ᠬᠦᠪᠡᠭᠡᠲᠦ ᠰᠢᠷ᠎ᠠ ᠬᠤᠰᠢᠭᠤ ᠪᠦᠬᠦ ᠠᠷᠠᠳ ᠢᠶᠠᠷ ᠢᠶᠠᠨ ᠤᠷᠤᠯᠴᠠᠬᠤ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯᠯᠠᠭ᠎ᠠ ᠶᠢ ᠡᠷᠴᠢᠮᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020-07-27
     ᠬᠦᠪᠡᠭᠡᠲᠦ ᠰᠢᠷ᠎ᠠ ᠬᠤᠰᠢᠭᠤ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠦᠢᠯᠡᠳᠤᠯᠭᠡᠵᠢᠬᠦᠯᠬᠦ ᠪᠠᠷ ᠭᠤᠤᠯ ᠰᠢᠵᠢᠮ ᠪᠤᠯᠭᠠᠨ᠂ ᠪᠤᠯᠪᠠᠰᠤᠨ ᠬᠤᠳᠠ ᠪᠠᠯᠭᠠᠰᠤ ᠶᠢ ᠡᠬᠦᠳᠤᠨ ᠪᠠᠶᠢᠭᠤᠯᠬᠤ ᠠᠵᠢᠯ ᠢ ᠬᠦᠨᠵᠡᠬᠡᠶᠢᠷᠡᠬᠦᠯᠵᠥ᠂ ᠪᠦᠬᠦ ᠠᠷᠠᠳ ᠢᠶᠠᠷ ᠢᠶᠠᠨ ᠤᠷᠤᠯᠴᠠᠬᠤ ᠣᠶᠣᠨ ᠰᠠᠨᠠᠭᠠᠨ ᠤ ᠪᠤᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠡᠷᠴᠢᠮᠲᠡᠢ ᠥᠷᠨᠢᠬᠦᠯᠵᠥ᠂ ᠪᠤᠯᠪᠠᠰᠤᠨ ᠰᠢᠨ᠎ᠠ ᠰᠣᠷᠳᠠᠯ ᠢ ᠰᠠᠨᠠᠭᠠᠴᠢᠯᠡᠨ᠂ ᠨᠡᠶᠢᠭᠡᠮ ᠤᠨ ᠢᠳᠡᠪᠬᠢ ᠬᠦᠴᠦᠨ ᠢ ᠨᠢᠬᠳᠠᠷᠠᠭᠤᠯᠵᠦ᠂ ᠠᠵᠦ ᠠᠬᠤᠢ ᠶᠢᠨ ᠭᠦᠭᠵᠢᠯᠳᠠ ᠪᠤᠯᠤᠨ ᠨᠠᠶᠢᠭᠡᠮ ᠤᠨ ᠲᠤᠬᠳᠠᠭᠤᠨ ᠢ ᠠᠬᠢᠭᠤᠯᠵᠥ ᠪᠠᠶᠢᠨ᠎ᠠ᠃      7 ᠰᠠᠷ᠎ᠠ ᠶᠢᠨ 14 ᠤ ᠡᠳᠦᠷ ᠪᠤᠯ ᠲᠤᠰ ᠬᠤᠰᠢᠭᠤᠨ ᠤ ︽ᠪᠦᠬᠦ ᠠᠷᠠᠳ ᠤᠨ ᠴᠡᠪᠡᠷᠯᠡᠭᠡᠨ ᠤ ᠡᠳᠤᠷ︾ ᠪᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠶᠤᠰᠤᠭᠠᠷ᠂ ᠪᠦᠬᠦ ᠬᠤᠰᠢᠭᠤᠨ ᠤ ᠡᠯ᠎ᠠ ᠪᠠᠶᠢᠭᠤᠯᠭ᠎ᠠ ᠨᠢᠭᠡᠴᠢ᠂ ᠠᠵᠦ ᠠᠬᠤᠶᠢᠯᠠᠯ ᠵᠢᠴᠢ ᠰᠤᠷᠭᠠᠭᠤᠯᠢ ᠨᠢ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠵᠦ᠂ ᠬᠤᠪᠢᠶᠠᠵᠥ ᠲᠠᠭᠠᠭᠠᠴᠢᠯᠠᠭᠰᠠᠨ ᠭᠠᠵᠠᠷ ᠲᠠᠭᠠᠨ ᠬᠦᠷᠴᠦ᠂ ᠬᠤᠭ ᠨᠤᠪᠰᠢ ᠶᠢ ᠲᠦᠪᠯᠡᠷᠡᠬᠦᠯᠦᠨ ᠠᠷᠢᠯᠭᠠᠵᠦ᠂ ᠡᠯ᠎ᠠ ᠰᠤᠮᠤ ᠪᠠᠯᠭᠠᠰᠤ ᠪᠠᠰᠠ ︽ᠪᠦᠬᠦ ᠠᠷᠠᠳ ᠤᠨ ᠴᠡᠪᠡᠷᠯᠡᠭᠡᠨ ᠤ ᠡᠳᠤᠷ︾ ᠤᠨ ᠠᠵᠢᠯᠯᠠᠭᠠᠨ ᠤ ᠪᠠᠶᠢᠷᠢᠯᠠᠭᠤᠯᠤᠯᠳᠠ ᠶᠤᠰᠤᠭᠠᠷ ᠤᠷᠴᠢᠨ ᠲᠤᠭᠤᠷᠢᠨ ᠢ ᠵᠠᠰᠠᠨ ᠴᠡᠭᠴᠡᠯᠡᠬᠦ ᠵᠢᠴᠢ ᠠᠷᠢᠭᠤᠨ ᠴᠠᠪᠡᠷ ᠤᠨ ᠠᠵᠢᠯᠯᠠᠭ᠎ᠠ ᠦᠷᠨᠢᠬᠦᠯᠪᠠ᠃ ᠠᠵᠢᠯᠯᠠᠭᠠᠨ ᠳᠤ᠂ ᠨᠠᠮ ᠤᠨ ᠬᠡᠰᠢᠬᠦᠨ ᠺᠠᠳ᠋ᠷ ᠠᠵᠢᠯᠳᠠᠳ ᠵᠢᠴᠢ ᠰᠠᠶᠢᠨ ᠲᠤᠷᠠᠴᠤᠤᠯ ᠢᠳᠡᠪᠬᠢᠳᠠᠢ ᠤᠷᠤᠯᠴᠠᠨ᠂ ᠬᠤᠰᠢᠭᠤᠴᠢ ᠵᠢᠱᠢᠶᠡᠴᠢ ᠦᠢᠯᠡᠳᠤᠯ ᠢᠶᠠᠨ ᠪᠠᠳᠠᠷᠠᠭᠤᠯᠵᠥ᠂ ᠠᠷᠢᠭᠤᠨ ᠴᠡᠪᠡᠷ ᠬᠡᠷ ᠤᠷᠤᠨ ᠢ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠵᠡᠢ᠃      ᠤᠶᠢᠯᠠᠭᠠᠬᠰᠠᠨ ᠢᠶᠠᠷ᠂ ᠲᠤᠰ ᠬᠤᠰᠢᠭᠤ ︽ᠪᠦᠬᠦ ᠠᠷᠠᠳ ᠤᠨ ᠭᠤᠷᠪᠠᠨ ᠡᠳᠤᠷ︾ ︵ᠴᠡᠪᠡᠷᠯᠡᠭᠡᠨ ᠤ ᠡᠳᠤᠷ᠂ ᠨᠤᠮ ᠤᠩᠰᠢᠬᠤ ᠡᠳᠤᠷ᠂ ᠪᠡᠶ᠎ᠡ ᠴᠢᠬᠢᠷᠠᠬᠵᠢᠭᠤᠯᠬᠤ ᠡᠳᠤᠷ︶ ᠤᠨ ᠤᠷᠳᠤ ᠬᠤᠭᠤᠴᠠᠭᠠᠨ ᠤ ᠪᠦᠲᠦᠮᠵᠢᠳᠠᠢ ᠲᠤᠬᠳᠠᠴᠡ ᠶᠢ ᠢᠳᠡᠪᠬᠢᠳᠠᠢ ᠪᠠᠶᠢᠭᠤᠯᠵᠦ᠂ ᠨᠡᠶᠢᠭᠡᠮ ᠲᠠᠶᠠᠭᠠᠷ ᠲᠤ ᠬᠡᠪ ᠵᠠᠩᠰᠢᠯ ᠪᠤᠯᠭᠠᠵᠦ ᠪᠤᠢ᠃ ᠲᠠᠷᠤᠢ ᠰᠠᠷ᠎ᠠ ᠪᠦᠷᠢ ᠶᠢᠨ 14 ᠤ ᠡᠳᠤᠷ᠂ ᠪᠦᠬᠦ ᠬᠤᠰᠢᠭᠤᠨ ᠤ ᠡᠯ᠎ᠠ ᠰᠤᠮᠤ ᠪᠠᠯᠭᠠᠰᠤ᠂ ᠪᠠᠶᠢᠭᠤᠯᠭ᠎ᠠ ᠨᠢᠭᠡᠴᠢ᠂ ᠠᠵᠦ ᠠᠬᠤᠶᠢᠯᠠᠯ ᠵᠢᠴᠢ ᠮᠠᠯᠴᠢᠳ᠂ ᠰᠠᠭᠤᠭᠠᠯᠢ ᠠᠷᠠᠳ ᠪᠦᠬᠦᠳᠡᠭᠡᠷ ᠢᠳᠡᠪᠬᠢᠳᠠᠢ ᠬᠦᠳᠡᠯᠦᠯᠴᠡᠨ᠂ ᠪᠦᠬᠦ ᠠᠷᠠᠳ ᠤᠨ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ᠂ ᠬᠤᠳᠠ ᠬᠦᠳᠡᠭᠡ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠥ᠂ ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠥ᠂ ᠪᠦᠬᠦ ᠬᠤᠰᠢᠭᠤᠨ ᠤ ᠴᠡᠪᠡᠷ ᠴᠡᠮᠴᠡᠭᠡᠷ᠂ ᠪᠤᠯᠪᠠᠰᠤᠨ᠂ ᠲᠠᠭᠠᠯᠠᠮᠵᠢᠳᠠᠢ᠂ ᠦᠵᠡᠰᠬᠦᠯᠡᠩᠲᠦ ᠰᠠᠶᠢᠬᠠᠨ ᠬᠤᠳᠠ ᠬᠦᠳᠡᠭᠡ ᠶᠢᠨ ᠤᠷᠴᠢᠨ ᠲᠤᠭᠤᠷᠢᠨ ᠢ ᠪᠤᠢ ᠪᠤᠯᠭᠠᠵᠦ ᠪᠠᠶᠢᠨ᠎ᠠ︔ ᠵᠢᠯ ᠪᠦᠷᠢ ᠶᠢᠨ 4 ᠰᠠᠷ᠎ᠠ ᠶᠢᠨ 23 ᠤ ᠲᠡᠯᠡᠬᠡᠢ ᠶᠢᠨ ᠨᠤᠮ ᠤᠩᠰᠢᠬᠤ ᠡᠳᠤᠷ ᠲᠠᠢ ᠤᠶᠠᠯᠳᠤᠭᠤᠯᠤᠨ᠂ ᠡᠯ᠎ᠠ ᠰᠤᠮᠤ ᠪᠠᠯᠭᠠᠰᠤ᠂ ᠪᠠᠶᠢᠭᠤᠯᠭ᠎ᠠ ᠨᠢᠭᠡᠴᠢ᠂ ᠠᠵᠦ ᠠᠬᠤᠶᠢᠯᠠᠯ᠂ ᠰᠤᠷᠭᠠᠭᠤᠯᠢ ᠵᠢᠴᠢ ᠮᠠᠯᠴᠢᠨ ᠲᠦᠮᠡᠨ᠂ ᠰᠠᠭᠤᠭᠠᠯᠢ ᠠᠷᠠᠳ ᠢ ᠵᠤᠬᠢᠶᠠᠨ ᠪᠠᠶᠢᠭᠤᠯᠤᠨ᠂ ᠭᠤᠷᠪᠠᠨ ᠵᠢᠯ ᠲᠠᠷᠠᠭᠠᠯᠠᠨ ︽ᠨᠤᠮ ᠤᠨ ᠬᠤᠷ᠎ᠠ︾ ᠨᠤᠮ ᠤᠩᠰᠢᠬᠤ ᠰᠢᠷᠢᠰ ᠠᠵᠢᠯᠯᠠᠭ᠎ᠠ ᠦᠷᠨᠢᠬᠦᠯᠵᠦ᠂ ᠪᠦᠬᠦ ᠠᠷᠠᠳ ᠤᠨ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠦ᠂ ᠪᠦᠬᠦ ᠬᠤᠰᠢᠭᠤᠨ ᠤ ᠦᠬᠡᠷᠡᠴᠢᠯᠠᠯᠳᠠ ᠭᠦᠭᠵᠢᠯᠳᠠ ᠲᠤᠬᠳᠠᠭᠤᠨ ᠳᠤ ᠤᠶᠤᠨ ᠰᠠᠨᠠᠭᠠᠨ ᠤ ᠲᠠᠮᠵᠢᠯᠭᠡ ᠪᠠ ᠬᠦᠳᠡᠯᠭᠡᠭᠴᠢ ᠬᠦᠴᠦᠨ ᠬᠠᠩᠭᠠᠵᠦ᠂ ᠰᠢᠨ᠎ᠠ ᠴᠠᠭ ᠦᠶ᠎ᠡ ᠶᠢᠨ ᠪᠤᠯᠪᠠᠰᠤᠨ ᠢ ᠦᠢᠯᠡᠳᠤᠯᠭᠡᠵᠢᠬᠦᠯᠬᠦ ᠶᠢ ᠤᠷᠢᠶᠠᠯᠠᠵᠥ ᠪᠤᠢ︔ ᠵᠢᠯ ᠪᠦᠷᠢ ᠶᠢᠨ 4 ᠰᠠᠷ᠎ᠠ ᠶᠢᠨ 28 ᠤ ᠡᠳᠤᠷ᠂ ᠪᠦᠬᠦ ᠬᠤᠰᠢᠭᠤᠨ ᠤ ᠺᠠᠳ᠋ᠷ ᠮᠠᠯᠴᠢᠳ ᠢᠶᠠᠨ ᠵᠤᠬᠢᠶᠠᠨ ᠪᠠᠶᠢᠭᠤᠯᠤᠨ ᠪᠠᠶ᠎ᠡ ᠴᠢᠬᠢᠷᠠᠬᠵᠢᠭᠤᠯᠬᠤ ᠠᠵᠢᠯᠯᠠᠭ᠎ᠠ ᠦᠷᠨᠢᠬᠦᠯᠵᠦ᠂ ᠲᠤᠰ ᠬᠤᠰᠢᠭᠤᠨ ᠤ ᠲᠦᠷᠪᠡᠨ ᠤᠯᠠᠷᠢᠯ ᠤᠨ ᠵᠢᠭᠤᠯᠴᠢᠯᠡᠯ ᠤᠨ ᠨᠠᠷᠠᠲᠦ ᠲᠡᠮᠳᠡᠭ ᠢ ᠡᠬᠦᠳᠴᠦ᠂ ︽ᠵᠢᠭᠤᠯᠴᠢᠯᠡᠯ + ᠪᠠᠶ᠎ᠠ ᠶᠢᠨ ᠲᠠᠮᠢᠷ︾ ᠤᠨ ᠬᠦᠨᠵᠡᠬᠡᠢ ᠠᠭᠤᠰᠤᠯᠴᠠᠯ ᠢ ᠠᠬᠢᠭᠤᠯᠵᠥ ᠪᠤᠢ᠃ ᠡᠬᠦᠨ ᠤ ᠬᠠᠮᠲᠦ ᠡᠷᠡᠬᠦᠯ ᠮᠡᠨᠳᠦ ᠬᠦᠪᠡᠭᠡᠲᠦ ᠰᠢᠷ᠎ᠠ ᠬᠤᠰᠢᠭᠤᠨ ᠤ ᠪᠠᠶᠢᠭᠤᠯᠤᠯᠳᠠ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠺᠠᠳ᠋ᠷ ᠮᠠᠯᠴᠢᠳ ᠢ ᠬᠦᠳᠤᠯᠤᠨ ᠵᠢᠯᠤᠭᠤᠳᠴᠦ᠂ ᠤᠯᠠᠨ ᠶᠠᠩᠵᠦ ᠶᠢᠨ᠂ ᠤᠨᠴᠠᠯᠢᠭ ᠲᠤᠳᠤ ᠪᠡᠶ᠎ᠡ ᠴᠢᠬᠢᠷᠠᠬᠵᠢᠭᠤᠯᠬᠤ ᠠᠵᠢᠯᠯᠠᠭ᠎ᠠ ᠦᠷᠨᠢᠬᠦᠯᠵᠦ᠂ ᠪᠦᠬᠦ ᠠᠷᠠᠳ ᠤᠨ ᠪᠠᠶ᠎ᠠ ᠮᠠᠬᠠᠪᠤᠳ ᠢᠶᠠᠨ ᠴᠢᠬᠢᠷᠠᠭᠵᠢᠭᠤᠯᠬᠤ ᠳᠤ ᠤᠷᠤᠯᠴᠠᠬᠤ ᠶᠢ ᠤᠷᠢᠶᠠᠯᠠᠵᠥ ᠪᠠᠶᠢᠨ᠎ᠠ᠃
 
ᠢᠷᠡᠯᠲᠡ᠄ ᠰᠢᠯᠢ ᠶᠢᠨ ᠭᠣᠣᠯ ᠤᠨ ᠡᠳᠦᠷ ᠦᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号