᠱᠠᠯᠠᠭᠤᠯᠤᠨ ᠨᠠᠶᠢᠳᠠᠪᠦᠷᠢᠵᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠨᠳᠣᠣ  ᠭᠠᠵᠠᠷ ᠲᠤ ᠨᠡᠬᠦᠯᠭᠡᠨ ᠰᠢᠯᠵᠢᠬᠦᠯᠬᠦ ᠶᠠᠳᠠᠭᠤ ᠶᠢ ᠲᠡᠳᠬᠦᠬᠦ ᠠᠵᠢᠯ ᠢ ᠲᠠᠰᠤᠷᠠᠯᠳᠠ ᠦᠭᠡᠢ ᠬᠦᠨᠵᠡᠭᠡᠢ ᠪᠦᠭᠡᠳ ᠨᠠᠷᠢᠯᠢᠭ ᠬᠢᠬᠦ ᠬᠡᠷᠡᠭᠳᠡᠢ᠃ ᠠᠵᠤ ᠦᠢᠯᠡᠰ ᠢᠶᠠᠷ ᠠᠵᠢᠯ ᠣᠯᠭᠤᠯᠲᠠ ᠶᠢ ᠠᠬᠢᠭᠤᠯᠬᠤ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠤ᠂ ᠣᠨᠳᠣᠤ ᠭᠠᠵᠠᠷ ᠲᠤ ᠨᠡᠭᠦᠯᠭᠡᠨ ᠰᠢᠯᠵᠢᠬᠦᠯᠦᠭᠰᠡᠨ ᠤ ᠳᠠᠷᠠᠭᠠᠬᠢ ᠲᠡᠳᠬᠦᠮᠵᠢ ᠶᠢᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠮᠢᠳᠤᠯᠢᠭ ᠢᠶᠠᠷ ᠵᠣᠯᠭᠠᠭᠤᠯᠬᠤ ᠶᠢ ᠠᠬᠢᠭᠤᠯᠬᠤ ᠬᠡᠷᠡᠭᠳᠡᠢ᠃ ᠰᠢᠷᠭᠠᠭᠤ ᠬᠠᠲᠠᠭᠤᠵᠢᠯᠲᠠᠶ ᠠᠵᠢᠯᠯᠠᠵᠤ᠂ ᠣᠨᠳᠣᠤ ᠭᠠᠵᠠᠷ ᠨᠡᠭᠦᠯᠭᠡᠨ ᠰᠢᠯᠵᠢᠬᠦᠯᠬᠦ ᠶᠠᠳᠠᠭᠤ ᠶᠢ ᠲᠡᠳᠬᠦᠬᠦ ᠠᠵᠢᠯ ᠤᠨ ᠳᠤᠮᠳᠠᠬᠢ ᠬᠦᠴᠢᠷ ᠠᠰᠠᠭᠤᠳᠠᠯ ᠤᠨ ᠲᠣᠭᠤᠷᠢᠨ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠤᠳᠠᠳᠠᠶᠢᠵᠢᠭᠤᠯᠤᠨ᠂ ᠰᠢᠮᠳᠠᠭᠤᠯᠤᠨ ᠱᠠᠭᠠᠷᠳᠠᠬᠤ ᠶᠢ ᠴᠢᠩᠭᠠᠳᠬᠠᠵᠤ᠂ ᠡᠯ᠎ᠡ ᠲᠥᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠳᠡᠢ᠃ ᠠᠷᠠᠳ ᠣᠯᠠᠨ ᠳᠤ ᠦᠨᠡᠨ ᠰᠡᠳᠬᠢᠯᠭᠡ ᠪᠠᠷ ᠬᠠᠨᠳᠤᠵᠤ᠂ ᠪᠣᠭᠤᠮᠲᠠ ᠰᠢᠪᠲᠤᠯᠬᠤ ᠠᠵᠢᠯ ᠤᠨ ᠪᠠᠭᠤᠷᠠᠶ ᠲᠠᠯ᠎ᠠ ᠪᠠᠨ ᠨᠦᠬᠦᠪᠦᠷᠢᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠲᠥᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠣᠨ ᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠳᠤᠯᠠᠬᠤ ᠭᠡᠷᠡᠭᠳᠡᠢ ᠭᠡᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号