ᠮᠠᠨ ᠤ ᠤᠷᠤᠨ ᠤ ᠬᠢᠨ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠤᠨ ᠦᠨᠳᠦᠰᠦᠨ ᠱᠠᠳᠣᠨ ᠳᠤ ᠤᠴᠢᠵᠤ ᠠᠵᠢᠯᠯᠠᠬᠤ ᠶᠢ ᠵᠤᠷᠢᠭᠵᠢᠭᠤᠯᠤᠨ᠎ᠠ
ᠨᠡᠶᠢᠲᠡᠯᠡᠭᠰᠡᠨ ᠴᠠᠭ᠄
2020-07-21
     ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠶᠢᠷ᠎ᠠ ᠳᠤ ︽ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠤᠨ ᠬᠢᠯᠢ ᠬᠢᠵᠠᠭᠠᠷ ᠤᠨ ᠬᠤᠰᠢᠭᠤ ᠰᠢᠶᠠᠨ ᠪᠤᠯᠤᠨ ᠴᠦᠬᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠬᠤᠰᠢᠭᠤ ᠰᠢᠶᠠᠨ ᠤ ᠦᠨᠳᠦᠰᠦᠨ ᠱᠠᠳᠤᠨ ᠤ ᠨᠢᠬᠡᠳᠦᠬᠡᠷ ᠹᠷᠤᠨᠲ ᠲᠤ ᠬᠦᠷᠴᠦ ᠠᠵᠢᠯ ᠤᠯᠵᠤ ᠦᠢᠯᠡᠰ ᠪᠤᠰᠬᠠᠬᠤ ᠶᠢ ᠵᠤᠷᠢᠭᠵᠢᠭᠤᠯᠤᠨ ᠬᠦᠳᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠢ ᠨᠡᠶᠢᠳᠡᠯᠡᠵᠦ᠂ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠬᠦᠳᠦᠯᠦᠨ ᠵᠢᠯᠤᠭᠤᠳᠴᠤ᠂ ᠶᠡᠭᠡ ᠲᠡᠬᠡᠳᠦ ᠰᠤᠷᠭᠠᠭᠤᠯᠢ ᠲᠡᠬᠦᠰᠦᠭᠰᠡᠨ ᠦᠨᠳᠦᠰᠦᠨ ᠱᠠᠳᠤᠨ ᠤ ᠴᠢᠳᠠᠪᠤᠷᠢᠳᠠᠨ ᠢ ᠬᠦᠮᠦᠵᠢᠬᠦᠯᠬᠦ ᠡᠷᠴᠢᠮ ᠢ ᠴᠢᠩᠭᠠᠷᠠᠭᠤᠯᠤᠨ᠎ᠠ ᠬᠡᠵᠦ ᠲᠤᠷᠠᠳᠴᠠᠢ᠃ ᠲᠦᠪ ᠤᠨ ᠪᠠ ᠤᠯᠤᠰ ᠤᠨ ᠪᠠᠶᠢᠭᠤᠯᠭ᠎ᠠ ᠶᠢᠨ ︽ᠵᠠᠬᠢᠶᠠᠯᠠᠬᠤ ᠬᠡᠯᠪᠡᠷᠢ︾ ᠶᠢᠨ ᠬᠦᠮᠦᠵᠢᠬᠦᠯᠬᠦ ᠲᠦᠯᠦᠪᠯᠡᠭᠡ ᠶᠢ ᠦᠪᠦᠷ ᠮᠤᠩᠭᠤᠯ ᠵᠦᠭ ᠬᠡᠯᠪᠠᠶᠢᠯᠬᠡᠬᠦ ᠶᠢ ᠢᠳᠡᠪᠬᠢᠳᠠᠢ ᠲᠡᠮᠡᠴᠡᠨ ᠤᠯᠵᠤ᠂ ᠦᠪᠡᠷᠳᠡᠬᠡᠨ ᠵᠠᠰᠠᠬᠤ ᠤᠷᠤᠨ ᠤ ᠲᠡᠬᠡᠳᠦ ᠵᠡᠷᠬᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠦᠨᠳᠦᠰᠦᠨ ᠱᠠᠳᠤᠨ ᠳᠤ ᠬᠠᠨᠳᠤᠭᠤᠯᠤᠭᠰᠠᠨ ᠪᠠᠴᠢᠮ ᠬᠡᠷᠡᠭᠴᠡᠭᠡ ᠲᠠᠢ ᠴᠢᠳᠠᠪᠤᠷᠢᠳᠠᠨ ᠢ ︽ᠵᠠᠬᠢᠶᠠᠯᠠᠬᠤ ᠬᠡᠯᠪᠡᠷᠢ︾ ᠶᠢᠨ ᠬᠦᠮᠦᠵᠢᠬᠦᠯᠬᠦ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠤᠨ᠎ᠠ᠃ ᠴᠢᠭᠯᠡᠯ ᠲᠤᠭᠳᠠᠭᠰᠠᠨ ᠤᠶᠤᠳᠠᠨ ᠢ ᠠᠯᠪᠠᠨ ᠵᠠᠷᠤᠳᠠᠯ ᠢᠶᠠᠷ ᠬᠦᠮᠦᠵᠢᠬᠦᠯᠬᠦ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠬᠦᠳᠡᠭᠡ ᠲᠤᠰᠬᠤᠨ ᠤ ᠪᠠᠭᠰᠢ ᠶᠢᠨ ᠠᠯᠪᠠᠨ ᠵᠠᠷᠤᠳᠠᠯ ᠢᠶᠠᠷ ᠪᠠᠭᠰᠢ ᠶᠢᠨ ᠡᠩᠨᠡᠭᠡ ᠶᠢ ᠴᠢᠭᠯᠡᠯ ᠲᠤᠭᠳᠠᠨ ᠬᠦᠮᠦᠵᠢᠬᠦᠯᠬᠦ ᠲᠦᠯᠦᠪᠯᠡᠭᠡ᠂ ᠴᠢᠭᠯᠡᠯ ᠲᠤᠭᠳᠠᠭᠰᠠᠨ ᠠᠨᠠᠭᠠᠬᠤ ᠤᠬᠠᠭᠠᠨ ᠤ ᠤᠶᠤᠳᠠᠨ ᠢ ᠰᠦᠢᠳᠬᠡᠯ ᠬᠤᠷᠢᠶᠠᠬᠤ ᠦᠬᠡᠢ ᠪᠠᠷ ᠬᠦᠮᠦᠵᠢᠬᠦᠯᠬᠦ ᠲᠦᠷᠦᠯ ᠵᠦᠢᠯ ᠵᠡᠷᠬᠡ ᠳᠤ ᠲᠦᠰᠢᠭᠯᠡᠨ ᠵᠢᠯ ᠪᠦᠷᠢ ᠬᠦᠳᠡᠭᠡ ᠲᠤᠰᠬᠤᠨ ᠳᠤ 400 ᠠᠴᠠ 800 ᠨᠡᠷᠡᠰ ᠪᠠᠭᠰᠢ ᠶᠢᠨ ᠰᠤᠷᠭᠠᠭᠤᠯᠢ ᠠᠴᠠ ᠲᠡᠬᠦᠰᠦᠭᠰᠡᠨ ᠤᠶᠤᠳᠠᠨ᠂ 200 ᠭᠠᠷᠤᠢ ᠠᠨᠠᠭᠠᠬᠤ ᠤᠬᠠᠭᠠᠨ ᠤ ᠤᠶᠤᠳᠠᠨ ᠢ ᠬᠦᠮᠦᠵᠢᠬᠦᠯᠦᠨ ᠦᠭᠴᠦ᠂ ᠤᠶᠤᠳᠠᠳ ᠤᠨ ᠲᠤᠭᠳᠠᠭᠰᠠᠨ ᠴᠢᠭᠯᠡᠯ ᠢᠶᠠᠷ ᠠᠵᠢᠯ ᠤᠯᠬᠤ ᠪᠠ ᠵᠦᠪᠯᠡᠯᠴᠡᠬᠡᠷ ᠤᠨ ᠲᠤᠭᠤᠰᠢᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ᠃      ︽ᠮᠡᠳᠡᠭᠳᠡᠯ︾ ᠳᠤ ᠪᠠᠰᠠ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠦᠬᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠬᠤᠰᠢᠭᠤ ᠰᠢᠶᠠᠨ ᠤ ᠵᠠᠰᠠᠭ ᠵᠠᠬᠢᠷᠭᠠᠨ ᠤ ᠤᠷᠤᠨ ᠳᠠᠬᠢ ᠠᠵᠤ ᠠᠬᠤᠶᠢᠯᠠᠯ ᠤᠨ ᠬᠢᠨ ᠮᠤᠩᠭᠤᠯ ᠢᠶᠠᠷ ᠬᠢᠴᠢᠶᠡᠯᠯᠡᠭᠰᠡᠨ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠢ ᠡᠯᠰᠡᠬᠦ ᠶᠢ ᠵᠤᠷᠢᠭᠵᠢᠭᠤᠯᠤᠨ᠎ᠠ᠃ ᠲᠡᠬᠦᠰᠬᠦ ᠤᠨ ᠤ ᠪᠠ ᠠᠵᠢᠯ ᠰᠤᠩᠭᠤᠬᠤ ᠬᠤᠭᠤᠴᠠᠭᠠᠨ ᠳᠠᠬᠢ ᠮᠤᠩᠭᠤᠯ ᠢᠶᠠᠷ ᠬᠢᠴᠢᠶᠡᠯᠯᠡᠭᠰᠡᠨ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠢ ᠡᠯᠰᠡᠨ ᠬᠡᠷᠡᠭᠯᠡᠵᠦ᠂ ᠲᠡᠳᠡᠨ ᠲᠠᠢ 3 ᠵᠢᠯ ᠠᠴᠠ ᠲᠡᠬᠡᠭᠰᠢᠬᠢ ᠬᠦᠳᠡᠯᠮᠦᠷᠢ ᠶᠢᠨ ᠬᠡᠷ᠎ᠡ ᠲᠤᠭᠳᠠᠭᠰᠠᠨ ᠪᠦᠬᠡᠳ ᠲᠡᠳᠡᠨ ᠳᠤ ᠨᠡᠶᠢᠬᠡᠮ ᠤᠨ ᠲᠠᠭᠠᠳᠬᠠᠯ ᠲᠤᠰᠢᠶᠠᠵᠤ ᠦᠭᠬᠦᠭᠰᠡᠨ ᠲᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠡᠯᠰᠡᠨ ᠬᠡᠷᠡᠭᠯᠡᠭᠰᠡᠨ ᠬᠦᠮᠦᠨ ᠤ ᠲᠤᠭ᠎ᠠ ᠪᠠᠷ 3 ᠵᠢᠯ ᠤᠨ ᠠᠵᠢᠯ ᠤᠨ ᠪᠠᠶᠢᠷᠢ ᠶᠢᠨ ᠨᠦᠬᠦᠪᠦᠷᠢ ᠤᠯᠭᠤᠨ᠎ᠠ᠃ ᠦᠪᠦᠷ ᠮᠤᠩᠭᠤᠯ ᠪᠠᠰᠠ ᠶᠡᠭᠡ ᠲᠡᠬᠡᠳᠦ ᠰᠤᠷᠭᠠᠭᠤᠯᠢ ᠲᠡᠬᠦᠰᠦᠭᠰᠡᠳ ᠤᠨ ᠠᠵᠢᠯ ᠤᠯᠭᠤᠯᠳᠠ ᠶᠢᠨ ᠦᠢᠯᠡᠴᠢᠯᠡᠭᠡ ᠶᠢ ᠬᠠᠪᠰᠤᠷᠤᠨ ᠲᠡᠳᠬᠦᠬᠦ ᠶᠢ ᠴᠢᠩᠭᠠᠳᠬᠠᠨ᠎ᠠ ᠬᠡᠵᠦ ᠲᠤᠷᠠᠳᠴᠠᠢ᠃
 
ᠢᠷᠡᠯᠲᠡ᠄ ᠠᠷᠠᠳ ᠤᠨ ᠰᠦᠯᠵᠢᠶ᠎ᠡ᠄ ᠥᠪᠦᠷ ᠮᠤᠩᠭᠤᠯ ᠤᠨ ᠡᠳᠦᠷ ᠤᠨ ᠰᠣᠨᠢᠨ ᠤ ᠮᠤᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号