ᠠᠷᠪᠠᠲᠤ ᠰᠤᠷᠭᠠᠯᠲᠠ ᠶᠢᠨ ᠲᠥᠪ ᠨᠢ ︽ᠡᠬᠡ ᠬᠡᠯᠡᠨ ᠤ ᠪᠠᠭ᠋ᠠᠷᠬᠠᠯ︾ ᠵᠤᠰᠠᠯᠠᠩ ᠤᠨ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2020-07-29
     ᠬᠦᠪᠡᠭᠡᠲᠦ ᠰᠢᠷ᠎ᠠ ᠬᠤᠰᠢᠭᠤᠨ ᠤ ᠠᠷᠪᠠᠲᠤ ᠰᠤᠷᠭᠠᠯᠲᠠ ᠶᠢᠨ ᠲᠥᠪ ᠨᠢ ᠬᠡᠦᠬᠡᠳ ᠪᠠᠭᠠᠴᠤᠳ ᠤᠨ ᠵᠤᠨ ᠤ ᠠᠮᠠᠷᠠᠯᠲᠠ ᠪᠠᠨ ᠪᠠᠶᠠᠷ ᠬᠦᠷ ᠲᠠᠢ᠂ ᠤᠳᠬ᠎ᠠ ᠠᠭᠤᠯᠭ᠎ᠠ ᠲᠠᠢ ᠦᠩᠭᠡᠷᠡᠬᠦᠯᠬᠦ ᠳᠤ ᠨᠦᠬᠦᠴᠡᠯ ᠪᠣᠯᠭᠠᠵᠤ᠂ ︽ᠡᠬᠡ ᠬᠡᠯᠡᠨ ᠤ ᠪᠠᠭ᠋ᠠᠷᠬᠠᠯ︾ ᠵᠤᠰᠠᠯᠠᠩ ᠤᠨ ᠠᠵᠢᠯᠯᠠᠭ᠎ᠠ ᠥᠷᠨᠢᠬᠦᠯᠪᠡ᠃      ᠠᠵᠢᠯᠯᠠᠭ᠎ᠠ ᠨᠢ 7 ᠰᠠᠷ᠎ᠠ ᠶᠢᠨ 22 ᠤ ᠡᠳᠦᠷ ᠠᠴᠠ 26 ᠤ ᠡᠳᠦᠷ ᠪᠣᠯᠲᠠᠯ᠎ᠠ ᠶᠠᠪᠤᠭᠳᠠᠵᠤ᠂ 22 ᠬᠡᠦᠬᠡᠳ ᠤᠷᠤᠯᠴᠠᠵᠤ᠂ ᠠᠮᠢᠰᠬᠤᠯ ᠤᠨ ᠪᠣᠯᠪᠠᠰᠤᠷᠠᠯ᠂ ᠲᠠᠭᠤ ᠬᠤᠭᠤᠯᠠᠢ ᠶᠢᠨ ᠪᠣᠯᠪᠠᠰᠤᠷᠠᠯ᠂ ᠬᠡᠯᠡᠨ ᠤ ᠪᠤᠯᠪᠠᠰᠤᠷᠠᠯ᠂ ᠦᠬᠦᠯᠡᠪᠦᠷᠢ ᠵᠤᠬᠢᠶᠠᠬᠤ᠂ ᠡᠳᠦᠷ ᠤᠨ ᠲᠡᠮᠳᠡᠭᠯᠡᠯ ᠪᠢᠴᠢᠬᠦ᠂ ᠲᠦᠭᠦᠮ ᠵᠤᠬᠢᠶᠠᠯ ᠪᠢᠴᠢᠬᠦ᠂ ᠶᠡᠷᠢᠶ᠎ᠡ ᠢᠯᠡᠳᠬᠡᠯ ᠬᠢᠬᠦ ᠵᠡᠷᠭᠡ ᠪᠤᠯᠪᠠᠰᠤᠷᠠᠯ ᠬᠦᠷᠲᠡᠵᠡᠢ᠃      ᠲᠤᠰ ᠠᠵᠢᠯᠯᠠᠭ᠎ᠠ ᠶᠢ ᠭᠤᠣᠯᠳᠠᠭᠤ ᠪᠠᠭᠠᠴᠤᠳ ᠬᠡᠦᠬᠡᠳ ᠤᠨ ᠲᠠᠷᠤᠭᠠᠰᠤ ᠶᠢ ᠬᠦᠩᠭᠡᠷᠡᠬᠦᠯᠵᠦ᠂ ᠪᠡᠶ᠎ᠡ ᠮᠠᠬᠠᠪᠤᠳ᠂ ᠤᠶᠤᠨ ᠰᠠᠨᠠᠭᠠᠨ ᠤ ᠳᠠᠶᠢᠪᠤᠰᠢᠷᠠᠯ᠂ ᠪᠡᠶ᠎ᠡ ᠪᠠᠨ ᠳᠠᠭᠠᠭᠠᠵᠤ᠂ ᠵᠣᠷᠢᠭ ᠢᠶᠠᠨ ᠳᠠᠪᠲᠠᠨ᠂ ᠨᠠᠮ ᠰᠡᠯᠡᠬᠦᠦ ᠬᠦᠳᠡᠭᠡ ᠶᠢᠨ ᠣᠷᠴᠢᠨ ᠳᠤ ᠬᠠᠮᠲᠤ ᠪᠠᠷ ᠲᠣᠭᠯᠠᠨ᠂ ᠡᠬᠡ ᠪᠠᠶᠢᠭᠠᠯᠢ ᠳᠤ ᠣᠶᠢᠷᠠᠳᠤᠨ᠂ ᠠᠮᠢᠳᠤᠷᠠᠯ ᠢᠶᠠᠨ ᠬᠠᠶᠢᠷᠠᠯᠠᠵᠤ᠂ ᠲᠧᠯᠸᠢᠰ ᠭᠠᠷ ᠤᠳᠠᠰᠤᠨ ᠤ ᠰᠢᠨᠤᠯ ᠢᠶᠠᠨ ᠲᠠᠶᠠᠭᠳᠠᠵᠤ᠂ ᠪᠤᠰᠤᠳ ᠢ ᠪᠤᠳᠤᠬᠤ ᠥᠷᠥᠪᠴᠢᠭᠡᠨ ᠰᠡᠳᠬᠢᠯ᠂ ᠬᠦᠳᠡᠭᠡ ᠶᠢᠨ ᠪᠤᠷᠣ ᠴᠠᠶᠢᠯᠭᠠᠨ ᠵᠠᠩ ᠠᠪᠤᠷᠢ᠂ ᠡᠬᠡ ᠮᠣᠩᠭᠤᠯ ᠬᠡᠯᠡ ᠰᠤᠶᠤᠯ ᠢᠶᠠᠨ ᠪᠠᠭ᠋ᠠᠷᠬᠠᠨ ᠳᠡᠭᠡᠳᠦᠯᠡᠬᠦ ᠤᠬᠠᠮᠰᠠᠷ ᠢ ᠪᠠᠳᠠᠷᠠᠭᠤᠯᠬᠤ ᠵᠣᠷᠢᠯᠭ᠎ᠠ‌ᠡᠴᠠ ᠥᠷᠨᠢᠬᠦᠯᠦᠭᠰᠡᠨ ᠪᠠᠶᠢᠨ᠎ᠠ᠃      ᠲᠠᠪᠤᠨ ᠬᠤᠨᠤᠭ ᠤᠨ ᠵᠤᠰᠠᠯᠠᠩ ᠤᠨ ᠠᠵᠢᠯᠯᠠᠭ᠎ᠠ ᠢᠶᠠᠷ ᠳᠠᠮᠵᠢᠨ᠂ ᠲᠡᠳᠡ ᠪᠡᠶ᠎ᠡ ᠪᠠᠨ ᠲᠠᠭᠠᠯᠭᠠᠬᠤ ᠶᠢ ᠰᠤᠷᠴᠤ᠂ ᠮᠠᠯᠵᠢᠬᠤ ᠠᠶᠢᠯ ᠳᠤ ᠬᠦᠷᠴᠦ ᠠᠵᠢᠯ ᠬᠦᠳᠡᠯᠮᠦᠷᠢ ᠳᠤ ᠤᠷᠤᠯᠴᠠᠵᠤ᠂ ᠰᠦᠯᠵᠢᠶ᠎ᠡ ᠤᠳᠠᠰᠤᠨ ᠠᠴᠠ ᠰᠠᠯᠵᠤ᠂ ᠬᠥᠯ ᠪᠦᠮᠪᠦᠭᠡ ᠢᠰᠬᠦᠯᠬᠦ᠂ ᠠᠭᠤᠯᠠ ᠮᠠᠴᠤᠬᠤ᠂ ᠨᠤᠮᠤ ᠰᠤᠮᠤ ᠬᠠᠷᠪᠤᠬᠤ᠂ ᠱᠠᠭ᠎ᠠ ᠲᠣᠭᠯᠠᠬᠤ᠂ ᠭᠠᠷ ᠠᠯᠴᠢᠭᠤᠷ ᠬᠠᠶᠠᠬᠤ ᠵᠡᠷᠭᠡ ᠬᠦᠳᠡᠯᠭᠡᠭᠡᠨ ᠳᠤ ᠤᠷᠤᠯᠴᠠᠵᠤ᠂ ᠤᠬᠠᠭᠠᠨ ᠢᠶᠠᠨ ᠲᠡᠯᠡᠵᠦ᠂ ᠪᠡᠶ᠎ᠡ ᠮᠠᠬᠠᠪᠤᠳ ᠢᠶᠠᠨ ᠴᠢᠬᠢᠷᠠᠭᠵᠭᠤᠯᠤᠭᠰᠠᠨ ᠪᠠᠶᠢᠨ᠎ᠠ᠃                       ᠲᠠᠩᠭᠢᠰ᠂ ᠲᠠᠳᠤᠯᠭ᠎ᠠ ᠶᠢᠨ ᠰᠤᠷᠪᠤᠯᠵᠢᠯᠠᠭᠴᠢ ᠴᠠᠶᠢᠯᠭᠠᠨ
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号