| ᠣᠶᠢᠷ᠎ᠠ ᠶᠢᠨ ᠵᠢᠯ ᠳᠤ᠂ ᠨᠡᠶᠢᠭᠡᠮ ᠳᠡᠭᠡᠷᠡᠬᠢ ᠵᠣᠬᠢᠶᠠᠮᠠᠯ ᠣᠶᠤᠨ ᠴᠢᠳᠠᠪᠤᠷᠢ᠂ ᠡᠳ᠋ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ ᠵᠡᠷᠭᠡ ᠠᠵᠢᠯ ᠲᠥᠷᠥᠯ ᠤᠨ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ᠂ | ᠴᠥᠭᠡᠨ ᠪᠤᠰᠤ ᠳᠡᠭᠡᠳᠦ ᠰᠤᠷᠭᠠᠭᠤᠯᠢ ᠬᠤᠯᠪᠣᠭᠳᠠᠯ ᠪᠦᠬᠦᠢ ᠰᠢᠨ᠎ᠡ ᠲᠤᠰᠬᠠᠶ ᠮᠡᠷᠭᠡᠵᠢᠯ ᠢ ᠪᠠᠶᠢᠭᠤᠯᠵᠠᠶ᠃ | ᠣᠶᠢᠷ᠎ᠠ ᠳᠤ᠂ 2004 ᠰᠤᠷᠪᠤᠯᠵᠢᠯᠠᠭ᠎ᠠ ᠬᠦᠯᠢᠶᠡᠭᠴᠢ ᠳᠤ ᠴᠢᠭᠯᠡᠭᠦᠯᠦᠭᠰᠡᠨ ᠨᠢᠭᠡᠨ ᠪᠠᠶᠢᠴᠠᠭᠠᠯᠲᠠ ᠶᠢᠨ ᠳ᠋ᠦᠩ ᠠᠴᠠ | ᠦᠵᠡᠪᠡᠯ᠂ 9 ᠬᠤᠪᠢ ᠶᠢᠨ ᠰᠤᠷᠪᠤᠯᠵᠢᠯᠠᠭ᠎ᠠ ᠬᠦᠯᠢᠶᠡᠭᠴᠢᠳ ᠰᠢᠨ᠎ᠡ ᠲᠤᠰᠬᠠᠶ ᠮᠡᠷᠭᠡᠵᠢᠯ ᠤᠨ ᠬᠥᠭᠵᠢᠯᠲᠡ ᠶᠢ | ᠲᠣᠭᠤᠵᠤ᠂ 8 ᠬᠤᠪᠢ ᠠᠴᠠ ᠳᠡᠭᠡᠭᠰᠢᠬᠢ ᠰᠤᠷᠪᠤᠯᠵᠢᠯᠠᠭ᠎ᠠ ᠬᠦᠯᠢᠶᠡᠭᠰᠡᠨ ᠳᠡᠭᠡᠳᠦ ᠰᠤᠷᠭᠠᠭᠤᠯᠢ ᠳᠤ | ᠰᠢᠯᠭᠠᠭᠤᠯᠤᠭᠴᠢᠳ ᠰᠢᠨ᠎ᠡ ᠲᠤᠰᠬᠠᠢ ᠮᠡᠷᠭᠡᠵᠢᠯ ᠢ ᠰᠣᠩᠭᠤᠬᠤ ᠳᠤᠷᠠᠲᠠᠶ ᠪᠠᠶᠢᠨ᠎ᠠ᠃ ᠰᠤᠷᠪᠤᠯᠵᠢᠯᠠᠭ᠎ᠠ | ᠬᠦᠯᠢᠶᠡᠭᠰᠡᠳ ᠤᠨ 80% ᠨᠢ ᠰᠤᠷᠭᠠᠭᠤᠯᠢ ᠳᠤ ᠪᠠᠶᠢᠭ᠎ᠠ ᠣᠶᠤᠲᠠᠨ ᠪᠠ ᠲᠣᠰ ᠬᠤᠭᠤᠴᠠᠭᠠᠨ ᠤ ᠳᠡᠭᠡᠳᠦ | ᠰᠤᠷᠭᠠᠭᠤᠯᠢ ᠳᠤ ᠰᠢᠯᠭᠠᠭᠤᠯᠤᠭᠰᠠᠨ ᠰᠣᠷᠣᠭᠴᠢ ᠪᠣᠯᠤᠨ᠎ᠠ᠃ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠨ | ᠰᠤᠷᠤᠭᠴᠢᠳ ᠰᠢᠨ᠎ᠡ ᠲᠤᠰᠬᠠᠶ ᠮᠡᠷᠭᠡᠵᠢᠯ ᠢ ᠲᠣᠭᠤᠮᠰᠠᠷᠯᠠᠵᠤ ᠪᠠᠶᠢᠪᠠᠴᠤ᠂ ᠥᠪᠡᠷ ᠤᠨ ᠥᠪᠡᠷᠮᠢᠴᠡ ᠴᠢᠨᠠᠷ᠂ ᠳᠤᠷ᠎ᠠ | ᠪᠠᠬ᠎ᠠ ᠲᠠᠢ ᠪᠠᠨ ᠤᠶᠠᠯᠳᠤᠭᠤᠯᠤᠨ ᠣᠶᠤᠨᠴᠢ ᠲᠥᠯᠥᠪᠵᠢᠭᠦᠯᠭᠡ ᠬᠢᠵᠦ ᠴᠢᠳᠠᠬᠤ ᠨᠢ ᠬᠡᠳᠦᠢ ᠪᠠᠶᠢᠵᠤ᠂ ᠰᠣᠬᠤᠷ | ᠪᠠᠯᠠᠢ ᠪᠠᠷ ᠤᠷᠤᠰᠬᠠᠯ ᠳᠠᠭᠠᠵᠤ ᠪᠠᠶᠢᠭ᠎ᠠ ᠨᠢ ᠬᠡᠳᠦᠢ ᠪᠠᠶᠢᠬᠤ ᠪᠣᠯ︖ | ᠣᠶᠢᠷ᠎ᠠ ᠶᠢᠨ ᠵᠢᠯ ᠤᠨ ᠲᠤᠷᠰᠢ ᠰᠢᠯᠭᠠᠭᠤᠯᠤᠭᠰᠠᠳ ᠤᠨ ᠡᠷᠡᠮᠡᠯᠵᠡᠯ ᠲᠠᠭᠯᠠᠬᠤ ᠵᠢᠴᠢ ᠰᠤᠷᠭᠠᠭᠤᠯᠢ ᠳᠤ | ᠣᠷᠣᠭᠰᠠᠨ ᠤ ᠳᠠᠷᠠᠭᠠᠬᠢ ᠰᠤᠷᠤᠯᠭ᠎ᠠ ᠶᠢᠨ ᠬᠥᠭᠵᠢᠯᠲᠡ ᠠᠴᠠ ᠦᠵᠡᠪᠡᠯ᠂ ᠰᠣᠬᠤᠷ ᠪᠠᠯᠠᠶ ᠪᠠᠷ ᠰᠠᠯᠬᠢᠨ ᠤ ᠠᠶ᠎ᠠ ᠶᠢ | ᠲᠠᠭᠠᠨ ᠲᠡᠷᠪᠡᠯᠵᠡᠭᠰᠡᠳ ᠣᠯᠠᠨ ᠡᠴᠠᠰᠤᠷᠭᠠᠭᠤᠯᠢ ᠳᠤ ᠣᠷᠣᠭᠰᠠᠨ ᠤ ᠪᠠᠨ ᠳᠠᠷᠠᠭ᠎ᠠ ᠰᠠᠶ᠋ᠢ ᠡᠨᠡ ᠬᠦ ᠲᠤᠰᠬᠠᠶ | ᠮᠡᠷᠭᠡᠵᠢᠯ ᠳᠤ ᠳᠣᠭᠢᠷᠠᠬᠤ ᠥᠬᠡᠶ ᠭᠡᠳᠡᠭ ᠢᠶᠠᠨ ᠴᠥᠭᠡᠨ ᠪᠤᠰᠤ ᠰᠤᠷᠤᠭᠴᠢᠳ ᠤᠯᠵᠤ ᠮᠡᠳᠡᠳᠡᠭ᠃ ᠲᠡᠷᠡ ᠮᠥᠷᠲᠡᠭᠡᠨ | ᠰᠤᠷᠭᠠᠭᠤᠯᠢ ᠨᠢᠭᠡ ᠯᠡ ᠳᠣᠣᠷ᠎ᠠ ᠬᠠᠯᠠᠮᠰᠢᠯ ᠲᠤᠰᠬᠠᠶ ᠮᠡᠷᠭᠡᠵᠢᠯ ᠣᠯᠠᠨ ᠨᠡᠭᠡᠭᠡᠪᠡᠯ᠂ ᠨᠢᠭᠡᠨ ᠬᠡᠮᠵᠢᠶᠡᠨ ᠳᠡᠭᠡᠷ᠎ᠡ | ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ | ᠰᠠᠯᠤᠩᠭᠢᠷᠠᠭᠤᠯᠬᠤ ᠳᠤ ᠬᠦᠷᠦᠭᠦᠯᠬᠦ ᠪᠣᠯᠤᠨ᠎ᠠ᠃ ᠠᠳᠠᠯᠢ ᠨᠢᠭᠡᠨ ᠲᠤᠰᠬᠠᠶ ᠮᠡᠷᠭᠡᠵᠢᠯ ᠨᠡᠭᠡᠭᠡᠭᠰᠡᠨ ᠶᠡᠭᠡ ᠳᠡᠭᠡᠳᠦ | ᠰᠤᠷᠭᠠᠭᠤᠯᠢ ᠣᠯᠠᠨ᠂ ᠰᠤᠷᠤᠭᠴᠢ ᠡᠯᠰᠡᠬᠦ ᠬᠥᠮᠦᠨ ᠣᠯᠠᠨ ᠪᠣᠯᠪᠠᠯ ᠰᠤᠷᠭᠠᠭᠤᠯᠢ ᠡᠷᠬᠢᠯᠡᠬᠦ ᠨᠢ | ᠣᠨᠴᠠᠯᠢᠭ ᠵᠶ᠋ᠠᠷᠲ᠋ᠤᠲᠠᠮᠠᠭ᠂ ᠨᠡᠶᠢᠭᠡᠮ ᠤᠨ ᠬᠡᠷᠡᠭᠴᠡᠭᠡ ᠨᠢ ᠵᠢᠱᠢᠯᠲᠡ ᠳᠤ ᠬᠦᠷᠬᠦ ᠦᠭᠡᠢ ᠦᠶᠡᠰ ︽ᠬᠠᠯᠠᠮᠰᠢᠯ︾ ᠨᠢ | ︽ᠬᠦᠷᠢᠶᠡᠯᠡᠯ ᠵᠶ᠋ᠡᠨᠠᠯᠳᠠᠬᠤ︾ ᠳᠤ ᠬᠦᠷᠦᠨ᠎ᠠ᠃ ︽ᠰᠢᠨ᠎ᠡ ᠲᠤᠰᠬᠠᠶ ᠮᠡᠷᠭᠡᠵᠢᠯ ᠪᠣᠯ ᠬᠠᠯᠠᠮᠰᠢᠯ ᠲᠤᠰᠬᠠᠶ ᠮᠡᠷᠭᠡᠵᠢᠯ | ᠮᠥᠨ︾᠂ ᠴᠥᠭᠡᠨ ᠪᠤᠰᠤ ᠶᠡᠭᠡ ᠳᠡᠭᠡᠳᠦ ᠰᠤᠷᠭᠠᠭᠤᠯᠢ ᠢᠩᠭᠢᠵᠦ ᠤᠬᠠᠭᠤᠯᠭ᠎ᠠ ᠬᠢᠬᠦ ᠶᠢᠨ ᠬᠠᠮᠲᠤ ᠵᠠᠷᠢᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠭᠡᠷᠡᠴᠢ ᠪᠣᠯᠭᠠᠳᠠᠭ᠃ ᠵᠢᠱᠢᠶᠡᠯᠡᠪᠡᠯ᠂ ᠣᠶᠢᠷ᠎ᠠ ᠳᠤ ᠪᠣᠯᠣᠭᠰᠠᠨ ᠰᠢᠨ᠎ᠡ | ᠠᠵᠢᠯ ᠮᠡᠷᠭᠡᠵᠢᠯ ᠤᠨ ᠠᠵᠢᠯ ᠣᠯᠭᠤᠯᠲᠠ ᠶᠢᠨ ᠪᠠᠶᠢᠴᠠᠭᠠᠯᠲᠠ ᠶᠢᠨ ᠳ᠋ᠦᠩ ᠡᠴᠡᠦᠵᠡᠪᠡᠯ᠂ ᠢᠷᠡᠬᠦ 5 ᠵᠢᠯ ᠳᠤ᠂ | ᠰᠢᠨ᠎ᠡ ᠠᠵᠢᠯ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠮᠤᠨᠳᠠᠭ ᠶᠡᠭᠡ᠂ᠡᠭᠦᠯᠡᠨ ᠪᠤᠳᠤᠯᠲᠠ ᠶᠢᠨ | ᠢᠨᠵᠧᠨᠧᠷᠢᠩ ᠤᠨ ᠮᠡᠷᠭᠡᠵᠢᠯ ᠤᠨ ᠠᠵᠢᠯᠲᠠᠨ᠂ ᠡᠳ᠋ ᠪᠠᠷᠠᠭᠠᠨ ᠤ ᠰᠦᠯᠵᠢᠶ᠎ᠡ ᠶᠢᠨ ᠤᠭᠰᠠᠷᠠᠯᠲᠠ ᠵᠢᠨᠲ᠋ᠤᠷᠰᠢᠨ | ᠲᠣᠬᠢᠷᠠᠭᠤᠯᠤᠭᠴᠢ᠂ ᠵᠢᠯᠣᠭᠤᠴᠢ ᠥᠬᠡᠶ ᠨᠢᠰᠬᠡᠯ ᠤᠨ ᠵᠢᠯᠤᠭᠤᠲᠤᠬᠴᠢ᠂ ᠡᠯᠧᠺᠲᠷᠣᠨ ᠮᠦᠷᠦᠶᠢᠴᠡᠭᠡᠨ ᠤ | ᠤᠷᠤᠯᠳᠤᠭᠠᠴᠢᠨ᠂ ᠬᠦᠳᠡᠭᠡ ᠠᠵᠤ ᠠᠬᠤᠢ ᠶᠢᠨ ᠳᠠᠭᠠᠭᠠᠮᠠᠯ ᠵᠡᠷᠭᠡ ᠴᠢᠳᠠᠪᠤᠷᠢᠲᠠᠨ ᠤ ᠳᠤᠲᠠᠭᠤᠳᠠᠯ ᠮᠢᠩᠭᠠᠨ ᠲᠦᠮᠡ | ᠰᠢᠬᠠᠮ ᠳᠤ ᠬᠦᠷᠴᠦ ᠪᠠᠶᠢᠨ᠎ᠠ ᠭᠡᠵᠡᠢ᠃ ᠡᠩ ᠲᠡᠷᠢᠭᠦᠨ ᠳᠤ᠂ ᠡᠳᠡᠭᠡᠷ ᠲᠤᠭ᠎ᠠ ᠪᠠᠷᠢᠮᠲᠠ ᠨᠢ ᠣᠨᠣᠪᠴᠢᠲᠠᠶ ᠡᠰᠡᠬᠦ ᠶᠢ | ᠨᠠᠷᠢᠯᠢᠭ ᠠᠰᠠᠭᠤᠬᠤ ᠴᠢᠬᠤᠯᠠᠲᠠᠢ ᠪᠠᠶᠢᠨ᠎ᠠ᠃ ᠬᠡᠷᠪᠡ ᠠᠵᠢᠯ ᠲᠥᠷᠥᠯ ᠤᠨ ᠬᠥᠭᠵᠢᠯᠲᠡ ᠨᠢ ᠵᠢᠱᠢᠯᠲᠡ ᠳᠤ ᠬᠥᠷᠬᠦ | ᠥᠬᠡᠶ ᠪᠣᠯ ᠴᠢᠳᠠᠪᠤᠷᠢᠲᠠᠨᠬᠥ᠋ᠮᠦᠵᠢᠭᠦᠯᠬᠦ ᠬᠡᠪᠴᠢᠶ᠎ᠡ ᠨᠢ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠠᠴᠠ ᠳᠠᠪᠠᠭᠰᠠᠨ | ᠪᠠᠶᠢᠳᠠᠯ ᠭᠠᠷᠴᠤ ᠮᠡᠳᠡᠨ᠎ᠡ᠃ ᠡᠨᠡᠠᠰᠠᠭᠤᠳᠠᠯ ᠨᠢ ᠥᠩᠭᠡᠷᠡᠭᠰᠡᠨ 20 ᠭᠠᠷᠤᠶ ᠵᠢᠯ ᠳᠤ ᠤᠯᠠᠨ ᠤᠳᠠᠭ᠎ᠠ ᠳᠠᠬᠢᠨ | ᠳᠠᠪᠲᠠᠨ ᠭᠠᠷᠴᠤ ᠥᠩᠭᠡᠷᠡᠵᠡᠶ᠃ ᠶᠡᠭᠡ ᠳᠡᠭᠡᠳᠦ ᠰᠤᠷᠭᠠᠭᠤᠯᠢ ᠰᠢᠨ᠎ᠡ ᠲᠤᠰᠬᠠᠶ ᠮᠡᠷᠭᠡᠵᠢᠯ ᠡᠷᠭᠢᠯᠡᠬᠦ ᠳᠤ ᠤᠯᠤᠰ ᠤᠨ | ᠲᠦᠷᠭᠢᠶᠡᠨ ᠳᠤ ᠲᠡᠷᠪᠡᠵᠤ ᠪᠣᠯᠬᠤ ᠥᠬᠡᠶ᠃ ᠡᠩ ᠲᠡᠷᠢᠭᠦᠨ ᠳᠤ ᠰᠤᠷᠭᠠᠭᠤᠯᠢ ᠡᠷᠬᠢᠯᠡᠬᠦ ᠲᠣᠳᠣᠷᠬᠠᠶ ᠪᠠᠶᠢᠷᠢ | ᠲᠣᠭᠲᠠᠭᠠᠯᠲᠠ ᠪᠠᠶᠢᠬᠤ ᠬᠡᠷᠡᠭᠲᠡᠶ ᠪᠥᠭᠡᠳ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠬᠤ ᠬᠡᠷᠡᠭᠲᠡᠶ᠃ | ᠶᠡᠷᠦᠳᠡᠭᠡᠨ᠂ ᠨᠡᠪᠲᠡᠷᠬᠡᠶ ᠮᠡᠳᠡᠯᠭᠡ ᠶᠢᠨ ᠰᠤᠷᠭᠠᠨᠬᠥ᠋ᠮᠦᠵᠢᠯ ᠬᠢᠳᠡᠭ ᠶᠡᠭᠡ ᠳᠡᠭᠡᠳᠦ ᠰᠤᠷᠭᠠᠭᠤᠯᠢ᠂ ᠴᠢᠳᠠᠪᠤᠷᠢ ᠪᠠᠷ | ᠤᠳᠤᠷᠢᠳᠤᠮᠵᠢ ᠪᠣᠯᠭᠠᠨ ᠰᠤᠷᠭᠠᠭᠤᠯᠢ ᠡᠷᠭᠢᠯᠡᠪᠡᠯ ᠵᠣᠬᠢᠨ᠎ᠠ᠂ᠬᠠᠷᠢᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ | ᠳᠠᠭᠠᠵᠤ ᠲᠤᠰᠬᠠᠶ ᠮᠡᠷᠭᠡᠵᠢᠯ ᠳᠤ ᠪᠠᠨ ᠲᠣᠬᠢᠷᠠᠭᠤᠯᠤᠯᠲᠠ ᠬᠢᠵᠦ᠂ ᠠᠵᠢᠯᠣᠯᠭᠤᠯᠲᠠ ᠶᠢᠨ ᠪᠠᠶᠢᠳᠠᠯ ᠰᠠᠶᠢᠨ ᠲᠤᠰᠬᠠᠶ | ᠮᠡᠷᠭᠡᠵᠢᠯ ᠢ ᠬᠥᠭᠡᠭᠡᠴᠡᠯᠳᠦᠵᠦ᠂ ᠤᠯᠤᠰ ᠣᠷᠣᠨ᠂ ᠨᠡᠶᠢᠭᠡᠮ ᠤᠨ ᠬᠦᠭᠵᠢᠯᠲᠡ ᠳᠤ ᠴᠢᠬᠤᠯᠠ ᠦᠢᠯᠡᠳᠦᠯ ᠦᠵᠡᠭᠦᠯᠬᠦ | ᠪᠣᠯᠪᠠᠴᠤ ᠠᠵᠢᠯ ᠣᠯᠭᠤᠯᠲᠠ ᠶᠢᠨ ᠪᠠᠶᠢᠳᠠᠯ ᠮᠠᠭᠤ ᠲᠤᠰᠬᠠᠶ ᠮᠡᠷᠭᠡᠵᠢᠯ ᠢ ᠬᠠᠰᠤᠵᠤ ᠬᠠᠶᠠᠬᠤ ᠨᠢ ᠵᠣᠬᠢᠰ ᠦᠭᠡᠢ᠃ | ᠡᠨᠡ ᠪᠣᠯ ᠠᠪᠤᠨ ᠳᠣᠣᠷ᠎ᠠ ᠪᠠᠨ ᠠᠰᠢᠭ ᠤᠯᠬᠤ ᠶᠢ ᠬᠥᠭᠡᠭᠡᠴᠡᠯᠳᠦᠬᠦ ᠠᠷᠭ᠎ᠠ ᠬᠢᠳᠡᠯ ᠪᠣᠯᠤᠨ᠎ᠠ᠂ ᠡᠨᠡ ᠨᠢ ᠶᠡᠭᠡ | ᠳᠡᠭᠡᠳᠦ ᠰᠤᠷᠭᠠᠭᠤᠯᠢ ᠶᠢ ᠠᠵᠢᠯ ᠮᠡᠷᠭᠡᠵᠢᠯ ᠤᠨ ᠪᠣᠯᠪᠠᠰᠤᠷᠠᠯ ᠤᠨ ᠭᠠᠵᠠᠷ ᠪᠣᠯᠭᠠᠨ ᠡᠷᠬᠢᠯᠡᠭᠰᠡᠨ ᠶᠠᠪᠤᠳᠠᠯ | ᠪᠣᠯᠣᠨ᠎ᠠ᠃ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ | ᠠᠪᠴᠤ ᠬᠡᠯᠡᠪᠡᠯ᠂ ᠬᠠᠷᠢᠨᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠨ ᠰᠤᠷᠭᠠᠭᠤᠯᠢ ᠡᠷᠬᠢᠯᠡᠵᠦ᠂ ᠨᠡᠶᠢᠭᠡᠮ ᠤᠨ | ᠬᠡᠷᠡᠭᠴᠡᠭᠡ ᠱᠠᠭᠠᠷᠳᠠᠯᠭ᠎ᠠ ᠶᠢ ᠳᠠᠭᠠᠨᠲ᠋ᠤᠰᠬᠠᠶ ᠮᠡᠷᠭᠡᠵᠢᠯ ᠤᠨ ᠲᠣᠬᠢᠷᠠᠭᠤᠯᠤᠯᠲᠠ ᠪᠠ ᠬᠢᠴᠢᠶᠡᠯ ᠤᠨ ᠲᠣᠬᠢᠷᠠᠭᠤᠯᠤᠯᠲᠠ | ᠬᠢᠵᠦ᠂ ᠨᠡᠶᠢᠭᠡᠮ ᠳᠤ ᠬᠡᠷᠡᠭᠴᠡᠭᠡ ᠲᠠᠢ ᠥᠨᠳᠥᠷ ᠬᠡᠪ ᠴᠢᠨᠠᠷ ᠪᠦᠬᠦᠢ ᠤᠷ᠎ᠠ ᠮᠡᠷᠭᠡᠰᠢᠯᠳᠦ ᠴᠢᠳᠠᠪᠤᠷᠢᠲᠠᠨ ᠢ | ᠬᠦᠮᠦᠵᠢᠭᠦᠯᠪᠡᠯ ᠵᠣᠬᠢᠨ᠎ᠠ᠃ ᠲᠤᠰᠬᠠᠶ ᠮᠡᠷᠭᠡᠵᠢᠯ ᠢ ᠪᠣᠳᠠᠲᠠᠢ ᠪᠠᠶᠢᠷᠢᠯᠠᠭᠤᠯᠬᠤ ᠶᠠᠪᠤᠴᠠ ᠳᠤ᠂ ᠶᠡᠭᠡ ᠳᠡᠭᠡᠳᠦ | ᠰᠤᠷᠭᠠᠭᠤᠯᠢ ᠨᠢ ᠪᠠᠰᠠ ᠫᠷᠣᠹᠧᠰᠰᠣᠷ ᠤᠨ ᠺᠣᠮᠢᠰ᠂ ᠡᠷᠳᠡᠮ ᠰᠢᠨᠵᠢᠯᠡᠭᠡᠨ ᠤ ᠺᠣᠮᠢᠰ ᠤᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠶ᠃ ᠣᠶᠢᠷᠠᠶᠢᠨ ᠵᠢᠯ ᠤᠨ ᠲᠤᠷᠰᠢ᠂ ᠵᠠᠷᠢᠮ ᠶᠡᠭᠡ ᠳᠡᠭᠡᠳᠦ ᠰᠤᠷᠭᠠᠭᠤᠯᠢ ᠶᠠᠮᠠᠷ ᠨᠢᠭᠡᠨ | ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠬᠦ ᠪᠤᠶᠤᠬᠦ᠋ᠴᠦᠨ ᠦᠭᠡᠢ ᠪᠣᠯᠭᠠᠬᠤ ᠳᠤ᠂ ᠰᠤᠷᠭᠠᠭᠤᠯᠢ ᠶᠢᠨ ᠨᠠᠶᠢᠵᠠ ᠵᠢᠴᠢ | ᠪᠠᠭᠰᠢ ᠰᠤᠷᠤᠭᠴᠢᠳ ᠤᠨ ᠮᠠᠷᠭᠤᠯᠳᠤᠭᠠᠨ ᠢ ᠡᠭᠦᠰᠬᠡᠳᠡᠭ᠂ ᠡᠭᠦᠨ ᠤ ᠤᠭ ᠦᠨᠳᠦᠰᠦ ᠨᠢ ᠡᠳᠡᠭᠡᠷ ᠨᠢ ᠰᠤᠷᠭᠠᠨ | ᠬᠥᠮᠦᠵᠢᠯ ᠤᠨ ᠰᠢᠢᠳᠪᠦᠷᠢᠲᠦ ᠪᠤᠳᠤᠯᠭ᠎ᠠ ᠪᠠ ᠡᠷᠳᠡᠮ ᠰᠢᠨᠵᠢᠯᠡᠭᠡᠨ ᠤ ᠰᠢᠢᠳᠪᠦᠷᠢᠲᠦ ᠪᠣᠳᠣᠯᠭ᠎ᠠ ᠪᠤᠰᠤ ᠬᠠᠷᠢᠨ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠠᠴᠠ ᠪᠣᠯᠵᠠᠢ᠃ ᠡᠳᠡᠭᠡᠷ ᠰᠢᠢᠳᠪᠦᠷᠢᠲᠦ ᠪᠤᠳᠤᠯᠭ᠎ᠠ ᠶᠢᠨ ᠨᠡᠶᠢᠲᠡᠯᠢᠭ | ᠴᠡᠭ ᠤᠨ ᠨᠢᠭᠡ ᠨᠢ ᠳᠠᠷᠤᠢ ᠨᠢᠳᠦᠨ ᠡᠮᠦᠨᠡᠬᠢ ᠰᠤᠷᠭᠠᠭᠤᠯᠢ ᠡᠷᠬᠢᠯᠡᠬᠦ ᠠᠬᠢᠴᠠ ᠶᠢ ᠴᠢᠬᠤᠯᠠᠴᠢᠯᠠᠵᠤ᠂ ᠲᠤᠰᠬᠠᠢ | ᠮᠡᠷᠭᠡᠵᠢᠯ ᠤᠨ ᠠᠯᠤᠰ ᠬᠡᠳᠤ ᠶᠢᠨ ᠬᠥᠭᠵᠢᠯᠲᠡ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪ ᠨᠠᠮᠪᠠ ᠶᠢ | ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠬᠦᠩᠭᠡᠪᠴᠢᠯᠡᠭᠰᠡᠨ ᠶᠠᠪᠤᠳᠠᠯ ᠪᠣᠯᠤᠨ᠎ᠠ᠃ ᠡᠭᠦᠨ ᠠᠴᠠ | ᠭᠠᠳᠠᠨ᠎ᠠ᠂ ᠰᠤᠷᠤᠭᠴᠢᠳ ᠰᠢᠨ᠎ᠡ ᠲᠤᠰᠬᠠᠶ ᠮᠡᠷᠭᠡᠵᠢᠯ ᠰᠣᠩᠭᠤᠬᠤ ᠳᠤ ᠪᠠᠰᠠ ᠢᠯᠡᠭᠦᠬᠡᠨ ᠤᠬᠠᠭᠠᠯᠢᠭ ᠢᠶᠠᠷ ᠰᠤᠩᠭᠤᠨ᠂ | ᠰᠣᠬᠤᠷ ᠪᠠᠯᠠᠶ ᠪᠠᠷ ᠳᠠᠭᠠᠬᠤ ᠠᠴᠠ ᠬᠢᠴᠢᠶᠡᠬᠦ ᠬᠡᠷᠡᠭᠲᠡᠶ᠃ ᠮᠠᠰᠢ ᠣᠯᠠᠨ ᠰᠢᠯᠭᠠᠭᠤᠯᠤᠭᠰᠠᠳ ᠪᠠ ᠭᠡᠷ ᠤᠨ ᠠᠬᠠᠮᠠᠳ | ᠲᠤᠰᠬᠠᠶ ᠮᠡᠷᠭᠡᠵᠢᠯ ᠤᠨ ︽ᠬᠦᠢᠲᠡᠨ︾ ᠪᠠ ︽ᠬᠠᠯᠠᠭᠤᠨ︾ ᠢ ᠣᠨᠴᠠᠭᠠᠢ ᠠᠩᠬᠠᠷᠴᠤ᠂ ᠪᠠᠰᠠ ᠡᠷᠬᠢᠯᠡᠨ ᠨᠡᠭᠡᠭᠡᠭᠰᠡᠨ | ᠰᠤᠷᠭᠠᠭᠤᠯᠢ ᠣᠯᠠᠨ᠂ ᠰᠣᠷᠣᠭᠴᠢ ᠡᠯᠰᠡᠬᠦ ᠬᠡᠪᠴᠢᠶ᠎ᠡ ᠪᠠᠷ ᠶᠡᠭᠡ ᠲᠤᠰᠬᠠᠶ ᠮᠡᠷᠭᠡᠵᠢᠯ ᠪᠣᠯ ᠳᠠᠷᠤᠶ ︽ᠬᠠᠯᠠᠮᠰᠢᠯ︾ ᠮᠥᠨ | ᠭᠡᠵᠦ ᠥᠷᠥᠭᠡᠰᠦᠭᠡᠯ ᠢᠶᠠᠷ ᠦᠵᠡᠵᠦ ᠪᠠᠶᠢᠨ᠎ᠠ᠃ ︽ᠬᠠᠯᠠᠮᠰᠢᠯ︾ ᠢ ᠣᠶᠤᠨᠴᠢ ᠪᠠᠷ ᠰᠣᠩᠭᠤᠬᠤ ᠳᠤ ᠨᠠᠭᠠᠳᠤ | ᠵᠠᠬ᠎ᠠ ᠳ᠋ᠠᠭᠠᠨᠭᠤᠷᠪᠠᠨ ᠲᠠᠯ᠎ᠠ ᠶᠢᠨ ᠬᠦᠴᠦᠨ ᠵᠦᠢᠯ ᠢ ᠪᠣᠳᠣᠯᠬᠢᠯᠠᠬᠤ ᠬᠡᠷᠡᠭᠲᠡᠶ᠃ ᠨᠢᠭᠡ ᠳᠤ᠂ ᠲᠤᠰ ᠬᠥᠮᠦᠨ ᠤ | ᠥᠪᠡᠷᠮᠢᠴᠡ ᠴᠢᠨᠠᠷ᠂ ᠳᠤᠷᠠᠰᠣᠨᠢᠷᠬᠠᠯ᠃ ᠥᠪᠡᠷ ᠤᠨ ᠳᠤᠷᠠᠲᠠᠶ᠂ ᠰᠣᠨᠢᠷᠬᠠᠯ ᠲᠠᠢ ᠨᠢ ᠥᠪᠡᠷ ᠲᠤ ᠨᠢ ᠠᠪᠴᠤ ᠬᠡᠯᠡᠪᠡᠯ | ᠳᠠᠷᠤᠢ ︽ᠬᠠᠯᠠᠮᠰᠢᠯ︾ ᠪᠣᠯᠤᠨ᠎ᠠ᠃ᠬᠤᠶᠠᠷ ᠲᠤ ᠨᠡᠶᠢᠭᠡᠮ ᠤᠨ ᠦᠨᠡᠨ ᠪᠣᠳᠠᠲᠠᠶ ᠬᠡᠷᠡᠭᠴᠡᠭᠡ ᠱᠠᠭᠠᠷᠳᠠᠯᠭ᠎ᠠ᠃ ᠵᠢᠩᠬᠢᠨᠢ | ᠬᠠᠯᠠᠮᠰᠢᠯ ᠲᠤᠰᠬᠠᠶ ᠮᠡᠷᠭᠡᠵᠢᠯ ᠪᠣᠯᠴᠢᠳᠠᠪᠤᠷᠢᠲᠠᠨ ᠬᠥᠮᠦᠵᠢᠭᠦᠯᠬᠦ ᠬᠠᠩᠭᠠᠯᠭ᠎ᠠ ᠨᠢ ᠨᠡᠶᠢᠭᠡᠮ ᠤᠨ ᠬᠡᠷᠡᠭᠴᠡᠭᠡ ᠠᠴᠠ | ᠪᠠᠭ᠎ᠠ ᠪᠠᠶᠢᠳᠠᠭ ᠲᠤᠰᠬᠠᠶ ᠮᠡᠷᠭᠡᠵᠢᠯ ᠪᠣᠯᠤᠨ᠎ᠠ᠂ ᠡᠶᠢᠮᠦ ᠠᠴᠠ ᠬᠦᠢᠲᠡᠨ ᠬᠠᠯᠠᠭᠤᠨ ᠨᠢ ᠠᠮᠠᠷᠬᠠᠨ ︽ᠤᠷᠪᠠᠭ᠋ᠤ︾ | ᠪᠣᠯᠣᠯᠴᠠᠭ᠎ᠠ ᠲᠠᠢ᠃ ᠭᠤᠷᠪᠠ ᠳᠤ᠂ ᠶᠡᠭᠡ ᠳᠡᠭᠡᠳᠦᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠨᠴᠠᠯᠢᠭ᠃ ᠠᠳᠠᠯᠢ | ᠲᠥᠷᠥᠯ ᠤᠨ ᠲᠤᠰᠬᠠᠶ ᠮᠡᠷᠭᠡᠵᠢᠯ ᠨᠢ ᠠᠳᠠᠯᠢ ᠪᠤᠰᠤᠰᠤᠷᠭᠠᠭᠤᠯᠢ ᠳᠤ ᠰᠤᠷᠭᠠᠭᠤᠯᠢ ᠡᠷᠭᠢᠯᠡᠬᠦ ᠣᠨᠴᠠᠯᠢᠭ ᠲᠠᠢ | ᠪᠠᠶᠢᠬᠤ ᠡᠰᠡᠬᠦ ᠠᠴᠠ ᠪᠣᠯᠵᠣ ᠠᠳᠠᠯᠢ ᠪᠤᠰᠤ ᠪᠠᠶᠢᠳᠠᠭ᠃ ᠰᠢᠯᠭᠠᠭᠤᠯᠤᠭᠴᠢ ᠲᠤᠰᠬᠠᠶ ᠮᠡᠷᠭᠡᠵᠢᠯ ᠢᠶᠠᠨ ᠯᠠᠪᠳᠠᠭᠤᠨ | ᠲᠣᠭᠲᠠᠭᠤᠨ ᠪᠦᠭᠡᠳ ᠣᠶᠤᠨᠴᠢ ᠢᠶᠠᠷ ᠰᠤᠩᠭᠤᠬᠤ ᠨᠢ᠂ ᠭᠡᠳᠡᠷᠭᠦ ᠪᠠᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ | ᠲᠤᠰᠬᠠᠶ ᠮᠡᠷᠭᠡᠵᠢᠯ ᠨᠡᠭᠡᠭᠡᠬᠦ ᠦᠶ᠎ᠡ ᠳᠤ ᠭᠦᠢᠴᠡᠳ ᠨᠤᠲᠠᠯᠠᠯᠲᠠ ᠪᠣᠯᠵᠤ ᠥᠭᠴᠦ ᠴᠢᠳᠠᠬᠤ ᠶᠢ ᠢᠲᠡᠭᠡᠵᠦ ᠪᠠᠶᠢᠨ᠎ᠠ᠃ | ᠣᠳᠣᠬᠠᠨ ᠳᠤ᠂ ᠬᠢᠵᠢᠭ ᠤᠨ ᠪᠠᠶᠢᠳᠠᠯ ᠲᠦᠷᠭᠡᠳᠴᠦ ᠪᠠᠶᠢᠭ᠎ᠠ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠨᠢ ᠪᠠᠰᠠ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠡᠳᠬᠢᠬᠦᠶ ᠶᠢᠨ ᠪᠣᠯᠪᠠᠰᠤᠷᠠᠯ ᠪᠠ ᠨᠠᠰᠤᠨᠲ᠋ᠤᠷᠰᠢᠳᠠ ᠰᠤᠷᠤᠯᠴᠠᠬᠤ | ᠴᠢᠳᠠᠪᠤᠷᠢ᠂ ᠴᠢᠳᠠᠪᠤᠷᠢᠲᠠᠨ ᠤ ᠥᠪᠡᠷ ᠢ ᠪᠠᠨ ᠲᠣᠬᠢᠷᠠᠭᠤᠯᠬᠤ ᠪᠠ ᠲᠥᠯᠥᠪᠵᠢᠭᠦᠯᠬᠦ ᠰᠠᠭᠤᠷᠢ ᠴᠢᠳᠠᠪᠤᠷᠢ ᠪᠠᠨ | ᠴᠢᠩᠭᠠᠳᠬᠠᠬᠤ ᠶᠢ ᠭᠡᠳᠡᠷᠭᠦ ᠰᠢᠬᠠᠮᠳᠠᠭᠤᠯᠵᠤ ᠪᠠᠶᠢᠨ᠎ᠠ᠃ |